ᠰᠢᠶᠠᠩ ᠶᠠᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2023/11/16
   ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠲ᠊ ‍ᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠠᠮᠤᠷ ᠲᠦᠪᠰᠢᠨ ᠤ ᠠᠵᠢᠯ ᠢ ᠦᠨᠡᠨᠬᠦ ᠰᠠᠶᠢᠲᠤᠷ ᠠᠳᠬᠤᠬᠤ ᠶᠢᠨ ᠲᠥᠯᠥᠭᠡ᠂ ᠰᠢᠶᠠᠩ ᠶᠠᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠳᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠤᠯᠤᠰ ᠲᠥᠷᠥ ᠶᠢᠨ ᠤᠬᠠᠭᠤᠯᠭ᠎ᠠ ᠶᠢᠨ ᠭᠠᠯ ᠤᠨᠲᠠᠷᠠᠭᠠᠬᠤ ᠮᠡᠳᠡᠯᠭᠡ ᠶᠢᠨ ᠤᠬᠠᠭᠤᠯᠭ᠎ᠠ ᠶᠢᠨ ᠲᠥᠪ ᠤᠨ ᠪᠠᠭᠰᠢ ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠭᠠᠯ ᠤᠨᠲᠠᠷᠠᠭᠠᠬᠤ ᠠᠮᠤᠷ ᠲᠦᠪᠰᠢᠨ ᠤ ᠴᠢᠬᠤᠯᠠ ᠴᠢᠨᠠᠷ ᠵᠢᠴᠢ ᠢᠳᠡᠭᠡᠨ ᠤᠮᠳᠠᠭᠠᠨ ᠤ ᠲᠠᠯᠠᠪᠤᠷ ᠤᠨ ᠭᠠᠯ ᠤᠨ ᠭᠠᠮᠰᠢᠭ ᠤᠨ ᠲᠥᠷᠥᠯ ᠵᠦᠢᠯ ᠵᠡᠷᠭᠡ ᠰᠠᠭᠤᠷᠢ ᠮᠡᠳᠡᠯᠭᠡ ᠶᠢ ᠲᠠᠶᠢᠯᠪᠤᠷᠢᠯᠠᠬᠤ ᠶᠢᠨ ᠬᠠᠮᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠭᠠᠯ ᠤᠨ ᠭᠠᠮᠰᠢᠭ ᠢ ᠰᠡᠷᠭᠡᠶᠢᠯᠡᠬᠦ ᠠᠷᠭ᠎ᠠ ᠬᠡᠮᠵᠢᠶ᠎ᠡ᠂ ᠭᠠᠯ ᠤᠨ ᠠᠶᠤᠯ ᠭᠠᠷᠤᠭᠰᠠᠨ ᠦᠶ᠎ᠡ ᠳᠤ ᠬᠥᠮᠥᠰ ᠢ ᠲᠠᠷᠬᠠᠭᠠᠬᠤ᠂ ᠭᠠᠯ ᠤᠨ ᠲᠠᠯᠠᠪᠠᠶ ᠠᠴᠠ ᠠᠮᠢ ᠵᠢᠭᠤᠲᠠᠵᠤ ᠥᠪᠡᠷ ᠢ ᠪᠠᠨ ᠠᠪᠤᠷᠠᠬᠤ᠂ ᠭᠠᠯ ᠤᠨ ᠠᠶᠤᠯ ᠤᠨ ᠮᠡᠳᠡᠭᠡ ᠶᠢ ᠬᠡᠷᠬᠢᠨ ᠮᠡᠳᠡᠭᠦᠯᠬᠦ᠂ ᠭᠠᠯ ᠤᠨᠲᠠᠷᠠᠭᠠᠭᠤᠷ ᠢ ᠬᠡᠷᠬᠢᠨ ᠬᠡᠷᠡᠭᠯᠡᠬᠦ ᠵᠡᠷᠭᠡ ᠶᠡᠷᠦ ᠶᠢᠨ ᠮᠡᠳᠡᠯᠭᠡ ᠶᠢ ᠨᠠᠷᠢᠨ ᠲᠠᠶᠢᠯᠪᠤᠷᠢᠯᠠᠭᠰᠠᠨ ᠪᠠᠶᠢᠨ᠎ᠠ᠃ ᠬᠠᠷᠢᠶᠠᠲᠤ ᠣᠷᠣᠨ ᠤ ᠰᠠᠭᠤᠭᠠᠯᠢ ᠠᠷᠠᠳ ᠲᠠᠶᠢᠯᠤᠮᠵᠢ ᠶᠢ ᠰᠣᠨᠣᠰᠴᠤ ᠪᠠᠷᠠᠭᠰᠠᠨ ᠤ ᠳᠠᠷᠠᠭ᠎ᠠ᠂ ᠮᠠᠰᠢ ᠶᠡᠭᠡ ᠠᠴᠢ ᠲᠤᠰᠠ ᠲᠠᠢ ᠪᠠᠶᠢᠬᠤ ᠪᠠᠨ ᠢᠯᠡᠷᠬᠡᠶᠢᠯᠡᠵᠦ᠂ ᠬᠠᠷᠢᠭᠰᠠᠨ ᠤ ᠳᠠᠷᠠᠭ᠎ᠠ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠠᠮᠤᠷ ᠲᠦᠪᠰᠢᠨ ᠤ ᠳᠦᠷᠢᠮ ᠢ ᠴᠢᠩᠭ᠎ᠠ ᠵᠢᠷᠤᠮᠯᠠᠬᠤ ᠶᠢᠨ ᠬᠠᠮᠲᠤ ᠭᠡᠷ ᠤᠨ ᠬᠥᠮᠥᠰ ᠵᠢᠴᠢ ᠳᠡᠷᠭᠡᠳᠡᠬᠢ ᠨᠠᠶᠢᠵᠠ ᠨᠠᠷ ᠲᠠᠭᠠᠨ ᠰᠢᠲᠠᠮᠠᠬᠠᠢ ᠬᠡᠢ ᠶᠢᠨ ᠠᠮᠤᠷ ᠲᠦᠪᠰᠢᠨ ᠪᠠ ᠭᠠᠯ ᠤᠨᠲᠠᠷᠠᠭᠠᠬᠤ ᠮᠡᠳᠡᠯᠭᠡ ᠶᠢ ᠤᠬᠠᠭᠤᠯᠬᠤ ᠪᠣᠯᠣᠨ᠎ᠠ᠃
     ᠬᠤᠶᠢᠰᠢᠳᠠ ᠰᠢᠶᠠᠩ ᠶᠠᠩ ᠨᠡᠶᠢᠭᠡᠮ ᠲᠣᠭᠤᠷᠢᠭ ᠤᠨ ᠬᠢᠨ ᠠᠮᠤᠷ ᠠᠮᠤᠭᠤᠯᠠᠩ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠵᠢᠯ ᠢ ᠠᠶᠤᠯᠭᠦᠢ ᠦᠢᠯᠡᠳᠪᠦᠷᠢᠯᠡᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠡᠶ᠎ᠡ ᠵᠣᠬᠢᠴᠠᠩᠭᠤᠢ ᠠᠮᠤᠷ ᠲᠦᠪᠰᠢᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠤᠢ ᠪᠣᠯᠭᠠᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢ ᠨᠣᠣ ᠪᠦᠦ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1