ᠳ᠋ᠦᠩ ᠾᠧ ᠲᠣᠭᠤᠷᠢᠭ ᠤᠨ 2023 ᠣᠨ ᠤ ᠲᠠᠷᠢᠶᠠᠨ ᠭᠠᠵᠠᠷ ᠤᠨ ︽ᠣᠷᠣᠭᠤᠯᠵᠤ ᠭᠠᠷᠭᠠᠬᠤ ᠶᠢ ᠲᠡᠩᠴᠡᠭᠦᠷᠢᠲᠡᠢ ᠪᠠᠶᠢᠯᠭᠠᠬᠤ︾ ᠶᠡᠷᠦᠩᠬᠡᠢ ᠲᠥᠰᠥᠯ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/10/16
     ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ︽ᠲᠠᠷᠢᠶᠠᠨ ᠭᠠᠵᠠᠷ ᠤᠨ ᠬᠡᠷᠡᠭᠯᠡᠯᠲᠡ ᠶᠢᠨ ᠬᠠᠮᠢᠶᠠᠷᠤᠯᠲᠠ  ᠶᠢ ᠴᠢᠩᠳᠠᠯᠠᠬᠤ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠲᠠᠷᠬᠠᠭᠠᠬᠤ 〔2021〕 166 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ  ᠶᠢ ᠲᠤᠤᠱᠯᠠᠭᠤᠯᠬᠤ ᠶᠢᠨ ᠲᠥᠯᠥᠭᠡ᠂ ᠲᠠᠷᠢᠶᠠᠨ ᠭᠠᠵᠠᠷ ᠤᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠲᠤᠬᠠᠢ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠣᠭᠲᠠᠭᠠᠯ ᠢ ᠰᠠᠶᠢᠲᠤᠷ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠲᠠᠷᠢᠶᠠᠨ ᠭᠠᠵᠠᠷ ᠢ ᠣᠶᠢᠲᠤ ᠭᠠᠵᠠᠷ᠂ ᠡᠪᠡᠰᠦᠲᠦ ᠭᠠᠵᠠᠷ᠂ ᠴᠡᠴᠡᠷᠯᠢᠭ ᠤᠨ ᠭᠠᠵᠠᠷ ᠵᠡᠷᠭᠡ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠬᠤ ᠵᠢᠴᠢ ᠲᠠᠷᠢᠶᠠᠯᠠᠩ ᠤᠨ ᠪᠡᠯᠡᠳᠬᠡᠮᠵᠢ ᠳᠤ ᠬᠡᠷᠡᠭᠯᠡᠬᠦ ᠭᠠᠵᠠᠷ ᠪᠣᠯᠭᠠᠬᠤ ᠠᠵᠢᠯ ᠢ ᠵᠢᠷᠤᠮᠵᠢᠭᠤᠯᠬᠤ ᠶᠢᠨ ᠬᠠᠮᠲᠤ᠂ ᠠᠳᠠᠯᠢ ᠲᠣᠭᠠᠨ ᠤ᠂ ᠶᠠᠰᠤ ᠴᠢᠨᠠᠷ ᠲᠠᠢ ᠣᠷᠳᠣ ᠬᠤᠭᠤᠴᠠᠭ᠎ᠠ ᠪᠠᠷ ᠲᠣᠭᠲᠠᠪᠤᠷᠢᠲᠠᠢ ᠠᠰᠢᠭᠯᠠᠵᠤ ᠪᠣᠯᠬᠤ ᠲᠠᠷᠢᠶᠠᠨ ᠭᠠᠵᠠᠷ ᠢ ᠭᠦᠢᠴᠡᠳ ᠨᠥᠬᠦᠪᠦᠷᠢᠯᠡᠵᠦ᠂ ᠲᠣᠰ ᠲᠥᠰᠥᠯ ᠢ ᠣᠨᠴᠣᠭᠤᠶᠢᠯᠠᠨ ᠲᠣᠭᠲᠠᠭᠠᠪᠠ᠃ᠨᠢᠭᠡ᠂ ᠲᠥᠰᠥᠯ ᠢ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠡᠭᠦᠷᠭᠡ᠂ ᠵᠠᠷᠴᠢᠮ      ︵ᠨᠢᠭᠡ︶ ᠲᠥᠰᠥᠯ ᠨᠠᠶᠢᠷᠠᠭᠤᠯᠤᠨ ᠵᠣᠬᠢᠶᠠᠬᠤ ᠵᠣᠷᠢᠯᠭ᠎ᠠ      ᠲᠠᠷᠢᠶᠠᠨ ᠭᠠᠵᠠᠷ ᠤᠨ ᠬᠡᠷᠡᠭᠯᠡᠭᠡᠨ ᠤ ᠬᠠᠮᠢᠶᠠᠷᠤᠯᠲᠠ  ᠶᠢ ᠴᠢᠩᠳᠠᠯᠠᠵᠤ ᠣᠳᠣ ᠶᠢᠨ ᠪᠠᠶᠢᠭ᠎ᠠ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠳᠤ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ ︽ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ︾ ᠳᠦᠷᠢᠮ ᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠲᠠᠷᠢᠶᠠᠯᠠᠩ ᠤᠨ ᠪᠦᠲᠦᠴᠡ ᠶᠢᠨ ᠲᠣᠬᠢᠷᠠᠭᠤᠯᠤᠯᠲᠠ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠪᠠ ᠲᠠᠷᠢᠶᠠᠯᠠᠩ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠳᠤ ᠲᠠᠷᠢᠶᠠᠨ ᠭᠠᠵᠠᠷ ᠢ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠳᠤ ᠣᠨ ᠤ ︽ᠣᠷᠣᠭᠤᠯᠵᠤ ᠭᠠᠷᠭᠠᠬᠤ ᠶᠢ ᠲᠡᠩᠴᠡᠭᠦᠷᠢᠲᠡᠢ ᠪᠠᠶᠢᠯᠭᠠᠬᠤ︾ ᠳᠦᠷᠢᠮ ᠢ ᠨᠠᠶᠢᠳᠠᠪᠤᠷᠢᠵᠢᠭᠤᠯᠵᠤ᠂ ᠣᠶᠢᠲᠤ ᠭᠠᠵᠠᠷ᠂ ᠡᠪᠡᠰᠦᠲᠦ ᠭᠠᠵᠠᠷ᠂ ᠴᠡᠴᠡᠷᠯᠢᠭ ᠵᠡᠷᠭᠡ ᠲᠠᠷᠢᠶᠠᠯᠠᠩ ᠳᠤ ᠬᠡᠷᠡᠭᠯᠡᠬᠦ ᠪᠤᠰᠤᠳ ᠭᠠᠵᠠᠷ ᠵᠢᠴᠢ ᠲᠠᠷᠢᠶᠠᠯᠠᠩ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠴᠡᠭᠴᠡᠯᠡᠨ ᠵᠠᠰᠠᠬᠤ ᠶᠢ ᠲᠠᠷᠢᠶᠠᠨ ᠭᠠᠵᠠᠷ ᠪᠣᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠳᠠᠯᠢ ᠲᠣᠭᠠᠨ ᠤ᠂ ᠶᠠᠰᠤ ᠴᠢᠨᠠᠷ ᠲᠠᠢ ᠤᠷᠳᠤ ᠬᠤᠭᠤᠴᠠᠭ᠎ᠠ ᠪᠠᠷ ᠲᠣᠭᠲᠠᠪᠤᠷᠢᠲᠠᠢ ᠠᠰᠢᠭᠯᠠᠵᠤ ᠪᠣᠯᠬᠤ ᠠᠳᠠᠯᠢ ᠬᠡᠮᠵᠢᠶᠡᠨ ᠤ ᠲᠠᠷᠢᠶᠠᠨ ᠭᠠᠵᠠᠷ ᠢ ᠭᠦᠢᠴᠡᠳ ᠨᠥᠬᠦᠪᠦᠷᠢᠯᠡᠨ᠎ᠡ᠃      ︵ᠬᠤᠶᠠᠷ︶ ᠲᠥᠰᠥᠯ ᠨᠠᠶᠢᠷᠠᠭᠤᠯᠤᠨ ᠵᠣᠬᠢᠶᠠᠬᠤ ᠡᠭᠦᠷᠭᠡ      ᠳ᠋ᠦᠩ ᠾᠧ ᠲᠣᠭᠤᠷᠢᠭ ᠤᠨ 2023 ᠣᠨ ᠤ ᠬᠤᠪᠢᠷᠠᠯᠲᠠ ᠶᠢᠨ ᠪᠠᠶᠢᠴᠠᠭᠠᠯᠲᠠ ᠶᠢᠨ ᠲᠠᠷᠢᠶᠠᠨ ᠭᠠᠵᠠᠷ ᠤᠨ ︽ᠣᠷᠣᠭᠤᠯᠵᠤ ᠭᠠᠷᠭᠠᠬᠤ ᠶᠢ ᠲᠡᠩᠴᠡᠭᠦᠷᠢᠲᠡᠢ ᠪᠠᠶᠢᠯᠭᠠᠬᠤ︾ ᠠᠵᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠲᠠᠷᠢᠶᠠᠨ ᠭᠠᠵᠠᠷ ᠢ ᠣᠶᠢᠲᠤ ᠭᠠᠵᠠᠷ᠂ ᠡᠪᠡᠰᠦᠲᠦ ᠭᠠᠵᠠᠷ᠂ ᠴᠡᠴᠡᠷᠯᠢᠭ ᠵᠡᠷᠭᠡ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠵᠢᠴᠢ ᠲᠠᠷᠢᠶᠠᠯᠠᠩ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ᠂ ᠪᠠᠶᠢᠷᠢᠯᠠᠭᠤᠯᠤᠯᠲᠠ᠂ ᠴᠠᠭ ᠤᠨ ᠳᠠᠷᠠᠭᠠᠯᠠᠯ ᠪᠠ ᠣᠨ ᠤ ᠳᠣᠲᠣᠷ᠎ᠠ ︽ᠣᠷᠣᠭᠤᠯᠵᠤ ᠭᠠᠷᠭᠠᠬᠤ ᠶᠢ ᠲᠡᠩᠴᠡᠭᠦᠷᠢᠲᠡᠢ ᠪᠠᠶᠢᠯᠭᠠᠬᠤ︾ ᠶᠢ ᠨᠠᠶᠢᠳᠠᠪᠤᠷᠢᠵᠢᠭᠤᠯᠬᠤ ᠲᠣᠬᠢᠷᠠᠭᠤᠯᠤᠯᠲᠠ ᠶᠢ ᠲᠣᠳᠣᠷᠬᠠᠶᠢᠯᠠᠵᠤ᠂ ᠳ᠋ᠦᠩ ᠾᠧ ᠲᠣᠭᠤᠷᠢᠭ ᠤᠨ 2023 ᠣᠨ ᠤ ᠬᠤᠪᠢᠷᠠᠯᠲᠠ ᠶᠢᠨ ᠪᠠᠶᠢᠴᠠᠭᠠᠯᠲᠠ ᠶᠢᠨ ᠲᠠᠷᠢᠶᠠᠨ ᠭᠠᠵᠠᠷ ᠤᠨ ︽ᠣᠷᠣᠭᠤᠯᠵᠤ ᠭᠠᠷᠭᠠᠬᠤ ᠶᠢ ᠲᠡᠩᠴᠡᠭᠦᠷᠢᠲᠡᠢ ᠪᠠᠶᠢᠯᠭᠠᠬᠤ︾ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃      ︵ᠭᠤᠷᠪᠠ︶ ᠲᠥᠰᠥᠯ ᠨᠠᠶᠢᠷᠠᠭᠤᠯᠤᠨ ᠵᠣᠬᠢᠶᠠᠬᠤ ᠵᠠᠷᠴᠢᠮ      ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠬᠤ ᠪᠠᠷ ᠶᠡᠷᠦᠩᠬᠡᠶᠢᠯᠡᠨ ᠵᠠᠬᠢᠷᠤᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ᠂ ᠲᠠᠷᠢᠶᠠᠴᠢᠳ ᠤᠨ ᠭᠠᠵᠠᠷ ᠰᠢᠷᠣᠢ ᠶᠢᠨ ᠡᠷᠬᠡ ᠠᠰᠢᠭ ᠢ ᠪᠠᠲᠤᠯᠠᠬᠤ ᠪᠠᠷ ᠡᠬᠢᠯᠡᠯᠲᠡ ᠪᠣᠯᠭᠠᠵᠤ᠂ ᠬᠥᠳᠡᠭᠡ ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠪᠠᠭᠠᠰᠬᠠᠬᠤ ᠦᠭᠡᠢ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠎ᠠ᠃︽ᠲᠥᠯᠦᠪᠵᠢᠭᠦᠯᠭᠡ ᠪᠠᠷ ᠬᠥᠲᠥᠯᠥᠨ ᠵᠢᠯᠤᠭᠤᠳᠬᠤ᠂ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ︾᠂ ︽ᠵᠠᠰᠠᠭ ᠤᠨ ᠣᠷᠳᠣᠨ ᠠᠴᠠ ᠭᠤᠣᠯᠯᠠᠨ ᠤᠳᠤᠷᠢᠳᠬᠤ᠂ ᠲᠠᠷᠢᠶᠠᠴᠢᠳ ᠰᠠᠶᠢᠨ ᠳᠤᠷ᠎ᠠ ᠠᠴᠠ ᠪᠠᠨ ᠠᠵᠢᠯᠯᠠᠬᠤ︾᠂ ︽ᠲᠠᠷᠢᠶᠠᠨ ᠭᠠᠵᠠᠷ ᠢ ᠬᠠᠮᠠᠭᠠᠯᠠᠵᠤ᠂ ᠭᠠᠵᠠᠷ ᠰᠢᠷᠣᠢ ᠶᠢ ᠵᠦᠢ ᠵᠣᠬᠢᠰᠲᠠᠢ ᠬᠡᠷᠡᠭᠯᠡᠬᠦ︾ ᠵᠠᠷᠴᠢᠮ ᠢ ᠪᠣᠳᠠᠲᠠᠢ ᠪᠠᠷ ᠵᠢᠷᠤᠮᠯᠠᠨ᠎ᠠ᠃ᠬᠤᠶᠠᠷ᠂ 2023 ᠣᠨ ᠤ ᠬᠤᠪᠢᠷᠠᠭᠤᠯᠤᠯᠲᠠ ᠶᠢᠨ ᠪᠠᠶᠢᠴᠠᠭᠠᠯᠲᠠ ᠳᠤ ᠲᠠᠷᠢᠶᠠᠨ ᠭᠠᠵᠠᠷ ᠢ ︽ᠰᠢᠯᠵᠢᠭᠦᠯᠦᠨ ᠭᠠᠷᠭᠠᠬᠤ︾ ᠶᠡᠷᠦᠩᠬᠡᠢ ᠪᠠᠶᠢᠳᠠᠯ      ᠤᠯᠤᠰ ᠠᠴᠠ ᠲᠣᠬᠢᠷᠠᠭᠤᠯᠤᠭᠰᠠᠨ ᠠᠮᠢ ᠠᠬᠤᠢ ᠶᠢᠨ ᠲᠠᠷᠢᠶᠠᠯᠠᠬᠤ ᠶᠢ ᠵᠣᠭᠰᠤᠭᠠᠬᠤ᠂ ᠪᠠᠶᠢᠭᠠᠯᠢ ᠶᠢᠨ ᠭᠠᠢ ᠭᠠᠮᠰᠢᠭ ᠤᠨ ᠡᠪᠳᠡᠭᠳᠡᠯ ᠠᠴᠠ ᠪᠣᠯᠵᠤ ᠲᠠᠷᠢᠶᠠᠯᠠᠬᠤ ᠳᠤ ᠪᠡᠷᠬᠡᠲᠡᠢ ᠪᠣᠯᠤᠭᠰᠠᠨ᠂ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠭᠠᠳᠠᠷᠭᠤ ᠠᠶᠠᠨᠳᠠᠭᠠᠨ ᠥᠷᠭᠡᠳᠦᠭᠡᠳ ᠲᠠᠷᠢᠶᠠᠨ ᠭᠠᠵᠠᠷ ᠢ ᠥᠨᠢᠳᠡ ᠵᠢᠪᠪᠦᠭᠦᠯᠬᠦ ᠠᠴᠠ ᠭᠠᠳᠠᠨ᠎ᠠ᠂ ᠲᠠᠷᠢᠶᠠᠨ ᠭᠠᠵᠠᠷ ᠢ ᠣᠶᠢᠲᠤ ᠭᠠᠵᠠᠷ᠂ ᠡᠪᠡᠰᠦᠲᠦ ᠭᠠᠵᠠᠷ᠂ ᠴᠡᠴᠡᠷᠯᠢᠭ ᠵᠡᠷᠭᠡ ᠲᠠᠷᠢᠶᠠᠯᠠᠩ ᠳᠤ ᠬᠡᠷᠡᠭᠯᠡᠬᠦ ᠪᠤᠰᠤᠳ ᠭᠠᠵᠠᠷ ᠵᠢᠴᠢ ᠲᠠᠷᠢᠶᠠᠯᠠᠩ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠳᠤ ᠴᠥᠮ ᠲᠠᠷᠢᠶᠠᠨ ᠭᠠᠵᠠᠷ ᠤᠨ ︽ᠣᠷᠣᠵᠤ ᠭᠠᠷᠬᠤ ᠶᠢ ᠲᠡᠩᠴᠡᠭᠦᠷᠢᠲᠡᠢ ᠪᠠᠶᠢᠯᠭᠠᠬᠤ︾ ᠶᠢ ᠨᠠᠶᠢᠳᠠᠪᠤᠷᠢᠵᠢᠭᠤᠯᠬᠤ ᠬᠡᠷᠡᠭᠲᠡᠢ᠃ᠮᠠᠨ ᠤ ᠣᠷᠣᠨ ᠤ ᠵᠠᠰᠠᠭ ᠤᠨ ᠣᠷᠳᠣᠨ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ᠂ ᠣᠶ ᠰᠢᠭᠤᠢ ᠡᠪᠡᠰᠦ ᠪᠡᠯᠴᠢᠭᠡᠷ᠂ ᠤᠰᠤᠨ ᠤ ᠶᠠᠪᠤᠳᠠᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠢ ᠵᠣᠬᠢᠶᠠᠨ ᠪᠠᠶᠢᠭᠤᠯᠵᠤ ᠪᠠᠶᠢᠭᠠᠳ ᠣᠨ ᠤ ᠲᠠᠷᠢᠶᠠᠨ ᠭᠠᠵᠠᠷ ᠢ ᠣᠶᠢᠲᠤ ᠭᠠᠵᠠᠷ᠂ ᠡᠪᠡᠰᠦᠲᠦ ᠭᠠᠵᠠᠷ᠂ ᠴᠡᠴᠡᠷᠯᠢᠭ ᠤᠨ ᠭᠠᠵᠠᠷ ᠵᠡᠷᠭᠡ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠵᠢᠴᠢ ᠲᠠᠷᠢᠶᠠᠯᠠᠩ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠬᠡᠪᠴᠢᠶ᠎ᠡ᠂ ᠪᠠᠶᠢᠷᠢᠰᠢᠭᠤᠯᠤᠯᠲᠠ ᠵᠡᠷᠭᠡ ᠶᠢ ᠬᠢᠨᠠᠨ ᠬᠠᠷᠭᠤᠭᠤᠯᠵᠤ᠂ ᠳ᠋ᠦᠩ ᠾᠧ ᠲᠣᠭᠤᠷᠢᠭ ᠤᠨ 2023 ᠣᠨ ᠤ ᠬᠤᠪᠢᠷᠠᠯᠲᠠ ᠶᠢᠨ ᠪᠠᠶᠢᠴᠠᠭᠠᠯᠲᠠ ᠶᠢᠨ ᠲᠠᠷᠢᠶᠠᠨ ᠭᠠᠵᠠᠷ ᠤᠨ ︽ᠣᠷᠣᠭᠤᠯᠵᠤ ᠭᠠᠷᠭᠠᠬᠤ ᠶᠢ ᠲᠡᠩᠴᠡᠭᠦᠷᠢᠲᠡᠢ ᠪᠠᠶᠢᠯᠭᠠᠬᠤ︾ ᠶᠡᠷᠦᠩᠬᠡᠢ ᠲᠥᠰᠥᠯ ᠳᠤ ᠣᠷᠣᠭᠤᠯᠤᠨ᠎ᠠ᠃2023 ᠣᠨ ᠤ ᠬᠤᠪᠢᠷᠠᠯᠲᠠ ᠶᠢᠨ ᠪᠠᠶᠢᠴᠠᠭᠠᠯᠲᠠ ᠳᠤ 20.2110 ᠾᠧᠺᠲ᠋ᠠᠷ ᠲᠠᠷᠢᠶᠠᠨ ᠭᠠᠵᠠᠷ ᠢ ︽ᠰᠢᠯᠵᠢᠭᠦᠯᠦᠨ ᠭᠠᠷᠭᠠᠬᠤ︾ ᠪᠠᠷ ᠲᠥᠯᠥᠪᠯᠡᠵᠦ ᠪᠣᠶ᠂ ᠡᠨᠡ ᠨᠢ ᠭᠤᠣᠯᠳᠠᠭᠤ ᠰᠢᠷᠴᠢᠨ ᠪᠠᠯᠭᠠᠰᠤ᠂ ᠾᠧ ᠳ᠋ᠦᠩ ᠪᠠᠯᠭᠠᠰᠤ᠂ ᠳ᠋ᠦᠩ ᠰᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠪᠣᠶ᠃ᠭᠤᠷᠪᠠ᠂ 2023 ᠣᠨ ᠤ ᠬᠤᠪᠢᠷᠠᠭᠤᠯᠤᠯᠲᠠ ᠶᠢᠨ ᠪᠠᠶᠢᠴᠠᠭᠠᠯᠲᠠ ᠳᠤ ᠲᠠᠷᠢᠶᠠᠨ ᠭᠠᠵᠠᠷ ᠢ ︽ᠲᠣᠬᠢᠷᠠᠭᠤᠯᠤᠨ ᠣᠷᠣᠭᠤᠯᠬᠤ︾ ᠶᠡᠷᠦᠩᠬᠡᠢ ᠪᠠᠶᠢᠳᠠᠯ ᠢ ᠪᠠᠶᠢᠴᠠᠭᠠᠬᠤ ᠪᠠᠷ ᠪᠣᠶ      ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠠᠷ ᠦᠨᠳᠦᠰᠦᠯᠡᠯ ᠪᠣᠯᠭᠠᠵᠤ᠂ ᠮᠠᠨ ᠤ ᠣᠷᠣᠨ ᠤ ᠵᠠᠰᠠᠭ ᠤᠨ ᠣᠷᠳᠣᠨ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ᠂ ᠣᠶ ᠰᠢᠭᠤᠢ ᠡᠪᠡᠰᠦ ᠪᠡᠯᠴᠢᠭᠡᠷ᠂ ᠤᠰᠤᠨ ᠤ ᠶᠠᠪᠤᠳᠠᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠢ ᠵᠣᠬᠢᠶᠠᠨ ᠪᠠᠶᠢᠭᠤᠯᠤᠨ ᠰᠢᠭᠰᠢᠨ ᠰᠣᠩᠭᠤᠬᠤ ᠪᠠ ᠮᠠᠭᠠᠳᠯᠠᠨ ᠲᠣᠭᠲᠠᠭᠠᠵᠤ᠂ ᠲᠣᠰᠬᠤᠨ ᠤ ᠠᠷᠠᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠭᠰᠡᠨ ᠰᠠᠭᠤᠷᠢᠨ ᠳᠡᠭᠡᠷ᠎ᠡ᠂ ᠣᠨ ᠤ ᠲᠠᠷᠢᠶᠠᠨ ᠭᠠᠵᠠᠷ ᠢ ︽ᠲᠣᠬᠢᠷᠠᠭᠤᠯᠤᠨ ᠣᠷᠣᠭᠤᠯᠬᠤ︾ ᠬᠡᠪᠴᠢᠶ᠎ᠡ᠂ ᠪᠠᠶᠢᠷᠢᠰᠢᠭᠤᠯᠤᠯ ᠵᠡᠷᠭᠡ ᠶᠢ ᠲᠣᠭᠲᠠᠭᠠᠨ᠎ᠠ᠃ᠮᠠᠨ ᠤ ᠣᠷᠣᠨ ᠤ 2023 ᠣᠨ ᠤ ᠪᠠᠶᠢᠴᠠᠭᠠᠯᠲᠠ ᠶᠢᠨ ᠲᠥᠯᠥᠪᠯᠡᠭᠡ ᠪᠠᠨ ᠬᠤᠪᠢᠷᠠᠭᠤᠯᠵᠤ 21.9522 ᠾᠧᠺᠲ᠋ᠠᠷ ᠲᠠᠷᠢᠶᠠᠨ ᠭᠠᠵᠠᠷ ᠲᠤ ︽ᠰᠢᠯᠵᠢᠭᠦᠯᠦᠨ ᠣᠷᠣᠭᠤᠯᠵᠤ︾᠂ ᠭᠤᠣᠯᠳᠠᠭᠤ ᠰᠢᠷᠴᠢᠨ ᠪᠠᠯᠭᠠᠰᠤᠨ ᠳᠤ ᠪᠠᠶᠢᠷᠢᠯᠠᠨ᠎ᠠ᠃ᠳᠥᠷᠪᠡ᠂ ︽ᠰᠢᠯᠵᠢᠭᠦᠯᠦᠨ ᠭᠠᠷᠭᠠᠬᠤ︾ ᠪᠠ ︽ᠰᠢᠯᠵᠢᠭᠦᠯᠦᠨ ᠣᠷᠣᠭᠤᠯᠬᠤ︾ ᠶᠢᠨ ᠲᠠᠷᠢᠶᠠᠨ ᠭᠠᠵᠠᠷ ᠤᠨ ᠲᠡᠩᠴᠡᠭᠦᠷᠢ ᠶᠢᠨ ᠪᠠᠶᠢᠳᠠᠯ      2022 ᠣᠨ ᠤ ᠬᠤᠪᠢᠷᠠᠯᠲᠠ ᠶᠢᠨ ᠪᠠᠶᠢᠴᠠᠭᠠᠯᠲᠠ ᠳᠤ ᠨᠡᠶᠢᠲᠡ 20.2110 ᠾᠧᠺᠲ᠋ᠠᠷ ᠢᠶᠠᠷ ︽ᠰᠢᠯᠵᠢᠭᠦᠯᠦᠨ ᠭᠠᠷᠭᠠᠬᠤ︾ ᠪᠠᠷ ᠲᠥᠯᠥᠪᠯᠡᠵᠦ᠂ 21.9522 ᠾᠧᠺᠲ᠋ᠠᠷ ᠢᠶᠠᠷ ︽ᠰᠢᠯᠵᠢᠭᠦᠯᠦᠨ ᠣᠷᠣᠭᠤᠯᠬᠤ︾ ᠪᠠᠷ ᠲᠥᠯᠥᠪᠯᠡᠵᠦ ᠪᠠᠶᠢᠨ᠎ᠠ᠃2023 ᠣᠨ ᠤ ᠬᠤᠪᠢᠷᠠᠯᠲᠠ ᠶᠢᠨ ᠪᠠᠶᠢᠴᠠᠭᠠᠯᠲᠠ ᠳᠤ ︽ᠰᠢᠯᠵᠢᠭᠦᠯᠦᠨ ᠣᠷᠣᠭᠤᠯᠬᠤ︾ ᠲᠠᠷᠢᠶᠠᠨ ᠭᠠᠵᠠᠷ ᠤᠨ ᠲᠠᠯᠠᠪᠠᠶ ᠨᠢ ︽ᠰᠢᠯᠵᠢᠭᠦᠯᠦᠨ ᠭᠠᠷᠭᠠᠬᠤ︾ ᠲᠠᠷᠢᠶᠠᠨ ᠭᠠᠵᠠᠷ ᠤᠨ ᠲᠠᠯᠠᠪᠠᠶ  ᠠᠴᠠ ᠶᠡᠭᠡ ᠪᠠᠶᠢᠵᠤ᠂ ᠲᠣᠰ ᠬᠤᠰᠢᠭᠤ ᠰᠢᠶᠠᠨ ᠤ ᠣᠨ ᠤ ᠲᠠᠷᠢᠶᠠᠨ ᠭᠠᠵᠠᠷ ᠤᠨ ︽ᠣᠷᠣᠭᠤᠯᠵᠤ ᠭᠠᠷᠭᠠᠬᠤ ᠶᠢ ᠲᠡᠩᠴᠡᠭᠦᠷᠢᠲᠡᠢ ᠪᠠᠶᠢᠯᠭᠠᠬᠤ︾ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠦᠨ᠎ᠡ᠃ᠶᠡᠷᠦᠩᠬᠡᠢ ᠲᠥᠰᠥᠯ ᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠦᠨᠳᠦᠰᠦᠯᠡᠨ ᠬᠡᠷᠡᠭᠵᠢᠭᠦᠯᠦᠨ᠎ᠡ᠂ ᠲᠠᠷᠢᠶᠠᠨ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ ᠵᠡᠷᠭᠡ ᠶᠢᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠨᠥᠯᠥᠭᠡ ᠪᠣᠯᠬᠤ ᠦᠭᠡᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1