︽ᠢᠷᠭᠡᠨ ᠤ ᠬᠠᠤᠯᠢ  ᠶᠢᠨ ᠪᠢᠴᠢᠭ︾ ᠢ ᠨᠡᠶᠢᠭᠡᠮ ᠲᠣᠭᠤᠷᠢᠭ ᠤᠨ ᠬᠠᠤᠯᠢ ᠴᠠᠭᠠᠵᠠ  ᠶᠢᠨ ᠮᠡᠳᠡᠯᠭᠡ  ᠶᠢ ᠠᠷᠠᠳ ᠤᠨ ᠰᠡᠳᠬᠢᠯ ᠳᠤ  ᠣᠷᠣᠬᠤ
ᠨᠡᠶᠢᠲᠡᠯᠡᠭᠰᠡᠨ ᠴᠠᠭ᠄
2023/11/16
     ᠰᠠᠭᠤᠭᠠᠯᠢ ᠠᠷᠠᠳ ᠲᠤ ᠬᠠᠤᠯᠢ ᠴᠠᠭᠠᠵᠠ ᠶᠢᠨ ᠮᠡᠳᠡᠯᠭᠡ ᠶᠢ ᠨᠡᠩ ᠰᠠᠶᠢᠨ ᠤᠬᠠᠭᠤᠯᠤᠨ ᠲᠦᠭᠡᠮᠡᠯᠵᠢᠭᠦᠯᠵᠦ᠂ ᠰᠠᠭᠤᠭᠠᠯᠢ ᠠᠷᠠᠳ ᠲᠤ ᠬᠠᠤᠯᠢ ᠶᠢ ᠮᠡᠳᠡᠬᠦ᠂ ᠬᠠᠤᠯᠢ ᠶᠢ ᠣᠶᠢᠯᠠᠭᠠᠬᠤ᠂ ᠬᠠᠤᠯᠢ ᠶᠢ ᠰᠠᠬᠢᠬᠤ ᠶᠢᠨ ᠲᠥᠯᠥᠭᠡ᠂ ᠰᠢ ᠨᠣᠣ ᠪᠦᠦ ᠵᠡᠭᠡᠯᠢ ᠭᠤᠳᠤᠮᠵᠢ ᠶᠢᠨ ᠵᠢᠩ ᠶᠤᠸᠠᠨ ᠨᠡᠶᠢᠭᠡᠮ ᠲᠣᠭᠤᠷᠢᠭ ᠲᠤ︽︿ᠬᠠᠤᠯᠢ﹀ ᠶᠢ ᠠᠷᠠᠳ ᠤᠨ ᠰᠡᠳᠬᠢᠯ ᠳᠤ ᠬᠠᠳᠠᠩᠰᠢᠭᠤᠯᠬᠤ︾ ᠪᠠᠷ ᠭᠤᠣᠯ ᠰᠡᠳᠦᠪ ᠪᠣᠯᠭᠠᠭᠰᠠᠨ ︽ᠢᠷᠭᠡᠨ ᠤ ᠬᠠᠤᠯᠢ ᠶᠢᠨ ᠪᠢᠴᠢᠭ︾ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠵᠢᠯᠲᠠᠳ ︽ᠢᠷᠭᠡᠨ ᠤ ᠬᠠᠤᠯᠢ ᠶᠢᠨ ᠪᠢᠴᠢᠭ︾ ᠤᠨ ᠴᠢᠬᠤᠯᠠ ᠠᠴᠢ ᠬᠤᠯᠪᠣᠭᠳᠠᠯ᠂ ᠭᠤᠣᠯ ᠠᠭᠤᠯᠭ᠎ᠠ ᠶᠢ ᠲᠠᠶᠢᠯᠪᠤᠷᠢᠯᠠᠨ ᠶᠠᠷᠢᠵᠤ᠂ ︽ᠢᠷᠭᠡᠨ ᠤ ᠬᠠᠤᠯᠢ ᠶᠢᠨ ᠪᠢᠴᠢᠭ ︾ ᠲᠠᠬᠢ ᠪᠣᠳᠠᠰ ᠤᠨ ᠡᠷᠬᠡ᠂ ᠣᠷᠤᠭ ᠭᠡᠷ ᠪᠦᠯᠢ᠂ ᠥᠪ ᠵᠠᠯᠭᠠᠮᠵᠢᠯᠠᠯᠲᠠ ᠵᠡᠷᠭᠡ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠲᠠᠶᠢᠯᠪᠤᠷᠢᠯᠠᠬᠤ ᠶᠢᠨ ᠬᠠᠮᠲᠤ ᠠᠮᠢᠳᠤᠯᠢᠭ ᠨᠡᠶᠢᠲᠡᠯᠢᠭ ᠬᠠᠤᠯᠢ ᠴᠠᠭᠠᠵᠠ ᠶᠢᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠴᠠᠭᠠᠵᠠ ᠶᠢᠨ ᠮᠡᠳᠡᠯᠭᠡ ᠶᠢ ᠰᠠᠶᠢᠲᠤᠷ ᠰᠤᠷᠤᠯᠴᠠᠭᠤᠯᠵᠤ ᠰᠠᠶᠢᠲᠤᠷ ᠬᠡᠷᠡᠭᠯᠡᠭᠦᠯᠪᠡ᠃
   ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠰᠠᠭᠤᠭᠠᠯᠢ ᠠᠷᠠᠳ ᠤᠨ ᠳᠤᠮᠳᠠ ᠬᠠᠤᠯᠢ ᠰᠤᠷᠬᠤ ᠥᠷᠨᠢᠯᠲᠡ ᠭᠠᠷᠭᠠᠵᠤ᠂ ᠰᠠᠭᠤᠭᠠᠯᠢ ᠠᠷᠠᠳ ᠤᠨ ︽ᠢᠷᠭᠡᠨ ᠤ ᠬᠠᠤᠯᠢ ᠶᠢᠨ ᠪᠢᠴᠢᠭ︾ ᠢ ᠣᠶᠢᠯᠠᠭᠠᠬᠤ ᠬᠡᠮᠵᠢᠶ᠎ᠡ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠵᠢᠩ ᠶᠤᠸᠠᠨ ᠨᠡᠶᠢᠭᠡᠮ ᠲᠣᠭᠤᠷᠢᠭ ᠤᠨ ᠬᠢᠨ ᠬᠠᠤᠯᠢᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠪᠠᠶᠠᠯᠢᠭᠵᠢᠭᠤᠯᠵᠤ᠂ ᠰᠠᠭᠤᠭᠠᠯᠢ ᠠᠷᠠᠳ ᠤᠨ ᠬᠠᠤᠯᠢ ᠶᠢ ᠵᠢᠷᠤᠮᠯᠠᠨ ᠬᠠᠤᠯᠢ ᠶᠢ ᠰᠠᠬᠢᠬᠤ ᠤᠬᠠᠮᠰᠠᠷ ᠪᠣᠯᠣᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢ ᠨᠣᠣ ᠪᠦᠦ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1