ᠰᠣᠶᠣᠯ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠤᠨ᠎ᠠ ︱ ᠰᠣᠶᠣᠯ ᠤᠨ ᠪᠤᠰᠤ ᠰᠣᠶᠣᠯ ᠤᠨ ᠥᠪ ᠤᠨ ᠰᠠᠶᠢᠬᠠᠨ ᠢ ᠤᠯᠠᠮᠵᠢᠯᠠᠨ᠎ᠠ
ᠨᠡᠶᠢᠲᠡᠯᠡᠭᠰᠡᠨ ᠴᠠᠭ᠄
2023/11/16
     ᠣᠶᠢᠷ᠎ᠠ ᠳᠤ᠂ ᠳ᠋ᠦᠩ ᠾᠧ ᠲᠣᠭᠤᠷᠢᠭ ᠤᠨ ᠰᠣᠶᠣᠯ ᠤᠨ ᠣᠷᠳᠣᠨ ᠪᠣᠯᠣᠨ ᠲᠡᠮᠦᠷ ᠵᠠᠮ ᠤᠨ ᠵᠠᠮ ᠬᠠᠷᠢᠯᠴᠠᠭᠠᠨ ᠤ ᠡᠵᠡᠩᠨᠡᠯᠲᠡ ᠬᠠᠮᠢᠶᠠᠷᠤᠯᠲᠠ ᠶᠢᠨ ᠰᠠᠯᠪᠤᠷᠢ ᠬᠠᠮᠲᠤᠷᠠᠨ ︽ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠳᠤ ᠣᠷᠣᠵᠤ ᠂ ᠪᠣᠳᠠᠰ ᠤᠨ ᠪᠤᠰᠤ ᠰᠣᠶᠣᠯ ᠤᠨ ᠥᠪ ᠤᠨ ᠭᠤᠸ᠎ᠠ ᠰᠠᠶᠢᠬᠠᠨ ᠢ ᠤᠯᠠᠮᠵᠢᠯᠠᠨ ᠵᠠᠯᠭᠠᠮᠵᠢᠯᠠᠬᠤ︾ ᠭᠠᠷ ᠤᠷᠠᠯᠠᠯ ᠤᠨ ︽ᠰᠢᠬᠢᠷ ᠤᠨ ᠱᠤᠭᠤᠮᠠᠯ︾ ᠦᠢᠯᠡᠳᠬᠦ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠳᠤ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ︽ᠰᠢᠬᠢᠷᠲᠦ ᠱᠤᠭᠤᠮᠠᠯ︾᠎ ᠤᠨ ᠵᠠᠯᠭᠠᠮᠵᠢᠯᠠᠭᠴᠢ ᠯᠢ ᠣᠪᠣᠭᠲᠤ ᠶᠢᠨ ᠪᠠᠭᠰᠢ ᠶᠢ ᠲᠤᠰᠬᠠᠶᠢᠯᠠᠨ ᠤᠷᠢᠵᠤ ᠲᠤᠬᠠᠢ ᠶᠢᠨ ᠲᠠᠯᠠᠪᠤᠷ ᠲᠤ ᠵᠢᠭᠠᠨ ᠰᠤᠷᠭᠠᠯᠲᠠ ᠬᠢᠯᠭᠡᠵᠡᠢ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠯᠢ ᠣᠪᠣᠭᠲᠤ ᠶᠢᠨ ᠪᠠᠭᠰᠢ ᠠᠴᠠ ᠤᠯᠠᠨ ᠳᠤ ᠰᠢᠬᠢᠷ ᠤᠨ ᠱᠤᠭᠤᠮᠠᠯ ᠤᠨ ᠲᠡᠦᠬᠡ ᠰᠣᠶᠣᠯ ᠢ ᠲᠠᠨᠢᠯᠴᠠᠭᠤᠯᠤᠭᠰᠠᠨ ᠪᠥᠭᠡᠳ ᠭᠠᠷ ᠢᠶᠠᠷ ᠬᠢᠭᠰᠡᠨ ᠰᠢᠬᠢᠷ ᠤᠨ ᠱᠤᠭᠤᠮᠠᠯ ᠢ ᠬᠢᠬᠦ ᠳᠤ ᠬᠡᠷᠡᠭᠰᠡᠬᠦ ᠲᠦᠭᠦᠬᠡᠢ ᠮᠠᠲ᠋ᠧᠷᠢᠶᠠᠯ᠂ ᠪᠠᠭᠠᠵᠢ ᠬᠡᠷᠡᠭᠰᠡᠯ ᠵᠡᠷᠭᠡ ᠶᠢ ᠲᠠᠶᠢᠯᠪᠤᠷᠢᠯᠠᠪᠠ᠃ ᠭᠠᠷ ᠤᠷᠠᠯᠠᠯ ᠤᠨ ᠰᠢᠬᠢᠷ ᠤᠨ ᠱᠤᠭᠤᠮᠠᠯ ᠎ ᠨᠢ ᠰᠢᠬᠢᠷ ᠤᠨ ᠲᠣᠰᠣ ︵ᠪᠤᠭᠤᠳᠠᠢ  ᠶᠢᠨ ᠨᠠᠬᠢᠶᠠᠨ ᠰᠢᠬᠢᠷ᠂ ᠮᠥᠰᠥᠨ ᠰᠢᠬᠢᠷ︶᠎ ᠪᠠᠷ ᠲᠦᠭᠦᠬᠡᠢ ᠮᠠᠲ᠋ᠧᠷᠢᠶᠠᠯ ᠪᠣᠯᠭᠠᠵᠤ᠂ ᠬᠠᠯᠠᠭᠤᠯᠬᠤ ᠪᠤᠶᠤ ᠴᠢᠨᠠᠬᠤ ᠪᠠᠷ ᠳᠡᠮᠵᠢᠨ᠂ ᠦᠯᠢᠶᠡᠵᠦ ᠴᠢᠮᠬᠢᠬᠦ᠂ ᠲᠣᠩᠭᠤᠷᠠᠭᠤᠯᠤᠨ ᠵᠢᠷᠤᠬᠤ᠂ ᠬᠡᠪ ᠴᠢᠳᠬᠤᠬᠤ ᠵᠡᠷᠭᠡ ᠪᠣᠯᠪᠠᠰᠤᠷᠠᠭᠤᠯᠬᠤ ᠠᠷᠭ᠎ᠠ ᠪᠠᠷᠢᠯ ᠪᠠ ᠳᠦᠷᠰᠦ ᠪᠦᠲᠦᠭᠡᠬᠦ ᠠᠷᠭ᠎ᠠ  ᠪᠠᠷ ᠬᠠᠪᠲᠠᠭᠠᠢ ᠪᠤᠶᠤ ᠪᠡᠶᠡᠲᠦ ᠬᠥᠮᠥᠨ᠂ ᠪᠣᠳᠠᠰ᠂ ᠰᠢᠪᠠᠭᠤ᠂ ᠠᠷᠢᠶᠠᠲᠠᠨ ᠵᠡᠷᠭᠡ ᠪᠣᠳᠠᠲᠠᠢ ᠳᠦᠷᠢ  ᠶᠢ ᠪᠦᠲᠦᠭᠡᠬᠦ ᠤᠷᠠᠯᠢᠭ  ᠢ ᠪᠦᠲᠦᠭᠡᠬᠦ  ᠶᠢᠨ ᠬᠠᠮᠲᠤ ᠪᠠᠰᠠ ᠠᠷᠠᠳ ᠤᠨ ᠢᠳᠡᠭᠡᠨ ᠤ ᠤᠷᠠᠯᠠᠯ  ᠢ ᠪᠦᠲᠦᠭᠡᠵᠦ᠂ ᠶᠡᠷᠦ ᠳᠡᠭᠡᠨ ᠬᠡᠦᠬᠡᠳ ᠤᠨ ᠰᠣᠨᠢᠷᠬᠠᠬᠤ ᠪᠠ ᠢᠳᠡᠬᠦ ᠳᠤ ᠵᠣᠷᠢᠭᠤᠯᠳᠠᠭ᠃ ᠯᠢ ᠣᠪᠣᠭᠲᠤ ᠶᠢᠨ ᠪᠠᠭᠰᠢ ᠴᠢᠬᠤᠯᠠᠴᠢᠯᠠᠬᠤ ᠳᠠᠭᠠᠨ᠂ ᠰᠢᠬᠢᠷ ᠦᠯᠢᠶᠡᠬᠦ ᠤᠷ᠎ᠠ ᠮᠡᠷᠭᠡᠵᠢᠯ ᠨᠢ ᠭᠤᠣᠯᠳᠠᠭᠤ ︽ᠦᠯᠢᠶᠡᠬᠦ︾ ᠳᠡᠭᠡᠷ᠎ᠡ ᠪᠠᠶᠢᠳᠠᠭ᠂ ᠨᠢᠭᠡ ᠬᠡᠰᠡᠭ ᠰᠢᠬᠢᠷ ᠨᠢ ᠤᠷᠠᠯᠢᠭᠴᠢᠨ ᠤ ᠭᠠᠷ ᠲᠤ ᠪᠠᠶᠢᠵᠤ᠂ ᠦᠯᠢᠶᠡᠬᠦ ᠶᠢᠨ ᠳᠠᠭᠠᠤ ᠴᠢᠮᠬᠢᠵᠦ᠂ ᠳᠠᠬᠢᠨ ᠦᠷᠦᠬᠦ᠂ ᠳᠠᠷᠤᠬᠤ᠂ ᠳᠠᠮᠨᠠᠬᠤ᠂ ᠬᠠᠶᠢᠴᠢᠯᠠᠬᠤ ᠵᠡᠷᠭᠡ ᠠᠷᠭ᠎ᠠ ᠪᠠᠷ ᠬᠠᠪᠰᠤᠷᠤᠮᠵᠢ ᠶᠢᠨ ᠵᠢᠵᠢᠭ ᠲᠡᠮᠦᠷ ᠤᠲᠠᠰᠤ ᠶᠢ ᠨᠡᠮᠡᠪᠡᠯ᠂ ᠪᠠᠭ᠎ᠠ ᠳᠠᠭᠠᠨ ᠬᠡᠳᠦᠨ ᠮᠢᠨᠦ᠋ᠲ᠂ ᠢᠯᠡᠭᠦᠦ ᠳᠡᠭᠡᠨ ᠬᠠᠭᠠᠰ ᠴᠠᠭ ᠤᠨ ᠳᠣᠲᠣᠷ᠎ᠠ ᠨᠢᠭᠡ ᠯᠡ ᠪᠦᠲᠦᠭᠡᠯ ᠢ ᠪᠦᠲᠦᠭᠡᠴᠢᠬᠡᠨ᠎ᠡ ᠭᠡᠵᠡᠢ᠃ ᠬᠠᠮᠲᠤ ᠰᠤᠷᠤᠭᠴᠢᠳ ᠤᠨ ᠬᠦᠰᠡᠨ ᠬᠦᠯᠢᠶᠡᠵᠦ ᠪᠠᠶᠢᠭᠰᠠᠨ ᠬᠠᠷᠠᠴᠠ ᠶᠢᠨ ᠬᠠᠷᠠᠴᠠ ᠪᠠᠷ ᠯᠢ ᠣᠪᠣᠭᠲᠤ ᠶᠢᠨ ᠪᠠᠭᠰᠢ ᠰᠢᠨᠠᠭ᠎ᠠ ᠪᠠᠷ ᠪᠢᠷ ᠪᠣᠯᠭᠠᠵᠤ᠂ ᠰᠢᠬᠢᠷ ᠢᠶᠠᠷ ᠪᠡᠭᠡ ᠪᠣᠯᠭᠠᠭᠰᠠᠨ ᠠᠴᠠ ᠨᠢᠭᠡᠨ ᠬᠤᠪᠢ ᠤᠷᠠᠨ ᠨᠠᠷᠢᠯᠢᠭ ᠰᠢᠬᠢᠷ ᠤᠨ ᠵᠢᠷᠤᠭ ᠪᠤᠢ ᠪᠣᠯᠤᠭᠰᠠᠨ ᠪᠠᠶᠢᠨ᠎ᠠ᠃ ᠡᠨᠡ ᠦᠶ᠎ᠡ ᠳᠤ ᠯᠢ ᠣᠪᠣᠭᠲᠤ ᠶᠢᠨ ᠪᠠᠭᠰᠢ ᠰᠢᠨᠠᠭ᠎ᠠ ᠪᠠᠷ ᠪᠢᠷ ᠪᠣᠯᠭᠠᠵᠤ᠂ ᠰᠢᠬᠢᠷ ᠢᠶᠠᠷ ᠪᠡᠭᠡ ᠪᠣᠯᠭᠠᠭᠰᠠᠨ ᠠᠴᠠ ᠨᠢᠭᠡᠨ ᠬᠤᠪᠢ ᠤᠷᠠᠨ ᠨᠠᠷᠢᠯᠢᠭ ᠰᠢᠬᠢᠷ ᠤᠨ ᠵᠢᠷᠤᠭ ᠪᠤᠢ ᠪᠣᠯᠪᠠ᠃ ᠬᠠᠮᠲᠤ ᠰᠤᠷᠤᠭᠴᠢᠳ ᠪᠠᠭᠰᠢ ᠶᠢᠨ ᠢᠶᠠᠨ ᠲᠠᠶᠢᠯᠪᠤᠷᠢᠯᠠᠬᠤ ᠶᠢ ᠰᠣᠨᠣᠰᠴᠤ ᠪᠠᠷᠠᠭᠰᠠᠨ ᠤ ᠳᠠᠷᠠᠭ᠎ᠠ᠂ ᠭᠠᠷ ᠬᠥᠳᠡᠯᠭᠡᠨ ᠥᠪᠡᠷ ᠤᠨ ᠭᠡᠰᠡᠨ ᠰᠢᠬᠢᠷᠲᠦ ᠱᠤᠭᠤᠮᠠᠯ ᠢᠶᠠᠨ ᠬᠢᠵᠦ ᠪᠠᠶᠢᠪᠠ᠃
     ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠩ ᠣᠯᠠᠨ ᠰᠤᠷᠤᠭᠴᠢᠳ ᠲᠤ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ︽ᠰᠢᠬᠢᠷᠲᠦ ᠱᠤᠭᠤᠮᠠᠯ︾᠎ ᠤᠨ ᠷᠢᠳᠢ ᠰᠢᠳᠢ ᠶᠢ ᠤᠯᠠᠮ ᠨᠢᠭᠡ ᠠᠯᠬᠤᠮ ᠣᠶᠢᠯᠠᠭᠠᠭᠤᠯᠪᠠ᠃ ᠭᠠᠷ ᠤᠷᠠᠯᠠᠯ ᠤᠨ ︽ᠰᠢᠬᠢᠷᠲᠦ ᠱᠤᠭᠤᠮᠠᠯ︾᠎ ᠤᠨ ᠪᠦᠲᠦᠭᠡᠯ ᠢ ᠭᠠᠷ ᠬᠥᠳᠡᠯᠦᠨ ᠦᠢᠯᠡᠳᠬᠦ ᠪᠠᠷ ᠳᠠᠮᠵᠢᠭᠤᠯᠤᠨ᠂ ᠰᠤᠷᠤᠭᠴᠢᠳ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠲᠤᠬᠠᠢ ᠬᠠᠶᠢᠨ ᠰᠦᠪᠡᠭᠴᠢᠯᠡᠬᠦ ᠬᠦᠰᠡᠯ ᠢ ᠬᠥᠭᠵᠢᠭᠡᠵᠦ᠂ ᠨᠠᠩ ᠴᠢᠬᠤᠯᠠ ᠨᠢ ᠰᠤᠷᠤᠭᠴᠢᠳ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠬᠥᠭᠵᠢᠭᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠴᠡᠴᠡᠭ ᠢ ᠰᠤᠷᠭᠠᠭᠤᠯᠢ ᠶᠢᠨ ᠬᠦᠷᠢᠶᠡᠨ ᠳᠤ ᠰᠢᠨ᠎ᠡ ᠬᠡᠷᠡᠯ ᠭᠢᠯᠪᠠᠭ᠎ᠠ ᠪᠠᠨ ᠰᠠᠴᠤᠷᠠᠭᠤᠯᠬᠤ ᠪᠣᠯᠣᠨ᠎ᠠ
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1