【ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ】 ᠨᠠᠨ ᠭᠧ ᠳ᠋ᠦᠩ ᠵᠡᠭᠡᠯᠢ ᠭᠤᠳᠤᠮᠵᠢ᠄ ᠦᠨᠳᠦᠰᠦᠲᠡᠨ ᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠪᠠᠳᠠᠷᠠᠭᠤᠯᠬᠤ ᠶᠢ ᠭᠤᠷᠪᠠᠨ ᠲᠠᠯ᠎ᠠ ᠪᠠᠷ ᠬᠦᠴᠦᠯᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2023/11/16
     ᠦᠨᠳᠦᠰᠦᠲᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠠᠮᠲᠤ ᠶᠢᠨ ᠲᠠᠨᠢᠯᠲᠠ ᠪᠠᠨ ᠲᠠᠰᠤᠷᠠᠯᠲᠠ ᠦᠭᠡᠢ ᠨᠡᠮᠡᠭᠳᠡᠭᠦᠯᠦᠨ᠂ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠨᠠᠨ ᠭᠧ ᠳ᠋ᠦᠩ ᠵᠡᠭᠡᠯᠢ ᠭᠤᠳᠤᠮᠵᠢ ᠶᠢᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠦᠨᠳᠦᠰᠦᠲᠡᠨ ᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠪᠠᠳᠠᠷᠠᠭᠤᠯᠬᠤ ᠶᠢ ᠭᠤᠷᠪᠠᠨ ᠲᠠᠯ᠎ᠠ ᠪᠠᠷ ᠬᠦᠴᠦᠯᠡᠨ ᠠᠬᠢᠭᠤᠯᠵᠤ᠂ ᠦᠨᠳᠦᠰᠦᠲᠡᠨ ᠤ ᠠᠵᠢᠯ ᠤᠨ ᠰᠢᠨ᠎ᠡ ᠪᠠᠶᠢᠷᠢᠰᠢᠯ ᠢ ᠡᠭᠦᠳᠪᠡ᠃ ᠲᠣᠭᠲᠠᠴᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠵᠦ ᠲᠥᠪᠯᠡᠩᠭᠦᠶ ᠬᠦᠴᠦᠨ ᠢ ᠨᠢᠭᠲᠠᠷᠠᠭᠤᠯᠤᠨ᠎ᠠ      ᠨᠠᠨ ᠭᠧ ᠳ᠋ᠦᠩ ᠵᠡᠭᠡᠯᠢ ᠭᠤᠳᠤᠮᠵᠢ ᠶᠢᠨ ᠬᠢᠨ ᠨᠠᠮ ᠤᠨ ᠦᠨᠳᠦᠰᠦᠲᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠬᠦᠴᠦᠯᠡᠨ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠦᠨᠳᠦᠰᠦᠲᠡᠨ ᠤ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠢᠳᠡᠪᠬᠢᠲᠡᠢ ᠭᠦᠢᠴᠡᠳᠬᠡᠵᠦ᠂ ᠬᠦᠨᠳᠦ ᠬᠦᠴᠢᠷ ᠠᠰᠠᠭᠤᠳᠠᠯ ᠢ ᠤᠳᠤᠷᠢᠳᠬᠤ ᠳᠤᠭᠤᠶᠢᠯᠠᠩ ᠠᠴᠠ ᠤᠷᠢᠳᠠᠪᠠᠷ ᠲᠥᠪᠯᠡᠷᠡᠭᠦᠯᠦᠨ ᠵᠥᠪᠳᠡᠯᠴᠡᠵᠦ᠂ ᠨᠠᠮ ᠤᠨ ᠠᠵᠢᠯ ᠤᠨ ᠬᠤᠷᠢᠶ᠎ᠠ ᠲᠤᠰᠬᠠᠢ ᠰᠡᠳᠦᠪ ᠢᠶᠠᠷ ᠰᠤᠳᠤᠯᠬᠤ ᠶᠢᠨ ᠬᠠᠮᠲᠤ ᠢᠳᠡᠪᠬᠢᠲᠡᠢ ᠰᠢᠢᠳᠪᠦᠷᠢᠯᠡᠪᠡ᠃ ᠨᠠᠮ ᠤᠨ ᠠᠵᠢᠯᠯᠠᠬᠤ ᠬᠤᠷᠢᠶ᠎ᠠ ᠶᠢᠨ ᠬᠤᠷᠠᠯ ᠠᠴᠠ ᠡᠮᠦᠨᠡᠬᠢ ᠰᠤᠷᠤᠯᠴᠠᠯᠭ᠎ᠠ᠂ ᠭᠤᠣᠯ ᠳᠤᠭᠤᠶᠢᠯᠠᠩ ᠤᠨ ᠣᠨᠣᠯ ᠤᠨ ᠰᠤᠷᠤᠯᠴᠠᠯᠭ᠎ᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠭᠤᠷᠪᠠᠨ ᠬᠤᠷᠠᠯ ᠨᠢᠭᠡ ᠬᠢᠴᠢᠶᠡᠯ︾᠂ ᠵᠡᠭᠡᠯᠢ ᠭᠤᠳᠤᠮᠵᠢ ᠶᠢᠨ ᠨᠡᠶᠢᠲᠡ ᠶᠢᠨ ᠳ᠋ᠤᠭᠠᠷ ᠤᠨ ᠲᠠᠪᠴᠠᠩ ᠵᠡᠷᠭᠡ ᠬᠡᠯᠪᠡᠷᠢ ᠪᠠᠷ ᠳᠠᠮᠵᠢᠭᠤᠯᠤᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠢ ᠣᠯᠠᠨ ᠠᠷᠭ᠎ᠠ ᠵᠠᠮ ᠢᠶᠠᠷ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠠᠶᠢᠭᠤᠯᠭ᠎ᠠ ᠶᠢᠨ ᠪᠥᠬᠦ ᠺᠠᠳ᠋ᠷ ᠠᠵᠢᠯᠲᠠᠨ ᠤ ᠦᠨᠳᠦᠰᠦᠲᠡᠨ ᠤ ᠠᠵᠢᠯ ᠤᠨ ᠬᠤᠷᠠᠯ ᠪᠠ ᠴᠢᠬᠤᠯᠠ ᠶᠡᠭᠡ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠢᠯᠡᠳᠲᠡ ᠳᠡᠭᠡᠭᠰᠢᠯᠡᠵᠦ᠂ ᠣᠨᠣᠯ ᠤᠨ ᠪᠣᠯᠪᠠᠰᠤᠷᠠᠯ ᠤᠯᠠᠮ ᠨᠢᠭᠡ ᠠᠯᠬᠤᠮ ᠳᠡᠭᠡᠭᠰᠢᠯᠡᠪᠡ᠃ ᠲᠠᠪᠴᠠᠩ ᠤᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ ᠠᠭᠤᠰᠤᠯᠴᠠᠬᠤ      ᠨᠠᠨ ᠭᠧ ᠳ᠋ᠦᠩ ᠵᠡᠭᠡᠯᠢ ᠭᠤᠳᠤᠮᠵᠢ ᠶᠢᠨ ᠬᠢᠨ ᠬᠠᠮᠲᠤᠪᠠᠷ ᠪᠠᠶᠢᠭᠤᠯᠬᠤ ᠨᠢᠭᠡᠴᠡ᠂ ᠡᠯ᠎ᠡ ᠦᠨᠳᠦᠰᠦᠲᠡᠨ ᠤ ᠲᠥᠯᠥᠭᠡᠯᠡᠭᠴᠢ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ᠂ ᠨᠠᠮ ᠪᠦᠯᠦᠭ ᠤᠨ ᠪᠤᠰᠤ ᠬᠥᠮᠥᠰ ᠵᠡᠷᠭᠡ ᠵᠣᠷᠢᠭ ᠲᠠᠢ ᠬᠥᠮᠥᠰ ᠰᠠᠨᠠᠭᠠᠴᠢᠯᠠᠭ᠎ᠠ ᠠᠴᠠ ᠪᠠᠨ ᠪᠦᠲᠦᠭᠡᠨ ᠪᠠᠶᠢᠭᠤᠯᠤᠯᠲᠠ ᠳᠤ ᠣᠷᠣᠯᠴᠠᠵᠤ᠂ ᠦᠨᠳᠦᠰᠦᠨ ᠱᠠᠲᠤᠨ ᠤ ᠵᠠᠰᠠᠯᠲᠠ ᠳᠤ ᠠᠷᠭ᠎ᠠ ᠤᠬᠠᠭᠠᠨ ᠭᠠᠷᠭᠠᠵᠤ᠂ ᠬᠠᠷᠢᠶ᠎ᠠ ᠣᠷᠣᠨ ᠤ ᠠᠷᠠᠳ ᠤᠨ ᠠᠮᠢᠳᠤᠷᠠᠯ᠂ ᠠᠷᠠᠳ ᠤᠨ ᠬᠡᠷᠡᠭ ᠤᠨ ᠵᠠᠯᠠᠷᠠᠭᠤᠯᠭ᠎ᠠ ᠶᠢᠨ ᠬᠡᠷᠡᠭ ᠶᠠᠪᠤᠳᠠᠯ ᠢ ᠰᠢᠢᠳᠪᠦᠷᠢᠯᠡᠪᠡ᠃ ︽ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ︾ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ︾ ︽ᠶᠡᠷᠦᠩᠬᠡᠶᠢᠯᠡᠭᠰᠡᠨ ᠴᠢᠨᠠᠷᠲᠠᠢ ᠰᠣᠶᠣᠯ ᠤᠨ ᠦᠢᠯᠡᠴᠢᠯᠡᠭᠡᠨ ᠤ ᠴᠢᠳᠠᠮᠵᠢ ᠶᠢᠨ ᠲᠠᠰᠤᠭ︾ ᠵᠡᠷᠭᠡ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠣᠨᠣᠯ ᠤᠨ ᠤᠬᠠᠭᠤᠯᠭ᠎ᠠ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠺᠠᠳ᠋ᠷᠴᠤᠳ ᠤᠨ ᠤᠯᠤᠰ ᠲᠥᠷᠥ ᠶᠢᠨ ᠤᠬᠠᠮᠰᠠᠷ ᠪᠠ ᠦᠢᠯᠡᠴᠢᠯᠡᠭᠡᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ︔ ︽ᠠᠨᠠᠷ ᠤᠨ ᠴᠡᠴᠡᠭ ᠣᠨᠳᠣᠣ ᠶᠠᠩᠵᠤ ᠪᠠᠷ ᠳᠡᠯᠭᠡᠷᠡᠬᠦ︾ᠦᠨᠳᠦᠰᠦᠲᠡᠨ ᠤ ᠪᠦᠯᠬᠦᠮᠳᠡᠯ ᠤᠨ ᠶᠡᠭᠡ ᠬᠢᠴᠢᠶᠡᠯ ᠤᠨ ᠲᠠᠩᠬᠢᠮ ᠳᠤ ᠲᠦᠰᠢᠭᠯᠡᠨ᠂︽ᠤᠯᠠᠮᠵᠢᠯᠠᠯᠲᠤ ᠰᠣᠶᠣᠯ ᠢ ᠨᠡᠶᠢᠭᠡᠮ ᠲᠣᠭᠤᠷᠢᠭ ᠲᠤ ᠣᠷᠣᠭᠤᠯᠬᠤ︾᠂︽ᠭᠠᠷᠠᠭ ᠤᠨ ᠰᠡᠭᠦᠯᠴᠢ ᠶᠢᠨ ᠰᠤᠷᠭᠠᠭᠤᠯᠢ︾᠂︽ᠪᠦᠬᠦ ᠠᠷᠠᠳ ᠢᠶᠠᠷ ᠢᠶᠠᠨ ᠨᠣᠮ ᠤᠩᠰᠢᠬᠤ︾ᠵᠡᠷᠭᠡ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠰᠣᠶᠣᠯ ᠤᠨ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠤᠨ᠎ᠠ︔ ︽ᠨᠢᠭᠤᠷᠳᠠᠨ ᠭᠠᠷ ᠠᠳᠬᠤᠬᠤ︾ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠠᠢ ᠬᠠᠷᠢᠯᠴᠠᠬᠤ ᠦᠷᠳᠡᠭᠡ ᠳᠤ ᠲᠦᠰᠢᠭᠯᠡᠨ᠂ ᠪᠠᠶᠢᠴᠠᠭᠠᠨ ᠰᠤᠳᠤᠯᠤᠯᠲᠠ ᠬᠢᠵᠦ ᠰᠢᠨᠵᠢᠯᠡᠨ ᠪᠠᠶᠢᠴᠠᠭᠠᠬᠤ᠂ ᠦᠨᠳᠦᠰᠦᠨ ᠱᠠᠲᠤᠨ ᠳᠤ ᠵᠥᠪᠯᠡᠯᠭᠡ ᠬᠢᠬᠦ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠠᠵᠢᠯᠯᠠᠭ᠎ᠠ ᠶᠢ ᠥᠷᠨᠢᠭᠦᠯᠵᠦ᠂ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ ᠨᠡᠶᠢᠭᠡᠮ ᠤᠨ ᠠᠷᠠᠳᠴᠢᠯᠠᠭᠰᠠᠨ ᠬᠠᠮᠢᠶᠠᠷᠤᠯᠲᠠ᠂ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠪᠠ᠃ ᠵᠢᠱᠢᠶ᠎ᠡ ᠦᠵᠡᠭᠦᠯᠬᠦ ᠵᠠᠩᠭᠢᠯᠠᠭ᠎ᠠ ᠶᠢ ᠡᠵᠡᠮᠳᠡᠵᠦ ᠨᠥᠯᠥᠭᠡᠯᠡᠬᠦ      ᠨᠠᠨ ᠭᠧ ᠳ᠋ᠦᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠦᠨᠳᠦᠰᠦᠲᠡᠨ ᠤ ᠠᠵᠢᠯ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠨᠡᠶᠢᠭᠡᠮ ᠤᠨ ᠡᠬᠢ ᠪᠠᠶᠠᠯᠢᠭ ᠲᠠᠢ ᠢᠳᠡᠪᠬᠢᠲᠡᠢ ᠪᠠᠷ ᠵᠣᠯᠭᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠷᠢᠯᠴᠠᠵᠤ ᠨᠥᠬᠦᠷᠯᠡᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠵᠡᠷᠭᠡ ︽ᠲᠠᠪᠤ ᠶᠢ ᠨᠢᠭᠡ ᠴᠣᠭᠴᠠᠵᠢᠭᠤᠯᠤᠭᠰᠠᠨ︾ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠵᠣᠬᠢᠶᠠᠨ ᠪᠠᠶᠢᠭᠤᠯᠤᠨ ᠪᠥᠵᠢᠭ᠂ ᠭᠡᠷᠡᠯ ᠵᠢᠷᠤᠭ᠂ ᠤᠷᠠᠨ ᠪᠢᠴᠢᠯᠭᠡ ᠵᠡᠷᠭᠡ ᠰᠣᠶᠣᠯ ᠤᠨ ᠪᠦᠯᠬᠦᠮ ᠳᠤ ᠬᠠᠮᠲᠤ ᠪᠠᠷ ᠣᠷᠣᠯᠴᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠨᠡᠶᠢᠳᠡ 30 ᠭᠠᠷᠤᠢ ᠤᠳᠠᠭ᠎ᠠ ᠥᠷᠨᠢᠭᠦᠯᠵᠦ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠰᠣᠶᠣᠯ ᠴᠡᠩᠭᠡᠯ ᠤᠨ ᠠᠵᠢᠯᠯᠠᠭ᠎ᠠ ᠶᠢ ᠵᠠᠭᠤ ᠭᠠᠷᠤᠢ ᠤᠳᠠᠭ᠎ᠠ ᠡᠷᠬᠢᠯᠡᠪᠡ᠃ ᠡᠭᠦᠨ ᠤ ᠬᠠᠮᠲᠤ᠂ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠬᠤ᠂ ᠪᠠᠶᠠᠷ ᠤᠨ ᠡᠳᠦᠷ ᠤᠨ ᠲᠣᠬᠤᠨᠢᠭᠤᠯᠬᠤ᠂ ᠨᠠᠶᠢᠵᠠᠯᠠᠵᠤ ᠰᠡᠳᠬᠢᠯ ᠤᠨ ᠦᠭᠡ ᠪᠠᠨ ᠶᠠᠷᠢᠯᠴᠠᠬᠤ ᠵᠡᠷᠭᠡ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠨᠠᠮ ᠤᠨ ᠳᠠᠭᠤᠨ ᠢ ᠳᠠᠮᠵᠢᠭᠤᠯᠵᠤ᠂ ᠨᠠᠮ ᠤᠨ ᠲᠦᠷᠦ ᠶᠢᠨ ᠪᠣᠳᠣᠯᠭ᠎ᠠ ᠶᠢ ᠤᠬᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠳᠡᠭᠡᠭᠰᠢᠯᠡᠭᠦᠯᠵᠦ᠂ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1