ᠪᠠᠷᠠᠭ᠎ᠠ ᠡᠯᠪᠡᠭ ᠦᠨ᠎ᠡ ᠲᠣᠭᠲᠠᠭᠤᠨ  ᠬᠥᠮᠥᠨ ᠤ ᠬᠦᠷᠢᠶᠡᠯᠡᠯ ᠢ ᠣᠯᠣᠨ᠎ᠠ᠃ᠳ᠋ᠦᠩ ᠾᠧ ᠲᠣᠭᠤᠷᠢᠭ ᠤᠨ ᠬᠢᠨ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠦᠬᠦ ᠬᠦᠴᠦ ᠪᠠᠷ ᠢᠶᠠᠨ ᠪᠠᠲᠤᠯᠠᠬᠤ
ᠨᠡᠶᠢᠲᠡᠯᠡᠭᠰᠡᠨ ᠴᠠᠭ᠄
2023/10/10
     ᠤᠯᠤᠰ ᠤᠨ ᠪᠠᠶᠠᠷ ᠤᠨ ᠬᠤᠭᠤᠴᠠᠭᠠᠨ ᠳᠤ᠂ ᠪᠠᠶᠠᠷ ᠤᠨ ᠡᠳᠦᠷ ᠤᠨ ᠠᠭᠤᠷ ᠠᠮᠢᠰᠬᠤᠯ ᠤᠯᠠᠮ ᠠᠴᠠ ᠤᠯᠠᠮ ᠥᠳᠬᠡᠷᠡᠵᠦ᠂ ᠳ᠋ᠦᠩ ᠡᡁᠸ ᠲᠣᠭᠤᠷᠢᠭ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠪᠠᠷᠠᠭ᠎ᠠ ᠭᠦᠢᠴᠡᠳ ᠦᠨ᠎ᠡ ᠲᠣᠭᠲᠠᠭᠤᠨ ᠪᠠᠶᠢᠵᠤ᠂ ᠴᠥᠭᠡᠨ ᠪᠤᠰᠤ ᠤᠯᠠᠨ ᠲᠦᠮᠡᠨ ︽ᠬᠤᠳᠠᠯᠳᠤᠨ ᠠᠪᠬᠤ ᠵᠠᠭᠪᠤᠷ︾ ᠢᠶᠠᠨ ᠡᠬᠢᠯᠡᠭᠦᠯᠵᠦ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠬᠠᠮᠲᠤᠪᠠᠷ ᠪᠡᠯᠭᠡᠯᠡᠵᠦ᠂ ᠡᠬᠡ ᠤᠯᠤᠰ ᠤᠨ ᠢᠶᠠᠨ 74 ᠵᠢᠯ ᠤᠨ ᠤᠢ ᠶᠢ ᠬᠠᠮᠲᠤᠪᠠᠷ ᠪᠡᠯᠭᠡᠯᠡᠪᠡ᠃      ᠤᠯᠠᠭᠠᠨ ᠲᠤᠭ ᠰᠠᠯᠬᠢᠨ ᠤ ᠠᠶ᠎ᠠ ᠪᠠᠷ ᠨᠠᠮᠢᠷᠠᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠵᠡᠭᠡᠯᠢ ᠭᠤᠳᠤᠮᠵᠢ ᠪᠠᠷ ᠪᠢᠯᠬᠠᠨ᠎ᠠ᠃ᠰᠤᠷᠪᠤᠯᠵᠢᠯᠠᠭᠴᠢ ᠶᠤᠸᠠᠨ ᠳ᠋ᠠ ᠢᠳᠡᠰᠢᠨ ᠨᠣᠭᠤᠭᠠᠨ ᠤ ᠵᠠᠬ᠎ᠠ ᠳᠡᠯᠭᠡᠭᠦᠷ ᠠᠴᠠ ᠣᠯᠵᠤ ᠬᠠᠷᠠᠭᠰᠠᠨ ᠨᠢ᠂ ᠡᠯ᠎ᠡ ᠲᠥᠷᠥᠯ ᠤᠨ ᠢᠳᠡᠰᠢᠨ ᠨᠣᠭᠤᠭ᠎ᠠ᠂ ᠰᠢᠨ᠎ᠡ ᠰᠣᠷᠭᠤᠭ ᠮᠢᠬ᠎ᠠ᠂ ᠵᠢᠮᠢᠰ᠂ ᠠᠮᠤ ᠪᠤᠳᠠᠭ᠎ᠠ ᠲᠣᠰᠣ ᠵᠡᠷᠭᠡ ᠡᠳ᠋ ᠪᠣᠳᠠᠰ ᠨᠢᠳᠦ ᠳᠦᠭᠦᠷᠡᠩ᠂ ᠪᠠᠷᠠᠭᠠᠨ ᠤ ᠲᠠᠯᠪᠢᠭᠤᠷ ᠳᠦᠭᠦᠷᠡᠩ᠂ ᠪᠠᠷᠠᠭᠠᠨ ᠤ ᠢᠷᠡᠯᠲᠡ ᠭᠦᠢᠴᠡᠳ ᠪᠠᠶᠢᠵᠤ᠂ ᠲᠠᠸᠠᠷ ᠰᠣᠩᠭᠤᠬᠤ ᠪᠠᠷ ᠢᠷᠡᠭᠰᠡᠨ ᠬᠤᠲᠠ ᠶᠢᠨ ᠠᠷᠠᠳ ᠲᠠᠰᠤᠷᠠᠯᠲᠠ ᠦᠭᠡᠢ ᠣᠯᠠᠰᠢᠷᠠᠵᠤ ᠪᠠᠶᠢᠨ᠎ᠠ᠃
     ᠬᠤᠲᠠ ᠶᠢᠨ ᠠᠷᠠᠳ ᠸᠠᠩ ᠢᠦᠢ᠄ ︽ᠪᠠᠶᠠᠷ ᠤᠨ ᠡᠳᠦᠷ ᠠᠴᠠ ᠡᠮᠦᠨ᠎ᠡ ᠪᠢᠳᠡ ᠰᠤᠯᠠ ᠰᠡᠯᠡᠭᠦᠦ ᠴᠠᠭ ᠢᠶᠠᠷ ᠢᠶᠠᠨ ᠭᠡᠷ ᠤᠨ ᠬᠥᠮᠥᠰ ᠢᠶᠠᠨ ᠳᠠᠭᠠᠭᠤᠯᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢᠶᠠᠷ ᠲᠣᠭᠤᠷᠢᠵᠤ᠂ ᠢᠳᠡᠰᠢᠨ ᠨᠣᠭᠤᠭ᠎ᠠ᠂ ᠵᠢᠮᠢᠰ᠂ ᠮᠢᠬᠠᠨ ᠢᠳᠡᠭᠡᠨ ᠬᠤᠳᠠᠯᠳᠤᠨ ᠠᠪᠴᠤ᠂ ᠦᠨ᠎ᠡ ᠬᠠᠩᠰᠢ ᠨᠢ ᠴᠥᠮ ᠡᠩ ᠤᠨ ᠦᠶ᠎ᠡ ᠶᠢᠨ ᠬᠢ ᠲᠠᠢ ᠪᠠᠨ ᠠᠳᠠᠯᠢ ᠪᠠᠶᠢᠵᠤ᠂ ᠭᠡᠷ ᠪᠦᠯᠢ ᠪᠠᠷ ᠢᠶᠠᠨ ᠴᠤᠭᠯᠠᠷᠠᠨ ᠨᠠᠶᠢᠷᠠᠯᠳᠤᠬᠤ ᠪᠠᠶᠠᠷ ᠪᠠᠶᠠᠰᠤᠯ ᠢ ᠡᠳ᠋ᠯᠡᠬᠦ ᠶᠢᠨ ᠬᠠᠮᠲᠤ ᠮᠠᠨ ᠤ ᠡᠬᠡ ᠤᠯᠤᠰ ᠤᠨ ᠨᠠᠩ ᠴᠡᠴᠡᠭᠯᠡᠨ ᠬᠥᠭᠵᠢᠵᠦ᠂ ᠨᠠᠩ ᠬᠥᠭᠵᠢᠨ ᠮᠠᠨᠳᠤᠬᠤ ᠶᠢ ᠢᠷᠦᠭᠡᠶ᠎ᠡ︾ ᠭᠡᠵᠡᠢ᠃      ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠪᠣᠯ ᠪᠠᠷᠠᠭ᠎ᠠ ᠬᠤᠳᠠᠯᠳᠤᠨ ᠠᠪᠬᠤ ᠤᠷᠬᠢᠯ ᠤᠨ ᠬᠤᠭᠤᠴᠠᠭ᠎ᠠ ᠪᠣᠯᠣᠨ᠎ᠠ᠂ ᠳ᠋ᠦᠩ ᠾᠧ ᠲᠣᠭᠤᠷᠢᠭ ᠤᠨ ᠵᠦᠩ ᠱᠦᠨ᠂ ᠶᠤᠸᠠᠨ ᠶᠤᠸᠠᠨ᠂ ᠲᠠᠢ ᠰᠢᠩ ᠵᠡᠷᠭᠡ 3 ᠲᠠᠷᠢᠶᠠᠯᠠᠩ ᠤᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ 9 ᠲᠣᠮᠣ ᠬᠡᠯᠪᠡᠷᠢ ᠶᠢᠨ ᠬᠡᠳᠦ ᠳᠡᠯᠭᠡᠭᠦᠷ ᠵᠢᠴᠢ ᠡᠯ᠎ᠡ ᠬᠤᠳᠠᠯᠳᠤᠭᠠᠨ ᠤ ᠬᠡᠳᠦ ᠳᠡᠯᠭᠡᠭᠦᠷ ᠤᠨ ᠬᠢᠨ ᠡᠯ᠎ᠡ ᠲᠦᠷᠦᠯ ᠤᠨ ᠲᠠᠸᠠᠷ ᠢ ᠤᠷᠢᠳᠴᠢᠯᠠᠨ ᠪᠦᠷᠢᠳᠬᠡᠬᠦ᠂ ᠵᠥᠭᠡᠭᠡᠪᠦᠷᠢᠯᠡᠬᠦ᠂ ᠨᠥᠭᠡᠴᠡᠯᠡᠬᠦ ᠠᠵᠢᠯ ᠢ ᠤᠷᠢᠳᠴᠢᠯᠠᠨ ᠬᠢᠵᠦ᠂ ᠣᠳᠣᠬᠠᠨ ᠳᠤ ᠮᠢᠬᠠᠨ ᠤ ᠲᠦᠷᠦᠯ᠂ ᠵᠢᠭᠦᠷᠲᠡᠨ ᠤ ᠥᠨᠳᠡᠭᠡ ᠶᠢᠨ ᠲᠦᠷᠦᠯ᠂ ᠢᠳᠡᠰᠢᠨ ᠨᠣᠭᠤᠭ᠎ᠠ ᠶᠢᠨ ᠲᠦᠷᠦᠯ᠂ ᠵᠢᠮᠢᠰ ᠤᠨ ᠲᠦᠷᠦᠯ ᠤᠨ ᠪᠦᠬᠦᠯᠢ ᠴᠣᠭᠴᠠ ᠶᠢᠨ ᠨᠥᠭᠡᠴᠡ ᠭᠦᠢᠴᠡᠳ ᠪᠠᠶᠢᠵᠤ᠂ ᠬᠤᠲᠠ ᠶᠢᠨ ᠠᠷᠠᠳ ᠤᠨ ᠤᠯᠠᠨ ᠶᠠᠩᠵᠤ ᠶᠢᠨ ᠬᠡᠷᠡᠭᠴᠡᠭᠡ ᠶᠢ ᠪᠦᠬᠦ ᠲᠠᠯ᠎ᠠ ᠪᠠᠷ ᠬᠠᠩᠭᠠᠵᠤ ᠪᠣᠯᠣᠨ᠎ᠠ᠃ᠪᠠᠷᠠᠭ᠎ᠠ ᠪᠠᠨ ᠲᠡᠭᠰᠢᠯᠡᠵᠦ ᠪᠠᠶᠢᠭ᠎ᠠ ᠬᠤᠳᠠᠯᠳᠤᠭᠠᠴᠢᠨ ᠰᠦᠨ ᠵᠢᠶᠸ ᠲᠤᠰᠬᠠᠶᠢᠯᠠᠨ ᠱᠢ ᠳ᠋ᠡ ᠭᠦ᠋ ᠲᠣᠰᠬᠤᠨ ᠤ ᠠᠮᠢ ᠠᠬᠤᠢ ᠶᠢᠨ ᠲᠤᠲᠤᠷᠭ᠎ᠠ᠂ ᠭᠤᠸᠠᠨ ᠳ᠋ᠢ ᠲᠣᠰᠬᠤᠨ ᠤ ᠨᠠᠷᠢᠮᠤ ᠠᠮᠤ᠂ ᠵᠧᠩ ᠪᠧᠢ ᠶᠢᠨ ᠰᠢᠬᠢᠷ᠂ ᠬᠠᠢ ᠳ᠋ᠠᠢ ᠰᠠᠷᠢᠮᠰᠠᠭ ᠵᠡᠷᠭᠡ ᠲᠤᠰ ᠭᠠᠵᠠᠷ ᠤᠨ ᠲᠠᠷᠢᠶᠠᠯᠠᠩ ᠤᠨ ᠣᠨᠴᠠ ᠭᠠᠷᠤᠯᠲᠠ ᠶᠢ ᠪᠡᠯᠡᠳᠬᠡᠵᠦ᠂ ᠬᠤᠳᠠ ᠶᠢᠨ ᠠᠷᠠᠳ ᠤᠨ ᠲᠦᠷᠦᠯ ᠰᠠᠳᠤᠨ ᠨᠠᠶᠢᠵᠢ ᠨᠥᠬᠦᠳ ᠢᠶᠠᠨ ᠰᠤᠷᠪᠤᠯᠵᠢᠯᠠᠬᠤ ᠳᠤ ᠪᠡᠯᠡᠳᠬᠡᠵᠡᠢ᠃
     ︽ᠨᠠᠢᠮᠠᠨ ᠰᠠᠷ᠎ᠠ  ᠶᠢᠨ ᠠᠷᠪᠠᠨ ᠲᠠᠪᠤᠨ ᠤ ᠪᠠᠶᠠᠷ ᠤᠨ ᠡᠳᠦᠷ ᠲᠤ ᠠᠪᠤ ᠡᠵᠢ ᠮᠠᠨᠢ ᠪᠢᠳᠡᠨ ᠲᠠᠢ ᠬᠠᠮᠲᠤ ᠪᠠᠶᠠᠷ ᠤᠨ ᠡᠳᠦᠷ  ᠢ ᠪᠡᠯᠭᠡᠯᠡᠬᠦ ᠪᠠᠷ ᠢᠷᠡᠵᠦ᠂ ᠲᠡᠳᠡᠨ  ᠢ ᠳᠠᠭᠠᠭᠤᠯᠤᠨ ᠪᠤᠭᠤᠲᠤ  ᠶᠢᠨ ᠠᠯᠲᠠᠨ ᠵᠡᠭᠡᠯᠢ ᠳᠤ ᠬᠦᠷᠴᠦ᠂ ᠳ᠋ᠦᠩ ᠾᠧ  ᠶᠢᠨ ᠠᠮᠲᠠᠲᠤ ᠢᠳᠡᠭᠡᠨ  ᠢ ᠠᠮᠲᠠᠯᠠᠵᠤ᠂ ᠬᠠᠭᠤᠴᠢᠨ ᠪᠤᠭᠤᠲᠤ  ᠶᠢᠨ ᠰᠢ ᠺᠧᠦ  ᠶᠢᠨ ᠰᠣᠶᠣᠯ  ᠢ ᠠᠮᠲᠠᠯᠠᠭᠤᠯᠬᠤ ᠪᠠᠷ ᠪᠠᠶᠢᠨ᠎ᠠ︾᠃ ᠪᠠᠶᠠᠷ ᠤᠨ ᠡᠳᠦᠷ ᠢ ᠬᠡᠷᠬᠢᠨ ᠥᠩᠭᠡᠷᠡᠭᠦᠯᠬᠦ ᠶᠢ ᠳᠤᠷᠠᠳᠬᠤ ᠳᠤ᠂ ᠬᠤᠲᠠ ᠶᠢᠨ ᠠᠷᠠᠳ ᠯᠢᠦ ᠬᠤᠸᠠᠨ ᠪᠠᠶᠠᠷᠲᠠᠢ ᠪᠠᠷ ᠬᠡᠯᠡᠪᠡ᠃      ᠣᠶᠢᠯᠠᠭᠠᠭᠰᠠᠨ ᠢᠶᠠᠷ᠂ ᠳ᠋ᠦᠩ ᠾᠧ ᠲᠣᠭᠤᠷᠢᠭ ᠤᠨ ᠬᠢᠨ ︽ᠠᠯᠲᠠᠨ ᠶᠢᠰᠦ ᠮᠥᠩᠭᠦᠨ ᠠᠷᠪᠠ︾ ᠶᠢᠨ ᠤᠯᠠᠮᠵᠢᠯᠠᠯᠲᠤ ᠬᠡᠷᠡᠭᠯᠡᠭᠡᠨ ᠤ ᠬᠥᠭᠵᠢᠯᠲᠡᠢ ᠤᠯᠠᠷᠢᠯ ᠢ ᠴᠢᠩᠭ᠎ᠠ ᠠᠳᠬᠤᠵᠤ᠂ 2023 ᠣᠨ ᠤ ︽ᠶᠤᠸᠠᠢ ᠬᠤᠶ ᠯᠦ ᠬᠤᠲᠠ · ᠬᠠᠮᠲᠤ ᠪᠠᠷ ᠪᠡᠯᠭᠡᠯᠡᠬᠦ ᠬᠤᠣᠰ ᠪᠠᠶᠠᠷ︾ ᠤᠨ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠥᠷᠨᠢᠭᠦᠯᠵᠦ᠂ ᠮᠠᠰᠢᠨ ᠲᠡᠷᠭᠡ ᠪᠠᠷ ᠬᠡᠷᠡᠭᠯᠡᠭᠡ ᠶᠢ ᠠᠬᠢᠭᠤᠯᠬᠤ᠂ ᠮᠠᠰᠢᠨ ᠲᠡᠷᠭᠡᠨ ᠤ ᠰᠣᠶᠣᠯ ᠤᠨ ᠨᠠᠶᠢᠷ᠂ ᠵᠢᠯ ᠤᠨ ᠣᠶ ᠶᠢᠨ ᠪᠠᠶᠠᠷ᠂ ᠲᠠᠷᠢᠶᠠᠯᠠᠩ ᠤᠨ ᠣᠨᠴᠠ ᠭᠠᠷᠤᠯᠲᠠ ᠶᠢᠨ ᠳᠡᠯᠭᠡᠨ ᠪᠣᠷᠣᠯᠠᠭᠤᠯᠤᠯᠲᠠ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠦᠵᠡᠭᠦᠯᠦᠯᠭᠡ᠂ ᠪᠠᠷᠢᠯᠭ᠎ᠠ ᠶᠢᠨ ᠮᠠᠲ᠋ᠧᠷᠢᠶᠠᠯ ᠤᠨ ᠲᠥᠷᠥᠯ ᠤᠨ ᠪᠣᠷᠤᠯᠠᠭᠤᠯᠭ᠎ᠠ ᠶᠢ ᠠᠬᠢᠭᠤᠯᠬᠤ ᠵᠡᠷᠭᠡ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠡᠯ᠎ᠡ ᠲᠥᠷᠥᠯ ᠤᠨ ᠠᠵᠢᠯᠯᠠᠭ᠎ᠠ ᠶᠢ ᠪᠠᠭᠲᠠᠭᠠᠵᠤ᠂ ᠣᠯᠠᠨ ᠡᠰᠢᠲᠦ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠭᠤᠰᠤᠯᠴᠠᠭᠰᠠᠨ ᠬᠡᠷᠡᠭᠯᠡᠭᠡᠨ ᠤ ᠰᠢᠨ᠎ᠡ ᠪᠠᠶᠢᠳᠠᠯ ᠢ ᠪᠣᠶ ᠪᠣᠯᠭᠠᠪᠠ᠃
     ᠡᠯ᠎ᠡ ᠬᠤᠳᠠᠯᠳᠤᠭᠠᠴᠢᠳ ᠪᠠᠰᠠ ᠵᠡᠭᠡᠯᠢ ᠶᠢᠨ ᠪᠥᠵᠢᠭ ᠤᠨ ᠤᠷᠤᠯᠳᠤᠭᠠᠨ᠂ ᠠᠷᠠᠳ ᠤᠨ ᠪᠥᠵᠢᠭ ᠤᠨ ᠲᠣᠭᠯᠠᠯᠲᠠ᠂ ᠬᠢᠲᠠᠳ ᠬᠤᠪᠴᠠᠰᠤᠨ ᠤ ᠦᠵᠡᠭᠦᠯᠦᠯᠭᠡ᠂ ᠰᠧᠴᠤᠸᠠᠨ ᠵᠦᠴᠦᠭᠡ ᠶᠢᠨ ᠵᠢᠰᠦ ᠬᠤᠪᠢᠷᠠᠭᠤᠯᠬᠤ᠂ ᠬᠢᠲᠠᠳ ᠬᠤᠪᠴᠠᠰᠤᠨ ᠤ ᠵᠤᠭ᠎ᠠ ᠴᠡᠩᠭᠡᠯ ᠤᠨ ᠬᠦᠷᠢᠶᠡᠯᠡᠩ᠂ ᠮᠢᠩᠭᠠᠨ ᠬᠥᠮᠥᠨ ᠤ ᠤᠯᠠᠭᠠᠨ ᠳᠠᠭᠤᠤ ᠶᠢᠨ ᠬᠢᠯᠠᠰ ᠭᠢᠯᠠᠰ ᠵᠡᠷᠭᠡ ᠤᠷᠠᠨ ᠰᠠᠶᠢᠬᠠᠨ ᠤ ᠲᠣᠭᠯᠠᠯᠲᠠ ᠵᠢᠴᠢ ᠰᠢ ᠺᠧᠦ ᠶᠢᠨ ᠶᠢᠨ ᠭᠤᠳᠤᠮᠵᠢ ᠶᠢᠨ ᠬᠥᠰᠢᠭᠡ ᠶᠢ ᠨᠡᠭᠡᠭᠡᠬᠦ᠂ ᠮᠢᠩᠭᠠᠨ ᠬᠥᠮᠥᠨ ᠤ ᠠᠶᠢᠵᠠᠮ ᠴᠣᠬᠢᠯᠭ᠎ᠠ ᠪᠠᠷ ᠲᠦᠷᠦᠭᠰᠡᠨ ᠦᠷ᠎ᠡ ᠬᠡᠦᠬᠡᠳ ᠢᠶᠠᠨ ᠭᠦᠶᠦᠯᠭᠡᠬᠦ ᠵᠡᠷᠭᠡ ᠬᠤᠳᠠᠯᠳᠤᠭᠠᠨ ᠤ ᠠᠵᠢᠯᠯᠠᠭ᠎ᠠ ᠨᠢ ᠠᠮᠠᠷᠠᠯᠲᠠ ᠶᠢᠨ ᠡᠳᠦᠷ ᠤᠨ ᠠᠵᠤ ᠠᠬᠤᠢ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠪᠦᠬᠦ ᠣᠷᠣᠨ ᠤ ᠵᠠᠬ᠎ᠠ ᠳᠡᠯᠭᠡᠭᠦᠷ ᠤᠨ ᠬᠡᠷᠡᠭᠯᠡᠭᠡ ᠶᠢ ᠬᠥᠭᠵᠢᠭᠡᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠬᠥᠭᠵᠢᠭᠡᠵᠦ᠂ ᠵᠤᠭᠠᠴᠠᠯ ᠤᠨ ᠠᠵᠤ ᠠᠬᠤᠢ ᠶᠢ ᠬᠥᠭᠵᠢᠭᠡᠨ ᠲᠠᠢ ᠪᠣᠯᠭᠠᠬᠤ ᠪᠠᠷ ᠪᠠᠶᠢᠨ᠎ᠠ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1