︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ᠠᠨᠠᠷ ᠤᠨ ᠴᠡᠴᠡᠭ ᠵᠡᠭᠦᠨ ᠭᠤᠣᠯ ᠳᠤ ᠳᠡᠯᠭᠡᠷᠡᠪᠡ
ᠨᠡᠶᠢᠲᠡᠯᠡᠭᠰᠡᠨ ᠴᠠᠭ᠄
2023/11/16
      ᠳ᠋ᠦᠩ ᠾᠧ ᠲᠣᠭᠤᠷᠢᠭ ᠤᠨ ᠰᠣᠶᠣᠯ ᠤᠨ ᠣᠷᠳᠣᠨ ᠤ ᠬᠤᠸᠠ ᠵᠢᠶᠠ ᠳᠠᠩᠰᠠᠨ ᠳᠤ᠂ ᠵᠤᠭᠠᠴᠠᠭᠰᠠᠳ400 ᠲᠡᠭᠰᠢ ᠳᠥᠷᠪᠡᠯᠵᠢᠨ ᠮᠥ᠋ᠲᠷ ᠤᠨ ᠴᠡᠪᠡᠷ ᠭᠠᠷ ᠤᠷᠠᠯᠠᠯ ᠤᠨ ᠴᠠᠭᠠᠰᠤᠨ ᠬᠠᠶᠢᠴᠢᠯᠠᠮᠠᠯ ᠳᠤ ᠰᠡᠳᠬᠢᠯ ᠳᠣᠭᠳᠣᠯᠤᠨ᠎ᠠ ︱ ᠨᠠᠷᠢᠯᠢᠭ ᠰᠠᠶᠢᠬᠠᠨ ᠴᠠᠭᠠᠰᠤᠨ ᠬᠠᠶᠢᠴᠢᠯᠠᠮᠠᠯ ᠬᠥᠮᠥᠭᠡᠷ ᠣᠷᠣᠢ ᠠᠴᠠ ᠤᠨᠵᠢᠭᠢᠨᠠᠵᠤ᠂ ᠤᠯᠠᠭᠠᠨ ᠥᠩᠭᠡ ᠲᠠᠢ ᠲᠣᠮᠣ ᠮᠠᠶᠢᠬᠠᠨ ᠢ ᠪᠦᠷᠢᠯᠳᠦᠭᠦᠯᠵᠡᠢ᠂︽ᠮᠣᠩᠭᠤᠯ ᠭᠡᠷ︾᠂︽ᠲᠠᠷᠢᠶᠠᠯᠠᠬᠤ ᠰᠣᠶᠣᠯ ᠤᠨ ᠨᠦᠬᠡᠨ ᠭᠡᠷ︾ ᠤᠨ ᠳᠦᠷᠰᠦ ᠪᠦᠲᠦᠭᠡᠯᠲᠡ᠂︽ᠵᠢᠭᠠᠰᠤ ᠪᠠᠷ ᠲᠣᠭᠯᠠᠬᠤ ᠯᠢᠩᠬᠤ᠎ᠠ︾᠂︽ᠡᠷᠪᠡᠬᠡᠢ ᠪᠠᠷ ᠮᠠᠨᠳᠠᠷᠠᠸ᠎ᠠ︾ᠵᠡᠷᠭᠡ ᠡᠯ᠎ᠡ ᠵᠦᠢᠯ ᠤᠨ ᠡᠯᠧᠮᠧᠨ᠋ᠲ ᠠᠮᠢᠳᠤ ᠳᠦᠷᠰᠦᠯᠢᠭ ᠪᠠᠶᠢᠵᠤ᠂ ᠴᠠᠭᠠᠰᠤᠨ ᠬᠠᠶᠢᠴᠢᠯᠠᠮᠠᠯ ᠤᠨ ᠵᠢᠷᠤᠭ ᠳᠦᠷᠰᠦ ᠨᠢ ᠦᠨᠳᠦᠰᠦᠲᠡᠨ ᠨᠦᠭᠦᠳ ᠤᠨ ᠶᠠᠪᠤᠯᠴᠠᠭ᠎ᠠ ᠠᠭᠤᠰᠤᠯᠴᠠᠯ ᠤᠨ ᠥᠨᠢ ᠤᠳᠠᠭᠠᠨ ᠲᠡᠦᠬᠡ ᠶᠢ ᠰᠣᠨᠣᠰᠪᠤᠷᠢᠲᠠᠢ ᠰᠠᠶᠢᠬᠠᠨ ᠬᠦᠦᠷᠨᠢᠵᠦ ᠪᠠᠶᠢᠭ᠎ᠠ ᠰᠢᠭ᠋ ᠬᠠᠷᠠᠭᠳᠠᠨ᠎ᠠ ᠁      ᠡᠳᠦᠭᠡ᠂ ᠦᠨᠳᠦᠰᠦᠲᠡᠨ ᠤ ᠪᠦᠯᠬᠦᠮᠳᠡᠯ ᠤᠨ ᠰᠢᠯᠢᠳᠡᠭ ᠤᠯᠠᠮᠵᠢᠯᠠᠯ ᠵᠡᠭᠦᠨ ᠮᠥᠷᠡᠨ ᠤ ᠡᠬᠡ ᠭᠠᠵᠠᠷ ᠲᠤ ᠭᠦᠨ ᠦᠨᠳᠦᠰᠦᠯᠡᠵᠦ᠂ ᠤᠯᠠᠨ ᠲᠦᠮᠡᠨ ᠤ ᠠᠮᠢᠳᠤᠷᠠᠯ ᠡᠳᠦᠷ ᠠᠴᠠ ᠡᠳᠦᠷ ᠥᠭᠡᠳᠡᠯᠡᠨ ᠬᠥᠭᠵᠢᠵᠦ᠂ 48 ᠲᠦᠮᠡᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠰᠡᠳᠬᠢᠯ ᠵᠢᠷᠦᠬᠡ ᠪᠠᠨ ᠬᠤᠯᠪᠣᠵᠤ᠂ ᠭᠠᠷ ᠭᠠᠷ ᠢᠶᠠᠨ ᠬᠤᠯᠪᠣᠨ ᠮᠥᠷᠥ ᠵᠡᠷᠭᠡᠴᠡᠵᠦ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠰᠢᠨ᠎ᠡ ᠴᠠᠭ ᠦᠶ᠎ᠡ ᠶᠢᠨ ᠳ᠋ᠦᠩ ᠾᠧ ᠲᠣᠭᠤᠷᠢᠭ ᠤᠨ ᠦᠨᠳᠦᠰᠦᠲᠡᠨ ᠤ ᠶᠡᠭᠡ ᠪᠦᠯᠬᠦᠮᠳᠡᠯ ᠤᠨ ᠦᠵᠡᠰᠬᠦᠯᠡᠩᠲᠦ ᠰᠠᠶᠢᠬᠠᠨ ᠵᠢᠷᠤᠭ ᠢ ᠭᠠᠷ ᠬᠤᠯᠪᠣᠨ ᠵᠢᠷᠤᠭᠯᠠᠵᠤ ᠪᠠᠶᠢᠨ᠎ᠠ᠃
     ᠥᠷᠯᠥᠭᠡ ᠡᠷᠲᠡ ᠶᠢᠨ ᠵᠡᠭᠦᠨ ᠭᠤᠣᠯ ᠳᠤ ᠬᠡᠰᠡᠭ ᠬᠡᠰᠡᠭ ᠰᠡᠷᠢᠭᠦᠬᠡᠨ ᠪᠠᠶᠢᠳᠠᠯ ᠢᠯᠡᠷᠡᠵᠦ᠂ ᠡᠭᠦᠯᠡ ᠰᠡᠩᠬ᠋ᠢᠨᠡᠮ᠎ᠡ ᠰᠠᠯᠬᠢ ᠰᠡᠩᠬ᠋ᠢᠨᠡᠭᠰᠡᠨ ᠰᠢᠭ ᠪᠠᠢᠯ᠎ᠠ᠃ ︽ᠨᠢᠭᠡ ᠬᠤᠶᠠᠷ ᠭᠤᠷᠪᠠ ᠳᠥᠷᠪᠡ᠂ ᠬᠤᠶᠠᠷ ᠬᠤᠶᠠᠷ ᠭᠤᠷᠪᠠ ᠳᠥᠷᠪᠡ᠂ ᠵᠢᠭᠰᠠᠭᠠᠯ ᠤᠨ ᠬᠡᠯᠪᠡᠷᠢ ᠪᠠᠷ ᠪᠢᠲᠡᠭᠡᠢ ᠪᠤᠷᠤᠭᠤ ᠶᠠᠪᠤ ᠁︾ ᠶᠠᠩ ᠭᠧ ᠯᠢᠶᠠᠩ ᠤᠨ ᠵᠡᠭᠡᠯᠢ ᠭᠤᠳᠤᠮᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠰᠡᠳᠦᠪᠲᠦ ᠠᠭᠤᠳᠠᠮ ᠲᠠᠯᠠᠪᠠᠶ ᠶᠢ ᠪᠠᠲᠤ ᠴᠣᠭᠴᠠᠯᠠᠬᠤ ᠳᠤ᠂ ᠡᠯ᠎ᠡ ᠵᠦᠢᠯ ᠤᠨ ᠡᠷᠢᠶᠡᠨ ᠮᠠᠷᠢᠶᠠᠨ ᠲᠣᠭᠯᠠᠯᠲᠠ ᠶᠢᠨ ᠬᠤᠪᠴᠠᠰᠤ ᠡᠮᠦᠰᠦᠭᠰᠡᠨ ᠠᠨᠢᠶ᠎ᠠ ᠨᠠᠷ ᠨᠡᠶᠢᠭᠡᠮ ᠲᠣᠭᠤᠷᠢᠭ ᠤᠨ ᠦᠨᠳᠦᠰᠦᠲᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠳᠤ ᠲᠣᠭᠯᠠᠬᠤ ᠪᠠᠷ ᠪᠠᠶᠢᠭ᠎ᠠ ᠳᠠᠭᠤᠤ ᠪᠥᠵᠢᠭ ᠢᠶᠠᠨ ᠨᠠᠷᠢᠨ ᠬᠢᠨᠠᠮᠠᠭᠠᠢ ᠪᠣᠯᠪᠠᠰᠤᠷᠠᠵᠤ ᠪᠠᠶᠢᠯ᠎ᠠ᠃ ︽ᠮᠠᠨ ᠤ ᠡᠨᠡ ᠲᠠᠯᠠᠪᠠᠢ ᠪᠠᠶᠢᠭᠤᠯᠤᠭᠳᠠᠭᠰᠠᠨ ᠠᠴᠠ ᠬᠤᠢᠰᠢ᠂ ᠪᠢᠳᠡ ᠡᠳᠦᠷ ᠪᠦᠷᠢ ᠪᠡᠶ᠎ᠡ ᠪᠠᠨ ᠪᠣᠯᠪᠠᠰᠤᠷᠠᠭᠤᠯᠤᠨ᠎ᠠ᠂ ᠲᠠᠯᠠᠪᠠᠶ ᠶᠢᠨ ᠪᠥᠵᠢᠭ ᠪᠥᠵᠢᠭᠯᠡᠬᠦ ᠳᠤ ᠲᠠᠯᠠᠪᠠᠶ ᠲᠠᠢ ᠪᠣᠯᠤᠭᠰᠠᠨ ᠢ ᠬᠡᠯᠡᠬᠦ ᠦᠭᠡᠢ᠂ ᠪᠠᠰᠠ ᠢᠳᠡᠵᠦ ᠪᠠᠷᠠᠭᠠᠳ ᠨᠠᠰᠢ ᠴᠠᠰᠢ ᠲᠣᠭᠤᠷᠢᠵᠤ ᠪᠣᠯᠣᠨ᠎ᠠ᠂ ᠭᠡᠷ ᠠᠴᠠ ᠪᠠᠨ ᠣᠢᠷᠠᠬᠠᠨ ᠪᠣᠯ ᠪᠠᠰᠠ ᠳᠥᠭᠦᠮ ᠰᠢᠸ!︾ ᠭᠡᠵᠦ ᠠᠰᠠᠭᠤᠪᠠ᠃  ᠲᠠᠭᠠᠨ᠄ ︽ᠮᠠᠨ ᠤ ᠡᠨᠡ ᠲᠠᠯᠠᠪᠠᠢ ᠪᠠᠶᠢᠭᠤᠯᠤᠭᠳᠠᠭᠰᠠᠨ ᠠᠴᠠ ᠬᠤᠢᠰᠢ᠂ ᠪᠢᠳᠡ ᠡᠳᠦᠷ ᠪᠦᠷᠢ ᠪᠡᠶ᠎ᠡ ᠪᠠᠨ ᠪᠣᠯᠪᠠᠰᠤᠷᠠᠭᠤᠯᠤᠨ᠎ᠠ᠃ ᠯᠦᠩᠴᠥᠩ ᠨᠡᠶᠢᠭᠡᠮ ᠲᠣᠭᠤᠷᠢᠭ ᠲᠤ ᠰᠠᠭᠤᠵᠤ ᠪᠠᠶᠢᠭ᠎ᠠ ᠵᠧᠩ ᠰᠢᠸ ᠯᠢᠶᠠᠨ ᠠᠨᠢᠶ᠎ᠠ᠄
     ᠠᠭᠤᠳᠠᠮ ᠲᠠᠯᠠᠪᠠᠢ ᠳᠤ ᠣᠷᠣᠬᠤ ᠳᠤ᠂︽ᠭᠤᠣᠯ ᠰᠡᠳᠦᠪᠲᠦ ᠭᠠᠵᠠᠷ ᠤᠨ ᠲᠡᠮᠳᠡᠭ︾᠂︽ᠠᠮᠠᠷᠠᠯᠲᠠ ᠶᠢᠨ ᠬᠤᠩᠭᠢᠯ ︾᠂︽ᠦᠨᠳᠦᠰᠦᠲᠡᠨ ᠤ ᠪᠦᠯᠬᠦᠮᠳᠡᠯ ᠤᠨ ᠦᠯᠢᠭᠡᠷ ᠤᠨ ᠤᠬᠠᠭᠤᠯᠭ᠎ᠠ ᠶᠢᠨ ᠰᠠᠮᠪᠠᠷ᠎ᠠ︾᠂︽ᠭᠤᠣᠯ ᠰᠡᠳᠦᠪᠲᠦ ᠱᠤᠭᠤᠮᠠᠯ︾ᠵᠡᠷᠭᠡ ᠡᠯ᠎ᠡ ᠲᠦᠷᠦᠯ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠭᠤᠣᠯ ᠰᠡᠳᠦᠪᠲᠦ ᠦᠵᠡᠮᠵᠢ ᠶᠢᠨ ᠪᠠᠷᠢᠯᠭ᠎ᠠ ᠨᠢ ᠬᠥᠮᠥᠰ ᠤᠨ ᠠᠩᠬᠠᠷᠤᠯ ᠢ ᠲᠠᠲᠠᠵᠤ᠂ ︽ᠬᠠᠮᠲᠤ ᠪᠠᠷ ᠪᠦᠯᠬᠦᠮᠳᠡᠨ ᠲᠡᠮᠡᠴᠡᠵᠦ ᠬᠠᠮᠲᠤ ᠪᠠᠷ ᠴᠡᠴᠡᠭᠯᠡᠨ ᠬᠥᠭᠵᠢᠬᠦ︾ᠵᠡᠷᠭᠡ ᠤᠷᠢᠶ᠎ᠠ ᠯᠣᠽᠦ᠋ᠩ ᠡᠭᠦᠨ ᠳᠤ ᠠᠭᠤᠰᠴᠤ᠂ ᠦᠨᠳᠦᠰᠦᠲᠡᠨ ᠤ ᠡᠶ᠎ᠡ ᠵᠣᠬᠢᠴᠠᠩᠭᠤᠢ ᠪᠠᠷ ᠵᠡᠷᠭᠡᠴᠡᠨ ᠰᠠᠭᠤᠷᠢᠰᠢᠵᠤ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠬᠤ ᠠᠭᠤᠯᠬᠤᠨ ᠢ ᠭᠦᠢᠴᠡᠳ ᠢᠯᠡᠷᠡᠭᠦᠯᠪᠡ᠃ ᠥᠷᠯᠥᠭᠡ  ᠶᠢᠨ ᠤᠯᠠᠷᠢᠯ ᠳᠤ ᠲᠠᠯᠠᠪᠠᠶ  ᠶᠢᠨ ᠪᠥᠵᠢᠭ ᠪᠥᠵᠢᠭᠯᠡᠵᠦ ᠪᠠᠶᠢᠭᠰᠠᠨ ᠡᠪᠦᠭᠡ ᠡᠵᠢ ᠠᠴᠠ ᠦᠳᠡᠰᠢ  ᠶᠢᠨ ᠦᠶ᠎ᠡ ᠪᠠᠷ ᠪᠦᠯᠦᠭ ᠪᠦᠯᠦᠭ  ᠢᠶᠠᠷ ᠬᠠᠨᠢᠯᠠᠨ ᠲᠣᠭᠯᠠᠵᠤ ᠪᠠᠶᠢᠭ᠎ᠠ ᠬᠡᠦᠬᠡᠳ ᠬᠦᠷᠲᠡᠯ᠎ᠡ᠂ ᠴᠠᠢ ᠬᠤᠭᠤᠯᠠᠨ ᠤ ᠳᠠᠷᠠᠭ᠎ᠠ ᠰᠡᠯᠡᠭᠦᠴᠡᠨ ᠪᠣᠯᠪᠠᠰᠤᠷᠠᠵᠤ ᠪᠠᠶᠢᠭ᠎ᠠ ᠰᠠᠭᠤᠭᠠᠯᠢ ᠠᠷᠠᠳ  ᠠᠴᠠ ᠵᠤᠭᠠᠴᠠᠨ ᠵᠤᠭᠠᠴᠠᠵᠤ ᠪᠠᠶᠢᠭ᠎ᠠ ᠵᠢᠭᠤᠯᠴᠢᠯᠠᠭᠴᠢᠳ ᠬᠦᠷᠲᠡᠯ᠎ᠡ ᠴᠥᠮ ᠠᠳᠡᠬᠢ  ᠶᠢᠨ ᠭᠠᠷ ᠬᠥᠯ  ᠢᠶᠠᠷ  ᠢᠶᠠᠨ ᠬᠠᠷᠢᠯᠴᠠᠨ ᠪᠡᠷᠡᠯᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠪᠠᠶᠢᠭ᠎ᠠ ᠠᠭᠤᠷ ᠠᠮᠢᠰᠬᠤᠯ ᠳᠤ ᠨᠥᠯᠥᠭᠡᠯᠡᠭᠳᠡᠵᠡᠢ᠃
     ᠳ᠋ᠦᠩ ᠾᠧ ᠲᠣᠭᠤᠷᠢᠭ ᠤᠨ ᠵᠡᠭᠡᠯᠢ ᠭᠤᠳᠤᠮᠵᠢ ᠪᠠᠷ ᠶᠠᠪᠤᠵᠤ᠂ ᠦᠨᠳᠦᠰᠦᠲᠡᠨ ᠤ ᠪᠦᠯᠬᠦᠮᠳᠡᠯ ᠢᠶᠠᠷ ᠭᠤᠣᠯ ᠰᠡᠳᠦᠪ ᠪᠣᠯᠭᠠᠭᠰᠠᠨ ᠡᠯ᠎ᠡ ᠲᠦᠷᠦᠯ ᠤᠨ ᠡᠯᠧᠺᠲᠷᠣᠨ ᠲᠣᠮᠣ ᠳᠡᠯᠭᠡᠴᠡ ᠶᠢᠨ ᠦᠵᠡᠭᠦᠯᠦᠯᠭᠡ ᠨᠡᠪᠲᠡᠷᠡᠭᠦᠯᠭᠡ᠂ ᠦᠵᠡᠮᠵᠢ ᠶᠢᠨ ᠱᠤᠭ ᠵᠦᠴᠦᠭᠡ ᠶᠢᠨ ᠤᠬᠠᠭᠤᠯᠭ᠎ᠠ ᠶᠢᠨ ᠰᠠᠮᠪᠠᠷ᠎ᠠ᠂ ᠭᠤᠣᠯ ᠰᠡᠳᠦᠪᠲᠦ ᠴᠡᠴᠡᠷᠯᠢᠭ᠂ ᠭᠤᠣᠯ ᠰᠡᠳᠦᠪᠲᠦ ᠠᠭᠤᠳᠠᠮ ᠲᠠᠯᠠᠪᠠᠢ ᠵᠡᠷᠭᠡ 350 ᠭᠠᠷᠤᠢ ᠵᠢᠭᠰᠠᠭᠠᠯ ᠤᠨ ᠭᠠᠵᠠᠷ ᠨᠢ ᠨᠢᠭᠡᠳᠦᠭᠡᠷ ᠹᠷᠣᠨᠲ ᠲᠤ ᠦᠨᠳᠦᠰᠦ ᠬᠠᠳᠬᠤᠭᠰᠠᠨ ︽ᠤᠬᠠᠭᠤᠯᠤᠭᠴᠢ︾ᠮᠡᠲᠦ ᠪᠠᠶᠢᠳᠠᠭ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠵᠡᠭᠡᠯᠢ ᠭᠤᠳᠤᠮᠵᠢ ᠵᠡᠭᠡᠯᠢ ᠭᠤᠳᠤᠮᠵᠢ ᠬᠦᠷᠲᠡᠯ᠎ᠡ ᠥᠷᠭᠡᠳᠬᠡᠵᠦ᠂ ᠡᠯ᠎ᠡ ᠲᠦᠷᠦᠯ ᠤᠨ ᠤᠬᠠᠭᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠪᠦᠬᠦ ᠣᠷᠣᠨ ᠤ︽ᠬᠤᠶᠠᠷ ᠦᠷᠳᠡᠭᠡ ᠨᠢᠭᠡ ᠲᠠᠯᠠᠪᠤᠷ ᠨᠢᠭᠡ ᠭᠠᠷᠴᠠ︾ᠪᠠ ᠵᠤᠭᠠᠴᠠᠯ ᠤᠨ ᠦᠵᠡᠮᠵᠢ ᠶᠢᠨ ᠣᠷᠣᠨ ᠳᠤ ᠪᠦᠷᠬᠦᠭᠦᠯᠵᠦ᠂ ᠰᠠᠭᠤᠭᠠᠯᠢ ᠠᠷᠠᠳ ᠤᠨ ᠡᠳᠦᠷ ᠳᠤᠳᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠨᠢᠭᠡᠨᠲᠡ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠳᠤ ᠭᠦᠨ ᠬᠠᠳᠠᠩᠰᠢᠵᠠᠢ᠃
     ᠦᠨᠳᠦᠰᠦᠲᠡᠨ ᠤ ᠪᠦᠯᠬᠦᠮᠳᠡᠯ ᠤᠨ ᠳ᠋ᠦᠩ ᠾᠧ ᠶᠢᠨ ᠦᠯᠢᠭᠡᠷ ᠢ ᠰᠠᠶᠢᠲᠤᠷ ᠶᠠᠷᠢᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠢᠨ ᠪᠠᠰᠠ ᠵᠠᠭᠤᠴᠢᠯᠠᠭᠤᠷ ᠤᠨ ᠳᠠᠮᠵᠢᠭᠤᠯᠭ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠦᠬᠦ ᠣᠷᠣᠨ ᠤ 98 ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠪᠴᠠᠩ ᠪᠣᠯᠣᠨ 512 ᠵᠢᠷᠭᠢᠶ᠎ᠡ ᠶᠢᠨ ᠪᠦᠯᠦᠭᠯᠡᠯ ᠢ ᠵᠣᠬᠢᠶᠠᠨ ᠪᠠᠶᠢᠭᠤᠯᠵᠤ᠂ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠪᠣᠯᠣᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠮᠢᠳᠤᠯᠢᠭ ᠦᠢᠯᠡ ᠠᠵᠢᠯᠯᠠᠭ᠎ᠠ ᠶᠢ ᠥᠷᠭᠡᠨ ᠢᠶᠠᠷ ᠤᠯᠠᠮᠵᠢᠯᠠᠵᠤ᠂ ᠨᠡᠶᠢᠳᠡ 10 ᠲᠦᠮᠡ ᠭᠠᠷᠤᠢ ᠵᠤᠷᠪᠤᠰ ᠤᠳᠠᠭ᠎ᠠ ᠶᠢᠨ ᠡᠬᠡ ᠪᠢᠴᠢᠭ ᠢ ᠤᠯᠠᠮᠵᠢᠯᠠᠪᠠ᠃ ᠠᠷᠠᠳ ᠤᠨ ᠡᠳᠦᠷ ᠤᠨ ᠰᠣᠨᠢᠨ ᠤ ᠰᠢᠯᠵᠢᠶ᠎ᠡ ᠳᠤ᠂ ᠬᠦᠴᠦᠷᠬᠡᠭ ᠤᠯᠤᠰ ᠢ ᠰᠤᠷᠤᠯᠴᠠᠵᠤ᠂ ᠥᠪᠥᠷ ᠮᠣᠩᠭᠤᠯ ᠤᠨ ᠡᠳᠦᠷ ᠤᠨ ᠰᠣᠨᠢᠨ᠂ ᠲᠠᠯ᠎ᠠ ᠨᠤᠲᠤᠭ ᠤᠨ ᠬᠠᠮ ᠵᠠᠭᠤᠴᠢᠯᠠᠭᠤᠷ᠂ ᠪᠤᠭᠤᠲᠤ ᠶᠢᠨ ᠡᠳᠦᠷ ᠤᠨ ᠰᠣᠨᠢᠨ ᠵᠡᠷᠭᠡ ᠵᠠᠭᠤᠴᠢᠯᠠᠭᠤᠷ ᠤᠨ ᠬᠢᠨ ᠤ ᠤᠯᠠᠨ ᠬᠤᠪᠢ ᠡᠬᠡ ᠪᠢᠴᠢᠭ ᠨᠡᠶᠢᠲᠡᠯᠡᠵᠦ᠂ ᠪᠦᠬᠦ ᠨᠡᠶᠢᠭᠡᠮ ᠳᠤ ᠳ᠋ᠦᠩ ᠾᠧ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠤᠭᠰᠠᠨ ᠲᠡᠷᠢᠭᠦᠨ ᠤ ᠲᠤᠷᠰᠢᠯᠭ᠎ᠠ ᠶᠢ ᠤᠬᠠᠭᠤᠯᠵᠤ᠂ ᠮᠠᠰᠢ ᠰᠠᠶᠢᠨ ᠲᠤᠰᠬᠠᠯ ᠣᠯᠵᠠᠢ᠃
     ︽ᠠᠢ ᠶᠠ! ᠡᠨᠡ ᠪᠠᠩᠵᠠᠯ ᠦᠨᠡᠬᠡᠷ ᠰᠠᠢᠬᠠᠨ ᠪᠠᠢᠨ᠎ᠠ! ᠡᠵᠢ ᠮᠢᠨᠢ ᠡᠨᠡ ᠴᠢᠨᠢ ᠠᠯᠢ ᠦᠨᠳᠦᠰᠦᠲᠡᠨ ᠤ ᠤᠯᠠᠮᠵᠢᠯᠠᠯᠲᠤ ᠬᠤᠪᠴᠠᠰᠤ ᠶᠤᠮ ᠪᠤᠶ?︾ ᠭᠡᠵᠦ ︽ᠵᠣᠣ ᠢᠦᠢ ᠰᠢᠨ ᠴᠢᠨᠦ ᠡᠨᠡ ᠲᠣᠯᠣᠭᠠᠢ ᠶᠢᠨ ᠵᠠᠰᠠᠯ ᠴᠢᠨᠢ ᠶᠠᠭᠠᠬᠢᠭᠠᠳ ᠭᠢᠯᠲᠦᠭᠡᠨᠡᠭᠰᠡᠨ ᠶᠤᠮ᠂ ᠨᠡᠷᠡᠨ ᠤ ᠳᠣᠣᠷ᠎ᠠ ᠪᠠᠰᠠ ᠬᠡᠷᠡᠯ ᠭᠠᠷᠴᠤ ᠴᠢᠳᠠᠳᠠᠭ ᠶᠤᠮ︕ ᠨᠠᠳᠠ ᠳᠤ ᠪᠠᠰᠠ ᠲᠦᠷᠭᠡᠨ ᠵᠡᠭᠦᠯᠭᠡᠭᠡᠷᠡᠢ︾᠁ ᠳ᠋ᠦᠩ ᠾᠧ ᠲᠣᠭᠤᠷᠢᠭ ᠤᠨ ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠥᠷᠨᠢᠭᠦᠯᠦᠭᠰᠡᠨ︽ᠦᠨᠳᠦᠰᠦᠲᠡᠨ ᠤ ᠪᠦᠯᠬᠦᠮᠳᠡᠯ ᠤᠯᠤᠰ ᠢᠶᠠᠨ ᠬᠠᠶᠢᠷᠠᠯᠠᠬᠤ ᠰᠡᠳᠬᠢᠯ ᠬᠡᠦᠬᠡᠳ ᠤᠨ ᠰᠡᠳᠬᠢᠯ ᠤᠯᠤᠰ ᠤᠨ ᠪᠠᠶᠢᠳᠠᠯ ᠢᠶᠠᠨ ᠬᠠᠮᠲᠤ ᠪᠠᠷ ᠪᠣᠶᠢᠵᠢᠭᠤᠯᠬᠤ︾ᠭᠤᠣᠯ ᠰᠡᠳᠦᠪᠲᠦ ᠠᠵᠢᠯᠯᠠᠭ᠎ᠠ ᠶᠢᠨ ᠠᠬᠤᠢ ᠲᠠᠯᠠᠪᠠᠢ ᠳᠤ᠂ ᠥᠷᠭᠡᠨ ᠠᠭᠤᠳᠠᠮ ᠲᠠᠮᠢᠷ ᠤᠨ ᠲᠠᠯᠠᠪᠠᠢ ᠳᠡᠭᠡᠷ᠎ᠡ ᠬᠡᠦᠬᠡᠳ ᠤᠳ ᠠᠳᠠᠯᠢ ᠪᠤᠰᠤ ᠦᠨᠳᠦᠰᠦᠲᠡᠨ ᠤ ᠬᠤᠪᠴᠠᠰᠤ ᠵᠠᠰᠠᠯ ᠢ ᠡᠮᠦᠰᠦᠨ ᠬᠥᠳᠡᠯᠭᠡᠭᠡᠨᠲᠦ ᠳᠠᠭᠤᠤ ᠬᠥᠭᠵᠢᠮ ᠤᠨ ᠳᠠᠭᠠᠤ ᠳᠤ︽ᠴᠠᠭ ᠤᠨ ᠥᠩᠭᠡ ᠶᠢᠨ ᠦᠵᠡᠰᠬᠦᠯᠡᠩ︾ᠶᠠᠪᠤᠭᠳᠠᠵᠤ᠂ ᠠᠳᠠᠯᠢ ᠪᠤᠰᠤ ᠦᠨᠳᠦᠰᠦᠲᠡᠨ ᠤ ᠬᠤᠪᠴᠠᠰᠤ ᠵᠠᠰᠠᠯ ᠤᠨ ᠭᠤᠸ᠎ᠠ ᠰᠠᠶᠢᠬᠠᠨ ᠢ ᠳᠡᠯᠭᠡᠨ ᠦᠵᠡᠭᠦᠯᠵᠦ ᠪᠠᠶᠢᠯ᠎ᠠ᠃      ︽ᠪᠢ ᠬᠡᠦᠬᠡᠳ ᠲᠠᠢ ᠪᠠᠨ ᠬᠤᠶᠠᠭᠤᠯᠠ ᠥᠨᠥᠳᠥᠷ ᠡᠷᠲᠡ ᠰᠤᠷᠭᠠᠭᠤᠯᠢ ᠳᠤ ᠢᠷᠡᠭᠰᠡᠨ ᠶᠤᠮ᠂ ᠲᠣᠭᠯᠠᠯᠲᠠ ᠭᠠᠷᠭᠠᠬᠤ  ᠶᠢᠨ ᠲᠥᠯᠥᠭᠡ ᠪᠠᠰᠠ ᠨᠡᠯᠢᠶᠡᠳ ᠤᠳᠠᠭᠠᠨ ᠪᠡᠯᠡᠳᠬᠡᠵᠡᠢ᠂ ᠬᠡᠦᠬᠡᠳ ᠤᠨ  ᠢᠶᠠᠨ ᠦᠨᠳᠦᠰᠦᠲᠡᠨ ᠤ ᠬᠤᠪᠴᠠᠰᠤ ᠡᠮᠦᠰᠬᠦ ᠳᠤ ᠢᠲᠡᠭᠡᠯ ᠵᠣᠷᠢᠭ ᠪᠣᠯᠣᠨ ᠨᠡᠷᠡᠨ ᠤ ᠭᠡᠷᠡᠯ  ᠢ ᠦᠵᠡᠭᠦᠯᠵᠦ᠂ ᠠᠭᠤᠵᠢᠭᠤ ᠲᠠᠯᠪᠢᠭᠤ ᠠᠷᠭ᠎ᠠ ᠮᠠᠶ᠋ᠢᠭ ᠢᠶᠠᠷ ᠦᠨᠳᠦᠰᠦᠲᠡᠨ ᠤ ᠰᠣᠶᠣᠯ  ᠢ ᠰᠤᠷᠴᠤ ᠴᠢᠳᠠᠬᠤ ᠪᠣᠯᠤᠭᠰᠠᠨ  ᠢ ᠬᠠᠷᠠᠭᠠᠳ ᠮᠠᠨ ᠤ ᠭᠡᠷ ᠤᠨ ᠠᠬᠠᠮᠠᠳ ᠴᠤ ᠮᠠᠰᠢ ᠪᠠᠶᠠᠷ ᠲᠠᠢ ᠪᠠᠶᠢᠨ᠎ᠠ᠂ ᠬᠤᠶᠢᠰᠢᠳᠠ ᠡᠶᠢᠮᠦ ᠠᠵᠢᠯᠯᠠᠭ᠎ᠠ  ᠶᠢ ᠢᠯᠡᠭᠦᠬᠡᠨ ᠬᠢᠵᠦ᠂ ᠬᠡᠦᠬᠡᠳ ᠤᠳ  ᠢ ᠨᠡᠩ ᠡᠶ᠎ᠡ ᠨᠠᠶᠢᠷᠲᠠᠢ ᠶᠠᠪᠤᠯᠴᠠᠭᠤᠯᠬᠤ  ᠶᠢ ᠬᠦᠰᠡᠵᠦ ᠪᠠᠶᠢᠨ᠎ᠠ︾᠃ ᠭᠡᠷ ᠤᠨ ᠠᠬᠠᠮᠠᠳ ᠯᠢᠦ ᠷᠦᠢ ᠹᠠᠩ ᠡᠨᠡ ᠬᠦ ᠪᠠᠶᠠᠷ ᠪᠠᠶᠠᠰᠤᠯ ᠢᠶᠠᠨ ᠪᠠᠶᠠᠷᠲᠠᠢ ᠬᠤᠪᠢᠶᠠᠯᠴᠠᠵᠤ ᠪᠠᠶᠢᠯ᠎ᠠ᠃
     ᠰᠤᠷᠭᠠᠭᠤᠯᠢ ᠪᠣᠯ ᠵᠠᠯᠠᠭᠤᠴᠤᠳ ᠪᠠᠭᠠᠴᠤᠳ ᠲᠤ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠬᠢᠬᠦ ᠭᠤᠣᠯ ᠵᠢᠭᠰᠠᠭᠠᠯ ᠤᠨ ᠭᠠᠵᠠᠷ ᠮᠥᠨ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ︽ᠬᠠᠮᠤᠭ ᠤᠨ ᠰᠠᠶᠢᠬᠠᠨ ᠨᠠᠶᠢᠷᠰᠠᠭ ᠲᠠᠭᠤᠨ︾ ᠢ ᠴᠢᠪᠬᠠᠳᠠᠬᠤ ᠶᠢᠨ ᠲᠥᠯᠥᠭᠡ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠥᠮ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠰᠤᠷᠭᠠᠭᠤᠯᠢ ᠶᠢ ᠡᠭᠦᠳᠦᠨ ᠪᠠᠶᠢᠭᠤᠯᠬᠤ ᠠᠵᠢᠯ ᠢ ᠥᠷᠭᠡᠨ ᠢᠶᠠᠷ ᠥᠷᠨᠢᠭᠦᠯᠵᠦ᠂ ᠰᠤᠷᠤᠯᠭ᠎ᠠ ᠡᠬᠢᠯᠡᠬᠦ ᠨᠢᠭᠡᠳᠦᠭᠡᠷ ᠬᠢᠴᠢᠶᠡᠯ᠂ ᠭᠤᠣᠯ ᠰᠡᠳᠦᠪᠲᠦ ᠠᠩᠭᠢ ᠶᠢᠨ ᠬᠤᠷᠠᠯ᠂ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯᠯᠠᠭ᠎ᠠ ᠵᠡᠷᠭᠡ ᠠᠷᠭ᠎ᠠ ᠬᠡᠯᠪᠡᠷᠢ ᠶᠢ ᠭᠦᠢᠴᠡᠳ ᠠᠰᠢᠭᠯᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠨ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ ᠶᠢ ᠠᠬᠢᠭᠤᠯᠵᠤ᠂ ᠡᠯ᠎ᠡ ᠲᠦᠷᠦᠯ ᠤᠨ ᠠᠵᠢᠯᠯᠠᠭ᠎ᠠ ᠶᠢ ᠵᠠᠭᠤ ᠰᠢᠬᠠᠮ ᠤᠳᠠᠭ᠎ᠠ ᠥᠷᠨᠢᠭᠦᠯᠵᠦ᠂ ᠪᠠᠭᠰᠢ ᠰᠤᠷᠤᠭᠴᠢᠳ ᠢ 1.8 ᠲᠦᠮᠡ ᠭᠠᠷᠤᠢ ᠬᠥᠮᠥᠨ ᠤᠳᠠᠭ᠎ᠠ ᠬᠠᠮᠤᠷᠴᠠᠢ᠃  ᠶᠢᠨ ᠯᠦᠩ ᠸᠠᠩ ᠮᠢᠶᠣᠣ ᠪᠠᠭ᠎ᠠ ᠰᠤᠷᠭᠠᠭᠤᠯᠢ᠂ ᠭᠦᠩ ᠶᠤᠸᠠᠨ ᠯᠦ ᠪᠠᠭ᠎ᠠ ᠰᠤᠷᠭᠠᠭᠤᠯᠢ᠂ ᠪᠤᠭᠤᠲᠤ ᠶᠢᠨ ᠳᠥᠴᠢᠳᠦᠭᠡᠷ ᠳᠤᠮᠳᠠᠳᠤ ᠰᠤᠷᠭᠠᠭᠤᠯᠢ ᠶᠢᠨ 8 ᠳ᠋ᠦᠩ ᠾᠧ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠤᠷᠭᠠᠭᠤᠯᠢ︾ᠭᠡᠵᠦ ᠨᠡᠷᠡᠶᠢᠳᠦᠭᠳᠡᠪᠡ᠃      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠳᠤ ᠦᠨᠳᠦᠰᠦᠲᠡᠨ ᠨᠦᠭᠦᠳ ᠤᠨ ᠣᠯᠠᠨ ᠲᠦᠮᠡᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠳ᠋ᠦᠩ ᠾᠧ ᠲᠣᠭᠤᠷᠢᠭ ᠤᠨ ᠬᠢᠨ ᠠᠷᠠᠳ ᠤᠯᠠᠨ ᠤ ᠪᠤᠳᠤᠯ ᠬᠦᠰᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠵᠠᠯᠠᠭᠤᠴᠤᠳ ᠤᠨ ᠦᠢᠯᠡᠰ ᠪᠣᠰᠬᠠᠬᠤ ᠶᠢ ᠳᠡᠮᠵᠢᠬᠦ᠂ ᠬᠥᠳᠡᠯᠮᠦᠷᠢ ᠬᠦᠴᠦᠨ ᠤ ᠭᠠᠷᠭᠠᠯᠭ᠎ᠠ ᠶᠢ ᠥᠷᠭᠡᠳᠬᠡᠬᠦ ᠵᠡᠷᠭᠡ ᠠᠷᠭ᠎ᠠ ᠬᠡᠯᠪᠡᠷᠢ ᠪᠠᠷ ᠦᠨᠳᠦᠰᠦᠲᠡᠨ ᠨᠦᠭᠦᠳ ᠤᠨ ᠤᠯᠠᠨ ᠲᠦᠮᠡᠨ ᠤ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠳᠤ ᠬᠦᠴᠦᠨ ᠨᠡᠮᠡᠷᠢᠯᠡᠪᠡ᠃ ᠲᠦᠷᠦᠭᠦᠸ ᠭᠤᠷᠪᠠᠨ ᠤᠯᠠᠷᠢᠯ ᠳᠤ᠂ ᠪᠥᠬᠦ ᠣᠷᠣᠨ ᠤ ᠬᠤᠲᠠ ᠪᠠᠯᠭᠠᠰᠤᠨ ᠳᠤ 7125 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠡᠯ᠎ᠡ ᠲᠥᠷᠥᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠨᠡᠶᠢᠲᠡ 2951 ᠲᠦᠮᠡᠨ ᠲᠥᠭᠦᠷᠢᠭ ᠲᠠᠷᠬᠠᠭᠠᠵᠤ᠂ 1.4 ᠲᠦᠮᠡᠨ ᠬᠥᠮᠥᠨ ᠳᠤ ᠠᠰᠢᠭ ᠬᠦᠷᠲᠡᠭᠡᠪᠡ᠃      ︽ᠦᠨᠳᠦᠰᠦᠲᠡᠨ ᠨᠦᠭᠦᠳ ᠤᠨ ᠣᠯᠠᠨ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠶᠢᠨ ᠲᠥᠯᠥᠭᠡ᠂ ᠮᠠᠨ ᠤ ᠣᠷᠣᠨ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠲᠠ ᠶᠢᠨ ᠪᠦᠲᠦᠭᠡᠨ ᠪᠠᠶᠢᠭᠤᠯᠤᠯᠲᠠ  ᠶᠢ ᠦᠷᠭᠦᠯᠵᠢᠯᠡᠨ ᠲᠦᠷᠭᠡᠳᠬᠡᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠪᠠ ᠬᠤᠲᠠ ᠶᠢᠨ ᠰᠢᠨᠡᠴᠢᠯᠡᠯᠲᠡ ᠶᠢ ᠭᠦᠨᠵᠡᠭᠡᠢ ᠥᠷᠨᠢᠭᠦᠯᠵᠦ᠂ ᠣᠲᠣ ᠪᠣᠯᠲᠠᠯ᠎ᠠ 131 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ 172 ᠲᠦᠮᠡᠨ ᠲᠡᠭᠰᠢ ᠳᠥᠷᠪᠡᠯᠵᠢᠨ ᠮᠧᠲᠷ ᠤᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠨᠡᠭᠡᠭᠡᠨ ᠪᠠᠶᠢᠭᠤᠯᠵᠤ᠂ 477 ᠲᠦᠮᠡᠨ ᠲᠡᠭᠰᠢ ᠳᠥᠷᠪᠡᠯᠵᠢᠨ ᠮᠧᠲᠷ ᠤᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠪᠦᠲᠦᠭᠡᠨ ᠪᠠᠶᠢᠭᠤᠯᠵᠤ᠂ 28 ᠵᠤᠷᠪᠤᠰ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ ᠬᠤᠲᠠ ᠪᠠᠯᠭᠠᠰᠤᠵᠢᠯᠲᠠ ᠶᠢᠨ ᠨᠣᠷᠮ᠎ᠠ 91.5% ᠳᠤ ᠬᠦᠷᠴᠦ᠂ ᠬᠤᠲᠠ ᠶᠢᠨ ᠲᠣᠭᠤᠷᠢᠭ ᠤᠨ ᠣᠷᠣᠰᠢᠨ ᠰᠠᠭᠤᠬᠤ ᠳᠤ ᠲᠣᠬᠢᠷᠠᠮᠵᠢᠲᠠᠢ ᠪᠠᠶᠢᠬᠤ ᠬᠡᠮᠵᠢᠶ᠎ᠡ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠬᠠᠮᠤᠭ ᠤᠨ ᠡᠴᠦᠰ ᠤᠨ ᠵᠣᠷᠢᠯᠭ᠎ᠠ ᠪᠣᠯ ᠳᠠᠷᠤᠢ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠬᠦᠷᠲᠡᠭᠡᠬᠦ ᠶᠢᠨ ᠲᠥᠯᠥᠭᠡ ᠶᠤᠮ︾ ᠭᠡᠵᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠤᠷᠪᠤᠯᠵᠢᠯᠠᠭᠴᠢ ᠳᠤ ᠲᠠᠨᠢᠯᠴᠠᠭᠤᠯᠪᠠ᠃
     ᠣᠳᠣᠬᠠᠨ ᠳᠤ᠂ ︽ᠤᠯᠠᠭᠠᠨ ᠠᠨᠠᠷ ᠤᠨ ᠭᠡᠷ ᠣᠷᠣᠨ︾ ︽ᠤᠯᠠᠭᠠᠨ ᠠᠨᠠᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︾ ︽ᠤᠯᠠᠭᠠᠨ ᠠᠨᠠᠷ ᠤᠨ ᠬᠢᠴᠢᠶᠡᠯ ᠤᠨ ᠲᠠᠩᠬᠢᠮ︾ ︽ᠤᠯᠠᠭᠠᠨ ᠠᠨᠠᠷ ᠤᠨ ᠲᠠᠯᠠᠪᠠᠶ︾ ︽ᠤᠯᠠᠭᠠᠨ ᠠᠨᠠᠷ ᠤᠨ ᠬᠠᠶᠢᠷ᠎ᠠ ᠬᠠᠯᠠᠮᠵᠢ ᠶᠢᠨ ᠬᠡᠲᠦ ᠳᠡᠯᠭᠡᠭᠦᠷ︾ ︽ᠤᠯᠠᠭᠠᠨ ᠠᠨᠠᠷ ᠤᠨ ᠠᠯᠪᠠᠨ ᠲᠤᠰᠢᠶᠠᠯᠲᠤ ᠬᠠᠤᠯᠢᠴᠢ ᠶᠢᠨ ᠪᠦᠯᠬᠦᠮ︾ ᠵᠡᠷᠭᠡ 15 ᠵᠦᠢᠯ ᠤᠨ ᠠᠷᠠᠳ ᠤᠨ ᠠᠮᠢᠳᠤᠷᠠᠯ ᠤᠨ ᠲᠥᠷᠥᠯ ᠵᠦᠢᠯ ᠨᠢ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠭᠡᠷ ᠤᠨ ᠡᠭᠦᠳᠡᠨ ᠳᠠᠬᠢ ᠦᠢᠯᠡᠴᠢᠯᠡᠭᠡ ᠬᠠᠩᠭᠠᠵᠤ ᠪᠠᠶᠢᠨ᠎ᠠ᠃ ︽ᠪᠠᠷᠠᠭᠤᠨ ᠠᠮᠠ ᠶᠢᠨ ᠬᠠᠶᠢᠷ᠎ᠠ ᠰᠡᠳᠬᠢᠯᠭᠡ ᠶᠢ ᠡᠳ᠋ᠯᠡᠶ᠎ᠡ·ᠰᠣᠶᠣᠯ ᠤᠨ ᠳᠣᠲᠣᠨᠣ ᠶᠠᠪᠤᠯᠴᠠᠭ᠎ᠠ︾᠂︽ᠮᠠᠨ ᠤ ᠳᠤᠮᠳᠠᠳᠤ ᠶᠢᠨ ᠵᠡᠭᠦᠳᠦ ︱ ᠰᠣᠶᠣᠯ ᠢ ᠲᠦᠮᠡᠨ ᠡᠷᠦᠬᠡ ᠳᠤ ᠬᠦᠷᠭᠡᠶ᠎ᠡ︾᠂︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ ᠠᠷᠠᠳ ᠲᠦᠮᠡᠨ ᠤ ᠳᠤᠮᠳᠠ ᠣᠴᠢᠶ᠎ᠠ︾ᠵᠡᠷᠭᠡ ᠡᠯ᠎ᠡ ᠲᠦᠷᠦᠯ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠨᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠣᠶᠣᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ ᠪᠠᠶᠢᠨ᠎ᠠ᠃ ᠨᠡᠶᠢᠭᠡᠮ ᠤᠨ ᠠᠪᠤᠷᠠᠨ ᠲᠤᠰᠠᠯᠠᠯᠲᠠ᠂ ᠦᠢᠯᠡᠰ ᠪᠣᠰᠬᠠᠬᠤ ᠠᠵᠢᠯ ᠣᠯᠭᠤᠯᠲᠠ ᠶᠢ ᠬᠠᠪᠰᠤᠷᠤᠨ ᠲᠡᠳᠬᠦᠬᠦ᠂ ᠣᠷᠣᠨ ᠰᠠᠭᠤᠴᠠ ᠲᠦᠷᠢᠶᠡᠰᠦᠯᠡᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠵᠡᠷᠭᠡ ᠡᠯ᠎ᠡ ᠲᠦᠷᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠶᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠭᠡᠯ ᠨᠢ ᠨᠡᠩ ᠤᠯᠠᠨ ᠲᠦᠮᠡᠨ ᠳᠤ ᠠᠰᠢᠭ ᠬᠦᠷᠲᠡᠭᠡᠵᠦ ᠪᠠᠶᠢᠨ᠎ᠠ᠃      ᠰᠢᠨ᠎ᠡ ᠡᠬᠢᠯᠡᠯᠲᠡ ᠶᠢᠨ ᠴᠡᠭ ᠲᠤ ᠵᠣᠭᠰᠣᠵᠤ᠂ ᠳ᠋ᠦᠩ ᠾᠧ ᠲᠣᠭᠤᠷᠢᠭ ᠤᠨ ᠬᠢᠨ ᠦᠷᠭᠦᠯᠵᠢᠯᠡᠨ ᠨᠠᠮ ᠤᠨ ᠲᠥᠪ ᠬᠤᠷᠢᠶᠠᠨ ᠤ ᠦᠨᠳᠦᠰᠦᠲᠡᠨ ᠤ ᠠᠵᠢᠯ ᠤᠨ ᠲᠤᠬᠠᠢ ᠶᠡᠷᠦᠩᠬᠡᠢ ᠱᠠᠭᠠᠷᠳᠠᠯᠭ᠎ᠠ ᠪᠣᠯᠣᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠬᠠᠷᠠᠯᠲᠠ ᠶᠢᠨ ᠡᠭᠦᠷᠭᠡ ᠶᠢ ᠲᠣᠭᠲᠠᠭᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠣᠷᠭᠢᠯᠤᠮ᠎ᠠ ᠬᠠᠯᠠᠭᠤᠨ ᠲᠡᠮᠡᠴᠡᠯ ᠤᠨ ᠵᠣᠷᠢᠭ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠴᠢᠨᠡᠭᠡᠯᠢᠭᠵᠢᠬᠦ ᠪᠣᠳᠠᠰ ᠤᠨ ᠰᠠᠭᠤᠷᠢ ᠶᠢ ᠪᠠᠬᠢᠵᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠡᠩ ᠲᠡᠭᠦᠯᠳᠡᠷ ᠪᠣᠯᠭᠠᠵᠤ᠂ ᠵᠣᠯ ᠵᠢᠷᠭᠠᠯᠲᠤ ᠲᠥᠷᠥᠭᠳᠡᠯ ᠢ ᠨᠡᠩ ᠦᠷᠭᠦᠯᠵᠢᠯᠡᠭᠦᠯᠵᠦ᠂ ᠠᠮᠤᠷ ᠲᠦᠪᠰᠢᠨ ᠤ ᠲᠥᠷᠥᠭᠳᠡᠯ ᠢ ᠨᠡᠩ ᠪᠠᠲᠤᠯᠠᠭ᠎ᠠ ᠲᠠᠢ ᠪᠣᠯᠭᠠᠬᠤ ᠪᠠᠷ ᠴᠢᠷᠮᠠᠶᠢᠨ᠎ᠠ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1