ᠥᠪᠥᠷ ᠮᠣᠩᠭᠤᠯ ᠣᠶᠤᠨᠴᠢ ᠲᠣᠭᠤᠷᠢᠨ ᠪᠠᠶᠢᠴᠠᠭᠠᠯᠲᠠ ᠪᠠᠷ ᠳᠠᠮᠵᠢᠨ ᠦᠢᠯᠡᠳᠪᠦᠷᠢᠯᠡᠯ ᠤᠨ ᠡᠬᠢ ᠡᠭᠦᠰᠦᠯ ᠠᠴᠠ ᠠᠮᠤᠷ ᠲᠦᠪᠰᠢᠨ ᠢ ᠠᠳᠬᠤᠵᠤ ᠪᠣᠢ
ᠨᠡᠶᠢᠲᠡᠯᠡᠭᠰᠡᠨ ᠴᠠᠭ᠄
2023/10/23
    4 ᠳ᠋ᠦ᠋ᠭᠡᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠠᠴᠠ ᠣᠶᠢᠯᠠᠭᠠᠭᠰᠠᠨ ᠨᠢ᠂ ᠮᠠᠨ ᠤ ᠣᠷᠣᠨ ᠤ ᠡᠯ᠎ᠡ ᠭᠠᠵᠠᠷ ᠤᠨ ᠬᠢᠨ ᠣᠶᠤᠨᠴᠢᠯᠠᠭᠰᠠᠨ ᠮᠡᠷᠭᠡᠵᠢᠯ ᠢ ᠬᠡᠷᠡᠭᠯᠡᠬᠦ ᠪᠠ ᠲᠤᠰᠬᠠᠶᠢᠵᠢᠭᠰᠠᠨ ᠡᠩᠨᠡᠭᠡ ᠶᠢ ᠵᠣᠬᠢᠶᠠᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠶᠤᠯ ᠦᠭᠡᠢ ᠦᠢᠯᠡᠳᠪᠦᠷᠢᠯᠡᠯ ᠤᠨ ᠡᠬᠢ ᠡᠭᠦᠰᠦᠯ ᠠᠴᠠ ᠨᠢ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠵᠤ᠂ ᠬᠦᠨᠳᠦ ᠶᠡᠭᠡ ᠣᠨᠴᠠ ᠶᠡᠭᠡ ᠠᠳᠡᠯ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠵᠤ ᠪᠠᠶᠢᠨ᠎ᠠ᠃            ᠡᠨᠡ ᠵᠢᠯ ᠠᠴᠠ ᠨᠠᠭᠠᠰᠢ᠂ ᠮᠠᠨ ᠤ ᠣᠷᠣᠨ ᠤ ᠡᠯ᠎ᠡ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠣᠶᠤᠨᠴᠢᠯᠠᠭᠰᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠬᠦ ᠪᠠᠷ ᠳᠠᠮᠵᠢᠭᠤᠯᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠬᠢᠨᠠᠨ ᠬᠠᠮᠢᠶᠠᠷᠬᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ ᠪᠠᠶᠢᠨ᠎ᠠ᠃ ᠦᠬᠠᠢ ᠬᠤᠳᠠ ᠳᠠᠬᠢ ᠥᠪᠥᠷ ᠮᠣᠩᠭᠤᠯ ᠤᠨ ᠰᠢᠩ ᠹᠠ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ ᠦᠢᠯᠡᠳᠪᠦᠷᠢᠯᠡᠯ ᠤᠨ ᠲᠣᠭᠤᠷᠢᠭ ᠲᠤ᠂ ᠠᠵᠤ ᠠᠬᠤᠶᠢᠯᠠᠯ ᠤᠨ ᠣᠷᠣᠭᠤᠯᠤᠨ ᠠᠪᠴᠢᠷᠠᠭᠰᠠᠨ ᠣᠶᠤᠨᠲᠤ ᠲᠣᠭᠤᠷᠢᠨ ᠪᠠᠶᠢᠴᠠᠭᠠᠬᠤ ᠮᠠᠰᠢᠨ ᠬᠥᠮᠥᠨ ᠨᠢ ᠲᠥᠬᠦᠭᠡᠷᠦᠮᠵᠢ ᠨᠢᠭᠡᠪᠦᠷᠢ ᠶᠢᠨ ᠬᠤᠭᠤᠯᠠᠢ᠂ ᠨᠡᠭᠡᠯᠡᠭᠡᠢ ᠵᠡᠷᠭᠡ ᠲᠥᠬᠦᠭᠡᠷᠦᠮᠵᠢ ᠶᠢ ᠲᠣᠭᠤᠷᠢᠨ ᠪᠠᠶᠢᠴᠠᠭᠠᠵᠤ ᠪᠤᠢ᠃ ᠠᠶᠤᠯ ᠦᠭᠡᠢ ᠦᠢᠯᠡᠳᠪᠦᠷᠢᠯᠡᠯ ᠢ ᠪᠠᠲᠤᠯᠠᠬᠤ ᠶᠢᠨ ᠲᠤᠰᠠᠳᠠ᠂ ᠠᠵᠤ ᠠᠬᠤᠶᠢᠯᠠᠯ ᠤᠨ ᠬᠢᠨ ᠪᠠᠰᠠ ᠥᠷᠭᠡᠨ ᠬᠠᠷᠠᠭᠠᠰᠤ᠂ ᠪᠢᠴᠢᠯ ᠵᠠᠢ᠂ ᠢᠯᠴᠢ ᠪᠠᠷ ᠳᠦᠷᠰᠦ ᠪᠦᠲᠦᠭᠡᠬᠦ ᠵᠡᠷᠭᠡ ᠴᠢᠳᠠᠪᠬᠢ ᠲᠠᠢ ᠳᠦᠷᠰᠦ ᠰᠢᠩᠭᠡᠭᠡᠬᠦ ᠮᠠᠰᠢᠨ ᠪᠣᠯᠣᠨ ᠥᠨᠳᠥᠷ ᠣᠭᠲᠠᠷᠭᠤᠢ ᠶᠢᠨ ︽ᠬᠠᠷᠴᠠᠭᠠᠢ ᠶᠢᠨ ᠨᠢᠳᠦ︾ ᠬᠢᠨᠠᠨ ᠠᠵᠢᠭᠯᠠᠬᠤ ᠰᠢᠰᠲ᠋ᠧᠮ ᠵᠡᠷᠭᠡ ᠲᠥᠬᠦᠭᠡᠷᠦᠮᠵᠢ ᠨᠦᠭᠦᠳ ᠶᠢ ᠤᠭᠰᠠᠷᠠᠵᠤ᠂ ᠠᠳᠠᠯᠢ ᠪᠤᠰᠤ ᠡᠭᠦᠷᠭᠡ ᠶᠢᠨ ᠱᠠᠭᠠᠷᠳᠠᠯᠭ᠎ᠠ ᠶᠢ ᠦᠨᠳᠦᠰᠦᠯᠡᠨ ᠵᠠᠮ ᠱᠤᠭᠤᠮ ᠢ ᠲᠣᠭᠤᠷᠢᠨ ᠪᠠᠶᠢᠴᠠᠭᠠᠵᠤ᠂ ᠴᠤᠭᠯᠠᠭᠤᠯᠤᠭᠰᠠᠨ ᠲᠤᠭ᠎ᠠ ᠪᠠᠷᠢᠮᠲᠠ ᠪᠠᠨ ᠴᠠᠭ ᠲᠤᠬᠠᠢ ᠳᠤ ᠨᠢ ᠰᠢᠰᠲ᠋ᠧᠮ ᠳᠤ ᠣᠷᠣᠭᠤᠯᠤᠨ ᠪᠣᠳᠣᠯᠲᠠ ᠵᠠᠳᠠᠯᠤᠯᠲᠠ ᠬᠢᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤ ᠨᠢ ᠰᠡᠷᠡᠮᠵᠢ ᠮᠡᠳᠡᠭᠦᠯᠦᠨ᠎ᠡ᠃ ᠲᠣᠰ ᠺᠣᠮᠫᠠᠨᠢ ᠶᠢᠨ ᠢᠨᠵᠧᠨᠧᠷ ᠸᠠᠩ ᠹᠧᠩ ᠬᠡᠯᠡᠬᠦ ᠳᠤ ᠪᠠᠨ᠄ ︽ᠵᠣᠬᠢᠶᠠᠮᠠᠯ ᠣᠶᠤᠨᠴᠢ ᠢᠯᠭᠠᠨ ᠲᠠᠨᠢᠬᠤ ᠮᠡᠷᠭᠡᠵᠢᠯ ᠢᠶᠠᠷ ᠳᠡᠮᠵᠢᠨ ᠰᠢᠩᠭᠡᠨ ᠭᠤᠭᠤᠵᠢᠬᠤ᠂ ᠳᠠᠷᠤᠯᠲᠠ ᠬᠡᠲᠦᠷᠡᠬᠦ᠂ ᠳᠤᠯᠠᠭᠠᠨ ᠬᠡᠲᠦᠷᠡᠬᠦ ᠵᠡᠷᠭᠡ ᠳᠠᠯᠳᠠ ᠭᠡᠮ ᠤᠳ ᠢ ᠢᠯᠭᠠᠨ ᠲᠠᠨᠢᠵᠤ᠂ 24 ᠴᠠᠭ ᠤᠨ ᠲᠤᠷᠰᠢ ᠪᠡᠶ᠎ᠡ ᠪᠠᠨ ᠳᠠᠭᠠᠭᠠᠵᠤ ᠲᠣᠭᠤᠷᠢᠨ ᠴᠠᠭᠳᠠᠬᠤ ᠶᠢ ᠪᠡᠶᠡᠯᠡᠭᠦᠯᠵᠦ᠂ ᠬᠥᠮᠥᠨ ᠤ ᠬᠦᠴᠦᠨ ᠤ ᠪᠠᠶᠢᠴᠠᠭᠠᠯᠲᠠ ᠶᠢ ᠪᠦᠷᠢᠮᠦᠰᠦᠨ ᠣᠷᠣᠯᠠᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ︾ ᠭᠡᠵᠡᠢ᠃            ᠲᠠᠨᠢᠯᠴᠠᠭᠤᠯᠤᠭᠰᠠᠨ ᠢᠶᠠᠷ᠂ ᠮᠠᠨ ᠤ ᠣᠷᠣᠨ ᠤ ᠤᠯᠠᠨ ᠭᠠᠵᠠᠷ ᠤᠨ ᠬᠢᠨ ᠪᠠᠰᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠵᠣᠬᠢᠶᠠᠨ ᠪᠠᠶᠢᠭᠤᠯᠵᠤ ᠠᠶᠤᠯ ᠦᠭᠡᠢ ᠦᠢᠯᠡᠳᠪᠦᠷᠢᠯᠡᠯ ᠢ ᠪᠠᠲᠤᠯᠠᠵᠤ ᠪᠠᠶᠢᠨ᠎ᠠ᠃ ᠣᠶᠢᠷ᠎ᠠ ᠶᠢᠨ ᠡᠳᠦᠷ ᠤᠳ ᠲᠤ᠂ ᠤᠯᠠᠭᠠᠨᠴᠠᠪ ᠤᠨ ᠹᠧᠩᠵᠧᠨ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠣᠨᠴᠠ ᠤᠷᠢᠭᠰᠠᠨ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠮᠡᠷᠭᠡᠵᠢᠯᠲᠡᠳ ᠲᠠᠢ ᠬᠠᠮᠲᠤ ᠠᠵᠢᠯ ᠤᠨ ᠳᠤᠭᠤᠶᠢᠯᠠᠩ ᠪᠠᠶᠢᠭᠤᠯᠵᠤ᠂ ᠬᠠᠷᠢᠶ᠎ᠠ ᠣᠷᠣᠨ ᠤ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠳᠤ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠪᠡ᠃ ᠹᠧᠩᠵᠧᠨ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠠᠵᠢᠯᠲᠠᠨ ᠵᠣᠣ ᠲᠦᠸᠧ ᠰᠤᠷᠪᠤᠯᠵᠢᠯᠠᠭᠴᠢ ᠳᠤ ᠬᠡᠯᠡᠬᠦ ᠳᠤ ᠪᠠᠨ᠄ ︽ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠳᠠᠯᠳᠠ ᠭᠡᠮ ᠢ ᠲᠤᠰᠬᠠᠢ ᠮᠡᠷᠭᠡᠵᠢᠯᠲᠡᠳ ᠬᠤᠯᠪᠣᠭᠳᠠᠯ ᠪᠦᠬᠦᠢ ᠰᠠᠨᠠᠯ ᠤᠨ ᠪᠢᠴᠢᠭ ᠭᠠᠷᠭᠠᠵᠤ᠂ ᠹᠧᠩᠵᠧᠨ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠡᠮᠬᠢᠳᠬᠡᠨ ᠬᠤᠷᠢᠶᠠᠩᠭᠤᠶᠢᠯᠠᠬᠤ ᠶᠢᠨ ᠬᠠᠮᠲᠤ ᠬᠠᠤᠯᠢ ᠬᠡᠷᠡᠭᠵᠢᠭᠦᠯᠬᠦ ᠪᠢᠴᠢᠭ ᠪᠠᠭᠤᠯᠭᠠᠵᠤ᠂ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠦᠨ᠎ᠡ︾ ᠭᠡᠵᠡᠢ᠃          ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ ᠳᠤ ᠪᠠᠨ᠂ ᠪᠦᠬᠦ ᠣᠷᠣᠨ ᠤ ᠡᠯ᠎ᠡ ᠭᠠᠵᠠᠷ ᠤᠨ ᠬᠢᠨ ᠠᠶᠤᠯ ᠦᠭᠡᠢ ᠦᠢᠯᠡᠳᠪᠦᠷᠢᠯᠡᠯ ᠤᠨ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ 15 ᠵᠤᠷᠪᠤᠰ ᠬᠠᠲᠠᠭᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠦᠨᠳᠦ ᠨᠣᠴᠢᠲᠠᠢ ᠠᠳᠡᠯ ᠠᠮᠠᠷᠬᠠᠨ ᠭᠠᠷᠳᠠᠭ ᠠᠶᠤᠯ ᠶᠡᠭᠡ ᠲᠠᠢ ᠠᠵᠢᠯ ᠲᠦᠷᠦᠯ ᠤᠨ ᠬᠦᠷᠢᠶ᠎ᠡ ᠶᠢ ᠴᠢᠩᠭ᠎ᠠ ᠠᠩᠬᠠᠷᠴᠤ᠂ ︽ᠦᠨᠡᠯᠡᠨ ᠵᠢᠱᠢᠯᠲᠡ + ᠬᠠᠤᠯᠢ ᠬᠡᠷᠡᠭᠵᠢᠭᠦᠯᠦᠯᠲᠡ + ᠦᠢᠯᠡᠴᠢᠯᠡᠭᠡ︾ ᠲᠤᠰᠬᠠᠢ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠶᠤᠯ ᠲᠠᠢ ᠬᠢᠮᠢ ᠶᠢᠨ ᠠᠵᠤ ᠦᠢᠯᠡᠳᠪᠦᠷᠢ᠂ ᠨᠡᠭᠦᠷᠡᠰᠦᠨ ᠤ ᠪᠤᠰᠤ ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠳᠪᠦᠷᠢ ᠠᠷᠠᠯᠵᠢᠶ᠎ᠠ ᠵᠡᠷᠭᠡ ᠠᠵᠢᠯ ᠲᠦᠷᠦᠯ ᠳᠤ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠵᠦ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠭᠦᠨᠵᠡᠭᠡᠶᠢᠷᠡᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠦᠨᠳᠦᠰᠦᠨ ᠪᠠᠶᠢᠳᠠᠯ ᠢ ᠡᠷᠡᠰ ᠪᠠᠲᠤ ᠰᠠᠬᠢᠵᠤ ᠪᠠᠶᠢᠨ᠎ᠠ ᠭᠡᠪᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1