ᠪᠤᠭᠤᠲᠤ ᠶᠢᠨ ᠠᠯᠲᠠᠨ ᠵᠡᠭᠡᠯᠢ ᠨᠢ ︽ᠲᠦᠮᠡᠨ ᠭᠠᠵᠠᠷ ᠤᠨ ᠴᠠᠢ ᠶᠢᠨ ᠵᠠᠮ︾ ︵ᠳᠤᠮᠳᠠᠳᠤ ᠤᠯᠤᠰ ᠤᠨ ᠬᠡᠰᠡᠭ︶᠎ ᠤᠨ ᠰᠣᠶᠣᠯ ᠤᠨ ᠵᠡᠭᠡᠯᠢ ᠲᠣᠭᠤᠷᠢᠭ ᠤᠨ ᠨᠠᠷᠠᠲᠤ ᠲᠡᠮᠳᠡᠭ ᠢᠶᠠᠷ ᠰᠣᠩᠭᠤᠭᠳᠠᠪᠠ︕
ᠨᠡᠶᠢᠲᠡᠯᠡᠭᠰᠡᠨ ᠴᠠᠭ᠄
2023/11/16
   ᠣᠶᠢᠷ᠎ᠠ ᠳᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ᠂ ᠣᠷᠣᠰ ᠤᠨ ᠬᠤᠯᠪᠣᠭᠠᠨ ᠤ ᠠᠵᠤ ᠠᠬᠤᠢ ᠶᠢᠨ ᠬᠥᠭᠵᠢᠯᠲᠡ ᠶᠢᠨ ᠶᠠᠮᠤᠨ᠂ ᠮᠣᠩᠭᠤᠯ ᠤᠯᠤᠰ ᠤᠨ ᠪᠠᠶᠢᠭᠠᠯᠢ ᠶᠢᠨ ᠣᠷᠴᠢᠨ ᠲᠣᠭᠤᠷᠢᠨ ᠬᠢᠭᠡᠳ ᠵᠢᠭᠤᠯᠴᠢᠯᠠᠯ ᠤᠨ ᠶᠠᠮᠤᠨ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠧᠢ ᠮᠤᠵᠢ ᠶᠢᠨ ᠠᠷᠠᠳ ᠤᠨ ᠵᠠᠰᠠᠭ ᠤᠨ ᠣᠷᠳᠣᠨ ᠤ ᠬᠠᠮᠲᠤᠷᠠᠨ ᠡᠷᠭᠢᠯᠡᠭᠰᠡᠨ ︽ᠲᠦᠮᠡᠨ ᠭᠠᠵᠠᠷ ᠤᠨ ᠴᠠᠢ ᠶᠢᠨ ᠵᠠᠮ︾᠎ ᠤᠨ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠪᠤᠭᠤᠲᠤ ᠶᠢᠨ ᠠᠯᠲᠠᠨ ᠵᠡᠭᠡᠯᠢ ᠨᠢ ︽ᠲᠦᠮᠡᠨ ᠭᠠᠵᠠᠷ ᠤᠨ ᠴᠠᠢ ᠶᠢᠨ ᠵᠠᠮ︾ ︵ᠳᠤᠮᠳᠠᠳᠤ ᠤᠯᠤᠰ ᠤᠨ ᠬᠡᠰᠡᠭ︶᠎ ᠤᠨ ᠰᠣᠶᠣᠯ ᠤᠨ ᠵᠡᠭᠡᠯᠢ ᠲᠣᠭᠤᠷᠢᠭ ᠤᠨ ᠨᠠᠷᠠᠲᠤ ᠲᠡᠮᠳᠡᠭ ᠢᠶᠠᠷ ᠰᠣᠩᠭᠤᠭᠳᠠᠵᠤ᠂ ᠳ᠋ᠦᠩ ᠾᠧ ᠶᠢᠨ ︽ᠲᠦᠮᠡᠨ ᠭᠠᠵᠠᠷ ᠤᠨ ᠴᠠᠢ ᠶᠢᠨ ᠵᠠᠮ︾᠎ ᠤᠨ ᠰᠣᠶᠣᠯ ᠪᠠ ᠵᠢᠭᠤᠯᠴᠢᠯᠠᠯ ᠤᠨ ᠠᠭᠤᠰᠤᠯᠴᠠᠯ ᠤᠨ ᠰᠢᠨ᠎ᠡ ᠳᠦᠷᠢ ᠲᠥᠷᠬᠦ ᠶᠢ ᠳᠡᠯᠭᠡᠨ ᠦᠵᠡᠭᠦᠯᠵᠡᠢ᠃
1. ᠬᠤᠪᠧᠢ ᠮᠤᠵᠢ  ᠶᠢᠨ ᡂᠢ ᠪᠢ  ᠶᠢᠨ ᠶᠠᠩ ᠯᠧᠦ ᠳ᠋ᠦᠩ ᠤᠨ ᠲᠡᠦᠬᠡ ᠰᠣᠶᠣᠯ ᠤᠨ ᠥᠩᠭᠡ ᠦᠵᠡᠮᠵᠢ  ᠶᠢᠨ ᠵᠡᠭᠡᠯᠢ ᠲᠣᠭᠤᠷᠢᠭ 2. ᠥᠪᠥᠷ ᠮᠣᠩᠭᠤᠯ ᠤᠨ ᠪᠤᠭᠤᠲᠤ ᠶᠢᠨ ᠠᠯᠲᠠᠨ ᠵᠡᠭᠡᠯᠢ ᠶᠢᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ 3. ᠾᠧᠪᠧᠢ ᠮᠤᠵᠢ  ᠶᠢᠨ ᠲᠠᠩᠱᠠᠨ ᠬᠤᠲᠠ  ᠶᠢᠨ ᠯᠦ ᠪᠧᠢ ᠲᠣᠭᠤᠷᠢᠭ ᠤᠨ ᠫᠧᠢ ᠷᠧᠨ ᠲᠡᠦᠬᠡ ᠰᠣᠶᠣᠯ ᠤᠨ ᠵᠡᠭᠡᠯᠢ 4. ᠱᠠᠨ ᠰᠢ  ᠶᠢᠨ ᠰᠢᠨ ᠵᠧᠦ  ᠶᠢᠨ ᠡᠷᠲᠡᠨ ᠤ ᠬᠤᠲᠠ  ᠶᠢᠨ ᠪᠢᠴᠢᠭ ᠤᠨ ᠵᠢᠭᠤᠯᠴᠢᠯᠠᠯ ᠰᠡᠯᠡᠭᠦᠴᠡᠯ ᠤᠨ ᠠᠮᠢᠳᠤᠷᠠᠯ ᠤᠨ ᠵᠡᠭᠡᠯᠢ ᠲᠣᠭᠤᠷᠢᠭ 5. ᠠᠨᠾᠦ᠋ᠢ ᠮᠤᠵᠢ  ᠶᠢᠨ ᠯᠢᠶᠠᠩ ᠤᠨ in ᠭᠤᠳᠤᠮᠵᠢ 6. ᠹᠦᠵᠢᠶᠠᠨ ᠤ ᠦ᠋ ᠢ ᠱᠠᠨ ᠬᠤᠲᠠ  ᠶᠢᠨ ᠰᠢᠶᠠ ᠮᠧᠶ ᠼᠦᠨ ᠤ ᠬᠥ᠋ ᠵᠢᠶᠧ ᠵᠡᠭᠡᠯᠢ 7. ᠵᠢᠶᠠᠩᠰᠢ  ᠶᠢᠨ ᠱᠠᠩ ᠷᠣᠣ  ᠶᠢᠨ ᠸᠧᠢ ᠱᠠᠨ ᠰᠢᠶᠠᠨ ᠤ ᠾᠧ ᠺᠧᠦ ᠪᠠᠯᠭᠠᠰᠤᠨ ᠤ ᠮᠢᠩ ᠴᠢᠩ ᠬᠥ᠋ ᠵᠡᠭᠡᠯᠢ 8. ᠾᠧᠨᠠᠨ ᠮᠤᠵᠢ  ᠶᠢᠨ ᠨᠠᠨᠶᠠᠩ ᠬᠤᠲᠠ  ᠶᠢᠨ ᠰᠢ ᠰᠢᠶᠠ ᠰᠢᠶᠠᠨ ᠤ ᠵᠥᠩ ᠵᠢᠩ ᠤᠨ ᠪᠡᠶ᠎ᠡ ᠰᠤᠪᠢᠯᠠᠯᠲᠠ  ᠶᠢᠨ ᠵᠢᠵᠢᠭ ᠪᠠᠯᠭᠠᠰᠤ 9. ᠬᠤᠨᠠᠨ ᠮᠤᠵᠢ  ᠶᠢᠨ ᠶᠢ ᠶᠠᠩ ᠬᠤᠲᠠ  ᠶᠢᠨ ᠠᠨ ᠬᠤᠸᠠ  ᠶᠢᠨ ᠬᠤᠸᠠᠩ ᠱᠠ ᠫᠢᠩ ᠤᠨ ᠾᠧᠢ ᠴᠠᠢ  ᠶᠢᠨ ᠵᠢᠵᠢᠭ ᠪᠠᠯᠭᠠᠰᠤ
     ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ᠂︽ᠲᠦᠮᠡᠨ ᠭᠠᠵᠠᠷ ᠤᠨ ᠴᠠᠢ ᠶᠢᠨ ᠵᠠᠮ︾᠎ ᠨᠢ ᠳᠤᠮᠳᠠᠳᠤ ᠤᠷᠤᠰ ᠮᠣᠩᠭᠤᠯ ᠭᠤᠷᠪᠠᠨ ᠤᠯᠤᠰ ᠢᠶᠠᠷ ᠥᠩᠭᠡᠷᠡᠵᠦ᠂ ᠳᠤᠮᠳᠠᠳᠤ ᠪᠠᠷᠠᠭᠤᠨ ᠣᠷᠣᠨ ᠢᠶᠠᠷ ᠥᠩᠭᠡᠷᠡᠵᠦ᠂ ᠲᠦᠮᠡᠨ ᠭᠠᠵᠠᠷ ᠦᠷᠭᠦᠯᠵᠢᠯᠡᠵᠦ᠂ ᠠᠽᠢᠶ᠎ᠠ ᠲᠢᠪ ᠤᠨ ᠡᠬᠡ ᠬᠠᠭᠤᠷᠠᠢ ᠶᠢᠨ ᠡᠮᠦᠨ᠎ᠡ ᠤᠮᠠᠷ᠎ᠠ ᠴᠢᠭᠯᠡᠯ ᠤᠨ ᠲᠠᠷᠢᠶᠠᠯᠠᠬᠤ ᠪᠣᠯᠪᠠᠰᠤᠨ ᠪᠠ ᠲᠠᠯ᠎ᠠ ᠨᠤᠲᠤᠭ ᠤᠨ ᠨᠡᠭᠦᠳᠡᠯ ᠮᠠᠯᠵᠢᠯ ᠤᠨ ᠪᠣᠯᠪᠠᠰᠤᠨ ᠤ ᠭᠤᠣᠯᠯᠠᠭᠴᠢ ᠣᠷᠣᠨ ᠪᠦᠰᠡ ᠶᠢ ᠬᠤᠯᠪᠣᠵᠤ᠂ ᠳᠤᠮᠳᠠᠳᠤ ᠤᠷᠤᠰ ᠮᠣᠩᠭᠤᠯ ᠵᠢᠴᠢ ︽ᠨᠢᠭᠡ ᠪᠦᠰᠡ ᠨᠢᠭᠡ ᠵᠠᠮ︾ ᠎ ᠤᠨ ᠠᠯᠢ ᠤᠯᠠᠨ ᠬᠠᠮᠲᠤᠷᠠᠯᠴᠠᠭᠠᠨ ᠤ ᠬᠠᠨᠢᠲᠠᠨ ᠤ ᠰᠣᠯᠢᠯᠴᠠᠭ᠎ᠠ ᠶᠠᠪᠤᠯᠴᠠᠭ᠎ᠠ ᠶᠢᠨ ᠲᠡᠦᠬᠡ ᠶᠢ ᠭᠡᠷᠡᠴᠢᠯᠡᠵᠡᠢ ᠭᠡᠵᠦ ᠢᠯᠡᠳᠬᠡᠵᠡᠭᠡᠪᠡ᠃ ︽ᠲᠦᠮᠡᠨ ᠭᠠᠵᠠᠷ ᠤᠨ ᠴᠠᠢ ᠶᠢᠨ ᠵᠠᠮ︾ ᠪᠣᠯ ᠰᠣᠶᠣᠯ ᠤᠨ ᠰᠣᠯᠢᠯᠴᠠᠭᠠᠨ ᠤ ᠵᠠᠮ᠂ ᠪᠣᠯᠪᠠᠰᠤᠨ ᠢ ᠬᠠᠷᠢᠯᠴᠠᠨ ᠲᠣᠯᠢᠯᠠᠬᠤ ᠵᠠᠮ ᠮᠥᠨ᠃      ᠬᠤᠷᠠᠯ ᠳᠡᠭᠡᠷ᠎ᠡ ︽ᠲᠦᠮᠡᠨ ᠭᠠᠵᠠᠷ ᠤᠨ ᠴᠠᠢ ᠶᠢᠨ ᠵᠠᠮ︾ ︵ᠳᠤᠮᠳᠠᠳᠤ ᠤᠯᠤᠰ ᠤᠨ ᠬᠡᠰᠡᠭ︶᠎ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠠᠷᠠᠲᠤ ᠲᠡᠮᠳᠡᠭ᠂ ︽ᠲᠦᠮᠡᠨ ᠭᠠᠵᠠᠷ ᠤᠨ ᠴᠠᠢ ᠶᠢᠨ ᠵᠠᠮ︾ ︵ᠳᠤᠮᠳᠠᠳᠤ ᠤᠯᠤᠰ ᠤᠨ ᠬᠡᠰᠡᠭ︶᠎ ᠤᠨ ᠰᠣᠶᠣᠯ ᠤᠨ ᠵᠡᠭᠡᠯᠢ ᠲᠣᠭᠤᠷᠢᠭ ᠤᠨ ᠨᠠᠷᠠᠲᠤ ᠲᠡᠮᠳᠡᠭ᠂ ︽ᠲᠦᠮᠡᠨ ᠭᠠᠵᠠᠷ ᠤᠨ ᠴᠠᠢ ᠶᠢᠨ ᠵᠠᠮ ︾ ︵ᠳᠤᠮᠳᠠᠳᠤ ᠤᠯᠤᠰ ᠤᠨ ᠬᠡᠰᠡᠭ︶᠎ ᠤᠨ ᠪᠣᠳᠠᠰ ᠤᠨ ᠪᠤᠰᠤ ᠰᠣᠶᠣᠯ ᠤᠨ ᠥᠪ ᠤᠨ ᠨᠠᠷᠠᠲᠤ ᠲᠡᠮᠳᠡᠭ ᠢ ᠨᠡᠶᠢᠲᠡᠯᠡᠭᠰᠡᠨ ᠤ ᠬᠠᠮᠲᠤ ᠪᠠᠰᠠ ︽ᠰᠥᠩ ᠤᠯᠤᠰ ᠤᠨ ᠦᠶ᠎ᠡ ᠶᠢᠨ ᠴᠠᠢ ᠶᠢᠨ ᠴᠠᠢ ᠶᠢᠨ ᠲᠡᠮᠡᠴᠡᠭᠡᠨ ᠤ ᠮᠡᠷᠭᠡᠵᠢᠯ ᠤᠨ ᠵᠢᠷᠤᠮᠵᠢᠯ︾᠎ ᠢ ᠨᠡᠶᠢᠲᠡᠯᠡᠵᠡᠢ᠃      ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ ᠪᠠᠰᠠ ᠵᠤᠭᠠᠴᠠᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠵᠠᠢ᠃ ᠬᠤᠪᠧᠢ ᠶᠢᠨ ᠤᠯᠠᠨ ᠵᠤᠭᠠᠴᠠᠯ ᠤᠨ ᠭᠠᠵᠠᠷ ᠨᠢ ᠣᠣᠮᠧᠨ ᠤ ᠳᠤᠮᠳᠠᠳᠤ ᠤᠯᠤᠰ ᠤᠨ ᠤᠯᠠᠨ ᠤᠯᠤᠰ ᠤᠨ ᠵᠤᠭᠠᠴᠠᠯ ᠤᠨ ᠬᠢᠵᠠᠭᠠᠷᠲᠤ ᠺᠣᠮᠫᠠᠨᠢ᠂ ᠮᠠᠯᠠᠶᠢᠰᠢᠶ᠎ᠠ ᠶᠢᠨ ᠵᠢᠦᠢ ᠶᠢᠨ ᠵᠤᠭᠠᠴᠠᠯ ᠤᠨ ᠺᠣᠮᠫᠠᠨᠢ᠂ ᠰᠥ᠋ᠷᠪᠢᠶ᠎ᠠ ᠶᠢᠨ ᠹᠠᠨ ᠪᠠᠯᠺᠠᠨ ᠤ ᠵᠤᠭᠠᠴᠠᠯ ᠤᠨ ᠪᠦᠯᠦᠭᠯᠡᠯ᠂ ᠰᠢᠩᠭᠠᠫᠤᠷ ᠤᠨ ᠳᠤᠮᠳᠠᠳᠤ ᠶᠢᠨ ᠵᠥᠭᠡᠭᠡᠪᠦᠷᠢ ᠶᠢᠨ ᠵᠤᠭᠠᠴᠠᠯ ᠤᠨ ᠬᠢᠵᠠᠭᠠᠷᠲᠤ ᠺᠣᠮᠫᠠᠨᠢ᠂ ᠸᠢᠶ᠋ᠥᠲᠨᠠᠮ ᠤᠨ ᠯᠢ ᠶᠤᠸᠠᠨ ᠳ᠋ᠠ ᠤᠯᠠᠨ ᠤᠯᠤᠰ ᠤᠨ ᠵᠤᠭᠠᠴᠠᠯ ᠤᠨ ᠺᠣᠮᠫᠠᠨᠢ᠂ ᠺᠣᠷᠢᠶᠠ ᠶᠢᠨ ᠪᠦᠦ ᠪᠧᠢ ᠵᠤᠭᠠᠴᠠᠯ ᠤᠨ ᠺᠣᠮᠫᠠᠨᠢ᠂ ᠰᠢᠶᠠᠩᠭᠠᠩ ᠤᠨ ᠳᠤᠮᠳᠠᠳᠤ ᠤᠯᠤᠰ ᠤᠨ ᠵᠤᠭᠠᠴᠠᠯ ᠤᠨ ᠨᠡᠶᠢᠭᠡᠮᠯᠢᠭ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ ᠤᠨ ᠮᠠᠶᠢᠰᠪᠥᠲ ᠤᠯᠠᠨ ᠤᠯᠤᠰ ᠤᠨ ᠵᠤᠭᠠᠴᠠᠯ ᠤᠨ ᠺᠣᠮᠫᠠᠨᠢ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠵᠠᠢ᠃      ︽ᠲᠦᠮᠡᠨ ᠭᠠᠵᠠᠷ ᠤᠨ ᠴᠠᠢ ᠶᠢᠨ ᠵᠠᠮ︾᠎ ᠨᠢ ᠳᠤᠮᠳᠠᠳᠤ ᠣᠷᠣᠰ ᠮᠣᠩᠭᠤᠯ ᠭᠤᠷᠪᠠᠨ ᠤᠯᠤᠰ ᠢ ᠰᠤᠨᠳᠠᠯᠠᠵᠤ᠂ ᠡᠷᠲᠡᠨ ᠤ ᠲᠣᠷᠭᠠᠨ ᠵᠠᠮ ᠤᠨ ᠳᠠᠷᠠᠭᠠᠬᠢ ᠡᠸᠦ᠋ᠷᠦᠫᠡ ᠠᠽᠢᠶ᠎ᠠ ᠶᠢᠨ ᠡᠬᠡ ᠬᠠᠭᠤᠷᠠᠢ ᠳᠡᠭᠡᠷᠡᠬᠢ ᠴᠢᠬᠤᠯᠠ ᠨᠢᠭᠡᠨ ᠣᠯᠠᠨ ᠤᠯᠤᠰ ᠤᠨ ᠬᠤᠳᠠᠯᠳᠤᠭᠠᠨ ᠤ ᠵᠠᠮ ᠪᠣᠯᠬᠤ ᠪᠥᠭᠡᠳ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠠᠷᠠᠳ ᠲᠦᠮᠡᠨ ᠤ ᠬᠠᠮᠲᠤ ᠪᠠᠷ ᠡᠳ᠋ᠯᠡᠬᠦ ᠡᠷᠬᠢᠮ ᠨᠠᠨᠳᠢᠨ ᠲᠡᠦᠬᠡ ᠶᠢᠨ ᠥᠪ ᠬᠥᠷᠥᠩᠭᠡ ᠪᠠ ᠰᠣᠶᠣᠯ ᠤᠨ ᠥᠪ ᠬᠥᠷᠥᠩᠭᠡ ᠪᠣᠯᠣᠨ᠎ᠠ ᠃ ᠳᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ︽ᠲᠦᠮᠡᠨ ᠭᠠᠵᠠᠷ ᠤᠨ ᠴᠠᠢ ᠶᠢᠨ ᠵᠠᠮ︾᠎ ᠤᠨ ᠰᠣᠶᠣᠯ ᠵᠤᠭᠠᠴᠠᠯ ᠤᠨ ᠰᠢᠷᠢᠰ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠦᠷᠭᠦᠯᠵᠢᠯᠡᠨ ᠬᠦᠴᠦᠯᠡᠨ ᠠᠬᠢᠭᠤᠯᠵᠤ᠂ ᠠᠵᠤ ᠠᠬᠤᠢ ᠶᠢᠨ ᠵᠣᠬᠢᠴᠠᠩᠭᠤᠢ ᠬᠥᠭᠵᠢᠯᠲᠡ ᠪᠣᠯᠣᠨ ᠰᠣᠶᠣᠯ ᠤᠨ ᠬᠠᠮᠲᠤ ᠶᠢᠨ ᠴᠡᠴᠡᠭᠯᠡᠯᠲᠡ ᠶᠢᠨ ᠰᠢᠨ᠎ᠡ ᠪᠠᠶᠢᠳᠠᠯ ᠢ ᠡᠭᠦᠳᠴᠦ᠂ ᠳ᠋ᠦᠩ ᠾᠧ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1