ᠰᠢ ᠨᠣᠣ ᠪᠦᠦ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︽ᠬᠠᠤᠯᠢ ᠶᠢ ᠰᠠᠬᠢᠬᠤ ᠬᠤᠲᠠ ᠶᠢᠨ ᠠᠷᠠᠳ ᠪᠣᠯᠬᠤ · ᠬᠠᠤᠯᠢ ᠪᠠᠷ ᠵᠠᠰᠠᠬᠤ ᠬᠤᠲᠠ ᠶᠢ ᠪᠦᠲᠦᠭᠡᠨ ᠪᠠᠶᠢᠭᠤᠯᠬᠤ︾ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/16
     ᠤᠯᠤᠰ ᠤᠨ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠬᠤ ᠶᠢᠨ ᠲᠥᠯᠥᠭᠡ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯ ᠤᠨ ᠥᠷᠨᠢᠯᠲᠡ ᠶᠢ ᠭᠦᠨᠵᠡᠭᠡᠢ ᠠᠬᠢᠭᠤᠯᠤᠨ᠎ᠠ᠃ ᠣᠶᠢᠷ᠎ᠠ ᠳᠤ᠂ ᠰᠢ ᠨᠣᠣ ᠪᠦᠦ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︽ᠬᠠᠤᠯᠢ ᠶᠢ ᠰᠠᠬᠢᠬᠤ ᠬᠤᠲᠠ ᠶᠢᠨ ᠠᠷᠠᠳ ᠪᠣᠯᠬᠤ · ᠬᠠᠤᠯᠢ ᠪᠠᠷ ᠵᠠᠰᠠᠬᠤ ᠬᠤᠲᠠ ᠶᠢ ᠪᠦᠲᠦᠭᠡᠨ ᠪᠠᠶᠢᠭᠤᠯᠬᠤ︾ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠠᠶᠢᠨ ᠳᠤᠷ᠎ᠠ ᠶᠢᠨ ᠠᠵᠢᠯᠯᠠᠭᠴᠢ ᠤᠬᠠᠭᠤᠯᠭ᠎ᠠ ᠶᠢᠨ ᠮᠠᠲᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠭᠤᠲᠠ ᠲᠠᠷᠬᠠᠭᠠᠬᠤ᠂ ᠲᠤᠬᠠᠢ ᠶᠢᠨ ᠲᠠᠯᠠᠪᠠᠢ ᠶᠢᠨ ᠮᠠᠳᠠᠭ ᠲᠠᠢ ᠠᠰᠠᠭᠤᠳᠠᠯ ᠢ ᠬᠠᠷᠢᠭᠤᠯᠬᠤ ᠵᠡᠷᠭᠡ ᠠᠷᠭ᠎ᠠ ᠬᠡᠯᠪᠡᠷᠢ ᠪᠠᠷ ᠤᠯᠠᠨ ᠲᠦᠮᠡᠨ ᠳᠤ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ ᠤᠯᠠᠨ ᠲᠦᠮᠡᠨ ᠳᠤ ᠰᠦᠯᠵᠢᠶᠡᠨ ᠤ ᠠᠮᠤᠷ ᠲᠦᠪᠰᠢᠨ᠂ ᠬᠤᠣᠷ᠎ᠠ ᠴᠠᠭᠠᠵᠠᠯᠠᠵᠤ ᠠᠶᠢᠽ ᠡᠪᠡᠳᠴᠢᠨ ᠢ ᠰᠡᠷᠭᠡᠶᠢᠯᠡᠬᠦ᠂ ᠠᠵᠤ ᠠᠬᠤᠢ ᠶᠢᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠠᠷᠭ᠎ᠠ ᠪᠠᠷ ᠠᠵᠤ ᠠᠬᠤᠢ ᠶᠢᠨ ᠶᠠᠯᠠᠲᠤ ᠠᠵᠢᠯᠯᠠᠭ᠎ᠠ ᠶᠢᠨ ᠣᠨᠴᠠᠯᠢᠭ ᠢ ᠲᠠᠶᠢᠯᠪᠤᠷᠢᠯᠠᠵᠤ᠂ ᠤᠯᠠᠨ ᠲᠦᠮᠡᠨ ᠳᠤ ᠮᠠᠭᠤ ᠬᠠᠯᠳᠠᠯᠭ᠎ᠠ ᠳᠤ ᠤᠴᠠᠷᠠᠬᠤ ᠦᠶ᠎ᠡ ᠳᠤ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠢ ᠪᠠᠨ ᠬᠠᠮᠠᠭᠠᠯᠠᠬᠤ ᠶᠢ ᠰᠤᠷᠬᠤ ᠬᠡᠷᠡᠭᠲᠡᠢ ᠭᠡᠵᠦ ᠰᠡᠷᠡᠮᠵᠢᠯᠡᠭᠦᠯᠵᠡᠢ᠃
     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠣᠶᠢᠯᠠᠭᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠤ ᠡᠷᠬᠡ ᠪᠠᠨ ᠬᠠᠮᠠᠭᠠᠯᠠᠬᠤ ᠤᠬᠠᠮᠰᠠᠷ᠂ ᠠᠵᠤ ᠠᠬᠤᠢ ᠶᠢᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠴᠣᠬᠢᠯᠲᠠ ᠥᠭᠬᠦ ᠤᠬᠠᠮᠰᠠᠷ ᠢ ᠴᠢᠩᠭᠠᠷᠠᠭᠤᠯᠤᠨ᠂ ᠬᠤᠣᠷ ᠢ ᠲᠠᠨᠢᠬᠤ᠂ ᠬᠤᠣᠷ ᠢ ᠰᠡᠷᠭᠡᠶᠢᠯᠡᠬᠦ᠂ ᠬᠤᠣᠷ ᠢ ᠲᠡᠪᠴᠢᠬᠦ ᠤᠬᠠᠮᠰᠠᠷ ᠢ ᠪᠣᠶ ᠪᠣᠯᠭᠠᠵᠤ᠂ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠶᠢᠨ ᠬᠠᠮᠲᠤ ᠲᠣᠰ ᠪᠡᠶ᠎ᠡ ᠶᠢᠨ ᠬᠠᠤᠯᠢ ᠴᠠᠭᠠᠵᠠ ᠶᠢᠨ ᠬᠡᠪ ᠪᠣᠯᠪᠠᠰᠤᠷᠠᠯ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠪᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢ ᠨᠣᠣ ᠪᠦᠦ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1