ᠵᠠᠩ ᠯᠢ ᠵᠢᠶᠦ᠋ᠨ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/10/10
     9 ᠰᠠᠷ᠎ᠠ ᠶᠢᠨ 26 ᠤ ᠡᠳᠦᠷ᠂ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠠᠩ ᠯᠢ ᠵᠢᠶᠦ᠋ᠨ ᠠᠩᠭᠢ ᠳᠠᠭᠠᠭᠤᠯᠤᠨ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ  ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ  ᠢ ᠬᠢᠨᠠᠨ ᠵᠢᠯᠤᠭᠤᠳᠴᠤ ᠪᠠᠶᠢᠴᠠᠭᠠᠪᠠ᠃ᠵᠠᠩ ᠯᠢ ᠵᠢᠶᠦ᠋ᠨ ᠨᠠᠷ ᠤᠷᠢᠳ ᠬᠤᠵᠢᠳ ᠪᠤᠭᠤᠲᠤ ᠬᠤᠳᠠ ᠶᠢᠨ ᠰᠢᠨ ᠨᠥ᠋ᠩ ᠠᠵᠤ ᠦᠢᠯᠡᠳᠪᠦᠷᠢ ᠠᠷᠠᠯᠵᠢᠶᠠᠨ ᠤ ᠬᠢᠵᠠᠭᠠᠷᠲᠤ ᠺᠣᠮᠫᠠᠨᠢ᠂ ᠬᠤᠩ ᠰᠢᠩ ᠵᠢᠶᠠ ᠮᠧᠢ ᠭᠡᠷ ᠤᠨ ᠬᠡᠷᠡᠭᠰᠡᠯ ᠤᠨ ᠪᠠᠷᠢᠯᠭ᠎ᠠ ᠶᠢᠨ ᠮᠠᠲ᠋ᠧᠷᠢᠶᠠᠯ ᠤᠨ ᠲᠠᠯᠠᠪᠠᠢ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠵᠡᠭᠦᠨ ᠠᠯᠪᠠᠨ ᠤ ᠭᠡᠷ ᠪᠠᠶᠢᠰᠢᠩ ᠤᠨ ᠲᠣᠰᠣ ᠨᠡᠮᠡᠬᠦ ᠦᠷᠳᠡᠭᠡ᠂ ᠡᠮᠦᠨᠡᠲᠦ ᠲᠠᠩᠭᠢᠰ ᠤᠨ ᠦᠵᠡᠮᠵᠢ ᠶᠢᠨ ᠣᠷᠣᠨ ᠳᠤ ᠬᠦᠷᠴᠦ ᠠᠮᠤᠷ ᠲᠦᠪᠰᠢᠨ ᠤ ᠬᠡᠮ ᠰᠣᠭᠤᠭ ᠪᠣᠯᠣᠨ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠠᠵᠢᠯ ᠢ ᠪᠠᠶᠢᠴᠠᠭᠠᠪᠠ᠃
9 ᠰᠠᠷ᠎ᠠ ᠶᠢᠨ 26 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠵᠠᠩ ᠯᠢ ᠵᠢᠶᠦ᠋ᠨ ᠪᠤᠭᠤᠲᠤ ᠬᠤᠳᠠ ᠶᠢᠨ ᠰᠢᠨ ᠨᠥ᠋ᠩ ᠠᠵᠤ ᠦᠢᠯᠡᠳᠪᠦᠷᠢ ᠠᠷᠠᠯᠵᠢᠶᠠᠨ ᠤ ᠬᠢᠵᠠᠭᠠᠷᠲᠤ ᠺᠣᠮᠫᠠᠨᠢ ᠳᠤ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠵᠠᠢ᠃      ᠵᠠᠩ ᠯᠢ ᠵᠢᠶᠦ᠋ᠨ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠣᠶᠢᠷ᠎ᠠ ᠶᠢᠨ ᠬᠤᠭᠤᠴᠠᠭᠠᠨ ᠳᠤ ᠡᠭᠦᠰᠦᠭᠰᠡᠨ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠠᠵᠢᠯ ᠢ ᠲᠣᠪᠣᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠢ᠃ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠵᠠᠩᠭᠢᠯᠠᠭ᠎ᠠ ᠶᠢᠨ ᠭᠤᠭᠴᠤᠭ᠎ᠠ᠂ ᠵᠠᠩᠭᠢᠯᠠᠭ᠎ᠠ ᠶᠢᠨ ᠬᠡᠰᠡᠭ ᠢ ᠴᠢᠩᠭ᠎ᠠ ᠠᠩᠬᠠᠷᠴᠤ᠂ ᠠᠮᠤᠷ ᠲᠦᠪᠰᠢᠨ ᠤ ᠬᠡᠮ ᠰᠣᠭᠤᠭ ᠢ ᠥᠪᠡᠷ ᠢᠶᠠᠨ ᠪᠠᠶᠢᠴᠠᠭᠠᠬᠤ ᠶᠢ ᠨᠠᠷᠢᠨ ᠬᠢᠨᠠᠮᠠᠭᠠᠢ ᠥᠷᠨᠢᠭᠦᠯᠵᠦ᠂ ᠡᠯ᠎ᠡ ᠲᠦᠷᠦᠯ ᠤᠨ ᠬᠡᠮ ᠰᠣᠭᠤᠭ ᠢ ᠡᠷᠲᠡᠬᠡᠨ ᠢᠯᠡᠷᠡᠭᠦᠯᠵᠦ᠂ ᠴᠠᠭ ᠲᠤᠬᠠᠢ ᠳᠤᠨᠢ ᠠᠷᠢᠯᠭᠠᠬᠤ ᠶᠢ ᠪᠠᠲᠤᠯᠠᠬᠤ ᠬᠡᠷᠡᠭᠲᠡᠢ︔ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠲᠠᠨ ᠤ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠨ᠂ ᠳᠠᠯᠳᠠ ᠬᠡᠮ ᠢ ᠢᠯᠡᠷᠡᠭᠦᠯᠬᠦ ᠪᠠ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠲᠤᠰᠬᠠᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠵᠤ ᠰᠢᠯᠭᠠᠨ ᠠᠪᠬᠤ ᠶᠢ ᠥᠷᠨᠢᠭᠦᠯᠵᠦ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠨ ᠠᠳᠬᠤᠬᠤ ᠬᠡᠷᠡᠭᠲᠡᠢ︔ᠪᠠᠯᠭᠠᠰᠤ᠂ ᠵᠡᠭᠡᠯᠢ ᠭᠤᠳᠤᠮᠵᠢ ᠨᠢ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠵᠢᠭᠰᠠᠭᠠᠨ ᠪᠠᠶᠢᠴᠠᠭᠠᠬᠤ ᠶᠢ ᠴᠢᠩᠭᠠᠳᠬᠠᠨ᠂ ᠵᠢᠵᠢᠭᠦᠷᠯᠡᠨ ᠵᠢᠵᠢᠭᠦᠷᠯᠡᠬᠦ᠂ ᠮᠡᠳᠡᠭᠡ ᠵᠠᠩᠭᠢ ᠶᠢ ᠮᠡᠳᠡᠭᠦᠯᠬᠦ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ ᠬᠦᠨᠳᠦ ᠶᠡᠭᠡ ᠠᠮᠤᠷ ᠲᠦᠪᠰᠢᠨ ᠤ ᠳᠠᠯᠳᠠ ᠬᠡᠮ ᠢ ᠣᠯᠵᠤ ᠮᠡᠳᠡᠪᠡᠯ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠭᠠᠵᠠᠷ ᠣᠷᠣᠨ ᠤ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠢ᠃      ᠣᠷᠣᠨ ᠤ ᠵᠠᠰᠠᠭ ᠤᠨ ᠣᠷᠳᠣᠨ ᠤ ᠠᠯᠪᠠᠨ ᠭᠡᠷ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠨᠠᠨ ᠬᠠᠢ ᠽᠢ ᠨᠤᠭᠤ ᠭᠠᠵᠠᠷ ᠤᠨ ᠬᠠᠮᠢᠶᠠᠷᠴᠤ ᠬᠠᠮᠠᠭᠠᠯᠠᠬᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠠᠶᠤᠯᠲᠠᠢ ᠬᠢᠮᠢ ᠶᠢᠨ ᠣᠷᠣᠨ ᠤ ᠲᠤᠰᠬᠠᠢ ᠮᠡᠷᠭᠡᠵᠢᠯᠲᠡᠨ ᠪᠠᠷ᠎ᠠ ᠪᠣᠯᠵᠤ ᠪᠠᠶᠢᠴᠠᠭᠠᠯᠲᠠ ᠬᠢᠪᠡ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1