ᠼᠠᠢ ᠱᠧᠨ ᠮᠢᠶᠣᠣ ᠵᠡᠭᠡᠯᠢ ᠭᠤᠳᠤᠮᠵᠢ ᠳᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢᠨ ᠠᠵᠢᠯ ᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2023/11/16
  ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠃ ᠵᠡᠭᠡᠯᠢ ᠭᠤᠳᠤᠮᠵᠢ ᠶᠢᠨ ᠎ ᠬᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠠᠬᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠶ᠎ᠠ ᠣᠷᠣᠨ ᠤ ᠠᠵᠢᠯ ᠣᠯᠬᠤ ᠳᠤ ᠬᠦᠴᠢᠷᠲᠡᠢ ᠬᠠᠮᠲᠤᠯᠢᠭ ᠲᠤ ᠢᠳᠡᠪᠬᠢᠲᠡᠢ ᠪᠠᠷ ᠲᠦᠷᠦ ᠶᠢᠨ ᠪᠣᠳᠣᠯᠭ᠎ᠠ᠂ ᠦᠢᠯᠡᠴᠢᠯᠡᠭᠡ᠂ ᠠᠵᠢᠯ ᠤᠨ ᠪᠠᠶᠢᠷᠢ ᠬᠦᠷᠭᠡᠵᠦ᠂ ᠵᠡᠭᠡᠯᠢ ᠭᠤᠳᠤᠮᠵᠢ ᠶᠢᠨ ᠠᠵᠢᠯ ᠣᠯᠭᠤᠯᠲᠠ ᠶᠢᠨ ᠠᠵᠢᠯ ᠤᠨ ᠯᠠᠪᠳᠠᠭᠤᠨ ᠢᠶᠠᠷ ᠤᠷᠤᠭᠰᠢᠯᠠᠬᠤ ᠶᠢ ᠲᠦᠯᠬᠢᠨ ᠠᠬᠢᠭᠤᠯᠪᠠ᠃      ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠵᠤ᠂ ᠰᠠᠭᠤᠭᠠᠯᠢ ᠠᠷᠠᠳ ᠤᠨ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠠᠷᠢᠶᠠᠲᠤ ᠣᠷᠣᠨ ᠤ ᠠᠵᠢᠯ ᠣᠯᠣᠭᠠᠳᠤᠢ ᠣᠶᠤᠲᠠᠨ᠂ ᠨᠠᠰᠤ ᠠᠬᠢᠭᠰᠠᠨ ᠠᠵᠢᠯ ᠠᠯᠳᠠᠭᠰᠠᠳ᠂ ᠴᠡᠷᠢᠭ ᠠᠴᠠ ᠪᠠᠭᠤᠭᠰᠠᠳ ᠢ ᠮᠥᠷᠳᠡᠬᠦ᠂ ᠰᠦᠯᠵᠢᠶᠡᠨ ᠤ ᠪᠦᠯᠦᠭᠯᠡᠯ ᠳᠤ ᠠᠵᠢᠯ ᠣᠯᠭᠤᠯᠲᠠ ᠶᠢᠨ ᠮᠡᠳᠡᠭᠡ ᠵᠠᠩᠭᠢ ᠶᠢ ᠳᠠᠮᠵᠢᠭᠤᠯᠤᠨ ᠲᠠᠷᠬᠠᠭᠠᠬᠤ᠂ ᠬᠠᠷᠢᠶᠠᠲᠤ ᠣᠷᠣᠨ ᠤ 800 ᠭᠠᠷᠤᠢ ᠠᠵᠢᠯ ᠣᠯᠣᠭᠠᠳᠤᠢ ᠬᠥᠮᠥᠰ ᠲᠤ ᠠᠵᠢᠯ ᠣᠯᠭᠤᠯᠲᠠ ᠶᠢᠨ ᠮᠡᠳᠡᠭᠡ ᠵᠠᠩᠭᠢ ᠬᠠᠩᠭᠠᠬᠤ᠂ ᠰᠠᠭᠤᠭᠠᠯᠢ ᠠᠷᠠᠳ ᠢ ᠠᠵᠢᠯ ᠣᠯᠭᠤᠯᠲᠠ ᠶᠢᠨ ᠪᠣᠯᠪᠠᠰᠤᠷᠠᠭᠤᠯᠤᠯ ᠳᠤ ᠲᠠᠨᠢᠯᠴᠠᠭᠤᠯᠤᠨ ᠣᠷᠣᠯᠴᠠᠭᠤᠯᠬᠤ᠂ ᠤᠷᠢᠵᠤ ᠡᠯᠰᠡᠬᠦ ᠴᠤᠭᠯᠠᠭᠠᠨ ᠡᠷᠭᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠪᠠ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢᠨ ᠲᠤᠬᠠᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠵᠦ ᠂ ᠲᠡᠳᠡᠨ ᠢ ᠬᠠᠪᠰᠤᠷᠤᠨ ᠠᠵᠢᠯ ᠣᠯᠭᠤᠨ᠎ᠠ᠃ ᠤᠷᠢᠵᠤ ᠡᠯᠰᠡᠬᠦ ᠬᠤᠷᠠᠯ ᠬᠤᠷᠠᠯᠳᠤᠭᠤᠯᠬᠤ᠂ ᠪᠡᠶ᠎ᠡ ᠪᠠᠨ ᠳᠠᠭᠠᠭᠠᠵᠤ ᠨᠡᠷ᠎ᠡ ᠮᠡᠳᠡᠭᠦᠯᠬᠦ ᠪᠠ ᠡᠷᠤᠭᠡ ᠳᠤ ᠬᠦᠷᠴᠦ ᠰᠤᠷᠪᠤᠯᠵᠢᠯᠠᠬᠤ ᠪᠠᠷ ᠳᠠᠮᠵᠢᠭᠤᠯᠤᠨ᠂ 62 ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠣᠷᠣᠯᠴᠠᠭᠤᠯᠵᠤ᠂ 200 ᠬᠥᠮᠥᠨ ᠠᠵᠢᠯ ᠣᠯᠬᠤ ᠰᠠᠨᠠᠭ᠎ᠠ ᠲᠠᠢ ᠪᠣᠯᠵᠤ᠂ 88 ᠬᠥᠮᠥᠨ ᠠᠵᠢᠯ ᠣᠯᠭᠤᠯᠲᠠ ᠶᠢᠨ ᠪᠣᠯᠪᠠᠰᠤᠷᠠᠯ ᠳᠤ ᠣᠷᠣᠯᠴᠠᠪᠠ᠃      ᠠᠵᠢᠯ ᠣᠯᠬᠤ ᠳᠤ ᠬᠦᠴᠢᠷᠲᠡᠢ ᠪᠠᠶᠢᠬᠤ ᠶᠢ ᠮᠠᠭᠠᠳᠯᠠᠨ ᠲᠣᠭᠲᠠᠭᠠᠬᠤ ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠶᠢᠭᠡᠮ ᠤᠨ ᠳᠠᠭᠠᠳᠬᠠᠯ ᠤᠨ ᠨᠥᠬᠦᠪᠦᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠨ᠎ᠠ᠃ ᠵᠡᠭᠡᠯᠢ ᠭᠤᠳᠤᠮᠵᠢ ᠶᠢᠨ ᠬᠢᠨ 2018 ᠣᠨ ᠠᠴᠠ 2022 ᠣᠨ ᠪᠣᠯᠲᠠᠯᠠᠬᠢ ᠨᠡᠶᠢᠭᠡᠮ ᠤᠨ ᠳᠠᠭᠠᠳᠬᠠᠯ ᠤᠨ ᠨᠥᠬᠦᠪᠦᠷᠢ ᠭᠥᠷᠳᠡᠵᠦ ᠪᠠᠶᠢᠭ᠎ᠠ 1216 ᠬᠥᠮᠥᠨ ᠳᠤ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ ᠶᠢᠨ ᠪᠠᠶᠢᠴᠠᠭᠠᠯᠲᠠ ᠬᠢᠵᠦ᠂ ᠡᠵᠡᠩᠨᠡᠯᠲᠡ ᠶᠢᠨ ᠦᠨᠡᠮᠯᠡᠯ ᠲᠠᠢ 255 ᠬᠥᠮᠥᠨ ᠢ ᠪᠠᠶᠢᠴᠠᠭᠠᠨ ᠭᠠᠷᠭᠠᠵᠤ᠂ ᠨᠢᠭᠡᠨᠲᠡ ᠠᠵᠢᠯ ᠣᠯᠭᠤᠯᠲᠠ ᠶᠢᠨ ᠲᠣᠪᠴᠢᠶ᠎ᠠ ᠳᠤ ᠬᠠᠷᠢᠭᠤ ᠲᠤᠰᠬᠠᠭᠰᠠᠨ ᠪᠥᠭᠡᠳ ᠲᠡᠭᠦᠨ ᠤ ᠳᠣᠲᠣᠷᠠᠬᠢ 13 ᠬᠥᠮᠥᠨ ᠳᠤ ᠵᠣᠭᠤᠰ ᠨᠡᠬᠡᠮᠵᠢᠯᠡᠬᠦ ᠮᠡᠳᠡᠭᠳᠡᠯ ᠤᠨ ᠪᠢᠴᠢᠭ ᠬᠦᠷᠭᠡᠵᠦ᠂ ᠣᠲᠣ ᠪᠣᠯᠲᠠᠯ᠎ᠠ ᠨᠢᠭᠡᠨᠲᠡ 6 ᠲᠦᠮᠡ ᠭᠠᠷᠤᠢ ᠲᠥᠭᠦᠷᠢᠭ ᠤᠨ ᠨᠥᠬᠦᠪᠦᠷᠢ ᠮᠥᠩᠭᠦ ᠶᠢ ᠨᠡᠬᠡᠮᠵᠢᠯᠡᠨ ᠠᠪᠴᠢᠷᠠᠭᠰᠠᠨ ᠪᠠᠶᠢᠨ᠎ᠠ᠃ ᠣᠲᠣ ᠪᠣᠯᠲᠠᠯ᠎ᠠ᠂ ᠨᠡᠶᠢᠲᠡ 75 ᠬᠥᠮᠥᠨ ᠳᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢᠨ ᠠᠩᠬᠠᠨ ᠤ ᠬᠢᠨᠠᠯᠲᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠵᠦ ᠥᠭᠴᠡᠢ᠃      ᠳᠠᠷᠠᠭᠠᠴᠢ ᠶᠢᠨ ᠠᠯᠬᠤᠮ ᠳᠤ᠂ ᠵᠡᠭᠡᠯᠢ ᠭᠤᠳᠤᠮᠵᠢ ᠶᠢᠨ ᠬᠢᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠬᠦ᠂ ᠠᠵᠢᠯ ᠣᠯᠭᠤᠯᠲᠠ ᠶᠢᠨ ᠲᠠᠪᠴᠠᠩ ᠢ ᠪᠠᠶᠢᠭᠤᠯᠬᠤ᠂ ᠠᠵᠢᠯ ᠣᠯᠭᠤᠯᠲᠠ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ᠂ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯ ᠢ ᠰᠡᠳᠬᠢᠯ ᠲᠠᠯᠪᠢᠨ᠂ ᠬᠠᠶᠢᠷ᠎ᠠ ᠰᠡᠳᠬᠢᠯᠭᠡ᠂ ᠬᠦᠴᠦ ᠣᠷᠣᠭᠤᠯᠤᠨ ᠰᠠᠶᠢᠲᠤᠷ ᠬᠢᠵᠦ᠂ ᠠᠵᠢᠯ ᠣᠯᠭᠤᠯᠲᠠ ᠶᠢᠨ ᠠᠵᠢᠯ ᠤᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠪᠣᠯᠣᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠼᠠᠢ ᠱᠧᠨ ᠮᠢᠶᠣᠣ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1