ᠳ᠋ᠦᠩ ᠾᠧ ᠲᠣᠭᠤᠷᠢᠭ ‍ᠤᠨ‌‍ᠰᠣᠶᠣᠯ ᠲᠠᠮᠢᠷ ᠤᠨ ᠪᠠᠷᠢᠭᠠᠳᠠ ᠪᠣᠯᠣᠨ ᠠᠷᠠᠯᠵᠢᠶ᠎ᠠ ᠬᠤᠳᠠᠯᠳᠤᠭᠠᠨ ᠤ ᠬᠡᠷᠡᠭᠯᠡᠭᠡᠨ ᠤ ᠵᠠᠬ᠎ᠠ ᠳᠡᠯᠭᠡᠭᠦᠷ ︽ᠬᠤᠣᠰ ᠪᠠᠶᠠᠷ︾ ᠤᠨ ᠡᠳᠦᠷ ᠢ ᠪᠠᠶᠠᠷᠯᠠᠨ ᠤᠭᠲᠤᠵᠤ ᠪᠠᠶᠢᠨ᠎ᠠ︕
ᠨᠡᠶᠢᠲᠡᠯᠡᠭᠰᠡᠨ ᠴᠠᠭ᠄
2023/10/10
     2023 ᠣᠨ ᠤ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠪᠣᠯᠣᠨ ᠤᠯᠤᠰ ᠤᠨ ᠪᠠᠶᠠᠷ ᠤᠨ ︽ᠬᠤᠣᠰ ᠪᠠᠶᠠᠷ︾ ᠳᠠᠪᠬᠤᠴᠠᠵᠤ᠂ ᠳ᠋ᠦᠩ ᠾᠧ ᠲᠣᠭᠤᠷᠢᠭ ᠤᠨ ᠬᠢᠨ ︽ᠳ᠋ᠦᠩ ᠾᠧ ᠭᠤᠣᠯ ᠤᠨ ᠰᠦᠷ ᠵᠢᠪᠬᠤᠭ᠎ᠠ ᠶᠢ ᠳᠠᠬᠢᠨ ᠮᠠᠨᠳᠤᠭᠤᠯᠵᠤ᠂ ᠥᠩᠭᠡᠷᠡᠭᠰᠡᠨ ᠤ ᠬᠥᠭᠵᠢᠯ ᠪᠠᠳᠠᠷᠠᠯ ᠢ ᠳᠠᠬᠢᠨ ᠢᠯᠡᠷᠡᠭᠦᠯᠬᠦ︾ ᠡᠭᠦᠷᠭᠡ ᠬᠠᠷᠠᠯᠲᠠ ᠪᠠᠨ ᠪᠡᠶᠡᠯᠡᠭᠦᠯᠬᠦ ᠶᠢᠨ ᠲᠥᠯᠥᠭᠡ᠂ ᠠᠷᠠᠳ ᠤᠯᠠᠨ ᠤ ᠤᠶᠤᠨ ᠤ ᠰᠣᠶᠣᠯ ᠪᠣᠯᠣᠨ ᠬᠡᠷᠡᠭᠯᠡᠭᠡᠨ ᠤ ᠬᠠᠩᠭᠠᠯᠭ᠎ᠠ ᠶᠢ ᠪᠦᠬᠦ ᠲᠠᠯ᠎ᠠ ᠪᠠᠷ ᠪᠠᠶᠠᠯᠢᠭᠵᠢᠭᠤᠯᠵᠤ᠂ ︽ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠬᠠᠮᠲᠤᠪᠠᠷ ᠰᠣᠨᠢᠷᠬᠠᠬᠤ︾᠂︽ᠬᠤᠣᠰ ᠪᠠᠶᠠᠷ ᠤᠨ ᠡᠳᠦᠷ ᠢ ᠬᠠᠮᠲᠤᠪᠠᠷ ᠰᠣᠨᠢᠷᠬᠠᠵᠤ ᠬᠠᠮᠲᠤᠪᠠᠷ ᠵᠡᠭᠦᠨ ᠭᠤᠣᠯ ᠤᠨ ᠬᠠᠮᠤᠭ ᠤᠨ ᠬᠥᠮᠥᠨ ᠤ ᠣᠷᠴᠢᠯᠠᠩ ᠳᠤ ᠬᠦᠷᠬᠦ︾᠂︽ᠶᠤᠸᠠᠢ ᠬᠤᠢ ᠯᠦ ᠬᠤᠲᠠ ᠶᠢᠨ ᠬᠤᠣᠰ ᠪᠠᠶᠠᠷ ᠢ ᠬᠠᠮᠲᠤᠪᠠᠷ ᠪᠡᠯᠭᠡᠯᠡᠬᠦ ︱ ᠮᠠᠰᠢᠨ ᠲᠡᠷᠭᠡ ᠪᠠᠷ ᠰᠠᠶᠢᠨ ᠵᠢᠯ ᠢ ᠨᠥᠬᠦᠪᠦᠷᠢᠯᠡᠬᠦ᠂ ᠭᠡᠷ ᠤᠨ ᠴᠠᠬᠢᠯᠭᠠᠨ ᠬᠡᠷᠡᠭᠰᠡᠯ ᠤᠨ ᠨᠠᠮᠤᠷ ᠤᠨ ᠬᠤᠪᠴᠠᠰᠤ ᠰᠣᠯᠢᠬᠤ ᠪᠠᠶᠠᠷ︾ᠵᠡᠷᠭᠡ 7 ᠶᠡᠭᠡ ᠲᠦᠷᠦᠯ ᠤᠨ 300 ᠭᠠᠷᠤᠢ ᠰᠢᠷᠢᠰ ᠠᠵᠢᠯᠯᠠᠭ᠎ᠠ ᠶᠢ ᠥᠷᠨᠢᠭᠦᠯᠵᠦ᠂ ᠠᠶᠠᠨᠴᠢᠳ ᠤᠨ ᠲᠤᠭ᠎ᠠ ᠶᠢ 130 ᠲᠦᠮᠡᠨ ᠬᠥᠮᠥᠨ ᠤᠳᠠᠭ᠎ᠠ ᠲᠠᠲᠠᠵᠤ᠂ 6400 ᠲᠦᠮᠡᠨ ᠲᠥᠭᠦᠷᠢᠭ ᠤᠨ ᠬᠡᠷᠡᠭᠯᠡᠭᠡ ᠶᠢ ᠲᠠᠶᠢᠴᠢᠯᠠᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠪᠠ᠃ᠤᠯᠠᠨ ᠵᠦᠢᠯ ᠤᠨ ᠡᠯᠧᠮᠧᠨ᠋ᠲ ᠤᠨ ᠰᠢᠨ᠎ᠡ ᠪᠡᠶᠡᠴᠢ ᠣᠶᠢᠯᠭᠠᠯᠲᠠᠰᠣᠶᠣᠯ ᠲᠠᠮᠢᠷ ᠤᠨ ᠪᠠᠷᠢᠭᠠᠳᠠ ᠶᠢᠨ ᠵᠠᠬ᠎ᠠ ᠳᠡᠯᠭᠡᠭᠦᠷ ᠬᠥᠭᠵᠢᠶᠡᠨ ᠲᠠᠢ      ᠵᠠᠷᠢᠮ ᠬᠥᠮᠥᠨ ᠡᠮᠦᠨᠡᠲᠦ ᠲᠠᠩᠭᠢᠰ ᠤᠨ ᠨᠠᠭᠤᠷ ᠤᠨ ᠥᠩᠭᠡ ᠦᠵᠡᠮᠵᠢ᠂ ᠦᠵᠡᠰᠬᠦᠯᠡᠩᠲᠦ ᠰᠠᠶᠢᠬᠠᠨ ᠠᠭᠤᠯᠠ ᠤᠰᠤ᠂ ᠠᠮᠢ ᠠᠬᠤᠢ ᠶᠢᠨ ᠵᠢᠷᠤᠭ ᠳᠦᠷᠰᠦ ᠶᠢ ᠦᠵᠡᠳᠡᠭ︔ᠵᠠᠷᠢᠮ ᠨᠢ ᠴᠡᠴᠡᠭ ᠤᠨ ᠪᠥᠭᠡᠮ ᠬᠡᠮᠡᠷᠯᠢᠭ ᠤᠨ ᠪᠠᠭᠯᠠᠭ᠎ᠠ᠂ ᠬᠤᠸᠠᠷ ᠫᠤᠤᠵᠢᠩ᠂ ᠪᠠᠶᠠᠷ ᠤᠨ ᠡᠳᠦᠷ ᠤᠨ ᠷᠣᠮᠠᠨᠲ᠋ᠢᠭ ᠦᠵᠡᠮᠵᠢ  ᠶᠢ ᠰᠣᠨᠢᠷᠬᠠᠳᠠᠭ ᠵᠠᠷᠢᠮ ᠨᠢ ᠠᠯᠲᠠᠨ ᠵᠡᠭᠡᠯᠢ᠂ ᠤᠯᠠᠭᠠᠨ ᠵᠡᠭᠡᠯᠢ ᠪᠠᠷ ᠵᠤᠭᠠᠴᠠᠨ ᠲᠣᠭᠤᠷᠢᠵᠤ᠂ ᠲᠡᠦᠬᠡ ᠪᠠ ᠣᠲᠣ ᠦᠶ᠎ᠡ  ᠶᠢᠨ ᠠᠭᠤᠰᠤᠯᠴᠠᠯ  ᠢ ᠦᠵᠡᠳᠡᠭ᠂ ᠪᠠᠰᠠ ᠵᠠᠷᠢᠮ ᠨᠢ ᠡᠯᠳᠡᠪ ᠵᠦᠢᠯ ᠤᠨ ᠰᠣᠨᠢᠨ ᠰᠡᠪᠡᠭᠦᠨ ᠦᠵᠡᠭᠳᠡᠯ  ᠢ ᠰᠣᠨᠢᠷᠬᠠᠨ᠂ ᠵᠢᠪᠴᠦ ᠵᠢᠪᠬᠦ ᠮᠠᠶ᠋ᠢᠭ ᠤᠨ ᠥᠩᠭᠡᠷᠡᠭᠡᠯᠲᠡ ᠳᠤ ᠣᠷᠣᠯᠴᠠᠳᠠᠭ᠃︽ᠬᠤᠣᠰ ᠪᠠᠶᠠᠷ︾ ᠤᠨ ᠬᠤᠭᠤᠴᠠᠭᠠᠨ ᠳᠤ᠂ ᠪᠦᠬᠦ ᠣᠷᠣᠨ ᠤ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠡᠷᠴᠢᠮᠲᠡᠢ ᠬᠥᠭᠵᠢᠵᠦ᠂ ᠠᠩᠬᠠᠳᠤᠭᠠᠷ ᠬᠤᠭᠤᠴᠠᠭᠠᠨ ᠤ ᠡᠮᠦᠨᠡᠲᠦ ᠲᠠᠩᠭᠢᠰ ᠤᠨ ᠤᠳᠪᠠᠯᠠ ᠴᠡᠴᠡᠭ ᠤᠨ ᠨᠠᠶᠢᠷ᠂ ︽ᠭᠤᠶᠤ ᠬᠦᠷᠳᠦᠨ︾ᠠᠷᠠᠳ ᠤᠨ ᠵᠠᠩ ᠦᠢᠯᠡ ᠶᠢᠨ ᠦᠵᠡᠰᠬᠦᠯᠡᠩ᠂ ︽ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠪᠠᠶᠠᠷᠯᠠᠨ ᠪᠡᠯᠭᠡᠯᠡᠵᠦ᠂ ᠤᠯᠤᠰ ᠤᠨ ᠪᠠᠶᠠᠷ ᠢ ᠬᠠᠮᠲᠤᠪᠠᠷ ᠪᠡᠯᠭᠡᠯᠡᠶ᠎ᠡ︾ᠭᠡᠬᠦ ᠭᠤᠣᠯ ᠰᠡᠳᠦᠪᠲᠦ ᠠᠵᠢᠯᠯᠠᠭ᠎ᠠ ᠲᠠᠰᠤᠷᠠᠯᠳᠡ ᠦᠭᠡᠢ ᠶᠠᠪᠤᠭᠳᠠᠪᠠ᠃ᠪᠥᠬᠦ ᠣᠷᠣᠨ ᠳᠤ ᠨᠡᠶᠢᠲᠡ 60 ᠲᠦᠮᠡ ᠭᠠᠷᠤᠢ ᠵᠤᠭᠠᠴᠠᠭᠰᠠᠳ ᠢ ᠭᠥᠯᠢᠶᠡᠨ ᠠᠪᠴᠤ᠂ 3000 ᠭᠠᠷᠤᠢ ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠨ ᠂ ᠠᠳᠠᠯᠢ ᠬᠤᠭᠤᠴᠠᠭᠠᠨ ᠤ ᠬᠢᠷᠢ ᠲᠦᠪᠰᠢᠨ ᠠᠴᠠ ᠳᠠᠪᠠᠵᠤ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ︕ᠨᠢᠭᠡ ᠬᠤᠪᠢ ᠨᠢᠳᠦ ᠭᠢᠯᠠᠰᠤᠮ᠎ᠠ ᠬᠢᠷᠢ ᠪᠦᠲᠦᠮᠵᠢ ᠶᠢᠨ ᠬᠠᠭᠤᠳᠠᠰᠤ ᠲᠤᠰᠢᠶᠠᠵᠠᠢ!
ᠤᠯᠠᠮᠤᠰᠤᠨ ᠬᠠᠷᠠᠭᠠᠯᠵᠠᠯᠲᠤ ᠵᠢᠭᠳᠡ ᠴᠤᠭᠯᠠᠷᠠᠯᠠᠷᠠᠯᠵᠢᠶ᠎ᠠ ᠬᠤᠳᠠᠯᠳᠤᠭᠠᠨ ᠤ ᠬᠡᠷᠡᠭᠯᠡᠭᠡᠨ ᠤ ᠨᠡᠮᠡᠭᠳᠡᠯ ᠮᠡᠳᠡᠭᠳᠡᠮ᠎ᠡ      ᠮᠠᠰᠢᠨ ᠲᠡᠷᠭᠡ ᠪᠠᠷ ᠬᠡᠷᠡᠭᠯᠡᠭᠡ ᠶᠢ ᠠᠬᠢᠭᠤᠯᠬᠤ᠂ ᠮᠠᠰᠢᠨ ᠲᠡᠷᠭᠡᠨ ᠤ ᠰᠣᠶᠣᠯ ᠤᠨ ᠨᠠᠶᠢᠷ᠂ ᠲᠠᠷᠢᠶᠠᠯᠠᠩ ᠤᠨ ᠣᠨᠴᠠ ᠭᠠᠷᠤᠯᠲᠠ ᠶᠢ ᠳᠡᠯᠭᠡᠨ ᠪᠣᠷᠣᠯᠠᠭᠤᠯᠬᠤ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠦᠵᠡᠭᠦᠯᠦᠯᠭᠡ᠂ ᠭᠡᠷ ᠤᠨ ᠬᠡᠷᠡᠭᠰᠡᠯ ᠪᠠᠷᠢᠯᠭ᠎ᠠ ᠶᠢᠨ ᠮᠠᠲ᠋ᠧᠷᠢᠶᠠᠯ ᠤᠨ ᠲᠥᠷᠥᠯ ᠤᠨ ᠪᠣᠷᠤᠯᠠᠭᠤᠯᠭ᠎ᠠ ᠶᠢ ᠠᠬᠢᠭᠤᠯᠬᠤ ᠵᠡᠷᠭᠡ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠣᠯᠠᠨ ᠡᠰᠢᠲᠦ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠤᠨ ᠬᠡᠷᠡᠭᠯᠡᠬᠦ ᠰᠢᠨ᠎ᠡ ᠪᠠᠶᠢᠳᠠᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ︔ᠡᠯ᠎ᠡ ᠲᠣᠮᠣ ᠠᠷᠠᠯᠵᠢᠶ᠎ᠠ ᠬᠤᠳᠠᠯᠳᠤᠭᠠᠨ ᠤ ᠶᠡᠷᠦᠩᠬᠡᠢ ᠴᠣᠭᠴᠠ ᠶᠢᠨ ᠬᠢᠨ ᠵᠡᠭᠡᠯᠢ ᠶᠢᠨ ᠪᠥᠵᠢᠭ ᠤᠨ ᠤᠷᠤᠯᠳᠤᠭᠠᠨ᠂ ᠬᠢᠲᠠᠳ ᠬᠤᠪᠴᠠᠰᠤᠨ ᠤ ᠦᠵᠡᠭᠦᠯᠦᠯᠭᠡ᠂ ᠰᠧᠴᠤᠸᠠᠨ ᠵᠦᠴᠦᠭᠡ ᠶᠢᠨ ᠵᠢᠰᠦ ᠬᠤᠪᠢᠷᠠᠭᠤᠯᠬᠤ᠂ ᠤᠯᠠᠭᠠᠨ ᠳᠠᠭᠤᠤ ᠲᠦᠷᠭᠡᠨ ᠬᠠᠩᠭᠢᠨᠠᠬᠤ ᠵᠡᠷᠭᠡ ᠤᠷᠠᠨ ᠰᠠᠶᠢᠬᠠᠨ ᠤ ᠲᠣᠭᠯᠠᠯᠲᠠ ᠨᠢ ᠠᠮᠠᠷᠠᠯᠲᠠ ᠶᠢᠨ ᠡᠳᠦᠷ ᠤᠨ ᠠᠵᠤ ᠠᠬᠤᠢ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ︔ᠰᠢᠺᠸᠦ  ᠶᠢᠨ ᠶᠢᠨ ᠭᠤᠳᠤᠮᠵᠢ  ᠶᠢᠨ ᠬᠥᠰᠢᠭᠡ  ᠶᠢ ᠨᠡᠭᠡᠭᠡᠬᠦ᠂ ᠬᠠᠤᠯᠢ ᠴᠠᠭᠠᠵᠠ  ᠶᠢᠨ ᠠᠵᠢᠯᠯᠠᠭ᠎ᠠ ᠪᠠᠷ ᠳᠠᠮᠵᠢᠭᠤᠯᠤᠨ ᠠᠮᠠᠷᠠᠯᠲᠠ  ᠶᠢᠨ ᠬᠤᠭᠤᠴᠠᠭᠠᠨ ᠤ ᠬᠡᠷᠡᠭᠯᠡᠭᠡᠨ ᠤ ᠵᠠᠬ᠎ᠠ ᠳᠡᠯᠭᠡᠭᠦᠷ  ᠢ ᠬᠥᠭᠵᠢᠭᠦᠯᠵᠦ᠂ ᠠᠭᠤᠷ ᠠᠮᠢᠰᠬᠤᠯ  ᠢ ᠬᠥᠭᠵᠢᠭᠡᠨ᠂ ᠠᠵᠤ ᠠᠬᠤᠢ  ᠶᠢ ᠬᠥᠭᠵᠢᠭᠡᠨ ᠬᠥᠭᠵᠢᠭᠦᠯᠬᠦ ᠳᠤ ᠰᠢᠨ᠎ᠡ ᠠᠮᠢᠵᠢᠷᠠᠯ ᠤᠨ ᠬᠦᠴᠦᠨ  ᠢ ᠨᠡᠮᠡᠷᠢᠯᠡᠪᠡ᠃︽ᠬᠤᠣᠰ ᠪᠠᠶᠠᠷ︾ ᠤᠨ ᠬᠤᠭᠤᠴᠠᠭᠠᠨ ᠳᠤ᠂ ᠪᠥᠬᠦ ᠣᠷᠣᠨ ᠤ ᠠᠷᠠᠯᠵᠢᠶ᠎ᠠ ᠬᠤᠳᠠᠯᠳᠤᠭᠠᠨ ᠤ ᠵᠠᠬ᠎ᠠ ᠳᠡᠯᠭᠡᠭᠦᠷ ᠨᠡᠶᠢᠲᠡ 70 ᠲᠦᠮᠡ ᠭᠠᠷᠤᠢ ᠬᠡᠷᠡᠭᠯᠡᠭᠴᠢᠳ ᠢ ᠭᠥᠯᠢᠶᠡᠨ ᠠᠪᠴᠤ᠂ 3400 ᠭᠠᠷᠤᠢ ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠵᠤ᠂ ᠮᠠᠨ ᠤ ᠣᠷᠣᠨ ᠤ ᠬᠡᠷᠡᠭᠯᠡᠭᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠬᠥᠭᠵᠢᠭᠡᠪᠡ᠃
ᠤᠯᠠᠨ ᠳᠠᠪᠬᠤᠷ ᠪᠠᠲᠤᠯᠠᠭ᠎ᠠ ᠶᠢ ᠢᠮᠠᠭᠲᠠ ᠴᠢᠩᠭ᠎ᠠ ᠠᠳᠬᠤᠨ᠎ᠠᠠᠮᠤᠷ ᠲᠦᠪᠰᠢᠨ ᠤ ᠨᠠᠭᠠᠲᠤ ᠵᠠᠬ᠎ᠠ ᠶᠢᠨ ᠬᠤᠷᠢᠭ᠎ᠠ      ᠳ᠋ᠦᠩ ᠾᠧ ᠲᠣᠭᠤᠷᠢᠭ ᠤᠨ ᠬᠢᠨ ᠠᠮᠤᠷ ᠲᠦᠪᠰᠢᠨ ᠲᠣᠭᠲᠠᠭᠤᠨ ᠪᠠᠶᠢᠬᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠵᠠᠬ᠎ᠠ ᠳᠡᠯᠭᠡᠭᠦᠷ᠂ ᠬᠤᠳᠠᠯᠳᠤᠭᠠᠨ ᠤ ᠶᠠᠪᠤᠳᠠᠯ᠂ ᠰᠣᠶᠣᠯ ᠵᠤᠭᠠᠴᠠᠯ ᠵᠡᠷᠭᠡ ᠡᠯ᠎ᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠬᠢᠨ ᠪᠠᠶᠠᠷ ᠤᠨ ᠡᠳᠦᠷ ᠤᠨ ᠬᠤᠭᠤᠴᠠᠭᠠᠨ ᠳᠤ ᠬᠠᠷᠢᠶ᠎ᠠ ᠣᠷᠣᠨ ᠤ ᠪᠠᠨ ᠭᠤᠣᠯᠳᠠᠯᠭ᠎ᠠ ᠲᠠᠢ ᠨᠢᠭᠡᠴᠡ ᠪᠣᠯᠣᠨ ᠭᠤᠣᠯᠳᠠᠯᠭ᠎ᠠ ᠲᠠᠢ ᠲᠠᠯᠠᠪᠤᠷ ᠲᠤ ᠢᠳᠡᠭᠡᠨ᠂ ᠡᠮ ᠤᠨ ᠵᠦᠢᠯ᠂ ᠭᠠᠯ ᠰᠡᠷᠭᠡᠶᠢᠯᠡᠬᠦ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ᠂ ᠰᠢᠲᠠᠮᠠᠬᠠᠢ ᠬᠡᠢ ᠶᠢᠨ ᠵᠤᠤᠬ᠎ᠠ ᠵᠡᠷᠭᠡ ᠶᠢᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠳᠡ 300 ᠬᠥᠮᠥᠨ ᠤᠳᠠᠭ᠎ᠠ ᠬᠥᠳᠡᠯᠭᠡᠵᠦ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠦᠬᠦᠨ ᠢ ᠪᠦᠷᠬᠦᠭᠦᠯᠬᠦ ᠶᠢ ᠪᠠᠲᠤᠯᠠᠵᠠᠢ᠃ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠵᠢᠵᠢᠭᠦᠷᠯᠡᠨ ᠰᠠᠬᠢᠬᠤ ᠶᠢ ᠵᠡᠷᠭᠡ ᠪᠠᠷ ᠨᠠᠶᠢᠳᠠᠪᠤᠷᠢᠵᠢᠭᠤᠯᠵᠤ ᠂ ︽ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ︾ ᠭᠤᠣᠯ ᠰᠡᠳᠦᠪᠲᠦ ᠤᠬᠠᠭᠤᠯᠭ᠎ᠠ ᠶᠢ ᠴᠢᠩᠭᠠᠳᠬᠠᠨ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨᠬᠦ ᠠᠷᠢᠯᠭᠠᠵᠤ᠂ ᠠᠶᠤᠯ ᠦᠭᠡᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠤᠨ᠂ ︽ᠠᠮᠤᠷ ᠲᠦᠪᠰᠢᠨ ᠤ ᠲᠣᠣᠷ︾ ᠢ ᠰᠠᠶᠢᠲᠤᠷ ᠲᠠᠲᠠᠵᠤ ᠂ ᠥᠷᠭᠡᠨ ᠣᠯᠠᠨ ᠬᠤᠲᠠ ᠶᠢᠨ ᠠᠷᠠᠳ ᠤᠨ ᠠᠮᠤᠷ ᠲᠠᠶᠢᠪᠤᠩ᠂ ᠲᠠᠭᠠᠯᠠᠮᠵᠢᠲᠠᠢ᠂ ᠲᠠᠭᠠᠯᠠᠮᠵᠢᠲᠠᠢ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1