ᠸᠠᠩ ᠷᠦᠢ ᠪᠥᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/10/10
     9 ᠰᠠᠷ᠎ᠠ ᠶᠢᠨ 28 ᠤ ᠡᠳᠦᠷ᠂ ᠣᠷᠣᠨ ᠤ ᠨᠠᠮ ᠤᠨ ᠬᠤᠷᠢᠶ᠎ᠠ ᠶᠢᠨ ᠱᠦᠵᠢ ᠸᠠᠩ ᠷᠦᠢ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ‌‍ᠰᠤᠳᠤᠯᠤᠯᠲᠠ ᠬᠢᠪᠡ      ᠸᠠᠩ ᠷᠦᠢ ᠪᠦᠯᠬᠦᠮ ᠳᠠᠭᠠᠭᠤᠯᠤᠨ ᠤᠷᠢᠳ ᠬᠤᠵᠢᠳ ᠪᠤᠭᠤᠲᠤ ᠬᠤᠳᠠ ᠶᠢᠨ ᠢ ᠵᠢᠶᠠᠩ ᠬᠥᠩᠭᠡᠨ ᠴᠠᠭᠠᠨ ᠤ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠢᠨ ᠱᠠᠨ ᠬᠥᠩᠭᠡᠨ ᠴᠠᠭᠠᠨ ᠤ ᠦᠢᠯᠡᠰ ᠤᠨ ᠺᠣᠮᠫᠠᠨᠢ᠂ ᠳ᠋ᠦᠩ ᠬᠤᠸᠠ ᠢᠯᠴᠢ ᠶᠢᠨ ᠴᠠᠬᠢᠯᠭᠠᠨ᠂ ᠴᠢᠤᠸᠠᠨ ᠶᠧ ᠬᠤᠳᠠ᠂ ᠮᠥ᠋ᠩ ᠢ ᠰᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠬᠦᠷᠴᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ᠂ ᠳᠤᠯᠠᠭᠠᠯᠠᠭ᠎ᠠ ᠶᠢᠨ ᠪᠠᠲᠤᠯᠠᠪᠤᠷᠢ ᠶᠢᠨ ᠪᠡᠯᠡᠳᠬᠡᠯ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠢᠯᠡᠷᠡᠭᠦᠯᠦᠭᠰᠡᠨ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃
     9 ᠰᠠᠷ᠎ᠠ ᠶᠢᠨ 28 ᠤ ᠡᠳᠦᠷ᠂ ᠣᠷᠣᠨ ᠤ ᠨᠠᠮ ᠤᠨ ᠬᠤᠷᠢᠶ᠎ᠠ ᠶᠢᠨ ᠱᠦᠵᠢ ᠸᠠᠩ ᠷᠦᠢ ᠳ᠋ᠦᠩ ᠬᠤᠸᠠ ᠳᠤ ᠬᠦᠷᠴᠦ ᠢᠯᠴᠢ ᠶᠢᠨ ᠴᠠᠬᠢᠯᠭᠠᠨ ᠮᠡᠳᠡᠭᠡ ᠪᠠᠷ ᠪᠠᠶᠢᠴᠠᠭᠠᠨ ᠰᠤᠳᠤᠯᠤᠯᠲᠠ ᠬᠢᠪᠡ᠃
     9 ᠰᠠᠷ᠎ᠠ ᠶᠢᠨ 28 ᠤ ᠡᠳᠦᠷ᠂ ᠣᠷᠣᠨ ᠤ ᠨᠠᠮ ᠤᠨ ᠬᠤᠷᠢᠶ᠎ᠠ ᠶᠢᠨ ᠱᠦᠵᠢ ᠸᠠᠩ ᠷᠦᠢ ᠴᠢᠤᠸᠠᠨ ᠶᠧ ᠬᠤᠲᠠ ᠳᠤ ᠪᠠᠶᠢᠴᠠᠭᠠᠨ ᠰᠤᠳᠤᠯᠤᠯᠲᠠ ᠬᠢᠪᠡ᠃      ᠸᠠᠩ ᠷᠦᠢ ᠬᠡᠯᠡᠬᠦ ᠳᠡᠭᠡᠨ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠣᠶᠢᠷᠠᠳᠴᠤ᠂ ᠡᠯ᠎ᠡ ᠰᠠᠯᠠᠭ᠎ᠠ ᠮᠥᠴᠢᠷ᠂ ᠨᠢᠭᠡᠴᠡ᠂ ᠠᠵᠤ ᠠᠬᠤᠶᠢᠯᠠᠯ ᠪᠣᠯᠣᠨ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠨᠤᠭᠤᠳ ᠠᠶᠤᠯ ᠦᠭᠡᠢ ᠦᠢᠯᠡᠳᠪᠦᠷᠢᠯᠡᠯ ᠤᠨ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠣᠯᠣᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠬᠡᠷᠡᠭᠵᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠨ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠠᠮᠤᠷ ᠲᠠᠶᠢᠪᠤᠩ ᠡᠶ᠎ᠡ ᠨᠠᠶᠢᠷᠠᠮᠳᠠᠭᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠢ᠃ᠦᠢᠯᠡᠳᠪᠦᠷᠢᠯᠡᠯ ᠤᠨ ᠠᠵᠢᠯᠯᠠᠭᠠᠨ ᠤ ᠶᠠᠪᠤᠴᠠ ᠶᠢ ᠰᠢᠯᠢᠳᠡᠭᠵᠢᠭᠦᠯᠵᠦ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠠᠮᠤᠷ ᠲᠦᠪᠰᠢᠨ ᠪᠣᠯᠣᠨ ᠦᠢᠯᠡᠳᠪᠦᠷᠢᠯᠡᠯ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠬᠠᠩᠭᠠᠯᠭ᠎ᠠ ᠶᠢ ᠪᠠᠲᠤᠯᠠᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ᠂ ᠬᠡᠷᠡᠭᠯᠡᠭᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ᠢᠯᠴᠢ ᠬᠠᠩᠭᠠᠬᠤ ᠠᠵᠤ ᠠᠬᠤᠶᠢᠯᠠᠯ ᠨᠢ ᠲᠥᠪᠯᠡᠷᠡᠭᠦᠯᠦᠨ ᠢᠯᠴᠢ ᠬᠠᠩᠭᠠᠬᠤ  ᠠᠴᠠ ᠡᠮᠦᠨᠡᠬᠢ ᠬᠢᠵᠠᠭᠠᠷ ᠲᠠᠢ ᠴᠠᠭ ᠢ ᠰᠠᠶᠢᠲᠤᠷ ᠠᠰᠢᠭᠯᠠᠵᠤ᠂ ᠲᠣᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠬᠤ᠂ ᠲᠤᠷᠰᠢᠨ ᠠᠵᠢᠯᠯᠠᠭᠤᠯᠬᠤ᠂ ᠪᠠᠴᠢᠮ ᠪᠠᠶᠢᠳᠠᠯ ᠢ ᠠᠷᠭᠠᠴᠠᠬᠤ ᠵᠡᠷᠭᠡ ᠠᠵᠢᠯ ᠢ ᠤᠷᠢᠳᠴᠢᠯᠠᠨ ᠰᠠᠶᠢᠲᠤᠷ ᠬᠢᠵᠦ᠂ ᠣᠯᠠᠨ ᠲᠦᠮᠡᠨ ᠤ ᠲᠤᠰᠬᠠᠭᠰᠠᠨ ᠢᠯᠴᠢ ᠬᠠᠩᠭᠠᠬᠤ ᠠᠰᠠᠭᠤᠳᠠᠯ ᠢ ᠴᠠᠭ ᠲᠤᠬᠠᠢ ᠳᠤᠨᠢ ᠲᠣᠬᠢᠲᠠᠢ ᠰᠢᠢᠳᠪᠦᠷᠢᠯᠡᠵᠦ᠂ ᠥᠷᠭᠡᠨ ᠣᠯᠠᠨ ᠲᠦᠮᠡᠨ ᠢ ᠳᠤᠯᠠᠭᠠᠨ ᠪᠦᠯᠢᠶᠡᠨ ᠢᠶᠠᠷ ᠡᠪᠦᠯᠵᠢᠭᠦᠯᠬᠦ ᠬᠡᠷᠡᠭᠲᠡᠢ᠃      ᠲᠣᠭᠤᠷᠢᠭ ᠤᠨ ᠤᠳᠤᠷᠢᠳᠤᠯᠭ᠎ᠠ ᠬᠧ ᠭᠦᠸᠧ ᠷᠦᠢ᠂ ᠹᠥ᠋ᠩ ᠳ᠋ᠦᠩ ᠸᠠᠩ᠂ ᠶᠠᠩ ᠵᠢᠶᠠᠨ ᠵᠢᠶᠦ᠋ᠨ ᠲᠤᠰ ᠲᠤᠰ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1