ᠵᠠᠩ ᠯᠢ ᠵᠢᠶᠦ᠋ᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2023/10/10
    9 ᠰᠠᠷ᠎ᠠ ᠶᠢᠨ 30 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠵᠠᠩ ᠯᠢ ᠵᠢᠶᠦ᠋ᠨ ᠤᠷᠢᠳ ᠬᠤᠵᠢᠳ ᠴᠢᠷᠦᠭᠦᠯ ᠠᠰᠠᠷ᠂ ᠮᠠᠰᠢᠨ ᠮᠧᠬᠠᠨᠢᠭ ᠤᠨ ᠠᠰᠠᠷ᠂ ᠠᠲ᠋ᠥᠨ ᠤ ᠬᠦᠷᠢᠶᠡᠯᠡᠩ᠂ ᠭᠤᠷᠪᠠᠳᠤᠭᠠᠷ ᠵᠡᠭᠡᠯᠢ ᠬᠤᠶᠠᠳᠤᠭᠠᠷ ᠲᠣᠭᠤᠷᠢᠭ᠂ ᠲᠡᠮᠦᠷ ᠵᠠᠮ ᠤᠨ ᠪᠠᠷᠠᠭᠤᠨ ᠬᠡᠰᠡᠭ ᠤᠨ ᠵᠠᠯᠭᠠᠯᠳᠤᠭᠰᠠᠨ ᠲᠣᠭᠤᠷᠢᠭ ᠤᠨ ᠨᠢᠭᠡᠳᠦᠭᠡᠷ ᠪᠠᠷᠢᠮᠵᠢᠶ᠎ᠠ ᠶᠢᠨ ᠬᠡᠰᠡᠭ ᠲᠤ᠂ ᠵᠠᠮ ᠬᠠᠷᠢᠯᠴᠠᠭᠠᠨ ᠤ ᠴᠠᠭᠳᠠᠭ᠎ᠠ ᠶᠢᠨ ᠪᠠᠭ᠎ᠠ ᠲᠣᠭᠤᠷᠢᠭ ᠲᠤ ᠬᠦᠷᠴᠦ ᠬᠠᠭᠤᠴᠢᠨ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃      ᠵᠠᠩ ᠯᠢ ᠵᠢᠶᠦ᠋ᠨ᠂ ᠪᠠᠷᠢᠯᠭ᠎ᠠ ᠶᠢᠨ ᠠᠵᠢᠯ ᠤᠨ︽ᠰᠢᠵᠢᠷ ᠠᠯᠳᠠᠨ ᠬᠤᠭᠤᠴᠠᠭ᠎ᠠ︾ ᠶᠢ ᠠᠮᠵᠢᠨ ᠠᠳᠬᠤᠵᠤ᠂ ᠮᠠᠲ᠋ᠧᠷᠢᠶᠠᠯ᠂ ᠬᠥᠮᠥᠨ ᠤ ᠬᠦᠴᠦ᠂ ᠮᠠᠰᠢᠨ ᠪᠠᠭᠠᠵᠢ ᠵᠡᠷᠭᠡ ᠡᠯ᠎ᠡ ᠲᠠᠯ᠎ᠠ ᠶᠢᠨ ᠡᠯᠧᠮᠧᠨ᠋ᠲ ᠤᠨ ᠪᠠᠲᠤᠯᠠᠭ᠎ᠠ ᠶᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠭᠡᠳᠡᠷᠬᠦ ᠪᠠᠶᠢᠷᠢᠯᠠᠭᠤᠯᠵᠤ᠂ ᠪᠠᠷᠢᠯᠭ᠎ᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠬᠦ ᠬᠡᠷᠡᠭᠲᠡᠢ︔ᠳᠤᠯᠠᠭᠠᠯᠭ᠎ᠠ ᠶᠢᠨ ᠲᠥᠬᠦᠭᠡᠷᠦᠮᠵᠢ ᠪᠣᠯᠣᠨ ᠬᠤᠭᠤᠯᠠᠢ ᠶᠢᠨ ᠲᠣᠣᠷ ᠢ ᠥᠭᠡᠷᠡᠴᠢᠯᠡᠬᠦ ᠢᠨᠵᠧᠨᠧᠷᠢᠩ ᠢ ᠱᠠᠯᠠᠪᠳᠠᠨ ᠠᠬᠢᠭᠤᠯᠵᠤ᠂ ᠪᠠᠷᠢᠯᠭ᠎ᠠ ᠶᠢᠨ ᠠᠵᠢᠯ ᠠᠴᠠ ᠪᠣᠯᠵᠤ ᠳᠤᠯᠠᠭᠠᠯᠭ᠎ᠠ ᠶᠢ ᠨᠥᠯᠥᠭᠡᠯᠡᠬᠦ ᠠᠴᠠ ᠡᠷᠡᠰ ᠵᠠᠶᠢᠯᠠᠰᠬᠢᠵᠦ᠂ ᠰᠠᠭᠤᠭᠠᠯᠢ ᠠᠷᠠᠳ ᠤᠨ ᠠᠮᠤᠷ ᠲᠦᠪᠰᠢᠨ ᠳᠤᠯᠠᠭᠠᠨ ᠢᠶᠠᠷ ᠡᠪᠦᠯᠵᠢᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ;ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠤᠨ ᠰᠡᠳᠬᠢᠬᠦᠢ ᠶᠢ ᠢᠮᠠᠭᠲᠠ ᠴᠢᠩᠭᠠᠳᠬᠠᠵᠤ᠂ ᠠᠵᠢᠯ ᠤᠨ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠰᠡᠷᠭᠡᠶᠢᠯᠡᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠪᠠᠷᠢᠯᠭ᠎ᠠ ᠶᠢᠨ ᠠᠵᠢᠯ ᠤᠨ ᠤᠯᠠᠨ ᠲᠦᠮᠡᠨ ᠤ ᠬᠡᠪ ᠤᠨ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ      ᠣᠷᠣᠨ ᠤ ᠤᠳᠤᠷᠢᠳᠤᠯᠭ᠎ᠠ ᠶᠠᠩ ᠵᠢᠶᠠᠨ ᠵᠢᠶᠦ᠋ᠨ᠂ ᠣᠷᠣᠨ ᠤ ᠵᠠᠰᠠᠭ ᠤᠨ ᠣᠷᠳᠣᠨ ᠤ ᠠᠯᠪᠠᠨ ᠭᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1