ᠪᠢᠴᠢᠭ ᠤᠨ ᠳ᠋ᠤᠭᠠᠷ ᠪᠦᠦ ᠳ᠋ᠦᠩ ᠵᠠᠰᠠᠭ ᠠᠯᠪᠠᠨ ᠲᠠᠷᠬᠠᠭᠠᠭᠰᠠᠨ 2023 ︵50︶ ᠳ᠋ᠤᠭᠠᠷ ᠲᠣᠭᠠᠲᠤ | ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠡᠷᠦᠩᠬᠡᠢ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠥᠬᠡᠬᠤᠲᠠ ᠪᠤᠭᠤᠲᠤ ᠣᠷᠳᠣᠰ ᠣᠷᠣᠨ ᠤ ︽ᠢᠳᠡᠰᠢᠨ | ᠨᠣᠭᠤᠭ᠎ᠠ︾ ᠶᠢᠨ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠵᠤ᠂ ᠮᠠᠨ ᠤ ᠣᠷᠣᠨ ᠤ | ᠪᠡᠯᠡᠳᠬᠡᠮᠵᠢᠲᠦ ᠲᠠᠷᠢᠶᠠᠯᠠᠩ ᠤᠨ ᠬᠡᠪᠴᠢᠶᠡᠵᠢᠯᠲᠡ᠂ ᠪᠠᠷᠢᠮᠵᠢᠶᠠᠵᠢᠯᠲᠠ᠂ ᠨᠠᠷᠠᠲᠤ ᠲᠥᠷᠥᠯ ᠲᠡᠮᠳᠡᠭᠵᠢᠯᠲᠡ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠂ ᠪᠡᠯᠡᠳᠬᠡᠮᠵᠢᠲᠦ ᠢᠳᠡᠰᠢᠨ ᠨᠣᠭᠤᠭ᠎ᠠ ᠶᠢᠨ ᠭᠠᠷᠤᠯᠲᠠ ᠶᠢ ᠨᠡᠮᠡᠭᠳᠡᠭᠦᠯᠬᠦ᠂ | ᠪᠦᠲᠦᠴᠡ ᠶᠢ ᠰᠢᠯᠢᠳᠡᠭᠵᠢᠭᠦᠯᠬᠦ᠂ ᠶᠠᠰᠤ ᠴᠢᠨᠠᠷ ᠢ ᠪᠠᠲᠤᠯᠠᠬᠤ ᠶᠢ ᠦᠨᠡᠨᠬᠦ ᠠᠬᠢᠭᠤᠯᠬᠤ ᠶᠢᠨ ᠲᠤᠰᠠᠳᠠ᠂ ᠮᠠᠨ ᠤ | ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠣᠨᠴᠣᠭᠤᠶᠢᠯᠠᠨ ᠲᠣᠰ ᠲᠥᠰᠥᠯ ᠢ ᠲᠣᠭᠲᠠᠭᠠᠪᠠ᠃ | ᠨᠢᠭᠡ᠂ ᠦᠨᠳᠦᠰᠦᠨ ᠪᠠᠶᠢᠳᠠᠯ | ᠳ᠋ᠦᠩ ᠾᠧ ᠲᠣᠭᠤᠷᠢᠭ ᠤᠨ ᠲᠠᠷᠢᠶᠠᠯᠠᠬᠤ ᠣᠷᠣᠨ ᠤ ᠲᠠᠯᠠᠪᠠᠶ 380 ᠲᠡᠭᠰᠢ ᠳᠥᠷᠪᠡᠯᠵᠢᠨ ᠺᠢᠯᠣᠮᠧᠲᠷ | ᠪᠠᠶᠢᠵᠤ᠂ ᠳᠣᠣᠷ᠎ᠠ ᠨᠢ 2 ᠲᠠᠷᠢᠶᠠᠯᠠᠩ ᠤᠨ ᠪᠠᠯᠭᠠᠰᠤ᠂ 49 ᠲᠣᠰᠬᠤᠨ ᠢ ᠬᠠᠷᠢᠶᠠᠯᠠᠵᠤ᠂ 8.4 ᠲᠦᠮᠡᠨ | ᠲᠠᠷᠢᠶᠠᠯᠠᠩ ᠤᠨ ᠬᠥᠮᠥᠨ ᠠᠮᠠ᠂ 13.5 ᠲᠦᠮᠡᠨ ᠮᠦ ᠲᠠᠷᠢᠶᠠᠨ ᠭᠠᠵᠠᠷ ᠤᠨ ᠲᠠᠯᠠᠪᠠᠶ ᠲᠠᠢ᠃ᠪᠡᠯᠡᠳᠭᠡᠮᠵᠢᠳᠤ | ᠲᠠᠷᠢᠶᠠᠯᠠᠩ ᠤᠨ ᠬᠥᠭᠵᠢᠯᠲᠡ ᠥᠨᠢ ᠤᠳᠠᠭᠠᠨ ᠲᠡᠦᠬᠡ ᠲᠠᠢ᠂ ᠠᠵᠤ ᠦᠢᠯᠡᠰ ᠤᠨ ᠰᠠᠭᠤᠷᠢ ᠰᠠᠶᠢᠨ᠂ ᠣᠷᠣᠨ | ᠪᠠᠶᠢᠷᠢ ᠶᠢᠨ ᠵᠠᠮ ᠬᠠᠷᠢᠯᠴᠠᠭ᠎ᠠ ᠳᠥᠭᠦᠮ ᠳᠥᠲᠡ᠂ ᠲᠠᠷᠢᠶᠠᠴᠢᠳ ᠤᠨ ᠢᠳᠡᠰᠢᠨ ᠨᠣᠭᠤᠭ᠎ᠠ ᠲᠠᠷᠢᠬᠤ ᠮᠡᠷᠭᠡᠵᠢᠯ | ᠪᠣᠯᠪᠠᠰᠤᠷᠠᠩᠭᠤᠢ᠂ ᠭᠠᠷᠤᠯᠲᠠ ᠶᠢᠨ ᠣᠷᠣᠨ ᠤ ᠵᠠᠬ᠎ᠠ ᠳᠡᠯᠭᠡᠭᠦᠷ ᠪᠣᠯᠪᠠᠰᠤᠷᠠᠩᠭᠤᠢ ᠵᠡᠷᠭᠡ ᠳᠠᠪᠠᠭᠤᠯᠢᠭ ᠲᠠᠢ᠂ | ᠤᠯᠤᠰ ᠤᠨ ᠨᠡᠷᠡᠳᠦ ᠰᠢᠯᠢᠳᠡᠭ ᠣᠨᠴᠠ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠲᠠᠢ᠂︽ᠬᠤᠶᠠᠷ ᠪᠦᠲᠦᠭᠡᠭᠳᠡᠬᠦᠨ | ᠨᠢᠭᠡ ᠪᠠᠷᠢᠮᠵᠢᠶ᠎ᠠ︾ᠵᠡᠷᠭᠡ ᠪᠦᠲᠦᠭᠡᠭᠳᠡᠬᠦᠨ 42 ᠪᠠᠶᠢᠵᠤ᠂ ᠵᠢᠯ ᠤᠨ ᠢᠳᠡᠰᠢᠨ ᠨᠣᠭᠤᠭ᠎ᠠ ᠶᠢᠨ ᠴᠢᠬᠢ ᠪᠣᠶᠢᠵᠢᠭᠤᠯᠬᠤ | ᠴᠢᠳᠠᠪᠤᠷᠢ 2 ᠳ᠋ᠦᠩᠰᠢᠭᠤᠷ ᠰᠠᠭᠤᠷᠢ ᠠᠴᠠ ᠳᠡᠭᠡᠭᠰᠢ ᠪᠠᠶᠢᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠬᠠᠩᠭᠠᠯᠭ᠎ᠠ᠂ ᠲᠠᠷᠢᠶᠠᠯᠠᠩ ᠤᠨ ᠪᠦᠲᠦᠭᠡᠭᠳᠡᠬᠦᠨ ᠤ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠢᠵᠢ | ᠪᠦᠷᠢᠳᠦᠭᠰᠡᠨ ᠰᠢᠰᠲ᠋ᠥᠮ ᠲᠡᠭᠦᠯᠳᠡᠷᠵᠢᠭᠰᠡᠨ ᠪᠠᠶᠢᠨ᠎ᠠ᠃ᠣᠳᠣᠬᠠᠨ ᠳᠤ᠂ ᠮᠠᠨ ᠤ ᠣᠷᠣᠨ ᠤ ᠪᠡᠯᠡᠳᠭᠡᠮᠵᠢᠳᠤ | ᠲᠠᠷᠢᠶᠠᠯᠠᠩ ᠤᠨ ᠲᠠᠯᠠᠪᠠᠶ 3.5 ᠲᠦᠮᠡᠨ ᠮᠦ᠂ ᠳᠠᠬᠢᠨ ᠳᠠᠷᠢᠬᠤ ᠲᠠᠯᠠᠪᠠᠶ 6 ᠲᠦᠮᠡᠨ ᠮᠦ᠂ ᠢᠳᠡᠰᠢᠨ | ᠨᠣᠭᠤᠭ᠎ᠠ ᠶᠢᠨ ᠵᠢᠯ ᠤᠨ ᠭᠠᠷᠤᠯᠲᠠ 45 ᠲᠦᠮᠡᠨ ᠲᠣᠨ ᠪᠠᠶᠢᠵᠤ᠂ ᠬᠥᠬᠡᠬᠤᠲᠠ ᠪᠤᠭᠤᠲᠤ ᠣᠷᠳᠣᠰ ᠤᠨ | ᠬᠤᠲᠠ ᠶᠢᠨ ᠬᠦᠷᠢᠶᠡᠨ ᠤ ᠤᠯᠠᠮᠵᠢᠯᠠᠯᠲᠤ ᠢᠳᠡᠰᠢᠨ ᠨᠣᠭᠤᠭ᠎ᠠ ᠶᠢᠨ ᠭᠤᠣᠯ ᠬᠠᠩᠭᠠᠯᠭ᠎ᠠ ᠶᠢᠨ ᠣᠷᠣᠨ ᠪᠣᠯᠣᠨ᠎ᠠ᠃ | ᠬᠤᠶᠠᠷ᠂ ᠪᠦᠲᠦᠭᠡᠨ ᠪᠠᠶᠢᠭᠤᠯᠬᠤ ᠬᠠᠷᠠᠯᠲᠠ | ᠲᠥᠬᠦᠭᠡᠷᠦᠮᠵᠢ ᠶᠢᠨ ᠲᠠᠷᠢᠶᠠᠯᠠᠩ ᠤᠨ ᠣᠳᠣᠬᠢᠴᠢᠯᠠᠯᠲᠠ ᠶᠢᠨ ᠲᠣᠭᠤᠷᠢᠨ ᠳᠤ ᠳᠠᠬᠢᠨ ᠪᠠᠶᠢᠭᠤᠯᠬᠤ᠂ ᠰᠡᠯᠪᠢᠨ | ᠵᠠᠰᠠᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠨ 1.25 ᠲᠦᠮᠡᠨ ᠮᠦ ᠲᠥᠬᠦᠭᠡᠷᠦᠮᠵᠢ ᠶᠢᠨ ᠲᠠᠷᠢᠶᠠᠯᠠᠩ ᠢ | ᠲᠥᠪᠯᠡᠷᠡᠭᠦᠯᠦᠨ ᠵᠠᠯᠭᠠᠯᠳᠤᠭᠤᠯᠤᠨ ᠥᠭᠡᠷᠡᠴᠢᠯᠡᠵᠦ᠂ 3 ᠲᠠᠰ ᠳᠡᠪᠰᠢᠭᠦᠯᠦᠨ ᠥᠭᠡᠷᠡᠴᠢᠯᠡᠬᠦ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ ᠪᠠᠶᠢᠭᠤᠯᠵᠤ᠂ ᠲᠥᠷᠥᠯ ᠵᠦᠢᠯ ᠤᠨ ᠣᠷᠣᠨ ᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ | ᠮᠡᠷᠭᠡᠵᠢᠯ ᠢ ᠬᠡᠷᠡᠭᠯᠡᠬᠦ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠵᠦ᠂ ᠮᠠᠨ ᠤ ᠣᠷᠣᠨ ᠤ ᠪᠡᠯᠡᠳᠬᠡᠮᠵᠢᠲᠦ | ᠢᠳᠡᠰᠢᠨ ᠨᠣᠭᠤᠭᠠᠨ ᠤ ᠠᠵᠤ ᠦᠢᠯᠡᠰ ᠤᠨ ᠪᠠᠶᠢᠷᠢᠰᠢᠭᠤᠯᠤᠯᠲᠠ ᠶᠢ ᠨᠠᠩ ᠵᠦᠢ ᠵᠣᠬᠢᠰᠲᠠᠢ᠂ ᠪᠡᠯᠡᠳᠬᠡᠮᠵᠢ ᠶᠢᠨ | ᠪᠦᠲᠦᠴᠡ ᠶᠢ ᠨᠠᠩ ᠰᠢᠯᠢᠳᠡᠭᠵᠢᠭᠦᠯᠬᠦ᠂ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠨᠠᠩ ᠲᠡᠷᠢᠭᠦᠨ ᠤ᠂ ᠠᠵᠤ | ᠦᠢᠯᠡᠰ ᠤᠨ ᠰᠢᠰᠲ᠋ᠧᠮᠵᠢ ᠶᠢ ᠨᠠᠩ ᠲᠡᠭᠦᠯᠳᠡᠷᠵᠢᠭᠦᠯᠬᠦ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢ ᠨᠠᠩ | ᠬᠦᠴᠦᠲᠡᠢ ᠪᠣᠯᠭᠠᠬᠤ ᠶᠢ ᠠᠬᠢᠭᠤᠯᠵᠤ᠂ ᠲᠠᠷᠢᠮᠠᠯ ᠤᠨ ᠠᠰᠢᠭ ᠣᠷᠣᠯᠭ᠎ᠠ ᠶᠢ ᠳᠠᠬᠢᠨ ᠢᠶᠠᠷ ᠨᠡᠮᠡᠭᠳᠡᠭᠦᠯᠬᠦ ᠬᠠᠷᠠᠯᠲᠠ ᠶᠢ | ᠪᠡᠶᠡᠯᠡᠭᠦᠯᠦᠨ᠎ᠡ᠃ | ᠭᠤᠷᠪᠠ᠂ ᠦᠨᠳᠦᠰᠦᠨ ᠵᠠᠷᠴᠢᠮ | ︵ᠨᠢᠭᠡ︶ ᠡᠷᠬᠡ ᠲᠡᠭᠰᠢ᠂ ᠲᠥᠪ ᠭᠤᠥᠯᠴᠢ᠂ ᠢᠯᠡ ᠪᠠᠶᠢᠯᠭᠠᠬᠤ ᠵᠠᠷᠴᠢᠮ ᠢ ᠪᠠᠷᠢᠮᠲᠠᠯᠠᠵᠤ᠂ ᠬᠢᠨᠠᠨ | ᠬᠠᠷᠭᠤᠭᠤᠯᠵᠤ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠢᠯᠡ ᠲᠣᠳᠣ ᠪᠠᠶᠢᠯᠭᠠᠬᠤ ᠶᠢ ᠦᠨᠡᠨᠬᠦ ᠪᠠᠲᠤᠯᠠᠨ᠎ᠠ᠃ | ︵ᠬᠤᠶᠠᠷ︶ ᠡᠷᠲᠡ ᠠᠴᠠ ᠮᠡᠳᠡᠭᠦᠯᠬᠦ᠂ ᠡᠷᠲᠡ ᠠᠴᠠ ᠳᠠᠩᠰᠠᠯᠠᠭᠤᠯᠬᠤ᠂ ᠡᠷᠲᠡ ᠠᠴᠠ ᠪᠦᠲᠦᠭᠡᠨ ᠪᠠᠶᠢᠭᠤᠯᠬᠤ᠂ | ᠨᠥᠬᠦᠪᠦᠷᠢ ᠶᠢ ᠡᠩ ᠲᠡᠷᠢᠭᠦᠨ ᠳᠤ ᠬᠦᠷᠲᠡᠭᠡᠬᠦ ᠵᠠᠷᠴᠢᠮ ᠢ ᠪᠠᠷᠢᠮᠲᠠᠯᠠᠨ᠎ᠠ᠃ | ︵ᠭᠤᠷᠪᠠ︶ ᠤᠷᠢᠳᠠᠪᠠᠷ ᠬᠢᠨᠠᠨ ᠵᠥᠪᠰᠢᠶᠡᠷᠡᠵᠦ᠂ ᠲᠠᠷᠠᠭ᠎ᠠ ᠨᠢ ᠪᠦᠲᠦᠭᠡᠨ ᠪᠠᠶᠢᠭᠤᠯᠬᠤ ᠵᠠᠷᠴᠢᠮ ᠢ | ᠪᠠᠷᠢᠮᠲᠠᠯᠠᠨ᠎ᠠ᠃ᠬᠡᠰᠡᠭ ᠲᠣᠭᠤᠷᠢᠭ ᠨᠢᠭᠡᠪᠦᠷᠢ ᠶᠢᠨ ᠭᠠᠵᠠᠷ ᠰᠢᠷᠣᠢ ᠶᠢ ᠵᠠᠰᠠᠭ ᠤᠨ ᠣᠷᠳᠣᠨ ᠤ ᠲᠥᠯᠦᠪᠵᠢᠭᠦᠯᠭᠡ | ᠶᠣᠰᠣᠭᠠᠷ᠂ ᠭᠤᠣᠯ ᠴᠣᠭᠴᠠ ᠶᠢᠨ ᠥᠪᠡᠰᠦᠪᠡᠨ ᠰᠣᠩᠭᠤᠬᠤ ᠰᠠᠷᠠᠪᠴᠢ ᠶᠢᠨ ᠬᠡᠯᠪᠡᠷᠢ ᠶᠢᠨ ᠵᠠᠭᠪᠤᠷ ᠤᠨ ᠪᠦᠲᠦᠭᠡᠨ | ᠪᠠᠶᠢᠭᠤᠯᠤᠯᠲᠠ ᠶᠢ ᠬᠡᠷᠡᠭᠵᠢᠭᠦᠯᠬᠦ ᠬᠡᠷᠡᠭᠲᠡᠢ᠃ | ︵ᠳᠥᠷᠪᠡ︶ ᠡᠬᠡ ᠭᠠᠵᠠᠷ ᠤᠨ ᠬᠡᠰᠡᠭᠲᠦ ᠣᠷᠣᠨ᠂ ᠪᠠᠷᠢᠮᠵᠢᠶᠠᠵᠢᠭᠰᠠᠨ ᠬᠡᠰᠡᠭᠲᠦ ᠣᠷᠣᠨ᠂ | ᠲᠤᠷᠰᠢᠯᠲᠠ ᠶᠢᠨ ᠵᠢᠱᠢᠶ᠎ᠡ ᠦᠵᠡᠭᠦᠯᠬᠦ ᠴᠢᠭ᠋ ᠤᠨ ᠬᠡᠰᠡᠭᠲᠦ ᠣᠷᠣᠨ ᠢᠶᠠᠷ ᠤᠷᠢᠳᠠᠪᠠᠷ ᠪᠦᠲᠦᠭᠡᠨ ᠪᠠᠶᠢᠭᠤᠯᠬᠤ | ᠵᠠᠷᠴᠢᠮ ᠢ ᠪᠠᠷᠢᠮᠲᠠᠯᠠᠨ᠎ᠠ᠃ | ︵ᠲᠠᠪᠤ︶ ᠲᠥᠪᠯᠡᠷᠡᠭᠦᠯᠦᠨ ᠥᠭᠡᠷᠡᠴᠢᠯᠡᠬᠦ ᠪᠠ ᠲᠠᠷᠠᠬᠠᠢ ᠪᠤᠲᠠᠷᠬᠠᠢ ᠪᠠᠷ ᠥᠭᠡᠷᠡᠴᠢᠯᠡᠬᠦ ᠶᠢ ᠤᠶᠠᠯᠳᠤᠭᠤᠯᠬᠤ᠂ | ᠡᠩ ᠲᠡᠷᠢᠭᠦᠨ ᠳᠤ ᠵᠠᠬ᠎ᠠ ᠬᠢᠵᠠᠭᠠᠷ ᠢ ᠥᠷᠭᠡᠳᠬᠡᠨ ᠵᠠᠬ᠎ᠠ ᠬᠢᠵᠠᠭᠠᠷ ᠢ ᠳᠡᠯᠭᠡᠬᠦ᠂ ᠵᠠᠢ ᠵᠠᠪᠰᠠᠷ ᠢ ᠨᠢ ᠦᠵᠡᠵᠦ ᠵᠡᠭᠦᠦ | ᠬᠠᠳᠬᠤᠬᠤ᠂ ᠳᠥᠷᠪᠡᠯᠵᠢᠨ ᠬᠡᠰᠡᠭ ᠢᠶᠠᠷ ᠪᠦᠲᠦᠭᠡᠨ ᠪᠠᠶᠢᠭᠤᠯᠬᠤ ᠵᠠᠷᠴᠢᠮ ᠢ ᠪᠠᠷᠢᠮᠲᠠᠯᠠᠨ᠎ᠠ᠃ | ᠳᠥᠷᠪᠡ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ | ︽ᠪᠤᠭᠤᠲᠤ ᠬᠤᠲᠠ ᠶᠢᠨ ᠲᠠᠷᠢᠶᠠᠯᠠᠩ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ | ᠪᠠᠷᠢᠮᠵᠢᠶ᠎ᠠ ᠶᠢᠨ ᠵᠢᠯᠣᠭᠤᠳᠤᠮᠵᠢ︾ ᠶᠢᠨ ᠪᠠᠷᠢᠮᠵᠢᠶ᠎ᠠ ᠶᠣᠰᠣᠭᠠᠷ᠂ ᠡᠨᠧᠷᠭᠢ ᠠᠷᠪᠢᠯᠠᠬᠤ᠂ ᠮᠠᠰᠢᠨ ᠳᠤ ᠲᠣᠬᠢᠷᠠᠬᠤ ᠪᠠᠷ | ᠭᠤᠣᠯ ᠬᠠᠷᠠᠯᠲᠠ ᠪᠣᠯᠭᠠᠨ ᠲᠠᠷᠢᠶᠠᠯᠠᠩ ᠤᠨ ᠪᠡᠯᠡᠳᠬᠡᠮᠵᠢ ᠶᠢ ᠲᠠᠰ ᠳᠡᠪᠰᠢᠭᠦᠯᠦᠨ ᠥᠭᠡᠷᠡᠴᠢᠯᠡᠨ᠎ᠡ᠃ᠨᠢᠭᠡ ᠳᠤ᠂ | ᠤᠭᠰᠠᠷᠠᠮᠠᠯ ᠮᠠᠶ᠋ᠢᠭ ᠤᠨ ᠨᠡᠷᠡᠨ ᠤ ᠬᠡᠷᠡᠯ ᠤᠨ ᠬᠦᠯᠡᠮᠵᠢ᠂ ᠪᠥᠬᠦ ᠪᠣᠯᠣᠳ ᠵᠢᠶᠠᠰᠠ ᠶᠢᠨ ᠪᠦᠲᠦᠴᠡ ᠶᠢ ᠬᠡᠷᠡᠭᠯᠡᠨ᠂ | ᠬᠠᠯᠠᠭᠤᠨ ᠢ ᠰᠢᠩᠭᠡᠭᠡᠵᠦ ᠳᠤᠯᠠᠭᠠᠨ ᠢ ᠬᠠᠮᠠᠭᠠᠯᠠᠬᠤ ᠴᠢᠳᠠᠮᠵᠢ ᠲᠠᠢ ᠪᠠᠶᠢᠵᠤ᠂ ᠥᠨᠳᠥᠷ ᠠᠯᠭᠠᠰᠠᠯᠲᠠ ᠶᠢᠨ ᠬᠠᠷᠢᠴᠠᠯ | ᠨᠢ ᠮᠠᠨ ᠤ ᠣᠷᠣᠨ ᠤ ᠪᠠᠶᠢᠭ᠎ᠠ ᠥᠷᠭᠡᠷᠢᠭ ᠲᠤ ᠨᠡᠶᠢᠴᠡᠬᠦ ᠮᠥᠷᠲᠡᠭᠡᠨ ᠬᠡᠷᠡᠮ ᠤᠨ ᠢᠷᠤᠭᠠᠷ ᠤᠨ ᠦᠵᠦᠭᠦᠷ ᠤᠨ | ᠥᠷᠭᠡᠨ ᠤ ᠬᠡᠮᠵᠢᠶ᠎ᠡ ᠨᠢ 2.2 ᠮᠧᠲᠷ ᠠᠴᠠ ᠳᠣᠣᠷ᠎ᠠ ᠪᠠᠶᠢᠵᠤ ᠪᠣᠯᠬᠤ ᠦᠭᠡᠢ᠂ ᠬᠤᠷᠢᠶᠠᠬᠤ ᠣᠷᠣᠢ ᠶᠢᠨ | ᠬᠡᠰᠡᠭ ᠤᠨ ᠥᠷᠭᠡᠨ ᠤ ᠬᠡᠮᠵᠢᠶ᠎ᠡ ᠨᠢ 1.2 ᠮᠧᠲᠷ ᠠᠴᠠ ᠳᠣᠣᠷ᠎ᠠ ᠪᠠᠶᠢᠵᠤ ᠪᠣᠯᠬᠤ ᠦᠭᠡᠢ︔ᠬᠡᠷᠡᠮ ᠤᠨ | ᠥᠨᠳᠥᠷ ᠤᠨ ᠬᠡᠮᠵᠢᠶ᠎ᠡ ᠶᠢ 4.5 ᠮᠧᠲᠷ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠬᠦᠯᠡᠮᠵᠢ ᠶᠢᠨ ᠣᠷᠣᠢ ᠶᠢᠨ | ᠥᠨᠳᠥᠷ ᠤᠨ ᠬᠡᠮᠵᠢᠶ᠎ᠡ ᠶᠢ 5.5 ᠮᠧᠲᠷ ᠠᠴᠠ ᠳᠣᠣᠷ᠎ᠠ ᠪᠠᠶᠢᠯᠭᠠᠵᠤ ᠪᠣᠯᠬᠤ ᠦᠭᠡᠢ︔ᠳᠠᠷᠢᠬᠤ ᠣᠷᠣᠨ ᠪᠦᠰᠡ ᠶᠢᠨ | ᠥᠷᠭᠡᠨ ᠤ ᠬᠡᠮᠵᠢᠶ᠎ᠡ ᠨᠢ 12 ᠮᠧᠲᠷ ᠠᠴᠠ ᠳᠣᠣᠷ᠎ᠠ ᠪᠠᠶᠢᠵᠤ ᠪᠣᠯᠬᠤ ᠦᠭᠡᠢ᠂ ᠬᠥᠪᠥᠩ ᠬᠥᠨᠵᠢᠯᠡ ᠳᠤ ᠰᠢᠨ᠎ᠡ | ᠬᠡᠯᠪᠡᠷᠢ ᠶᠢᠨ ᠳᠤᠯᠠᠭᠠᠨ ᠬᠠᠳᠠᠭᠠᠯᠠᠬᠤ ᠮᠠᠲ᠋ᠧᠷᠢᠶᠠᠯ ᠢ ᠬᠡᠷᠡᠭᠯᠡᠵᠦ᠂ ᠳᠤᠯᠠᠭᠠᠨ ᠨᠡᠮᠡᠬᠦ ᠦᠭᠡᠢ ᠪᠣᠯ ᠵᠢᠮᠢᠰ ᠤᠨ | ᠲᠥᠷᠥᠯ ᠤᠨ ᠢᠳᠡᠰᠢᠨ ᠨᠣᠭᠤᠭ᠎ᠠ ᠦᠢᠯᠡᠳᠪᠦᠷᠢᠯᠡᠵᠦ ᠪᠣᠯᠣᠨ᠎ᠠ︔ᠬᠤᠶᠠᠷ ᠲᠤ᠂ ᠡᠩ ᠤᠨ ᠨᠡᠷᠡᠨ ᠤ ᠬᠡᠷᠡᠯ ᠤᠨ | ᠬᠦᠯᠡᠮᠵᠢ ᠳᠤ᠂ ᠰᠢᠷᠣᠢ ᠶᠢᠨ ᠬᠡᠷᠡᠮ ᠪᠤᠶᠤ ᠨᠡᠶᠢᠯᠡᠮᠡᠯ ᠲᠣᠭᠤᠰᠬᠠᠨ ᠬᠡᠷᠡᠮ ᠢᠶᠠᠷ ᠢᠯᠴᠢ ᠰᠢᠩᠭᠡᠭᠡᠵᠦ ᠳᠤᠯᠠᠭᠠᠨ | ᠬᠠᠳᠠᠭᠠᠯᠠᠬᠤ ᠮᠠᠲ᠋ᠧᠷᠢᠶᠠᠯ ᠪᠣᠯᠭᠠᠵᠤ᠂ ᠥᠨᠳᠥᠷ ᠠᠯᠭᠠᠰᠠᠯᠲᠠ ᠶᠢᠨ ᠬᠠᠷᠢᠴᠠᠯ ᠨᠢ ᠮᠠᠨ ᠤ ᠣᠷᠣᠨ ᠤ ᠪᠠᠶᠢᠭ᠎ᠠ | ᠥᠷᠭᠡᠷᠢᠭ ᠲᠤ ᠨᠡᠶᠢᠴᠡᠬᠦ ᠮᠥᠷᠲᠡᠭᠡᠨ ᠬᠡᠷᠡᠮ ᠤᠨ ᠢᠷᠤᠭᠠᠷ ᠤᠨ ᠬᠡᠰᠡᠭ ᠤᠨ ᠥᠷᠭᠡᠨ ᠤ ᠬᠡᠮᠵᠢᠶ᠎ᠡ ᠨᠢ 8 | ᠮᠧᠲᠷ ᠠᠴᠠ ᠳᠣᠣᠷ᠎ᠠ ᠪᠠᠶᠢᠵᠤ ᠪᠣᠯᠬᠤ ᠦᠭᠡᠢ᠂ ᠬᠤᠷᠢᠶᠠᠬᠤ ᠣᠷᠣᠢ ᠶᠢᠨ ᠬᠡᠰᠡᠭ ᠤᠨ ᠥᠷᠭᠡᠨ ᠤ ᠬᠡᠮᠵᠢᠶ᠎ᠡ ᠨᠢ 1. | 5 ᠮᠧᠲᠷ ᠠᠴᠠ ᠳᠣᠣᠷ᠎ᠠ ᠪᠠᠶᠢᠵᠤ ᠪᠣᠯᠬᠤ ᠦᠭᠡᠢ︔ᠬᠡᠷᠡᠮ ᠤᠨ ᠥᠨᠳᠥᠷ ᠤᠨ ᠬᠡᠮᠵᠢᠶ᠎ᠡ ᠶᠢ 4.5 ᠮᠧᠲᠷ ᠠᠴᠠ | ᠳᠣᠣᠷ᠎ᠠ ᠪᠠᠶᠢᠯᠭᠠᠵᠤ ᠪᠣᠯᠬᠤ ᠦᠭᠡᠢ᠂ ᠬᠦᠯᠡᠮᠵᠢ ᠶᠢᠨ ᠣᠷᠣᠢ ᠶᠢᠨ ᠥᠨᠳᠥᠷ ᠤᠨ ᠬᠡᠮᠵᠢᠶ᠎ᠡ ᠶᠢ 5.5 ᠮᠧᠲᠷ ᠠᠴᠠ | ᠳᠣᠣᠷ᠎ᠠ ᠪᠠᠶᠢᠯᠭᠠᠵᠤ ᠪᠣᠯᠬᠤ ᠦᠭᠡᠢ︔ᠳᠠᠷᠢᠬᠤ ᠣᠷᠣᠨ ᠪᠦᠰᠡ ᠶᠢᠨ ᠥᠷᠭᠡᠨ ᠤ ᠬᠡᠮᠵᠢᠶ᠎ᠡ ᠨᠢ 12 ᠮᠧᠲᠷ ᠠᠴᠠ | ᠳᠣᠣᠷ᠎ᠠ ᠪᠠᠶᠢᠵᠤ ᠪᠣᠯᠬᠤ ᠦᠭᠡᠢ᠂ ᠬᠥᠪᠥᠩ ᠬᠥᠨᠵᠢᠯᠡ ᠳᠤ ᠰᠢᠨ᠎ᠡ ᠬᠡᠯᠪᠡᠷᠢ ᠶᠢᠨ ᠳᠤᠯᠠᠭᠠᠨ ᠬᠠᠳᠠᠭᠠᠯᠠᠬᠤ | ᠮᠠᠲ᠋ᠧᠷᠢᠶᠠᠯ ᠢ ᠬᠡᠷᠡᠭᠯᠡᠵᠦ᠂ ᠳᠤᠯᠠᠭᠠᠨ ᠨᠡᠮᠡᠬᠦ ᠦᠭᠡᠢ ᠪᠣᠯ ᠵᠢᠮᠢᠰ ᠤᠨ ᠲᠥᠷᠥᠯ ᠤᠨ ᠢᠳᠡᠰᠢᠨ ᠨᠣᠭᠤᠭ᠎ᠠ | ᠦᠢᠯᠡᠳᠪᠦᠷᠢᠯᠡᠵᠦ ᠪᠣᠯᠣᠨ᠎ᠠ︔ᠭᠤᠷᠪᠠ ᠳᠤ ᠪᠠᠷᠢᠮᠵᠢᠶᠠᠵᠢᠭᠤᠯᠤᠭᠰᠠᠨ ᠪᠣᠯᠣᠳ ᠵᠢᠶᠠᠰᠠ ᠶᠢᠨ ᠲᠣᠮᠣ ᠫᠧᠩ ᠨᠢ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠨ ᠠᠪᠬᠤ ᠳᠤ ᠨᠥᠬᠦᠪᠦᠷᠢ ᠥᠭᠬᠦ | ᠲᠤᠷᠰᠢᠯᠲᠠ ᠶᠢᠨ ᠴᠢᠭ᠋ ᠤᠨ ᠦᠢᠯᠡᠳᠬᠦᠨ ᠤ ᠪᠠᠷᠢᠮᠵᠢᠶᠠᠵᠢᠭᠤᠯᠤᠭᠰᠠᠨ ᠪᠣᠯᠣᠳ ᠪᠦᠲᠦᠴᠡ ᠶᠢᠨ ᠵᠢᠶᠠᠰᠠ ᠶᠢᠨ | ᠡᠨᠧᠷᠭᠢ ᠠᠷᠪᠢᠯᠠᠬᠤ ᠨᠡᠷᠡᠨ ᠬᠡᠷᠡᠯ ᠤᠨ ᠬᠦᠯᠡᠮᠵᠢ ︵ᠰᠦᠯᠢᠶᠥᠦ ᠬᠦᠯᠡᠮᠵᠢ︶ ᠶᠢᠨ ᠪᠦᠲᠦᠭᠡᠨ ᠪᠠᠶᠢᠭᠤᠯᠤᠯᠲᠠ ᠶᠢᠨ | ᠮᠡᠷᠭᠡᠵᠢᠯ ᠤᠨ ᠵᠢᠷᠤᠮᠵᠢᠯ ︵ᠲᠤᠷᠰᠢᠨ ᠬᠡᠷᠡᠭᠵᠢᠭᠦᠯᠬᠦ︶︾ ᠳᠤ ᠨᠡᠶᠢᠴᠡᠵᠦ᠂ ᠲᠤᠰᠠᠭᠠᠷ ᠪᠤᠶᠤ ᠵᠠᠯᠭᠠᠯᠳᠤᠭᠤᠯᠤᠨ | ᠪᠠᠶᠢᠭᠤᠯᠬᠤ ᠪᠦᠲᠦᠴᠡ ᠶᠢ ᠬᠡᠷᠡᠭᠯᠡᠨ᠂ ᠬᠠᠪᠤᠷ ᠤᠨ ᠤᠷᠢᠳᠴᠢᠯᠠᠭᠰᠠᠨ ᠪᠠ ᠨᠠᠮᠤᠷ ᠤᠨ ᠤᠯᠠᠷᠢᠯ ᠤᠨ ᠢᠳᠡᠰᠢᠨ | ᠨᠣᠭᠤᠭ᠎ᠠ ᠶᠢᠨ ᠦᠢᠯᠡᠳᠪᠦᠷᠢᠯᠡᠯ ᠢ ᠪᠡᠶᠡᠯᠡᠭᠦᠯᠦᠨ᠎ᠡ᠃ᠳᠥᠷᠪᠡ ᠳᠤ ᠪᠤᠰᠤᠳ ᠪᠦᠲᠦᠴᠡ ᠲᠠᠢ ᠬᠦᠯᠡᠮᠵᠢ ᠪᠤᠶᠤ ᠲᠣᠮᠣ | ᠫᠧᠩ ᠢ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠲᠤᠰᠬᠠᠢ | ᠮᠡᠷᠭᠡᠵᠢᠯᠲᠡᠨ ᠢ ᠵᠣᠬᠢᠶᠠᠨ ᠪᠠᠶᠢᠭᠤᠯᠵᠤ ᠲᠡᠭᠦᠨ ᠤ ᠠᠵᠤ ᠠᠬᠤᠢ ᠶᠢᠨ ᠴᠢᠨᠠᠷ᠂ ᠲᠡᠷᠢᠭᠦᠨ ᠤ ᠴᠢᠨᠠᠷ ᠢ ᠨᠤᠲᠠᠯᠠᠭᠰᠠᠨ ᠤ | ᠳᠠᠷᠠᠭ᠎ᠠ ᠪᠠᠰᠠ ᠭᠥᠯᠢᠶᠡᠨ ᠠᠪᠴᠤ ᠪᠣᠯᠣᠨ᠎ᠠ᠃ᠨᠡᠷᠡᠨ ᠤ ᠭᠡᠷᠡᠯ ᠤᠨ ᠬᠦᠯᠡᠮᠵᠢ᠂ ᠬᠦᠯᠡᠮᠵᠢ ᠶᠢ ᠰᠡᠯᠪᠢᠨ | ᠵᠠᠰᠠᠬᠤ ᠳᠠᠭᠠᠨ ᠴᠤ ᠳᠡᠭᠡᠷ᠎ᠡ ᠳᠤᠷᠠᠳᠤᠭᠰᠠᠨ ᠪᠠᠷᠢᠮᠵᠢᠶ᠎ᠠ ᠳᠤ ᠬᠦᠷᠭᠡᠬᠦ ᠬᠡᠷᠡᠭᠲᠡᠢ᠃ᠲᠠᠷᠢᠶᠠᠴᠢᠨ ᠡᠷᠦᠬᠡ ᠶᠢᠨ ᠬᠦᠴᠦ | ᠬᠥᠳᠡᠯᠮᠦᠷᠢ ᠣᠷᠣᠭᠤᠯᠬᠤ ᠠᠷᠭ᠎ᠠ ᠮᠠᠶ᠋ᠢᠭ ᠢᠶᠠᠷ ᠲᠥᠬᠦᠭᠡᠷᠦᠮᠵᠢ ᠪᠠᠶᠢᠭᠤᠯᠬᠤ ᠥᠪᠡᠷ ᠤᠨ ᠥᠷᠲᠡᠭ ᠢ | ᠪᠠᠭᠤᠷᠠᠭᠤᠯᠬᠤ ᠶᠢ ᠵᠣᠷᠢᠭᠵᠢᠭᠤᠯᠤᠨ᠎ᠠ᠃ | ᠲᠠᠪᠤ᠂ ᠳᠡᠮᠵᠢᠬᠦ ᠲᠥᠷᠥ ᠶᠢᠨ ᠪᠣᠳᠣᠯᠭ᠎ᠠ | ︵ᠨᠢᠭᠡ︶ ᠲᠤᠰᠠᠯᠠᠬᠤ ᠬᠡᠪᠴᠢᠶ᠎ᠡ ᠬᠢᠭᠡᠳ ᠲᠤᠰᠠᠯᠠᠬᠤ ᠠᠷᠭ᠎ᠠ ᠮᠠᠶ᠋ᠢᠭ | ᠨᠥᠬᠦᠪᠦᠷᠢ ᠣᠯᠭᠤᠬᠤ ᠡᠲᠡᠭᠡᠳ ᠨᠢ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ ᠪᠤᠶᠤ | ᠰᠡᠯᠪᠢᠨ ᠵᠠᠰᠠᠭᠰᠠᠨ ᠪᠡᠯᠡᠳᠭᠡᠮᠵᠢᠳᠤ ᠲᠠᠷᠢᠶᠠᠯᠠᠩ ᠤᠨ ᠲᠠᠯᠠᠪᠠᠶ ᠨᠢ 50 ᠮᠦ ᠠᠴᠠ ᠳᠡᠭᠡᠭᠰᠢᠬᠢ ᠪᠦᠲᠦᠭᠡᠨ | ᠪᠠᠶᠢᠭᠤᠯᠤᠯᠲᠠ ᠶᠢᠨ ᠭᠤᠣᠯ ᠴᠣᠭᠴᠠ ᠪᠠᠶᠢᠵᠤ᠂ ᠨᠥᠬᠦᠪᠦᠷᠢ ᠶᠢᠨ ᠪᠡᠯᠡ ᠮᠥᠩᠭᠦ ᠶᠢ ᠤᠷᠢᠳᠠᠪᠠᠷ ᠪᠠᠶᠢᠭᠤᠯᠵᠤ | ᠳᠠᠷᠠᠭ᠎ᠠ ᠨᠢ ᠨᠥᠬᠦᠪᠦᠷᠢᠯᠡᠵᠦ᠂ ᠪᠠᠷᠢᠯᠭ᠎ᠠ ᠶᠢᠨ ᠠᠬᠢᠴᠠ ᠪᠠᠷ ᠰᠠᠯᠭᠠᠨ ᠥᠭᠬᠦ ᠠᠷᠭ᠎ᠠ ᠮᠠᠶ᠋ᠢᠭ ᠢᠶᠠᠷ ᠣᠯᠭᠤᠨ᠎ᠠ᠂ | ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠨᠢ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ᠂ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠪᠤᠶᠤ ᠠᠵᠤ ᠠᠬᠤᠶᠢᠯᠠᠯ ᠪᠠᠶᠢᠵᠤ᠂ ᠲᠠᠷᠠᠬᠠᠢ | ᠪᠤᠲᠠᠷᠬᠠᠢ ᠲᠠᠷᠢᠶᠠᠴᠢᠨ ᠡᠷᠦᠬᠡ ᠳᠤ ᠴᠢᠭᠯᠡᠭᠦᠯᠬᠦ ᠦᠭᠡᠢ᠃ᠣᠶᠢᠷ᠎ᠠ ᠶᠢᠨ ᠲᠠᠪᠤᠨ ᠵᠢᠯ ᠤᠨ ᠳᠣᠲᠣᠷ᠎ᠠ ᠲᠣᠰ | ᠱᠠᠲᠤᠨ ᠤ ᠪᠤᠶᠤ ᠳᠡᠭᠡᠳᠦ ᠱᠠᠲᠤᠨ ᠤ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠭᠥᠷᠳᠡᠵᠦ ᠲᠠᠰ | ᠳᠡᠪᠰᠢᠭᠦᠯᠦᠨ ᠥᠭᠡᠷᠡᠴᠢᠯᠡᠵᠦ ᠥᠩᠭᠡᠷᠡᠭᠰᠡᠨ ᠲᠠᠷᠢᠶᠠᠯᠠᠩ ᠤᠨ ᠪᠡᠯᠡᠳᠬᠡᠮᠵᠢ ᠳᠤ ᠨᠥᠬᠦᠪᠦᠷᠢ ᠶᠢ ᠳᠠᠪᠬᠤᠷᠳᠠᠭᠤᠯᠤᠨ | ᠬᠦᠷᠲᠡᠭᠡᠬᠦ ᠦᠭᠡᠢ᠃ᠬᠢᠯᠢ ᠬᠢᠵᠠᠭᠠᠷ ᠢ ᠥᠷᠭᠡᠳᠬᠡᠵᠦ ᠵᠠᠬ᠎ᠠ ᠬᠢᠵᠠᠭᠠᠷ ᠢ ᠳᠡᠯᠭᠡᠨ ᠦᠵᠡᠭᠦᠯᠬᠦ ᠳᠤ᠂ ᠵᠠᠢ ᠵᠠᠪᠰᠠᠷ ᠢ | ᠨᠢ ᠦᠵᠡᠵᠦ ᠪᠠᠶᠢᠭᠠᠳ ᠲᠠᠷᠢᠶᠠᠴᠢᠨ ᠡᠷᠦᠬᠡ ᠠᠰᠲᠠᠭᠠᠨ ᠭᠤᠶᠤᠴᠢᠯᠠᠯ ᠭᠠᠷᠭᠠᠬᠤ ᠬᠡᠷᠡᠭᠲᠡᠢ᠃ | ︵ᠬᠤᠶᠠᠷ︶ ᠲᠤᠰᠠᠯᠠᠮᠵᠢ ᠶᠢᠨ ᠪᠠᠷᠢᠮᠵᠢᠶ᠎ᠠ | 1.ᠰᠢᠨ᠎ᠡ ᠪᠠᠷ ᠪᠠᠶᠢᠭᠤᠯᠬᠤ ᠪᠤᠶᠤ ᠨᠤᠷᠠᠭᠠᠵᠤ ᠲᠠᠬᠢᠨ ᠪᠠᠶᠢᠭᠤᠯᠬᠤ᠃ᠲᠥᠷᠥᠯ ᠵᠦᠢᠯ ᠤᠨ ᠣᠷᠣᠨ ᠤ | ᠳᠣᠲᠣᠷ᠎ᠠ ᠰᠢᠨ᠎ᠡ ᠪᠠᠷ ᠪᠠᠶᠢᠭᠤᠯᠬᠤ ᠪᠤᠶᠤ ᠲᠠᠰ ᠳᠡᠪᠰᠢᠭᠦᠯᠦᠨ ᠥᠭᠡᠷᠡᠴᠢᠯᠡᠬᠦ ᠤᠭᠰᠠᠷᠠᠮᠠᠯ ᠮᠠᠶ᠋ᠢᠭ ᠤᠨ ᠨᠡᠷᠡᠨ | ᠬᠡᠷᠡᠯ ᠤᠨ ᠬᠦᠯᠡᠮᠵᠢ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠮᠦ ᠪᠦᠷᠢ ᠳᠤ 8 ᠲᠦᠮᠡᠨ ᠲᠥᠭᠦᠷᠢᠭ ᠤᠨ ᠨᠥᠬᠦᠪᠦᠷᠢ | ᠣᠯᠭᠤᠨ᠎ᠠ︔ᠰᠢᠨ᠎ᠡ ᠪᠠᠷ ᠪᠠᠶᠢᠭᠤᠯᠬᠤ ᠪᠤᠶᠤ ᠲᠠᠰ ᠳᠡᠪᠰᠢᠭᠦᠯᠵᠦ ᠥᠭᠡᠷᠡᠴᠢᠯᠡᠬᠦ ᠡᠩ ᠤᠨ ᠨᠡᠷᠡᠨ ᠬᠡᠷᠡᠯ ᠤᠨ | ᠬᠦᠯᠡᠮᠵᠢ ᠶᠢ ᠪᠠᠷᠢᠮᠵᠢᠶ᠎ᠠ ᠳᠤ ᠬᠦᠷᠦᠭᠦᠯᠪᠡᠯ᠂ ᠮᠦ ᠪᠦᠷᠢ ᠳᠤ 3.5 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ | ︔ᠰᠢᠨ᠎ᠡ ᠪᠠᠷ ᠪᠠᠶᠢᠭᠤᠯᠤᠭᠰᠠᠨ ᠪᠠᠷᠢᠮᠵᠢᠶᠠᠵᠢᠭᠰᠠᠨ ᠪᠣᠯᠣᠳ ᠵᠢᠶᠠᠰᠠᠳᠤ ᠲᠣᠮᠣ ᠫᠧᠩ ᠪᠠᠷᠢᠮᠵᠢᠶ᠎ᠠ ᠳᠤ ᠬᠦᠷᠴᠦ᠂ 1 | ᠲᠦᠮᠡᠨ ᠲᠥᠭᠦᠷᠢᠭ/ᠮᠦ ᠶᠢᠨ ᠨᠥᠬᠦᠪᠦᠷᠢ ᠣᠯᠭᠤᠨ᠎ᠠ︔ᠪᠤᠰᠤᠳ ᠵᠠᠭᠪᠤᠷ ᠤᠨ ᠨᠥᠬᠦᠪᠦᠷᠢ ᠥᠭᠬᠦ ᠠᠷᠭ᠎ᠠ ᠮᠠᠶ᠋ᠢᠭ ᠲᠤ | ︽ᠠᠰ ᠠᠰ ᠢᠶᠠᠷ ᠨᠢ ᠵᠥᠪᠯᠡᠬᠦ︾ ᠠᠷᠭ᠎ᠠ ᠶᠢ ᠠᠪᠴᠤ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ | ᠮᠥᠴᠢᠷ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠢᠯ ᠲᠥᠷᠥᠯ ᠤᠨ ᠲᠤᠰᠬᠠᠢ ᠮᠡᠷᠭᠡᠵᠢᠯᠲᠡᠨ ᠵᠡᠷᠭᠡ ᠶᠢ | ᠵᠣᠬᠢᠶᠠᠨ ᠪᠠᠶᠢᠭᠤᠯᠵᠤ ᠪᠠᠶᠢᠭᠠᠳ ᠲᠥᠷᠥᠯ ᠵᠦᠢᠯ ᠢ ᠬᠢᠨᠠᠨ ᠲᠣᠭᠲᠠᠭᠠᠬᠤ ᠠᠷᠭ᠎ᠠ ᠮᠠᠶ᠋ᠢᠭ ᠢᠶᠠᠷ ᠰᠤᠳᠤᠯᠤᠨ | ᠲᠣᠭᠲᠠᠭᠠᠨ᠎ᠠ᠃ᠳᠡᠭᠡᠷᠡᠬᠢ ᠨᠥᠬᠦᠪᠦᠷᠢ ᠶᠢ ᠴᠥᠮ ᠪᠡᠯᠡᠳᠬᠡᠮᠵᠢᠳᠦ ᠪᠠᠷᠢᠯᠭ᠎ᠠ ᠶᠢᠨ ᠲᠡᠯᠡᠪᠡᠢ ᠪᠠᠷ ᠪᠤᠳᠦᠨ᠎ᠡ᠃ | 2.ᠰᠡᠯᠪᠢᠨ ᠵᠠᠰᠠᠬᠤ᠃ᠪᠡᠯᠡᠳᠭᠡᠮᠵᠢᠳᠤ ᠲᠠᠷᠢᠶᠠᠯᠠᠩ ᠤᠨ ᠲᠥᠷᠥᠯ ᠵᠦᠢᠯ ᠤᠨ ᠣᠷᠣᠨ ᠤ ᠳᠣᠲᠣᠷ᠎ᠠ᠂ ᠥᠨᠳᠥᠷ | ᠠᠯᠭᠠᠰᠠᠯᠳᠤ ᠬᠠᠷᠢᠴᠠᠯ ᠨᠢ ᠱᠠᠭᠠᠷᠳᠠᠯᠭ᠎ᠠ ᠳᠤ ᠨᠡᠶᠢᠴᠡᠵᠦ ᠪᠠᠶᠢᠪᠠᠯ᠂ ᠲᠠᠷᠢᠶᠠᠯᠠᠩ ᠤᠨ ᠪᠡᠯᠡᠳᠬᠡᠮᠵᠢ ᠶᠢᠨ ᠬᠡᠷᠡᠮᠢ | ᠰᠢᠨ᠎ᠡ ᠪᠠᠷ ᠪᠠᠶᠢᠭᠤᠯᠬᠤ ᠪᠤᠶᠤ ᠳᠤᠯᠠᠭᠠᠨ ᠢ ᠬᠠᠮᠠᠭᠠᠯᠠᠬᠤ ᠳᠠᠪᠬᠤᠷᠭ᠎ᠠ ᠶᠢ ᠨᠡᠮᠡᠭᠳᠡᠭᠦᠯᠦᠨ᠂ ᠪᠣᠯᠣᠳ ᠵᠢᠶᠠᠰᠠ ᠶᠢ | ᠰᠢᠨᠡᠳᠬᠡᠬᠦ᠂ ᠳᠤᠯᠠᠭᠠᠨ ᠢ ᠬᠠᠮᠠᠭᠠᠯᠠᠬᠤ ᠬᠥᠨᠵᠢᠯᠡ ᠶᠢ ᠰᠢᠨᠡᠳᠬᠡᠬᠦ ᠲᠤ ᠲᠤᠰᠠᠯᠠᠮᠵᠢ ᠣᠯᠭᠤᠨ᠎ᠠ᠂ ᠲᠤᠰᠠᠯᠠᠮᠵᠢ ᠶᠢᠨ | ᠮᠥᠩᠭᠦ ᠶᠢᠨ ᠲᠤᠭ᠎ᠠ ᠶᠢ ᠥᠪᠡᠷ ᠤᠨ ᠥᠷᠳᠡᠭ ᠤᠨ ᠦᠨ᠎ᠡ ᠶᠢᠨ 30% ᠠᠴᠠ ᠳᠠᠪᠠᠭᠤᠯᠬᠤ ᠦᠭᠡᠢ᠃ | 3. ᠪᠡᠯᠡᠳᠬᠡᠮᠵᠢ ᠲᠥᠬᠦᠭᠡᠷᠦᠮᠵᠢ ᠶᠢ ᠢᠵᠢ ᠪᠦᠷᠢᠳᠦᠭᠦᠯᠦᠨ᠎ᠡ᠃ᠤᠰᠤ ᠪᠣᠷᠳᠣᠭᠤᠷ ᠢ ᠨᠢᠭᠡ | ᠴᠣᠭᠴᠠᠵᠢᠭᠤᠯᠬᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠢ ᠪᠣᠷᠳᠣᠭᠤᠷ᠂ ᠲᠠᠷᠢᠶᠠᠯᠠᠩ ᠤᠨ ᠮᠠᠰᠢᠨ | ᠬᠤᠳᠠᠯᠳᠤᠨ ᠠᠪᠬᠤ᠂ ᠭᠠᠷᠤᠯᠲᠠ ᠶᠢᠨ ᠣᠷᠣᠨ ᠤ ᠬᠦᠢᠲᠡᠨ ᠢᠶᠠᠷ ᠬᠠᠳᠠᠭᠠᠯᠠᠬᠤ ᠰᠢᠨ᠎ᠡ ᠰᠣᠷᠭᠤᠭ ᠪᠠᠶᠢᠯᠭᠠᠬᠤ | ᠪᠡᠯᠡᠳᠬᠡᠮᠵᠢ ᠵᠡᠷᠭᠡ ᠪᠦᠲᠦᠭᠡᠨ ᠪᠠᠶᠢᠭᠤᠯᠤᠯᠲᠠ ᠶᠢᠨ ᠢᠵᠢ ᠪᠦᠷᠢᠳᠦᠭᠦᠯᠬᠦ ᠪᠡᠯᠡᠳᠬᠡᠮᠵᠢ ᠲᠥᠬᠦᠭᠡᠷᠦᠮᠵᠢ ᠶᠢ | ᠵᠣᠬᠢᠴᠠᠩᠭᠤᠢ ᠵᠦᠢᠯᠡᠰ ᠤᠨ ᠱᠠᠭᠠᠷᠳᠠᠯᠭ᠎ᠠ ᠶᠣᠰᠣᠭᠠᠷ ᠰᠢᠯᠢᠳᠡᠭ ᠢ ᠨᠢ ᠰᠣᠩᠭᠤᠨ ᠳᠡᠮᠵᠢᠬᠦ ᠬᠡᠷᠡᠭᠲᠡᠢ᠃ | ︵ᠭᠤᠷᠪᠠ︶ ᠮᠡᠳᠡᠭᠦᠯᠬᠦ᠂ ᠲᠤᠰᠠᠯᠠᠬᠤ ᠲᠡᠰ ᠳᠠᠷᠠᠭᠠᠯᠠᠯ | 1. ᠬᠢᠨᠠᠨ ᠵᠥᠪᠰᠢᠶᠡᠷᠡᠬᠦ᠄ ᠬᠡᠷᠡᠭᠵᠢᠭᠦᠯᠬᠦ ᠭᠤᠣᠯ ᠴᠣᠭᠴᠠ ᠨᠢ ︽ᠪᠤᠭᠤᠲᠤ ᠬᠤᠲᠠ ᠶᠢᠨ ᠪᠡᠯᠡᠳᠭᠡᠮᠵᠢᠳᠤ | ᠲᠠᠷᠢᠶᠠᠯᠠᠩ ᠤᠨ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠤᠨ ᠬᠢᠨᠠᠨ ᠬᠠᠷᠭᠤᠭᠤᠯᠬᠤ ᠬᠦᠰᠦᠨᠦᠭᠲᠦ︾ ᠶᠢ | ᠲᠠᠭᠯᠠᠨ ᠪᠢᠴᠢᠬᠦ ᠶᠢᠨ ᠬᠠᠮᠲᠤ᠂ ᠲᠥᠷᠥᠯ ᠵᠦᠢᠯ ᠤᠨ ᠭᠤᠶᠤᠴᠢᠯᠠᠨ ᠮᠡᠳᠡᠭᠦᠯᠬᠦ ᠪᠠ ᠭᠡᠷᠡᠴᠢᠯᠡᠬᠦ ᠮᠠᠲ᠋ᠧᠷᠢᠶᠠᠯ ᠢᠶᠠᠨ | ᠮᠡᠳᠡᠭᠦᠯᠦᠨ ᠬᠦᠷᠭᠡᠬᠦ ᠬᠡᠷᠡᠭᠲᠡᠢ᠃ᠲᠥᠷᠥᠯ ᠵᠦᠢᠯ ᠮᠡᠳᠡᠭᠦᠯᠬᠦ ᠪᠠ ᠭᠡᠷᠡᠴᠢᠯᠡᠬᠦ ᠮᠠᠲ᠋ᠧᠷᠢᠶᠠᠯ ᠳᠤ᠄ ᠬᠡᠷᠡᠭᠵᠢᠭᠦᠯᠬᠦ | ᠭᠤᠣᠯ ᠴᠣᠭᠴᠠ ᠶᠢᠨ ᠦᠨᠡᠮᠯᠡᠯ᠂ ᠬᠡᠷᠡᠭᠵᠢᠭᠦᠯᠬᠦ ᠲᠥᠰᠥᠯ᠂ ᠲᠥᠷᠥᠯ ᠵᠦᠢᠯ ᠤᠨ ᠲᠥᠯᠦᠪᠵᠢᠭᠦᠯᠭᠡ ᠶᠢᠨ ᠵᠢᠷᠤᠭ᠂ | ᠪᠡᠯᠡᠳᠬᠡᠮᠵᠢ ᠶᠢᠨ ᠲᠠᠩ ᠴᠣᠭᠴᠠᠲᠤ ᠵᠢᠷᠤᠭ ᠲᠥᠯᠥᠪᠯᠡᠭᠡ ᠶᠢᠨ ᠵᠢᠷᠤᠭ᠂ ᠪᠠᠷᠢᠯᠭ᠎ᠠ ᠶᠢᠨ ᠬᠤᠭᠤᠴᠠᠭᠠᠨ ᠤ | ᠲᠥᠯᠥᠪᠯᠡᠭᠡ ᠶᠢᠨ ᠬᠦᠰᠦᠨᠦᠭᠲᠦ ᠪᠠ ᠬᠠᠷᠢᠶ᠎ᠠ ᠭᠠᠵᠠᠷ ᠤᠨ ᠪᠠᠯᠭᠠᠰᠤ ᠠᠴᠠ ᠭᠠᠷᠭᠠᠭᠰᠠᠨ ᠪᠡᠯᠡᠳᠬᠡᠮᠵᠢ ᠳᠤ ᠬᠡᠷᠡᠭᠯᠡᠬᠦ | ᠭᠠᠵᠠᠷ ᠤᠨ ᠳᠠᠩᠰᠠᠯᠠᠭᠰᠠᠨ ᠮᠠᠲ᠋ᠧᠷᠢᠶᠠᠯ ᠵᠡᠷᠭᠡ ᠶᠢ ᠪᠠᠭᠲᠠᠭᠠᠬᠤ ᠪᠣᠯᠪᠠᠴᠤ ᠬᠢᠵᠠᠭᠠᠷᠯᠠᠬᠤ ᠦᠭᠡᠢ᠃ᠪᠠᠯᠭᠠᠰᠤᠨ ᠤ | ᠵᠠᠰᠠᠭ ᠤᠨ ᠣᠷᠳᠣᠨ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠢᠶᠠᠷ ᠬᠢᠨᠠᠨ | ᠬᠠᠷᠭᠤᠭᠤᠯᠬᠤ ᠶᠢᠨ ᠬᠠᠮᠲᠤ ᠮᠡᠳᠡᠭᠦᠯᠬᠦ ᠨᠥᠬᠦᠴᠡᠯ ᠪᠠ ᠪᠦᠲᠦᠭᠡᠨ ᠪᠠᠶᠢᠭᠤᠯᠬᠤ ᠪᠠᠷᠢᠮᠵᠢᠶ᠎ᠠ ᠳᠤ ᠨᠡᠶᠢᠴᠡᠬᠦ ᠶᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠲᠠ ᠶᠢᠨ ᠱᠠᠲᠤᠨ ᠳᠤ ᠮᠡᠳᠡᠭᠦᠯᠦᠨ ᠳᠠᠩᠰᠠᠯᠠᠭᠤᠯᠤᠭᠰᠠᠨ ᠤ | ᠳᠠᠷᠠᠭ᠎ᠠ ᠰᠠᠶ᠋ᠢ ᠪᠦᠲᠦᠭᠡᠨ ᠪᠠᠶᠢᠭᠤᠯᠵᠤ ᠪᠣᠯᠣᠨ᠎ᠠ᠃ | 2. ᠬᠤᠳᠠᠯᠳᠤᠨ ᠠᠪᠬᠤ᠄ ᠬᠡᠷᠡᠭᠵᠢᠭᠦᠯᠬᠦ ᠭᠤᠣᠯ ᠴᠣᠭᠴᠠ ᠨᠢ ᠤᠮᠠᠷᠠᠲᠤ ᠣᠷᠣᠨ ᠤ ᠡᠪᠦᠯᠵᠢᠵᠦ ᠪᠣᠯᠬᠤ | ᠤᠯᠤᠰ ᠤᠨ ᠪᠠᠷᠢᠮᠵᠢᠶ᠎ᠠ ᠳᠤ ᠨᠡᠶᠢᠴᠡᠬᠦ ᠲᠣᠮᠣ ᠫᠧᠩ ᠪᠦᠲᠦᠭᠡᠨ ᠪᠠᠶᠢᠭᠤᠯᠤᠯᠲᠠ ᠶᠢᠨ ᠮᠠᠲ᠋ᠧᠷᠢᠶᠠᠯ ᠢ ᠬᠤᠳᠠᠯᠳᠤᠨ | ᠠᠪᠬᠤ ᠳᠤ᠂ ᠦᠢᠯᠡᠳᠬᠦᠨ ᠤ ᠶᠠᠰᠤ ᠴᠢᠨᠠᠷ ᠤᠨ ᠬᠢᠷᠢ ᠲᠡᠩᠴᠡᠭᠰᠡᠨ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ᠂ | ᠪᠡᠯᠡᠳᠬᠡᠮᠵᠢ ᠶᠢᠨ ᠮᠠᠲ᠋ᠧᠷᠢᠶᠠᠯ ᠤᠨ ᠪᠣᠷᠣᠯᠠᠭᠤᠯᠤᠯᠲᠠ ᠶᠢᠨ ᠨᠠᠷᠢᠨ ᠬᠠᠭᠤᠳᠠᠰᠤ ︵ᠦᠢᠯᠡᠳᠪᠦᠷᠢᠯᠡᠭᠰᠡᠨ ᠠᠵᠤ | ᠠᠬᠤᠶᠢᠯᠠᠯ ᠪᠤᠶᠤ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠤ ᠡᠳ᠋ ᠤᠨ ᠶᠠᠪᠤᠳᠠᠯ ᠤᠨ ᠲᠠᠮᠠᠭ᠎ᠠ ᠳᠠᠷᠤᠨ᠎ᠠ︶᠂ | ᠭᠤᠣᠯ ᠮᠠᠲ᠋ᠧᠷᠢᠶᠠᠯ ᠤᠨ ᠪᠠᠷᠠᠭ᠎ᠠ ᠬᠠᠩᠭᠠᠬᠤ ᠭᠡᠷ᠎ᠡ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠬᠠᠩᠭᠠᠬᠤ ᠬᠡᠷᠡᠭᠲᠡᠢ᠃ | 3.ᠰᠢᠯᠭᠠᠨ ᠠᠪᠬᠤ᠄ | ︵1︶ ᠬᠡᠷᠡᠭᠵᠢᠭᠦᠯᠬᠦ ᠭᠤᠣᠯ ᠴᠣᠭᠴᠠ ᠨᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠦᠭᠰᠡᠨ ᠤ ᠳᠠᠷᠠᠭ᠎ᠠ᠂ ᠴᠠᠭ ᠲᠤᠬᠠᠢ ᠳᠤᠨᠢ ᠪᠠᠯᠭᠠᠰᠤᠨ ᠤ ᠵᠠᠰᠠᠭ ᠤᠨ ᠣᠷᠳᠣᠨ᠂ ᠲᠣᠭᠤᠷᠢᠭ ᠤᠨ | ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠰᠢᠯᠭᠠᠨ ᠠᠪᠬᠤ ᠭᠤᠶᠤᠴᠢᠯᠠᠯ ᠭᠠᠷᠭᠠᠨ᠎ᠠ᠃ᠰᠢᠯᠭᠠᠨ | ᠠᠪᠬᠤ ᠮᠠᠲ᠋ᠧᠷᠢᠶᠠᠯ ᠳᠤ᠄ ᠲᠥᠷᠥᠯ ᠵᠦᠢᠯ ᠢ ᠰᠢᠯᠭᠠᠨ ᠠᠪᠬᠤ ᠪᠠᠷ ᠭᠤᠶᠤᠴᠢᠯᠠᠭᠰᠠᠨ ᠮᠠᠲ᠋ᠧᠷᠢᠶᠠᠯ᠂ ᠬᠤᠳᠠᠯᠳᠤᠨ | ᠠᠪᠬᠤ ᠭᠡᠷ᠎ᠡ᠂ ᠪᠡᠯᠡᠳᠬᠡᠮᠵᠢ ᠶᠢᠨ ᠮᠠᠲ᠋ᠧᠷᠢᠶᠠᠯ ᠬᠤᠳᠠᠯᠳᠤᠨ ᠠᠪᠤᠭᠰᠠᠨ ᠨᠠᠷᠢᠨ ᠬᠠᠭᠤᠳᠠᠰᠤ᠂ ᠦᠢᠯᠡᠳᠬᠦᠨ ᠤ | ᠶᠠᠰᠤ ᠴᠢᠨᠠᠷ ᠤᠨ ᠬᠢᠷᠢ ᠲᠡᠩᠴᠡᠭᠰᠡᠨ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ᠂ ᠤᠭᠰᠠᠷᠠᠬᠤ ᠵᠠᠷᠤᠳᠠᠯ ᠤᠨ | ᠪᠠᠷᠢᠮᠲᠠ᠂ ᠲᠠᠰ ᠳᠡᠪᠰᠢᠭᠦᠯᠦᠨ ᠥᠭᠡᠷᠡᠴᠢᠯᠡᠬᠦ ᠪᠡᠯᠡᠳᠬᠡᠮᠵᠢ ᠶᠢᠨ ᠡᠮᠦᠨᠡᠬᠢ᠂ ᠬᠤᠶᠢᠨᠠᠬᠢ ᠪᠤᠳᠤᠭᠲᠤ | ᠬᠠᠷᠢᠴᠠᠭᠤᠯᠤᠭᠰᠠᠨ ᠵᠢᠷᠤᠭ ᠵᠡᠷᠭᠡ ᠬᠠᠮᠢᠶ᠎ᠠ ᠪᠦᠬᠦᠢ ᠰᠢᠯᠭᠠᠨ ᠠᠪᠤᠭᠰᠠᠨ ᠮᠠᠲ᠋ᠧᠷᠢᠶᠠᠯ ᠪᠠᠭᠲᠠᠨ᠎ᠠ᠃ | ︵2︶ ᠪᠠᠯᠭᠠᠰᠤᠨ ᠤ ᠵᠠᠰᠠᠭ ᠤᠨ ᠣᠷᠳᠣᠨ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ | ᠮᠥᠴᠢᠷ ᠰᠢᠯᠭᠠᠨ ᠠᠪᠬᠤ ᠭᠤᠶᠤᠴᠢᠯᠠᠯ ᠢ ᠣᠯᠣᠭᠰᠠᠨ ᠤ ᠲᠠᠷᠠᠭ᠎ᠠ ᠬᠠᠮᠲᠤᠷᠠᠨ ᠰᠢᠯᠭᠠᠨ ᠠᠪᠬᠤ ᠠᠷᠭ᠎ᠠ ᠮᠠᠶ᠋ᠢᠭ ᠢ | ᠠᠪᠴᠤ᠂ ᠴᠠᠭ ᠲᠤᠬᠠᠢ ᠳᠤᠨᠢ ᠬᠥᠮᠥᠰ ᠢ ᠵᠣᠬᠢᠶᠠᠨ ᠪᠠᠶᠢᠭᠤᠯᠵᠤ ᠲᠤᠬᠠᠢ ᠶᠢᠨ ᠲᠠᠯᠠᠪᠤᠷ ᠲᠤ ᠣᠴᠢᠭᠤᠯᠤᠨ ᠰᠢᠯᠭᠠᠨ | ᠠᠪᠤᠭᠤᠯᠬᠤ ᠬᠡᠷᠡᠭᠲᠡᠢ᠃ᠰᠢᠯᠭᠠᠨ ᠠᠪᠬᠤ ᠠᠭᠤᠯᠭ᠎ᠠ ᠳᠤ᠄ ᠬᠡᠮᠵᠢᠯᠲᠡ ᠶᠢᠨ ᠪᠠᠷᠢᠯᠭ᠎ᠠ ᠶᠢᠨ ᠲᠠᠯᠠᠪᠠᠶ᠂ ᠭᠤᠣᠯ | ᠴᠣᠭᠴᠠᠲᠤ ᠪᠦᠲᠦᠴᠡ ᠶᠢᠨ ᠪᠠᠷᠢᠯᠭ᠎ᠠ ᠳᠠᠭᠤᠰᠤᠭᠰᠠᠨ ᠡᠰᠡᠬᠦ᠂ ᠢᠵᠢ ᠪᠦᠷᠢᠳᠦᠭᠰᠡᠨ ᠪᠡᠯᠡᠳᠬᠡᠮᠵᠢ ᠨᠢ ᠪᠦᠷᠢᠨ | ᠭᠦᠢᠴᠡᠳ ᠡᠰᠡᠬᠦ᠂ ᠤᠭᠰᠠᠷᠠᠬᠤ ᠮᠠᠲ᠋ᠧᠷᠢᠶᠠᠯ ᠤᠨ ᠨᠠᠷᠢᠨ ᠬᠠᠭᠤᠳᠠᠰᠤ ︵ᠠᠷᠤᠭ ᠶᠠᠰᠤ᠂ ᠬᠥᠪᠥᠩ ᠬᠥᠨᠵᠢᠯᠡ᠂ | ᠰᠠᠷᠠᠪᠴᠢᠨ ᠪᠦᠷᠬᠦᠪᠴᠢ ᠵᠡᠷᠭᠡ ᠭᠤᠣᠯ ᠪᠣᠯᠬᠤ ᠤᠭᠰᠠᠷᠠᠭ᠎ᠠ ᠲᠣᠨᠤᠭ ᠲᠤ ᠶᠠᠰᠤ ᠴᠢᠨᠠᠷ ᠤᠨ ᠪᠠᠶᠢᠴᠠᠭᠠᠯᠲᠠ ᠶᠢᠨ | ᠮᠡᠳᠡᠭᠦᠯᠦᠯᠲᠡ᠂ ᠬᠢᠷᠢ ᠲᠡᠩᠴᠡᠭᠰᠡᠨ ᠦᠨᠡᠮᠯᠡᠯ ᠵᠡᠷᠭᠡ ᠶᠢ ᠬᠠᠩᠭᠠᠬᠤ ᠴᠢᠬᠤᠯᠠᠲᠠᠢ︶᠂ ᠦᠢᠯᠡᠳᠬᠦᠨ ᠤ ᠬᠡᠯᠪᠡᠷᠢ | ᠮᠠᠶ᠋ᠢᠭ ᠢ ᠬᠠᠷᠭᠤᠭᠤᠯᠬᠤ ︵ᠬᠤᠳᠠᠯᠳᠤᠨ ᠠᠪᠤᠭᠰᠠᠨ ᠨᠠᠷᠢᠨ ᠬᠠᠭᠤᠳᠠᠰᠤ ᠲᠠᠢ ᠨᠡᠶᠢᠴᠡᠬᠦ ᠡᠰᠡᠬᠦ︶᠂ ᠥᠪᠡᠷ ᠤᠨ | ᠥᠷᠲᠡᠭ ᠢ ᠬᠢᠨᠠᠨ ᠬᠠᠷᠭᠤᠭᠤᠯᠬᠤ ᠵᠡᠷᠭᠡ ᠪᠠᠭᠲᠠᠨ᠎ᠠ᠃ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠰᠢᠯᠭᠠᠨ | ᠠᠪᠬᠤ ᠨᠢᠭᠡᠴᠡ ᠨᠢ ︽ᠰᠢᠯᠭᠠᠨ ᠠᠪᠬᠤ ᠭᠤᠶᠤᠴᠢᠯᠠᠯ ᠢ ᠬᠢᠨᠠᠨ ᠵᠥᠪᠰᠢᠶᠡᠷᠡᠭᠦᠯᠬᠦ ᠬᠦᠰᠦᠨᠦᠭᠲᠦ︾ ᠳᠤ ᠭᠠᠷ ᠤᠨ | ᠥᠰᠥᠭ ᠵᠢᠷᠤᠵᠤ ᠨᠤᠲᠠᠯᠠᠨ ᠵᠥᠪᠰᠢᠶᠡᠷᠡᠵᠦ᠂ ᠰᠢᠯᠭᠠᠨ ᠠᠪᠬᠤ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠪᠠᠯ | ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠪᠢᠴᠢᠭ ᠢᠶᠠᠷ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠴᠠᠭ ᠤᠨ | ᠬᠢᠵᠠᠭᠠᠷ ᠢ ᠲᠣᠳᠣᠷᠬᠠᠶᠢᠯᠠᠬᠤ ᠬᠡᠷᠡᠭᠲᠡᠢ᠃ | 4. ᠪᠠᠭᠤᠯᠭᠠᠨ ᠥᠭᠬᠦ ᠵᠢᠷᠤᠮ᠄ | ︵1︶ ᠲᠥᠷᠥᠯ ᠵᠦᠢᠯ ᠢ ᠭᠤᠣᠯ ᠮᠠᠲ᠋ᠧᠷᠢᠶᠠᠯ ᠤᠨ ᠶᠣᠰᠣᠭᠠᠷ ᠲᠠᠯᠠᠪᠠᠶ ᠳᠤ ᠣᠷᠣᠵᠤ ᠲᠤᠬᠠᠢ ᠶᠢᠨ ᠭᠠᠵᠠᠷ | ᠲᠤᠨᠢ ᠪᠠᠶᠢᠴᠠᠭᠠᠨ ᠰᠢᠯᠭᠠᠭᠰᠠᠨ ᠤ ᠳᠠᠷᠠᠭ᠎ᠠ᠂ ᠰᠢᠯᠵᠢᠭᠦᠯᠦᠨ ᠥᠭᠴᠦ ᠬᠡᠷᠡᠭᠵᠢᠭᠦᠯᠬᠦ ᠭᠤᠣᠯ ᠴᠣᠭᠴᠠ ᠶᠢᠨ | ᠭᠥᠷᠳᠡᠬᠦ ᠶᠣᠰᠣᠲᠠᠢ ᠨᠥᠬᠦᠪᠦᠷᠢ ᠶᠢᠨ ᠪᠡᠯᠡ ᠮᠥᠩᠭᠦ ᠶᠢᠨ 30% ᠶᠢ ᠡᠳ᠋ᠯᠡᠨ᠎ᠡ︔ᠲᠥᠷᠥᠯ ᠵᠦᠢᠯ ᠤᠨ ᠭᠤᠣᠯ | ᠴᠣᠭᠴᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠠᠭᠤᠰᠤᠭᠰᠠᠨ ᠤ ᠬᠠᠮᠲᠤ ᠰᠢᠯᠭᠠᠨ ᠠᠪᠬᠤ ᠳᠤ ᠬᠢᠷᠢ | ᠲᠡᠩᠴᠡᠭᠰᠡᠨ ᠤ ᠳᠠᠷᠠᠭ᠎ᠠ᠂ ᠰᠢᠯᠵᠢᠭᠦᠯᠦᠨ ᠥᠭᠬᠦ ᠶᠢ ᠬᠡᠷᠡᠭᠵᠢᠭᠦᠯᠬᠦ ᠭᠤᠣᠯ ᠴᠣᠭᠴᠠ ᠨᠢ ᠨᠥᠬᠦᠪᠦᠷᠢ ᠪᠡᠯᠡ | ᠮᠥᠩᠭᠦ ᠶᠢᠨ 30% ᠶᠢ ᠭᠥᠷᠳᠡᠬᠦ ᠬᠡᠷᠡᠭᠲᠡᠢ︔ᠫᠧᠩ ᠤᠨ ᠪᠦᠷᠬᠦᠪᠴᠢ᠂ ᠬᠥᠪᠥᠩ ᠬᠥᠨᠵᠢᠯᠡ ᠶᠢ ᠤᠭᠰᠠᠷᠠᠵᠤ | ᠳᠠᠭᠤᠰᠬᠠᠭᠠᠳ᠂ ᠲᠠᠷᠢᠮᠠᠯ ᠤᠨ ᠨᠥᠬᠦᠴᠡᠯ ᠢ ᠦᠨᠳᠦᠰᠦᠨ ᠲᠡᠭᠡᠨ ᠪᠦᠷᠢᠳᠦᠭᠦᠯᠦᠭᠡᠳ ᠲᠤᠷᠰᠢᠯᠭ᠎ᠠ ᠲᠠᠢ ᠪᠣᠯᠣᠭᠠᠳ | ᠬᠢᠷᠢ ᠲᠡᠩᠴᠡᠭᠰᠡᠨ ᠤ ᠲᠠᠷᠠᠭ᠎ᠠ᠂ ᠰᠠᠯᠭᠠᠨ ᠥᠭᠴᠦ ᠬᠡᠷᠡᠭᠵᠢᠭᠦᠯᠬᠦ ᠭᠤᠣᠯ ᠴᠣᠭᠴᠠ ᠨᠢ ᠨᠥᠬᠦᠪᠦᠷᠢ ᠪᠡᠯᠡ | ᠮᠥᠩᠭᠦ ᠶᠢᠨ 40% ᠶᠢ ᠬᠥᠷᠳᠡᠬᠦ ᠬᠡᠷᠡᠭᠲᠡᠢ᠃ | ︵2︶ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠶᠣᠰᠣᠭᠠᠷ ᠨᠥᠬᠦᠪᠦᠷᠢ ᠪᠡᠯᠡ ᠮᠥᠩᠭᠦ ᠰᠠᠯᠭᠠᠨ | ᠥᠭᠭᠦᠭᠰᠡᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠡᠷᠬᠡᠪᠰᠢ ᠭᠤᠶᠤᠴᠢᠯᠠᠯ ᠭᠠᠷᠭᠠᠵᠤ᠂ ᠲᠣᠭᠤᠷᠢᠭ᠂ | ᠪᠠᠯᠭᠠᠰᠤᠨ ᠤ ᠠᠵᠢᠯᠲᠠᠨ ᠬᠠᠮᠢᠶ᠎ᠠ ᠪᠦᠬᠦᠢ ᠫᠢᠶᠣᠣ ᠪᠠᠷᠢᠮᠲᠠ ᠵᠢᠴᠢ ᠲᠠᠯᠠᠪᠠᠶ ᠳᠤ ᠣᠷᠣᠬᠤ ᠮᠠᠲ᠋ᠧᠷᠢᠶᠠᠯ ᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠰᠢᠯᠭᠠᠵᠤ ᠬᠢᠨᠠᠨ ᠬᠠᠷᠭᠤᠭᠤᠯᠵᠤ᠂ ᠠᠯᠳᠠᠭ᠎ᠠ ᠦᠭᠡᠢ ᠪᠠᠶᠢᠬᠤ ᠶᠢ | ᠨᠤᠲᠠᠯᠠᠭᠰᠠᠨ ᠤ ᠳᠠᠷᠠᠭ᠎ᠠ ᠭᠠᠷ ᠤᠨ ᠥᠰᠥᠭ ᠵᠢᠷᠤᠨ᠎ᠠ᠃ | 5. ᠲᠠᠩᠰᠠ ᠡᠪᠬᠡᠮᠡᠯ ᠪᠠᠶᠢᠭᠤᠯᠬᠤ᠄ ᠳ᠋ᠦᠩᠨᠡᠨ ᠪᠤᠳᠤᠬᠤ ᠶᠢ ᠪᠡᠶᠡᠯᠡᠭᠦᠯᠦᠭᠰᠡᠨ ᠤ ᠳᠠᠷᠠᠭ᠎ᠠ᠂ ᠪᠠᠯᠭᠠᠰᠤᠨ ᠤ | ᠵᠠᠰᠠᠭ ᠤᠨ ᠣᠷᠳᠣᠨ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠣᠰ ᠲᠣᠰ | ᠲᠠᠩᠰᠠ ᠡᠪᠬᠡᠮᠡᠯ ᠪᠠᠶᠢᠭᠤᠯᠬᠤ ᠠᠵᠢᠯ ᠢ ᠰᠠᠶᠢᠲᠤᠷ ᠬᠢᠵᠦ᠂ ᠪᠣᠶ ᠪᠦᠬᠦᠢ ᠮᠡᠳᠡᠭᠦᠯᠬᠦ ᠬᠦᠰᠦᠨᠦᠭᠲᠦ ᠵᠢᠴᠢ ᠮᠡᠳᠡᠭᠦᠯᠬᠦ | ᠮᠠᠲ᠋ᠧᠷᠢᠶᠠᠯ᠂ ᠰᠢᠯᠭᠠᠨ ᠠᠪᠬᠤ ᠬᠦᠰᠦᠨᠦᠭᠲᠦ᠂ ᠪᠡᠶ᠎ᠡ ᠶᠢᠨ ᠦᠨᠡᠮᠯᠡᠯ᠂ ᠭᠡᠷ᠎ᠡ ︵ᠵᠥᠪᠯᠡᠯᠴᠡᠭᠡᠷ︶᠂ ᠲᠤᠬᠠᠢ ᠶᠢᠨ | ᠲᠠᠯᠠᠪᠤᠷ ᠤᠨ ᠬᠡᠷᠡᠯ ᠵᠢᠷᠤᠭ᠂ ᠬᠤᠪᠢ ᠬᠥᠮᠥᠨ ︵ᠨᠢᠭᠡᠴᠡ︶ ᠤ ᠮᠡᠳᠡᠭᠡ ᠵᠠᠩᠭᠢ ᠶᠢᠨ ᠬᠦᠰᠦᠨᠦᠭᠲᠦ ᠵᠡᠷᠭᠡ | ᠮᠠᠲ᠋ᠧᠷᠢᠶᠠᠯ ᠢ ᠴᠤᠭᠯᠠᠭᠤᠯᠵᠤ᠂ ᠦᠳᠡᠵᠦ᠂ ᠲᠠᠩᠰᠠ ᠡᠪᠬᠡᠮᠡᠯ ᠳᠤ ᠣᠷᠣᠭᠤᠯᠵᠤ᠂ ᠲᠣᠰ ᠲᠣᠰ ᠲᠤᠨᠢ ᠬᠠᠳᠠᠭᠠᠯᠠᠨ | ᠬᠠᠮᠢᠶᠠᠷᠤᠨ᠎ᠠ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ | ᠳ᠋ᠦᠩ ᠾᠧ ᠲᠣᠭᠤᠷᠢᠭ ᠤᠨ ᠲᠥᠬᠦᠭᠡᠷᠦᠮᠵᠢ ᠶᠢᠨ ᠲᠠᠷᠢᠶᠠᠯᠠᠩ ᠢ ᠳᠡᠰ ᠳᠡᠪᠰᠢᠭᠦᠯᠦᠨ ᠥᠭᠡᠷᠡᠴᠢᠯᠡᠬᠦ | ᠲᠥᠷᠥᠯ ᠵᠦᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ | ᠳᠠᠷᠤᠭ᠎ᠠ ᠶᠠᠩ ᠵᠢᠶᠠᠨ ᠵᠢᠶᠦ᠋ᠨ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠲᠣᠭᠤᠷᠢᠭ ᠤᠨ | ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠭᠦᠸᠧ ᠴᠤᠸ ᠵᠢᠶᠧ᠂ ᠲᠣᠭᠤᠷᠢᠭ ᠤᠨ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ ᠭᠦᠸᠧ ᠱᠣᠸ ᠺᠦᠨ ᠳᠤᠭᠤᠶᠢᠯᠠᠩ ᠤᠨ ᠳᠡᠳ᠋ ᠳᠠᠷᠤᠭ᠎ᠠ ᠶᠢᠨ | ᠲᠤᠰᠢᠶᠠᠯ ᠢ ᠡᠭᠦᠷᠭᠡᠯᠡᠵᠦ᠂ ᠪᠦᠷᠢᠯᠳᠦᠭᠦᠨ ᠨᠢ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ᠂ ᠲᠣᠭᠤᠷᠢᠭ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠣᠭᠤᠷᠢᠭ ᠤᠨ ᠮᠥᠩᠭᠦᠨ ᠭᠦᠢᠯᠭᠡᠭᠡᠨ ᠤ ᠠᠯᠪᠠᠨ ᠭᠡᠷ ᠪᠠ | ᠰᠢᠷᠴᠢᠨ ᠪᠠᠯᠭᠠᠰᠤ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠶᠢᠨ ᠭᠤᠣᠯ | ᠤᠳᠤᠷᠢᠳᠤᠯᠭ᠎ᠠ ᠪᠠᠷ ᠪᠦᠷᠢᠯᠳᠦᠨ᠎ᠡ᠃ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ | ᠭᠡᠷ ᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠭᠡᠷ ᠤᠨ | ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ | ᠭᠦᠸᠧ ᠱᠣᠸ ᠺᠦᠨ ᠬᠠᠪᠰᠤᠷᠭᠠᠨ ᠬᠠᠷᠢᠭᠤᠴᠠᠵᠤ᠂ ᠶᠡᠷᠦᠩᠬᠡᠶᠢᠯᠡᠨ ᠵᠣᠬᠢᠴᠠᠭᠤᠯᠵᠤ ᠨᠢᠭᠡᠳᠦᠯᠲᠡᠢ ᠲᠥᠯᠥᠪᠯᠡᠬᠦ | ᠠᠵᠢᠯ ᠢ ᠬᠠᠷᠢᠭᠤᠴᠠᠨ᠂ ᠲᠤᠬᠠᠢ ᠶᠢᠨ ᠭᠠᠵᠠᠷ ᠲᠤᠨᠢ ᠭᠦᠨᠵᠡᠭᠡᠶᠢᠷᠡᠨ ᠪᠠᠶᠢᠴᠠᠭᠠᠯᠲᠠ ᠬᠢᠵᠦ ᠪᠠᠶᠢᠳᠠᠯ ᠢ ᠣᠶᠢᠯᠠᠭᠠᠨ᠂ | ᠡᠯ᠎ᠡ ᠲᠥᠷᠥᠯ ᠵᠦᠢᠯ ᠢ ᠭᠤᠶᠤᠴᠢᠯᠠᠨ ᠮᠡᠳᠡᠭᠦᠯᠵᠦ ᠬᠡᠷᠡᠭᠵᠢᠭᠦᠯᠬᠦ ᠭᠤᠣᠯ ᠴᠣᠭᠴᠠ᠂ ᠭᠠᠵᠠᠷ ᠰᠢᠷᠣᠢ᠂ ᠬᠡᠪᠴᠢᠶ᠎ᠡ | ᠪᠠ ᠪᠣᠳᠠᠲᠠᠢ ᠬᠡᠷᠡᠭᠵᠢᠭᠦᠯᠬᠦ ᠠᠭᠤᠯᠭ᠎ᠠ ᠵᠡᠷᠭᠡ ᠶᠢ ᠲᠣᠭᠲᠠᠭᠠᠵᠤ᠂ ᠬᠡᠷᠡᠭᠵᠢᠭᠦᠯᠬᠦ ᠲᠥᠰᠥᠯ ᠢ ᠵᠣᠬᠢᠶᠠᠨ ᠪᠠᠶᠢᠭᠤᠯᠤᠨ | ᠲᠣᠭᠲᠠᠭᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠬᠠᠷᠢᠭᠤᠴᠠᠯᠭ᠎ᠠ ᠶᠢᠨ ᠬᠡᠰᠡᠭ | ᠣᠷᠣᠨ ᠢ ᠬᠤᠪᠢᠶᠠᠷᠢᠯᠠᠨ ᠲᠣᠭᠲᠠᠭᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ | ᠦᠨᠡᠨᠬᠦ ᠪᠠᠲᠤᠯᠠᠨ᠎ᠠ᠃ | ︵ᠬᠤᠶᠠᠷ︶ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠬᠤ ᠬᠡᠷᠡᠭᠲᠡᠢ | ᠲᠥᠷᠥᠯ ᠵᠦᠢᠯ ᠤᠨ ᠴᠤᠭᠯᠠᠷᠠᠯ ᠤᠨ ᠦᠢᠯᠡᠳᠦᠯ ᠢ ᠪᠠᠳᠠᠷᠠᠭᠤᠯᠵᠤ᠂ ᠬᠥᠭᠵᠢᠭᠦᠯᠦᠯᠲᠡ ᠥᠭᠡᠷᠡᠴᠢᠯᠡᠯᠲᠡ᠂ | ᠡᠳ᠋ ᠤᠨ ᠵᠠᠰᠠᠭ᠂ ᠲᠠᠷᠢᠶᠠᠯᠠᠩ᠂ ᠤᠰᠤᠨ ᠠᠰᠢᠭᠯᠠᠯᠲᠠ᠂ ᠤᠯᠤᠰ ᠤᠨ ᠭᠠᠵᠠᠷ ᠰᠢᠷᠣᠢ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠡᠷᠭᠡ ᠲᠥᠷᠥᠯ ᠵᠦᠢᠯ ᠤᠨ ᠪᠡᠯᠡ ᠮᠥᠩᠭᠦ ᠶᠢ ᠣᠯᠠᠨ ᠠᠷᠭ᠎ᠠ ᠵᠠᠮ ᠢᠶᠠᠷ ᠡᠮᠬᠢᠯᠡᠨ | ᠨᠡᠶᠢᠯᠡᠭᠦᠯᠵᠦ᠂ ᠪᠡᠯᠡᠳᠭᠡᠮᠵᠢᠳᠤ ᠲᠠᠷᠢᠶᠠᠯᠠᠩ ᠤᠨ ᠥᠭᠡᠷᠡᠴᠢᠯᠡᠯᠲᠡ ᠪᠠ ᠳᠡᠭᠡᠭᠰᠢᠯᠡᠯᠲᠡ ᠶᠢ ᠳᠡᠮᠵᠢᠨ᠎ᠡ᠃ᠢᠲᠡᠭᠡᠮᠵᠢᠲᠦ | ᠵᠢᠭᠡᠯᠡᠯᠭᠡ᠂ ᠳᠠᠭᠠᠳᠬᠠᠯ ᠵᠡᠷᠭᠡ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠵᠦ᠂ ᠨᠡᠩ ᠤᠯᠠᠨ ᠨᠡᠶᠢᠭᠡᠮ ᠤᠨ | ᠪᠡᠯᠡ ᠮᠥᠩᠭᠦ ᠶᠢ ᠬᠥᠲᠥᠯᠥᠨ ᠵᠢᠯᠤᠭᠤᠳᠴᠤ ᠪᠠᠶᠢᠭᠠᠳ ᠵᠦᠢᠯᠡᠰ ᠤᠨ ᠪᠦᠲᠦᠭᠡᠨ ᠪᠠᠶᠢᠭᠤᠯᠤᠯᠲᠠ ᠪᠠ ᠮᠡᠷᠭᠡᠵᠢᠯ ᠤᠨ | ᠦᠢᠯᠡᠴᠢᠯᠡᠭᠡᠨ ᠤ ᠰᠢᠨ᠎ᠡ ᠶᠢ ᠡᠭᠦᠳᠬᠦ ᠬᠦᠷᠢᠶᠡᠨ ᠳᠤ ᠣᠷᠣᠭᠤᠯᠤᠨ᠎ᠠ᠃ | ︵ᠭᠤᠷᠪᠠ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠷᠠᠭᠤᠯᠬᠤ ᠬᠡᠷᠡᠭᠲᠡᠢ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ | ᠠᠬᠢᠴᠠ ᠶᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠵᠤ᠂ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠪᠠ | ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢᠶᠠᠨ ᠱᠠᠭᠠᠷᠳᠠᠯᠭ᠎ᠠ ᠶᠣᠰᠣᠭᠠᠷ ᠴᠠᠭ ᠲᠤᠬᠠᠢ ᠳᠤᠨᠢ ᠮᠡᠳᠡᠭᠦᠯᠦᠨ ᠬᠦᠷᠭᠡᠵᠦ᠂ | ᠲᠥᠷᠥᠯ ᠵᠦᠢᠯ ᠢ ᠪᠠᠶᠢᠴᠠᠭᠠᠵᠤ ᠰᠢᠯᠭᠠᠨ ᠠᠪᠬᠤ᠂ ᠮᠠᠲ᠋ᠧᠷᠢᠶᠠᠯ ᠴᠤᠭᠯᠠᠭᠤᠯᠬᠤ ᠪᠠ ᠠᠶᠤᠯ ᠦᠭᠡᠢ ᠦᠢᠯᠡᠳᠪᠦᠷᠢᠯᠡᠬᠦ | ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ | ᠪᠡᠯᠡᠳᠭᠡᠮᠵᠢᠳᠤ ᠲᠠᠷᠢᠶᠠᠯᠠᠩ ᠤᠨ ᠥᠭᠡᠷᠡᠴᠢᠯᠡᠨ ᠲᠠᠰ ᠳᠡᠪᠰᠢᠭᠦᠯᠬᠦ ᠲᠥᠷᠥᠯ ᠵᠦᠢᠯ ᠳᠤ ᠴᠣᠬᠤᠯᠠᠪᠤᠷᠢ | ᠬᠠᠷᠢᠭᠤᠯᠲᠠ ᠶᠢ ᠰᠠᠶᠢᠲᠤᠷ ᠬᠢᠬᠦ ᠶᠢ ᠬᠠᠷᠢᠭᠤᠴᠠᠨ᠎ᠠ᠃ᠣᠷᠣᠨ ᠤ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ | ᠲᠣᠪᠴᠢᠶ᠎ᠠ ᠨᠢ ᠴᠢᠮᠡᠭᠡ ᠬᠤᠯᠪᠣᠭ᠎ᠠ᠂ ᠴᠠᠬᠢᠯᠭᠠᠨ ᠬᠦᠴᠦᠨ ᠵᠡᠷᠭᠡ ᠬᠤᠭᠤᠯᠠᠢ ᠱᠤᠭᠤᠮ ᠢ ᠬᠠᠮᠠᠭᠠᠯᠠᠨ ᠬᠠᠮᠢᠶᠠᠷᠬᠤ | ᠨᠢᠭᠡᠴᠡ ᠯᠦᠭᠡ ᠬᠠᠮᠵᠢᠯᠴᠠᠨ ᠵᠣᠬᠢᠴᠠᠭᠤᠯᠵᠤ ᠴᠢᠮᠡᠭᠡ ᠬᠤᠯᠪᠣᠭ᠎ᠠ᠂ ᠬᠤᠭᠤᠯᠠᠢ ᠤᠲᠠᠰᠤ᠂ ᠴᠠᠬᠢᠯᠭᠠᠨ ᠬᠦᠴᠦᠨ ᠤ | ᠱᠤᠭᠤᠮ ᠢ ᠰᠢᠯᠵᠢᠭᠦᠯᠦᠨ ᠰᠢᠯᠵᠢᠭᠦᠯᠬᠦ᠂ ᠪᠡᠯᠡᠳᠭᠡᠮᠵᠢᠳᠤ ᠲᠠᠷᠢᠶᠠᠯᠠᠩ ᠤᠨ ᠲᠥᠷᠥᠯ ᠵᠦᠢᠯ ᠤᠨ ᠴᠠᠬᠢᠯᠭᠠᠨ | ᠬᠦᠴᠦᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠪᠠᠭᠲᠠᠭᠠᠮᠵᠢ ᠶᠢ ᠨᠡᠮᠡᠭᠳᠡᠭᠦᠯᠬᠦ ᠵᠡᠷᠭᠡ ᠠᠵᠢᠯ ᠢ | ᠰᠠᠶᠢᠲᠤᠷ ᠬᠢᠵᠦ᠂ ᠲᠥᠷᠥᠯ ᠵᠦᠢᠯ ᠤᠨ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠶᠢ ᠬᠠᠷᠢᠭᠤᠴᠠᠨ᠎ᠠ᠃ | ᠣᠷᠣᠨ ᠤ ᠡᠳ᠋ ᠤᠨ ᠵᠠᠰᠠᠭ ᠤᠨ ᠲᠣᠪᠴᠢᠶ᠎ᠠ ᠨᠢ ᠪᠡᠯᠡᠳᠭᠡᠮᠵᠢᠳᠤ ᠲᠠᠷᠢᠶᠠᠯᠠᠩ ᠤᠨ ᠲᠠᠰ ᠳᠡᠪᠰᠢᠭᠦᠯᠦᠨ ᠥᠭᠡᠷᠡᠴᠢᠯᠡᠬᠦ | ᠲᠤᠰᠬᠠᠢ ᠵᠦᠢᠯ ᠤᠨ ᠪᠡᠯᠡ ᠮᠥᠩᠭᠦ ᠶᠢ ᠰᠠᠯᠭᠠᠨ ᠥᠭᠬᠦ ᠠᠵᠢᠯ ᠢ ᠬᠠᠷᠢᠭᠤᠴᠠᠵᠤ᠂ ᠪᠡᠯᠡ ᠮᠥᠩᠭᠦ ᠶᠢᠨ | ᠬᠡᠷᠡᠭᠯᠡᠯᠲᠡ ᠶᠢᠨ ᠠᠮᠤᠷ ᠲᠦᠪᠰᠢᠨ ᠪᠠ ᠵᠢᠷᠤᠮᠵᠢᠯ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠢᠳᠡᠪᠬᠢᠲᠡᠢ ᠪᠠᠷ ᠪᠡᠯᠡ ᠮᠥᠩᠭᠦ ᠴᠤᠭᠯᠠᠭᠤᠯᠵᠤ᠂ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠡᠮᠬᠢᠯᠡᠨ | ᠨᠡᠶᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠪᠡᠯᠡ ᠮᠥᠩᠭᠦ ᠶᠢ ᠲᠥᠪᠯᠡᠷᠡᠭᠦᠯᠦᠨ ᠨᠢᠭᠡᠳᠦᠯᠲᠡᠢ | ᠲᠥᠯᠥᠪᠯᠡᠨ ᠲᠣᠬᠢᠷᠠᠭᠤᠯᠤᠨ ᠬᠡᠷᠡᠭᠯᠡᠵᠦ᠂ ᠪᠡᠯᠡᠳᠭᠡᠮᠵᠢᠳᠤ ᠲᠠᠷᠢᠶᠠᠯᠠᠩ ᠤᠨ ᠲᠠᠰ ᠳᠡᠪᠰᠢᠭᠦᠯᠦᠨ ᠥᠭᠡᠷᠡᠴᠢᠯᠡᠬᠦ | ᠣᠷᠣᠨ ᠤ ᠳᠣᠲᠣᠷᠠᠬᠢ ᠤᠰᠤ᠂ ᠴᠠᠬᠢᠯᠭᠠᠨ᠂ ᠵᠠᠮ ᠵᠡᠷᠭᠡ ᠰᠠᠭᠤᠷᠢ ᠪᠡᠯᠡᠳᠬᠡᠮᠵᠢ ᠶᠢᠨ ᠪᠡᠯᠡ ᠮᠥᠩᠭᠦ ᠶᠢ ᠢᠵᠢ | ᠪᠦᠷᠢᠳᠦᠭᠦᠯᠬᠦ ᠶᠢ ᠪᠠᠲᠤᠯᠠᠨ᠎ᠠ᠃ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ | ᠵᠣᠯᠭᠠᠭᠤᠯᠬᠤ ᠪᠡᠯᠡ ᠮᠥᠩᠭᠦ ᠴᠤᠭᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ ᠬᠡᠷᠡᠭᠯᠡᠨ᠎ᠡ᠃ᠣᠷᠣᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ | ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭ᠎ᠠ ᠪᠠ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ | ᠬᠦᠷᠭᠡᠬᠦ ᠲᠥᠷᠥᠯ ᠤᠨ ᠠᠵᠢᠯ ᠢ ᠬᠠᠷᠢᠭᠤᠴᠠᠬᠤ᠃ ᠣᠷᠣᠨ ᠤ ᠮᠥᠩᠭᠦᠨ ᠭᠦᠢᠯᠭᠡᠭᠡᠨ ᠤ ᠠᠯᠪᠠᠨ ᠭᠡᠷ ᠠᠴᠠ | ᠣᠷᠣᠨ ᠤ ᠳᠣᠲᠣᠷᠠᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ ᠪᠠᠶᠢᠭᠠᠳ ᠲᠥᠷᠥᠯ ᠵᠦᠢᠯ ᠢ | ᠬᠡᠷᠡᠭᠵᠢᠭᠦᠯᠬᠦ ᠭᠤᠣᠯ ᠴᠣᠭᠴᠠ ᠶᠢᠨ ᠵᠢᠭᠡᠯᠡᠯᠭᠡ ᠶᠢᠨ ᠠᠵᠢᠯ ᠢ ᠬᠠᠷᠢᠭᠤᠴᠠᠬᠤ᠃ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠬᠤᠪᠢᠶᠠᠷᠢ ᠲᠣᠪᠴᠢᠶ᠎ᠠ ᠨᠢ ︽ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠮᠡᠳᠡᠭᠳᠡᠯ︾ ᠵᠡᠷᠭᠡ | ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠭᠠᠵᠠᠷ ᠬᠡᠷᠡᠭᠯᠡᠬᠦ ᠲᠥᠷᠥ ᠶᠢᠨ | ᠪᠣᠳᠣᠯᠭ᠎ᠠ ᠶᠢ ᠲᠣᠳᠣᠷᠬᠠᠶᠢᠯᠠᠨ᠂ ᠪᠠᠯᠭᠠᠰᠤ ᠶᠢᠨ ᠵᠠᠰᠠᠭ ᠤᠨ ᠣᠷᠳᠣᠨ ᠢ ᠵᠢᠯᠤᠭᠤᠳᠴᠤ ᠪᠠᠶᠢᠭᠠᠳ ᠪᠡᠯᠡᠳᠭᠡᠮᠵᠢᠳᠤ | ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠵᠢᠴᠢ ᠳᠠᠩᠰᠠᠯᠠᠬᠤ ᠠᠵᠢᠯ ᠢ ᠰᠠᠶᠢᠲᠤᠷ ᠬᠢᠨ᠎ᠡ᠃ᠰᠢᠷᠴᠢᠨ | ᠪᠠᠯᠭᠠᠰᠤ ᠨᠢ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠳᠠᠩᠰᠠᠯᠠᠬᠤ ᠠᠵᠢᠯ᠂ ᠬᠠᠭᠤᠴᠢᠷᠠᠭᠰᠠᠨ | ᠬᠦᠯᠡᠮᠵᠢ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠬᠦ ᠵᠢᠴᠢ ᠵᠠᠬ᠎ᠠ ᠬᠢᠵᠠᠭᠠᠷ ᠢ ᠥᠷᠭᠡᠳᠬᠡᠨ ᠵᠠᠬ᠎ᠠ ᠬᠢᠵᠠᠭᠠᠷ ᠢ | ᠥᠷᠭᠡᠳᠬᠡᠬᠦ᠂ ᠵᠠᠪᠰᠠᠷ ᠢ ᠨᠢ ᠦᠵᠡᠵᠦ ᠵᠡᠭᠦᠦ ᠬᠠᠳᠬᠤᠬᠤ ᠲᠣᠮᠣ ᠫᠧᠩ ᠤᠨ ᠪᠦᠲᠦᠭᠡᠨ ᠪᠠᠶᠢᠭᠤᠯᠤᠯᠲᠠ ᠶᠢᠨ ᠠᠵᠢᠯ | ᠂ ᠭᠠᠵᠠᠷ ᠰᠢᠷᠣᠢ ᠶᠢ ᠡᠷᠭᠢᠯᠳᠦᠭᠦᠯᠬᠦ᠂ ᠲᠣᠬᠢᠷᠠᠭᠤᠯᠤᠯᠲᠠ ᠬᠢᠬᠦ᠂ ᠠᠶᠤᠯ ᠦᠭᠡᠢ ᠦᠢᠯᠡᠳᠪᠦᠷᠢᠯᠡᠬᠦ᠂ ᠰᠢᠯᠭᠠᠨ | ᠬᠤᠷᠢᠶᠠᠵᠤ ᠳ᠋ᠦᠩᠨᠡᠬᠦ ᠵᠡᠷᠭᠡ ᠠᠵᠢᠯ ᠢ ᠬᠠᠷᠢᠭᠤᠴᠠᠨ᠎ᠠ᠃ | ︵ᠳᠥᠷᠪᠡ︶ ᠮᠡᠷᠭᠡᠵᠢᠯ ᠤᠨ ᠪᠠᠲᠤᠯᠠᠭ᠎ᠠ ᠶᠢ ᠴᠢᠩᠭᠠᠳᠬᠠᠨ᠎ᠠ | ᠨᠢᠭᠡ ᠳᠤ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ᠂ ᠪᠤᠭᠤᠲᠤ ᠶᠢᠨ ᠲᠠᠷᠢᠶᠠᠯᠠᠩ ᠤᠨ ᠰᠤᠳᠤᠯᠭᠠᠨ ᠤ ᠭᠠᠵᠠᠷ ᠵᠡᠷᠭᠡ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠬᠠᠮᠲᠤᠷᠠᠯᠴᠠᠬᠤ ᠲᠣᠭᠲᠠᠴᠠ ᠪᠠᠶᠢᠭᠤᠯᠬᠤ ᠶᠢ | ᠴᠢᠩᠭᠠᠳᠬᠠᠵᠤ᠂ ᠲᠤᠰᠬᠠᠢ ᠮᠡᠷᠭᠡᠵᠢᠯᠲᠡᠨ᠂ ᠶᠡᠭᠡ ᠰᠤᠷᠭᠠᠭᠤᠯᠢ ᠶᠢᠨ ᠫᠷᠤᠹᠧᠰᠰᠤᠷ ᠢ ᠤᠷᠢᠵᠤ ᠲᠤᠰᠬᠠᠢ | ᠮᠡᠷᠭᠡᠵᠢᠯᠲᠡᠨ ᠤ ᠵᠥᠪᠯᠡᠭᠴᠢ ᠶᠢᠨ ᠳᠤᠭᠤᠶᠢᠯᠠᠩ ᠢ ᠪᠦᠷᠢᠯᠳᠦᠭᠦᠯᠵᠦ᠂ ᠲᠡᠷᠢᠭᠦᠨ ᠤ ᠬᠡᠷᠡᠭᠯᠡᠭᠡᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ᠂ ᠡᠯ᠎ᠡ ᠲᠥᠷᠥᠯ ᠤᠨ ᠰᠢᠨ᠎ᠡ ᠮᠡᠷᠭᠡᠵᠢᠯ᠂ ᠰᠢᠨ᠎ᠡ ᠤᠷᠠᠯᠠᠯ ᠢ ᠶᠡᠬᠡᠪᠡᠷ | ᠣᠷᠣᠭᠤᠯᠤᠨ ᠠᠪᠴᠢᠷᠠᠬᠤ ᠪᠠ ᠳᠡᠯᠭᠡᠷᠡᠭᠦᠯᠦᠨ᠎ᠡ᠃ᠬᠤᠶᠠᠷ ᠲᠤ ᠲᠦᠷᠦ ᠶᠢᠨ ᠪᠣᠳᠣᠯᠭ᠎ᠠ ᠪᠠᠷ ᠬᠥᠲᠥᠯᠥᠨ | ᠵᠢᠯᠤᠭᠤᠳᠬᠤ᠂ ᠵᠦᠢᠯᠡᠰ ᠢ ᠳᠠᠭᠠᠭᠠᠴᠢᠯᠠᠭᠤᠯᠬᠤ᠂ ᠮᠡᠷᠭᠡᠵᠢᠯ ᠢ ᠰᠢᠯᠵᠢᠭᠦᠯᠦᠨ ᠥᠭᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠲᠠᠷᠢᠶᠠᠯᠠᠩ ᠤᠨ ᠲᠣᠭᠠᠵᠢᠭᠤᠯᠤᠭᠰᠠᠨ ᠲᠥᠬᠦᠭᠡᠷᠦᠮᠵᠢ ᠲᠥᠬᠦᠭᠡᠷᠦᠮᠵᠢ ᠶᠢ ᠢᠵᠢ ᠪᠦᠷᠢᠳᠦᠭᠦᠯᠬᠦ᠂ | ᠰᠢᠨ᠎ᠡ ᠡᠭᠦᠯᠳᠡᠷ᠂ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠬᠤ᠂ ᠣᠶᠤᠨᠴᠢᠯᠠᠭᠰᠠᠨ ᠬᠠᠮᠢᠶᠠᠷᠤᠯᠲᠠ ᠵᠡᠷᠭᠡ | ᠲᠠᠯ᠎ᠠ ᠪᠠᠷ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠲᠠᠲᠠᠵᠤ ᠪᠡᠯᠡᠳᠭᠡᠮᠵᠢᠳᠤ | ᠲᠠᠷᠢᠶᠠᠯᠠᠩ ᠤᠨ ᠥᠭᠡᠷᠡᠴᠢᠯᠡᠯᠲᠡ ᠪᠠ ᠳᠡᠭᠡᠭᠰᠢᠯᠡᠯᠲᠡ ᠳᠤ ᠣᠷᠣᠯᠴᠠᠭᠤᠯᠤᠨ᠎ᠠ᠃ᠭᠤᠷᠪᠠ ᠳᠤ ᠲᠣᠭᠤᠷᠢᠭ᠂ | ᠪᠠᠯᠭᠠᠰᠤᠨ ᠤ ᠲᠠᠷᠢᠶᠠᠯᠠᠩ ᠤᠨ ᠲᠤᠰᠬᠠᠢ ᠮᠡᠷᠭᠡᠵᠢᠯ ᠤᠨ ᠬᠦᠴᠦᠨ ᠳᠤ ᠲᠦᠰᠢᠭᠯᠡᠨ᠂ ᠲᠥᠬᠦᠭᠡᠷᠦᠮᠵᠢᠲᠦ | ᠲᠠᠷᠢᠶᠠᠯᠠᠩ ᠤᠨ ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ᠂ ᠮᠡᠳᠡᠭᠡ ᠵᠠᠩᠭᠢ ᠶᠢᠨ ᠦᠢᠯᠡᠴᠢᠯᠡᠭᠡ ᠳᠤ ᠪᠦᠬᠦ | ᠲᠠᠯ᠎ᠠ ᠶᠢᠨ ᠮᠡᠷᠭᠡᠵᠢᠯ ᠤᠨ ᠦᠢᠯᠡᠴᠢᠯᠡᠭᠡᠨ ᠤ ᠳᠡᠮᠵᠢᠯᠭᠡ ᠬᠠᠩᠭᠠᠨ᠎ᠠ᠃ | ︵ᠲᠠᠪᠤ︶ ᠰᠢᠮᠳᠠᠭᠤᠯᠵᠤ ᠬᠢᠨᠠᠨ ᠰᠢᠯᠭᠠᠬᠤ ᠶᠢ ᠴᠢᠩᠭᠠᠳᠬᠠᠬᠤ ᠬᠡᠷᠡᠭᠲᠡᠢ | ᠡᠯ᠎ᠡ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠨᠢ ᠨᠢᠭᠡᠳᠦᠯᠲᠡᠢ ᠲᠥᠯᠥᠪᠵᠢᠭᠦᠯᠵᠦ᠂ ᠨᠢᠭᠡᠳᠦᠯᠲᠡᠢ | ᠵᠢᠷᠤᠭᠯᠠᠨ ᠲᠥᠯᠥᠪᠯᠡᠵᠦ᠂ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠨᠢᠭᠡᠳᠦᠯᠲᠡᠢ ᠪᠣᠯᠭᠠᠵᠤ᠂ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ᠪᠠᠯᠭᠠᠰᠤᠨ ᠤ ᠵᠠᠰᠠᠭ ᠤᠨ ᠣᠷᠳᠣᠨ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ | ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠡᠷᠡᠭᠯᠡᠬᠦ ᠬᠡᠪᠴᠢᠶ᠎ᠡ ᠶᠢ ᠴᠢᠩᠳᠠᠯᠠᠵᠤ᠂ | ᠦᠯᠡᠳᠡᠭᠡᠨ ᠠᠪᠬᠤ᠂ ᠨᠡᠭᠦᠯᠭᠡᠨ ᠬᠡᠷᠡᠭᠯᠡᠬᠦ ᠪᠠ ᠬᠡᠪᠴᠢᠶ᠎ᠡ ᠠᠴᠠ ᠬᠡᠲᠦᠷᠡᠭᠦᠯᠦᠨ ᠵᠠᠷᠤᠴᠠᠭᠤᠯᠬᠤ ᠶᠢ ᠴᠢᠩᠭ᠎ᠠ | ᠴᠠᠭᠠᠵᠠᠯᠠᠵᠤ᠂ ᠲᠥᠷᠥᠯ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ | ᠬᠡᠷᠡᠭᠲᠡᠢ᠃ᠲᠥᠷᠥᠯ ᠵᠦᠢᠯ ᠤᠨ ᠭᠠᠷᠠᠭ ᠤᠨ ᠲᠣᠬᠢᠷᠠᠭᠤᠯᠬᠤ ᠠᠵᠢᠯ ᠤᠨ ᠳᠦᠷᠢᠮ ᠢ ᠪᠠᠶᠢᠭᠤᠯᠵᠤ᠂ | ᠬᠡᠷᠡᠭᠵᠢᠭᠦᠯᠦᠭᠰᠡᠨ ᠠᠬᠢᠴᠠ ᠪᠠ ᠪᠡᠯᠡ ᠮᠥᠩᠭᠦ ᠶᠢᠨ ᠵᠠᠷᠤᠯᠭ᠎ᠠ ᠶᠢᠨ ᠪᠠᠶᠢᠳᠠᠯ ᠢ ᠭᠤᠣᠯᠳᠠᠯᠭ᠎ᠠ ᠲᠠᠢ ᠲᠣᠬᠢᠷᠠᠭᠤᠯᠤᠨ᠂ | ᠠᠵᠢᠯ ᠤᠨ ᠡᠭᠦᠷᠭᠡ ᠶᠢᠨ ᠠᠬᠢᠴᠠ ᠶᠢᠨ ᠪᠠᠶᠢᠳᠠᠯ ᠪᠠ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠵᠤ᠂ ᠮᠡᠳᠡᠭᠡᠯᠡᠬᠦ | ᠪᠠ ᠰᠢᠯᠭᠠᠨ ᠦᠨᠡᠯᠡᠬᠦ ᠳᠦᠷᠢᠮ ᠢ ᠪᠠᠶᠢᠭᠤᠯᠤᠨ᠂ ᠪᠡᠯᠡᠳᠭᠡᠮᠵᠢᠳᠤ ᠲᠠᠷᠢᠶᠠᠯᠠᠩ ᠤᠨ ᠲᠠᠰ ᠳᠡᠪᠰᠢᠭᠦᠯᠦᠨ | ᠥᠭᠡᠷᠡᠴᠢᠯᠡᠬᠦ ᠲᠥᠷᠥᠯ ᠵᠦᠢᠯ ᠤᠨ ᠠᠵᠢᠯ ᠢ ᠲᠦᠯᠬᠢᠨ ᠠᠬᠢᠭᠤᠯᠬᠤ ᠲᠠᠯ᠎ᠠ ᠪᠠᠷ ᠲᠣᠪᠣᠶᠢᠮ᠎ᠠ᠂ ᠠᠬᠢᠴᠠ ᠲᠦᠷᠭᠡᠨ᠂ | ᠦᠵᠡᠭᠦᠯᠦᠯᠭᠡ ᠶᠢᠨ ᠴᠢᠨᠠᠷᠲᠠᠢ ᠬᠡᠰᠡᠭ ᠣᠷᠣᠨ ᠢ ᠱᠠᠩᠨᠠᠨ ᠬᠥᠬᠢᠭᠦᠯᠬᠦ ᠬᠡᠷᠡᠭᠲᠡᠢ᠃ | ᠳᠠᠭᠠᠯᠳᠤᠭᠤᠯᠤᠯ 1 | ᠳ᠋ᠦᠩ ᠾᠧ ᠲᠣᠭᠤᠷᠢᠭ ᠤᠨ ᠲᠥᠬᠦᠭᠡᠷᠦᠮᠵᠢᠲᠦ ᠲᠠᠷᠢᠶᠠᠯᠠᠩ ᠢ ᠳᠡᠰ ᠳᠡᠪᠰᠢᠭᠦᠯᠦᠨ ᠥᠭᠡᠷᠡᠴᠢᠯᠡᠬᠦ ᠲᠦᠷᠦᠯ | ᠵᠦᠢᠯ ᠤᠨ ᠤᠳᠤᠷᠢᠳᠬᠤ ᠳᠤᠭᠤᠶᠢᠯᠠᠩ ᠤᠨ ᠨᠡᠷᠡᠰ | ᠳᠤᠭᠤᠶᠢᠯᠠᠩ ᠤᠨ ᠳᠠᠷᠤᠭ᠎ᠠ᠄ ᠶᠠᠩ ᠵᠢᠶᠠᠨ ᠵᠢᠶᠦ᠋ᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ ᠭᠦᠸᠧ ᠴᠤᠸ ᠵᠢᠶᠧ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠳᠡᠳ᠋ ᠡᠷᠬᠢᠯᠡᠭᠴᠢ | ᠭᠦᠸᠧ ᠱᠣᠣ ᠺᠦᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠠᠷᠤᠭ᠎ᠠ | ᠪᠦᠷᠢᠯᠳᠦᠭᠦᠨ᠄ ᠪᠠᠢ ᠵᠧᠨ ᠶᠤᠸᠠᠨ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠡᠷᠬᠢᠯᠡᠭᠴᠢ | ᠦ᠋ ᡁᠢ ᠶᠦᠩ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶᠠᠨ ᠤ ᠳᠠᠷᠤᠭ᠎ᠠ | ᠵᠠᠩ ᠯᠢ ᠵᠧᠦ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠳᠠᠷᠤᠭ᠎ᠠ | ᠸᠠᠩ ᠴᠢᠶᠠᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨᠲ᠋ᠣᠪᠴᠢᠶᠠᠨ ᠤ ᠳᠠᠷᠤᠭ᠎ᠠ | ᠳ᠋ᠦ᠋ ᠬᠤᠩ ᠪᠥᠸᠧ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ | ᠴᠧᠨ ᠶᠦᠨ ᠭᠤᠸᠠᠩ ᠲᠣᠭᠤᠷᠢᠭ ᠤᠨ ᠮᠥᠩᠭᠦᠨ ᠭᠦᠢᠯᠭᠡᠭᠡᠨ ᠤ ᠠᠯᠪᠠᠨ ᠭᠡᠷ ᠤᠨ ᠡᠷᠬᠢᠯᠡᠭᠴᠢ | ᠰᠦ ᠬᠠᠢ ᠸᠧᠨ ᠰᠢᠷᠴᠢᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ | ᠭᠦᠸᠧ ᠢᠦᠢ ᠶᠢᠨ ᠰᠢᠷᠴᠢᠨ ᠪᠠᠯᠭᠠᠰᠤᠨ ᠤ ᠳᠠᠷᠤᠭ᠎ᠠ | ᠶᠠᠩ ᠬᠤᠢ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶᠠᠨ ᠤ ᠳᠠᠷᠤᠭ᠎ᠠ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠲᠣᠭᠤᠷᠢᠭ ᠤᠨ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶ᠎ᠠ ᠳᠤ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ ᠭᠦᠸᠧ ᠱᠤᠤ ᠺᠦᠨ ᠬᠠᠪᠰᠤᠷᠭᠠᠨ ᠬᠠᠷᠢᠭᠤᠴᠠᠨ᠎ᠠ᠃ | | | |