ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ ᠰᠢᠷᠴᠢᠨ ᠪᠠᠯᠭᠠᠰᠤᠨ ᠳᠤ ᠭᠦᠨᠵᠡᠭᠡᠶᠢᠷᠡᠵᠦ ᠮᠠᠨ ᠤ ᠣᠷᠣᠨ ᠤ ᠰᠣᠶᠣᠯ ᠤᠨ ᠶᠡᠭᠡ ᠬᠦᠷᠢᠶᠡᠨ ᠤ ᠪᠠᠶᠢᠳᠠᠯ ᠢ ᠣᠶᠢᠯᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/11/16
     10 ᠰᠠᠷ᠎ᠠ ᠶᠢᠨ 19᠎ ᠤ ᠡᠳᠦᠷ ᠤᠨ ᠦᠳᠡ ᠶᠢᠨ ᠡᠮᠦᠨ᠎ᠡ᠂ ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠶᠢᠨ ᠰᠢ ᠪᠦᠯᠬᠦᠮ ᠳᠠᠭᠠᠭᠤᠯᠤᠨ ᠰᠢᠷᠴᠢᠨ ᠪᠠᠯᠭᠠᠰᠤᠨ ᠳᠤ ᠭᠦᠨᠵᠡᠭᠡᠶᠢᠷᠡᠨ ᠰᠣᠶᠣᠯ ᠤᠨ ᠶᠡᠭᠡ ᠬᠦᠷᠢᠶᠡᠯᠡᠩ ᠤᠨ ᠪᠠᠶᠢᠭᠤᠯᠤᠯᠲᠠ ᠪᠠ ᠬᠥᠭᠵᠢᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠨ ᠣᠶᠢᠯᠠᠭᠠᠪᠠ᠃
     ᠠᠵᠢᠯᠯᠠᠬᠤ ᠳᠤᠭᠤᠶᠢᠯᠠᠩ ᠤᠨ ᠬᠢᠨ ᠤᠷᠢᠳ ᠬᠤᠵᠢᠳ ᠤᠷᠭᠦᠰᠤᠨ ᠲᠣᠰᠬᠤᠨ ᠤ ᠸᠥ᠋ᠨ ᠶᠤᠸᠠᠢ ᠶᠢᠩ ᠰᠣᠶᠣᠯ ᠤᠨ ᠶᠡᠭᠡ ᠬᠦᠷᠢᠶᠡᠯᠡᠩ᠂ ᠱᠠ ᠮᠦ ᠵᠢᠶᠠ ᠲᠣᠰᠬᠤᠨ ᠤ ᠯᠢᠦ ᠳ᠋ᠠᠩ ᠵᠧᠩ ᠰᠣᠶᠣᠯ ᠤᠨ ᠶᠡᠭᠡ ᠬᠦᠷᠢᠶᠡᠯᠡᠩ᠂ ᠳ᠋ᠧᠩ ᠵᠢᠶᠠ ᠶᠢᠩᠽᠢ ᠲᠣᠰᠬᠤᠨ ᠤ ᠵᠠᠩ ᠷᠦᠢ ᠹᠥ᠋ᠨ ᠰᠣᠶᠣᠯ ᠤᠨ ᠶᠡᠭᠡ ᠬᠦᠷᠢᠶᠡᠯᠡᠭᠡᠨ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠬᠦᠷᠴᠦ ᠪᠠᠶᠢᠳᠠᠯ ᠢ ᠣᠶᠢᠯᠠᠭᠠᠵᠤ᠂ ᠰᠣᠶᠣᠯ ᠤᠨ ᠶᠡᠭᠡ ᠬᠦᠷᠢᠶᠡᠨ ᠤ ᠲᠠᠯᠠᠪᠤᠷ᠂ ᠤᠳᠬ᠎ᠠ ᠤᠷᠠᠯᠢᠭ ᠤᠨ ᠡᠩᠨᠡᠭᠡᠨ ᠤ ᠪᠠᠶᠢᠭᠤᠯᠤᠯᠲᠠ ᠵᠢᠴᠢ ᠡᠯ᠎ᠡ ᠵᠦᠢᠯ ᠤᠨ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠰᠢᠶᠠᠩ ᠪᠠᠯᠭᠠᠰᠤᠨ ᠤ ᠰᠣᠶᠣᠯ ᠤᠨ ᠶᠡᠭᠡ ᠬᠦᠷᠢᠶᠡᠨ ᠤ ᠪᠠᠶᠢᠭᠤᠯᠤᠯᠲᠠ ᠶᠢᠨ ᠣᠯᠣᠭᠰᠠᠨ ᠠᠮᠵᠢᠯᠲᠠ ᠶᠢ ᠭᠦᠢᠴᠡᠳ ᠣᠶᠢᠯᠠᠭᠠᠭᠰᠠᠨ ᠪᠥᠭᠡᠳ ᠨᠤᠲᠠᠯᠠᠪᠠ᠃
     ᠳᠡᠳ᠋ ᠲᠣᠪᠴᠢᠶᠠᠨ ᠳᠠᠷᠤᠭ᠎ᠠ ᠯᠢᠦ ᠶᠢᠨ ᠰᠢ ᠢᠯᠡᠷᠬᠡᠶᠢᠯᠡᠬᠦ ᠳᠡᠭᠡᠨ᠄ ᠬᠤᠶᠢᠰᠢᠳᠠ ᠰᠢᠶᠠᠩ ᠪᠠᠯᠭᠠᠰᠤ ᠪᠠ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠤᠯᠠᠨ ᠵᠦᠢᠯ ᠤᠨ ᠨᠡᠶᠢᠭᠡᠮ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ ᠤᠯᠠᠨ ᠲᠦᠮᠡᠨ ᠤ ᠤᠳᠬ᠎ᠠ ᠤᠷᠠᠯᠢᠭ ᠤᠨ ᠪᠦᠯᠬᠦᠮ ᠨᠡᠶᠢᠲᠡ ᠶᠢ ᠲᠡᠳᠬᠦᠨ ᠳᠡᠮᠵᠢᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠪᠤᠵᠠᠭᠠᠶᠢᠷᠠᠭᠤᠯᠤᠨ᠂ ᠢᠳᠡᠪᠬᠢᠲᠡᠢ ᠬᠥᠲᠥᠯᠥᠨ ᠵᠢᠯᠤᠭᠤᠳᠴᠤ᠂ ᠰᠣᠶᠣᠯ ᠤᠨ ᠶᠡᠭᠡ ᠬᠦᠷᠢᠶᠡᠯᠡᠩ ᠢ ᠤᠬᠠᠭᠤᠯᠵᠤ᠂ ᠦᠢᠯᠡᠴᠢᠯᠡᠭᠡᠨ ᠤ ᠵᠦᠢᠯᠡᠰ ᠢ ᠨᠠᠷᠢᠯᠢᠭᠵᠢᠭᠤᠯᠤᠨ᠂ ᠰᠣᠶᠣᠯ ᠤᠨ ᠰᠢᠯᠢᠳᠡᠭ ᠶᠡᠭᠡ ᠬᠦᠷᠢᠶᠡᠯᠡᠩ ᠢ ᠢᠳᠡᠪᠬᠢᠲᠡᠢ ᠪᠣᠶᠢᠵᠢᠭᠤᠯᠵᠤ᠂ ᠰᠣᠶᠣᠯ ᠢᠶᠠᠷ ᠶᠠᠳᠠᠭᠤ ᠶᠢ ᠲᠡᠳᠬᠦᠬᠦ ᠳᠤ ᠬᠦᠴᠦ ᠨᠡᠮᠡᠷᠢᠯᠡᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠡᠴᠦᠰ ᠤᠨ ᠨᠢᠭᠡ ᠺᠢᠯᠣᠮᠧᠲᠷ ᠢ ᠨᠡᠪᠲᠡᠷᠡᠭᠦᠯᠬᠦ ᠬᠡᠷᠡᠭᠲᠡᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1