ᠬᠤᠲᠣᠩ ᠦᠨᠳᠦᠰᠦᠲᠡᠨ ᠤ ᠵᠡᠭᠡᠯᠢ ᠭᠤᠳᠤᠮᠵᠢ ᠶᠢᠨ ᠰᠠᠨ ᠭᠤᠸᠠᠨ ᠮᠢᠶᠣᠣ ᠨᠡᠶᠢᠭᠡᠮ ᠲᠣᠭᠤᠷᠢᠭ︽ᠦᠯᠢᠭᠡᠷ ᠳᠠᠭᠤᠷᠢᠶᠠᠯ ᠠᠴᠠ ᠰᠤᠷᠤᠯᠴᠠᠬᠤ︾ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/16
ᠬᠤᠲᠣᠩᠴᠤᠳ ᠤᠨ ᠵᠡᠭᠡᠯᠢ ᠭᠤᠳᠤᠮᠵᠢ ᠶᠢᠨ ᠰᠠᠨ ᠭᠤᠸᠠᠨ ᠮᠢᠶᠣᠣ ᠨᠡᠶᠢᠭᠡᠮ ᠲᠣᠭᠤᠷᠢᠭ ︽ᠦᠯᠢᠭᠡᠷ ᠳᠠᠭᠤᠷᠢᠶᠠᠯ ᠠᠴᠠ ᠰᠤᠷᠤᠯᠴᠠᠬᠤ︾ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠨ᠎ᠡ      11 ᠰᠠᠷ᠎ᠠ  ᠶᠢᠨ 14᠎ ᠤ ᠡᠳᠦᠷ ᠤᠨ ᠦᠳᠡ  ᠶᠢᠨ ᠬᠤᠶᠢᠨ᠎ᠠ ᠬᠤᠲᠣᠩ ᠵᠡᠭᠡᠯᠢ  ᠶᠢᠨ ᠰᠠᠨ ᠭᠤᠸᠠᠨ ᠮᠢᠶᠣᠣ ᠨᠡᠶᠢᠭᠡᠮ ᠲᠣᠭᠤᠷᠢᠭ ᠤᠨ ᠬᠢᠨ ᠪᠦᠬᠦ ᠨᠠᠮ ᠤᠨ ᠭᠡᠰᠢᠭᠦᠨ᠂ ᠺᠠᠳ᠋ᠷᠴᠤᠳ  ᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ ᠤᠨ ᠬᠤᠷᠠᠯ ᠤᠨ ᠭᠡᠷ ᠲᠤ ︽ᠦᠯᠢᠭᠡᠷ ᠳᠠᠭᠤᠷᠢᠶᠠᠯ 7︾᠎ ᠢ ᠰᠤᠷᠤᠯᠴᠠᠬᠤ ᠲᠤᠰᠬᠠᠢ ᠰᠡᠳᠦᠪᠲᠦ ᠹᠢᠯᠢᠮ ᠎ ᠢ ᠰᠣᠨᠢᠷᠬᠠᠭᠤᠯᠪᠠ᠃      ︽ᠦᠯᠢᠭᠡᠷ ᠳᠠᠭᠤᠷᠢᠶᠠᠯ 7︾ ᠫᠷᠣᠭ᠍ᠷᠠᠮ ᠨᠢ︽᠎ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ︾᠎ ᠪᠠᠷ ᠭᠤᠣᠯ ᠰᠡᠳᠦᠪ ᠪᠣᠯᠭᠠᠵᠤ᠂ ︽ᠦᠯᠢᠭᠡᠷ ᠳᠠᠭᠤᠷᠢᠶᠠᠯ ᠲᠠᠢ ᠨᠢᠭᠡᠳᠦᠯᠲᠡᠢ ᠪᠠᠶᠢᠵᠤ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾᠎ ᠪᠠᠷ ᠭᠤᠣᠯ ᠰᠢᠵᠢᠮ ᠪᠣᠯᠭᠠᠵᠤ᠂ ᠡᠨᠡ ᠵᠢᠯ ᠬᠥᠬᠢᠭᠦᠯᠦᠨ ᠰᠠᠶᠢᠰᠢᠶᠠᠬᠤ ᠬᠡᠰᠡᠭ ᠪᠦᠬᠦ ᠤᠯᠤᠰ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠰᠢᠯᠢᠳᠡᠭ ᠨᠠᠮ ᠤᠨ ᠠᠵᠢᠯᠲᠠᠨ᠂ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠶᠢ ᠤᠷᠢᠵᠤ ᠣᠷᠣᠯᠴᠠᠭᠤᠯᠵᠠᠢ᠃ ᠨᠡᠶᠢᠲᠡᠯᠢᠭ ᠵᠢᠱᠢᠶ᠎ᠡ ᠪᠠᠷ ᠰᠤᠷᠪᠤᠯᠵᠢᠯᠠᠨ ᠶᠠᠷᠢᠯᠴᠠᠬᠤ᠂ ᠠᠬᠠᠮᠠᠳ ᠨᠠᠮ ᠤᠨ ᠭᠡᠰᠢᠭᠦᠨ ᠤ ᠲᠤᠬᠠᠢ ᠶᠢᠨ ᠲᠠᠯᠠᠪᠤᠷ ᠲᠤ ᠶᠠᠷᠢᠬᠤ᠂ ᠲᠡᠷᠢᠭᠦᠨ ᠤ ᠦᠢᠯᠡ ᠠᠵᠢᠯᠯᠠᠭ᠎ᠠ ᠶᠢ ᠲᠠᠬᠢᠨ ᠢᠯᠡᠷᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠳᠤᠮᠳᠠᠳᠤ ᠤᠯᠤᠰ ᠤᠨ ᠡᠪ ᠬᠠᠮᠲᠤᠴᠤᠳ ᠤᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ᠂ ᠠᠷᠠᠳ ᠤᠨ ᠲᠥᠯᠥᠭᠡ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠂ ᠬᠢᠴᠢᠶᠡᠨ ᠴᠢᠷᠮᠠᠶᠢᠵᠤ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠬᠦ ᠵᠣᠷᠢᠭ ᠰᠠᠨᠠᠭᠠᠨ ᠤ ᠴᠤᠭ ᠵᠢᠪᠬᠤᠭ᠎ᠠ ᠶᠢ ᠠᠮᠢᠳᠤᠯᠢᠭ ᠢᠶᠠᠷ ᠲᠠᠶᠢᠯᠪᠤᠷᠢᠯᠠᠵᠤ᠂ ᠨᠠᠮ ᠤᠨ ᠭᠡᠰᠢᠭᠦᠨ ᠤ ᠬᠥᠮᠦᠵᠢᠯ ᠢ ᠥᠷᠨᠢᠭᠦᠯᠬᠦ ᠠᠮᠢᠳᠤᠯᠢᠭ ᠵᠢᠭᠠᠬᠤ ᠮᠠᠲ᠋ᠧᠷᠢᠶᠠᠯ ᠪᠣᠯᠣᠨ᠎ᠠ᠃      ᠡᠨᠡ ᠤᠳᠠᠭ᠎ᠠ ᠶᠢᠨ ᠲᠣᠭᠤᠷᠢᠨ ᠦᠵᠡᠬᠦ ᠪᠠᠷ ᠲᠠᠮᠵᠢᠨ᠂ ᠨᠠᠮ ᠤᠨ ᠭᠡᠰᠢᠭᠦᠨ ᠺᠠᠳ᠋ᠷ ᠲᠡᠷᠢᠭᠦᠨ ᠤ ᠬᠢ ᠪᠠᠷ ᠳᠠᠭᠤᠷᠢᠶᠠᠯ ᠪᠣᠯᠭᠠᠵᠤ᠂ ᠲᠡᠳᠡᠨ ᠤ ᠡᠪ ᠬᠠᠮᠲᠤ ᠶᠣᠰᠣᠨ ᠤ ᠦᠢᠯᠡᠰ ᠤᠨ ᠲᠥᠯᠥᠭᠡ ᠨᠠᠰᠤᠨ ᠲᠤᠷᠰᠢᠲᠠ ᠲᠡᠮᠡᠴᠡᠬᠦ ᠠᠯᠤᠰ ᠬᠡᠳᠦ ᠶᠢᠨ ᠬᠦᠰᠡᠯ ᠵᠣᠷᠢᠯᠲᠠ ᠶᠢ ᠰᠤᠷᠤᠯᠴᠠᠬᠤ ᠬᠡᠷᠡᠭᠲᠡᠢ︔ ᠲᠡᠳᠡᠨ ᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠡᠷᠬᠢᠮ ᠳᠡᠭᠡᠳᠦ ᠰᠡᠳᠬᠢᠯᠭᠡ ᠶᠢ ᠰᠤᠷᠤᠯᠴᠠᠨ᠎ᠠ; ᠲᠡᠳᠡᠨ ᠤ ᠠᠵᠢᠯ ᠤᠨ ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠡᠷᠬᠢᠮ ᠳᠡᠭᠡᠳᠦ ᠵᠠᠩ ᠴᠢᠨᠠᠷ ᠢ ᠰᠤᠷᠤᠯᠴᠠᠬᠤ; ᠲᠡᠳᠡᠠ ᠤ ᠨᠢᠭᠲᠠ ᠠᠴᠠ ᠨᠢᠭᠲᠠ᠂ ᠥᠴᠥᠬᠡᠨ ᠴᠦ ᠣᠰᠣᠯᠳᠠᠬᠤ ᠤᠶᠢᠭᠡᠢ ᠠᠵᠢᠯ ᠤᠨ ᠰᠤᠷᠲᠠᠯ ᠢ ᠰᠤᠷᠤᠯᠴᠠᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠵᠥᠪ ᠠᠮᠢᠳᠤᠷᠠᠬᠤᠢ ᠶᠢᠨ ᠦᠵᠡᠯᠲᠡ᠂ ᠦᠷᠳᠡᠭ ᠤᠨ ᠦᠵᠡᠯᠲᠡ ᠶᠢ ᠪᠤᠢ ᠪᠣᠯᠭᠠᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠪᠠᠭ᠎ᠠ ᠶᠠᠪᠤᠳᠠᠯ ᠠᠴᠠ ᠡᠬᠢᠯᠡᠨ ᠬᠢᠵᠦ᠂ ᠯᠠᠪᠳᠠᠭᠤᠨ ᠪᠠᠲᠤᠲᠠᠢ ᠠᠵᠢᠯᠯᠠᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠦᠨᠡᠨ ᠬᠦ ᠰᠠᠶᠢᠲᠤᠷ ᠪᠠᠳᠠᠷᠠᠭᠤᠯᠬᠤ ᠬᠡᠷᠡᠭᠲᠡᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1