ᠬᠤᠲᠣᠩ ᠦᠨᠳᠦᠰᠦᠲᠡᠨ ᠤ ᠵᠡᠭᠡᠯᠢ ᠭᠤᠳᠤᠮᠵᠢ ᠶᠢᠨ ᠰᠠᠨ ᠭᠤᠸᠠᠨ ᠮᠢᠶᠣᠣ ᠨᠡᠶᠢᠭᠡᠮ ᠲᠣᠭᠤᠷᠢᠭ︽ᠦᠯᠢᠭᠡᠷ ᠳᠠᠭᠤᠷᠢᠶᠠᠯ ᠠᠴᠠ ᠰᠤᠷᠤᠯᠴᠠᠬᠤ︾ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/16
ᠬᠤᠲᠣᠩᠴᠤᠳ ᠤᠨ ᠵᠡᠭᠡᠯᠢ ᠭᠤᠳᠤᠮᠵᠢ ᠶᠢᠨ ᠰᠠᠨ ᠭᠤᠸᠠᠨ ᠮᠢᠶᠣᠣ ᠨᠡᠶᠢᠭᠡᠮ ᠲᠣᠭᠤᠷᠢᠭ ︽ᠦᠯᠢᠭᠡᠷ ᠳᠠᠭᠤᠷᠢᠶᠠᠯ ᠠᠴᠠ ᠰᠤᠷᠤᠯᠴᠠᠬᠤ︾ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠨ᠎ᠡ      11 ᠰᠠᠷ᠎ᠠ  ᠶᠢᠨ 14 ᠤ ᠡᠳᠦᠷ ᠤᠨ ᠦᠳᠡ  ᠶᠢᠨ ᠬᠤᠶᠢᠨ᠎ᠠ ᠬᠤᠲᠣᠩ ᠵᠡᠭᠡᠯᠢ  ᠶᠢᠨ ᠰᠠᠨ ᠭᠤᠸᠠᠨ ᠮᠢᠶᠣᠣ ᠨᠡᠶᠢᠭᠡᠮ ᠲᠣᠭᠤᠷᠢᠭ ᠤᠨ ᠬᠢᠨ ᠪᠦᠬᠦ ᠨᠠᠮ ᠤᠨ ᠭᠡᠰᠢᠭᠦᠨ᠂ ᠺᠠᠳ᠋ᠷᠴᠤᠳ  ᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ ᠤᠨ ᠬᠤᠷᠠᠯ ᠤᠨ ᠭᠡᠷ ᠲᠤ ︽ᠦᠯᠢᠭᠡᠷ ᠳᠠᠭᠤᠷᠢᠶᠠᠯ 7︾ ᠢ ᠰᠤᠷᠤᠯᠴᠠᠬᠤ ᠲᠤᠰᠬᠠᠢ ᠰᠡᠳᠦᠪᠲᠦ ᠹᠢᠯᠢᠮ  ᠢ ᠰᠣᠨᠢᠷᠬᠠᠭᠤᠯᠪᠠ᠃      ︽ᠦᠯᠢᠭᠡᠷ ᠳᠠᠭᠤᠷᠢᠶᠠᠯ 7︾ ᠫᠷᠣᠭ᠍ᠷᠠᠮ ᠨᠢ︽ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ︾ ᠪᠠᠷ ᠭᠤᠣᠯ ᠰᠡᠳᠦᠪ ᠪᠣᠯᠭᠠᠵᠤ᠂ ︽ᠦᠯᠢᠭᠡᠷ ᠳᠠᠭᠤᠷᠢᠶᠠᠯ ᠲᠠᠢ ᠨᠢᠭᠡᠳᠦᠯᠲᠡᠢ ᠪᠠᠶᠢᠵᠤ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠪᠠᠷ ᠭᠤᠣᠯ ᠰᠢᠵᠢᠮ ᠪᠣᠯᠭᠠᠵᠤ᠂ ᠡᠨᠡ ᠵᠢᠯ ᠬᠥᠬᠢᠭᠦᠯᠦᠨ ᠰᠠᠶᠢᠰᠢᠶᠠᠬᠤ ᠬᠡᠰᠡᠭ ᠪᠦᠬᠦ ᠤᠯᠤᠰ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠰᠢᠯᠢᠳᠡᠭ ᠨᠠᠮ ᠤᠨ ᠠᠵᠢᠯᠲᠠᠨ᠂ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠶᠢ ᠤᠷᠢᠵᠤ ᠣᠷᠣᠯᠴᠠᠭᠤᠯᠵᠠᠢ᠃ ᠨᠡᠶᠢᠲᠡᠯᠢᠭ ᠵᠢᠱᠢᠶ᠎ᠡ ᠪᠠᠷ ᠰᠤᠷᠪᠤᠯᠵᠢᠯᠠᠨ ᠶᠠᠷᠢᠯᠴᠠᠬᠤ᠂ ᠠᠬᠠᠮᠠᠳ ᠨᠠᠮ ᠤᠨ ᠭᠡᠰᠢᠭᠦᠨ ᠤ ᠲᠤᠬᠠᠢ ᠶᠢᠨ ᠲᠠᠯᠠᠪᠤᠷ ᠲᠤ ᠶᠠᠷᠢᠬᠤ᠂ ᠲᠡᠷᠢᠭᠦᠨ ᠤ ᠦᠢᠯᠡ ᠠᠵᠢᠯᠯᠠᠭ᠎ᠠ ᠶᠢ ᠲᠠᠬᠢᠨ ᠢᠯᠡᠷᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠳᠤᠮᠳᠠᠳᠤ ᠤᠯᠤᠰ ᠤᠨ ᠡᠪ ᠬᠠᠮᠲᠤᠴᠤᠳ ᠤᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ᠂ ᠠᠷᠠᠳ ᠤᠨ ᠲᠥᠯᠥᠭᠡ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠂ ᠬᠢᠴᠢᠶᠡᠨ ᠴᠢᠷᠮᠠᠶᠢᠵᠤ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠬᠦ ᠵᠣᠷᠢᠭ ᠰᠠᠨᠠᠭᠠᠨ ᠤ ᠴᠤᠭ ᠵᠢᠪᠬᠤᠭ᠎ᠠ ᠶᠢ ᠠᠮᠢᠳᠤᠯᠢᠭ ᠢᠶᠠᠷ ᠲᠠᠶᠢᠯᠪᠤᠷᠢᠯᠠᠵᠤ᠂ ᠨᠠᠮ ᠤᠨ ᠭᠡᠰᠢᠭᠦᠨ ᠤ ᠬᠥᠮᠦᠵᠢᠯ ᠢ ᠥᠷᠨᠢᠭᠦᠯᠬᠦ ᠠᠮᠢᠳᠤᠯᠢᠭ ᠵᠢᠭᠠᠬᠤ ᠮᠠᠲ᠋ᠧᠷᠢᠶᠠᠯ ᠪᠣᠯᠣᠨ᠎ᠠ᠃      ᠡᠨᠡ ᠤᠳᠠᠭ᠎ᠠ ᠶᠢᠨ ᠲᠣᠭᠤᠷᠢᠨ ᠦᠵᠡᠬᠦ ᠪᠠᠷ ᠲᠠᠮᠵᠢᠨ᠂ ᠨᠠᠮ ᠤᠨ ᠭᠡᠰᠢᠭᠦᠨ ᠺᠠᠳ᠋ᠷ ᠲᠡᠷᠢᠭᠦᠨ ᠤ ᠬᠢ ᠪᠠᠷ ᠳᠠᠭᠤᠷᠢᠶᠠᠯ ᠪᠣᠯᠭᠠᠵᠤ᠂ ᠲᠡᠳᠡᠨ ᠤ ᠡᠪ ᠬᠠᠮᠲᠤ ᠶᠣᠰᠣᠨ ᠤ ᠦᠢᠯᠡᠰ ᠤᠨ ᠲᠥᠯᠥᠭᠡ ᠨᠠᠰᠤᠨ ᠲᠤᠷᠰᠢᠲᠠ ᠲᠡᠮᠡᠴᠡᠬᠦ ᠠᠯᠤᠰ ᠬᠡᠳᠦ ᠶᠢᠨ ᠬᠦᠰᠡᠯ ᠵᠣᠷᠢᠯᠲᠠ ᠶᠢ ᠰᠤᠷᠤᠯᠴᠠᠬᠤ ᠬᠡᠷᠡᠭᠲᠡᠢ︔ ᠲᠡᠳᠡᠨ ᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠡᠷᠬᠢᠮ ᠳᠡᠭᠡᠳᠦ ᠰᠡᠳᠬᠢᠯᠭᠡ ᠶᠢ ᠰᠤᠷᠤᠯᠴᠠᠨ᠎ᠠ; ᠲᠡᠳᠡᠨ ᠤ ᠠᠵᠢᠯ ᠤᠨ ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠡᠷᠬᠢᠮ ᠳᠡᠭᠡᠳᠦ ᠵᠠᠩ ᠴᠢᠨᠠᠷ ᠢ ᠰᠤᠷᠤᠯᠴᠠᠬᠤ; ᠲᠡᠳᠡᠠ ᠤ ᠨᠢᠭᠲᠠ ᠠᠴᠠ ᠨᠢᠭᠲᠠ᠂ ᠥᠴᠥᠬᠡᠨ ᠴᠦ ᠣᠰᠣᠯᠳᠠᠬᠤ ᠤᠶᠢᠭᠡᠢ ᠠᠵᠢᠯ ᠤᠨ ᠰᠤᠷᠲᠠᠯ ᠢ ᠰᠤᠷᠤᠯᠴᠠᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠵᠥᠪ ᠠᠮᠢᠳᠤᠷᠠᠬᠤᠢ ᠶᠢᠨ ᠦᠵᠡᠯᠲᠡ᠂ ᠦᠷᠳᠡᠭ ᠤᠨ ᠦᠵᠡᠯᠲᠡ ᠶᠢ ᠪᠤᠢ ᠪᠣᠯᠭᠠᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠪᠠᠭ᠎ᠠ ᠶᠠᠪᠤᠳᠠᠯ ᠠᠴᠠ ᠡᠬᠢᠯᠡᠨ ᠬᠢᠵᠦ᠂ ᠯᠠᠪᠳᠠᠭᠤᠨ ᠪᠠᠲᠤᠲᠠᠢ ᠠᠵᠢᠯᠯᠠᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠦᠨᠡᠨ ᠬᠦ ᠰᠠᠶᠢᠲᠤᠷ ᠪᠠᠳᠠᠷᠠᠭᠤᠯᠬᠤ ᠬᠡᠷᠡᠭᠲᠡᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1