ᠱᠢ ᠳ᠋ᠡ ᠭᠦ᠋ ᠲᠣᠰᠬᠤᠨ᠄ ᠠᠵᠤ ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠵᠦ ᠦᠵᠡᠰᠬᠦᠯᠡᠩᠲᠦ ᠰᠠᠶᠢᠬᠠᠨ ᠲᠠᠷᠢᠶᠠᠴᠢᠨ ᠢ ᠪᠠᠶᠠᠵᠢᠭᠤᠯᠤᠨ᠎ᠠ
ᠨᠡᠶᠢᠲᠡᠯᠡᠭᠰᠡᠨ ᠴᠠᠭ᠄
2023/11/16
     ᠰᠠᠷᠴᠢᠨ ᠪᠠᠯᠭᠠᠰᠤ ᠶᠢᠨ ᠱᠢ ᠳ᠋ᠡ ᠭᠦ᠋ ᠲᠣᠰᠬᠤᠨ ᠤ ᠲᠤᠲᠤᠷᠭ᠎ᠠ ᠶᠢᠨ ᠣᠷᠣᠨ ᠵᠠᠢ ᠶᠢᠨ U ᠬᠡᠯᠪᠡᠷᠢ ᠶᠢᠨ ᠵᠤᠭᠠᠴᠠᠯ ᠤᠨ ᠰᠢᠯ ᠬᠥᠭᠦᠷᠭᠡ ᠶᠢᠨ ᠵᠠᠮ ᠢᠶᠠᠷ ᠠᠯᠬᠤᠯᠠᠬᠤ ᠳᠤ᠂ ᠲᠡᠷᠲᠡᠭᠡ ᠲᠡᠷᠲᠡᠭᠡ ᠬᠡᠭᠡᠷ᠎ᠡ ᠲᠠᠯ᠎ᠠ ᠪᠠᠷ ᠰᠠᠯᠬᠢᠨ ᠬᠦᠷᠳᠦ ᠡᠷᠭᠢᠯᠳᠦᠵᠦ᠂ ᠤᠰᠤᠨ ᠣᠷᠣᠨ ᠤ ᠵᠢᠵᠢᠭ ᠠᠷᠠᠯ ᠳᠤ ᠵᠤᠭᠠᠴᠠᠭᠰᠠᠳ ᠤᠨ ᠰᠡᠯᠡᠭᠦᠦ ᠴᠠᠭ ᠢᠶᠠᠷ ᠵᠢᠭᠠᠰᠤ ᠭᠥᠬᠢᠳᠡᠵᠦ᠂ 800 ᠭᠠᠷᠤᠢ ᠮᠦ ᠲᠤᠯᠤᠭᠠᠨ ᠥᠩᠭᠡᠲᠦ ᠲᠤᠲᠤᠷᠭ᠎ᠠ ᠰᠠᠯᠬᠢᠨ ᠤ ᠠᠶ᠎ᠠ ᠪᠠᠷ ᠨᠠᠶᠢᠭᠤᠵᠤ᠂ ᠠᠵᠤ ᠦᠢᠯᠡᠰ ᠤᠨ ᠬᠥᠭᠵᠢᠯ ᠪᠠᠳᠠᠷᠠᠯ ᠢᠶᠠᠷ᠂ ᠦᠵᠡᠰᠬᠦᠯᠡᠩᠲᠦ ᠰᠠᠶᠢᠬᠠᠨ ᠬᠥᠮᠥᠰ ᠤᠨ ᠰᠡᠳᠬᠢᠯ ᠢ ᠪᠠᠶᠠᠰᠬᠠᠬᠤ ᠪᠠᠶᠠᠷ ᠤᠨ ᠦᠵᠡᠮᠵᠢ ᠪᠠᠷ ᠪᠢᠯᠬᠠᠨ᠎ᠠ᠃
     ᠲᠣᠰᠬᠤᠨ ᠤ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠶᠢ ᠬᠠᠷᠠᠭᠠᠳ ᠲᠣᠰᠬᠤᠨ ᠤ ᠠᠷᠠᠳ ᠸᠠᠩ ᠵᠧᠨ ᠶᠦᠨ ᠮᠠᠰᠢ ᠤᠯᠠᠨ ᠲᠥᠷᠥᠭᠳᠡᠯ ᠲᠠᠢ ᠪᠠᠶᠢᠯ᠎ᠠ᠃ ᠥᠩᠭᠡᠷᠡᠭᠰᠡᠨ ᠤ ᠱᠢ ᠳ᠋ᠡ ᠭᠦ᠋ ᠲᠣᠰᠬᠤᠨ ᠳᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠳᠤᠲᠠᠭᠳᠠᠵᠤ᠂ ᠲᠣᠰᠬᠤᠨ ᠤ ᠠᠷᠠᠳ ᠮᠠᠰᠢ ᠬᠤᠯᠠ ᠭᠠᠵᠠᠷ ᠲᠤ ᠣᠴᠢᠵᠤ ᠤᠰᠤᠯᠠᠯᠲᠠ ᠶᠢᠨ ᠲᠠᠷᠢᠶ᠎ᠠ ᠲᠠᠷᠢᠬᠤ ᠴᠢᠬᠤᠯᠠᠲᠠᠢ᠂ ᠰᠢᠷᠣᠢ ᠶᠢᠨ ᠵᠠᠮ ᠢᠶᠠᠷ ᠶᠠᠪᠤᠬᠤ ᠳᠤ ᠬᠦᠴᠢᠷᠲᠡᠢ᠂ ᠴᠠᠭ ᠪᠠ ᠬᠦᠴᠦ ᠪᠠᠷᠠᠵᠤ᠂ ᠣᠯᠠᠩᠬᠢ ᠦᠶ᠎ᠡ ᠳᠤ ᠪᠠᠰᠠ ᠲᠡᠭᠷᠢ ᠶᠢᠨ ᠴᠢᠷᠠᠢ ᠶᠢ ᠬᠠᠷᠠᠵᠤ ᠠᠮᠢᠳᠤᠷᠠᠳᠠᠭ ᠪᠠᠶᠢᠵᠠᠢ᠃ ︽ᠲᠤᠩᠭᠠᠯᠠᠭ ᠡᠳᠦᠷ ᠨᠢᠭᠡ ᠪᠡᠶ᠎ᠡ ᠰᠢᠷᠣᠢ᠂ ᠪᠣᠷᠣᠭᠠᠨ ᠲᠠᠢ ᠡᠳᠦᠷ ᠨᠢᠭᠡ ᠪᠡᠶ᠎ᠡ ᠰᠢᠪᠠᠷ ᠰᠢᠷᠣᠢ︾ ᠨᠢ ᠱᠢ ᠳ᠋ᠡ ᠭᠦ᠋ ᠲᠣᠰᠬᠤᠨ ᠤ ᠠᠷᠠᠳ ᠤᠨ ᠠᠮᠢᠳᠤᠷᠠᠯ ᠤᠨ ᠦᠨᠡᠨ ᠪᠣᠳᠠᠲᠤ ᠵᠢᠷᠤᠭᠯᠠᠯ ᠪᠣᠯᠵᠠᠢ᠃
     ᠡᠨᠡᠬᠦ ᠣᠳᠣᠬᠢ ᠪᠠᠶᠢᠳᠠᠯ ᠢ ᠬᠤᠪᠢᠷᠠᠭᠤᠯᠬᠤ ᠶᠢᠨ ᠲᠥᠯᠥᠭᠡ᠂ ᠲᠣᠰᠬᠤᠨ ᠤ ᠠᠷᠠᠳ ᠤᠨ ᠵᠥᠪᠯᠡᠯ ᠤᠨ ᠬᠢᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠨ︽ᠨᠢᠭᠡᠳᠦᠭᠡᠷ ᠬᠥᠳᠡᠯᠭᠡᠬᠦ ᠬᠦᠴᠦᠨ︾ᠪᠣᠯᠭᠠᠬᠤ ᠶᠢ ᠪᠠᠷᠢᠮᠲᠠᠯᠠᠵᠤ᠂ ︽ᠨᠠᠮ ᠤᠨ ᠪᠠᠶᠢᠭᠤᠯᠤᠯᠲᠠ ᠶᠢ ᠠᠳᠬᠤᠬᠤ᠂ ᠠᠵᠤ ᠦᠢᠯᠡᠰ ᠢ ᠬᠦᠴᠦᠷᠬᠡᠭᠵᠢᠭᠦᠯᠬᠦ᠂ ᠵᠠᠰᠠᠯᠲᠠ ᠶᠢ ᠠᠬᠢᠭᠤᠯᠬᠤ᠂ ᠠᠮᠢ ᠠᠬᠤᠢ ᠶᠢ ᠭᠤᠶᠣᠵᠢᠭᠤᠯᠬᠤ︾ᠠᠵᠢᠯ ᠤᠨ ᠰᠡᠳᠬᠢᠴᠡ ᠪᠠᠷ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠬᠦ ᠬᠦᠴᠦᠨ ᠢ ᠳᠠᠰᠤᠷᠠᠯᠳᠠ ᠦᠭᠡᠢ ᠬᠥᠭᠵᠢᠭᠡᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠢ ᠭᠤᠶᠣᠵᠢᠭᠤᠯᠬᠤ᠂ ᠲᠠᠷᠢᠶᠠᠴᠢᠨ ᠢ ᠪᠠᠶᠠᠵᠢᠭᠤᠯᠬᠤ ᠶᠢ ᠪᠡᠶᠡᠯᠡᠭᠦᠯᠬᠦ ᠶᠢ ᠠᠬᠢᠭᠤᠯᠪᠠ᠃      ᠪᠠᠶᠠᠵᠢᠶ᠎ᠠ ᠭᠡᠪᠡᠯ ᠤᠷᠢᠳᠠᠪᠠᠷ ᠵᠠᠮ ᠵᠠᠰᠠᠬᠤ ᠬᠡᠷᠡᠭᠲᠡᠢ᠃ ᠤᠯᠠᠨ ᠵᠢᠯ ᠤᠨ ᠲᠤᠷᠰᠢ ᠲᠣᠰᠬᠤᠨ ᠤ ᠠᠷᠠᠳ ᠤᠨ︽ᠭᠠᠳᠠᠭᠰᠢ ᠭᠠᠷᠬᠤ ᠳᠤ ᠬᠦᠴᠢᠷᠲᠡᠢ᠂ ᠭᠠᠵᠠᠷ ᠭᠠᠷᠬᠤ ᠳᠤ ᠬᠦᠴᠢᠷᠲᠡᠢ︾ᠪᠠᠶᠢᠭᠰᠠᠨ ᠠᠰᠠᠭᠤᠳᠠᠯ ᠳᠤ ᠴᠢᠭᠯᠡᠭᠦᠯᠦᠨ᠂ ᠲᠣᠰᠬᠤᠨ ᠤ ᠨᠠᠮ ᠤᠨ ᠡᠭᠦᠷ ᠤᠨ ᠱᠦᠵᠢ ᠮᠢᠶᠣᠣ ᠰᠢᠨ ᠴᠢ ᠨᠠᠮ ᠤᠨ ᠭᠡᠰᠢᠭᠦᠨ ᠺᠠᠳ᠋ᠷᠴᠤᠳ ᠢᠶᠠᠨ ᠳᠠᠭᠠᠭᠤᠯᠤᠨ ᠬᠠᠮᠲᠤᠪᠠᠷ 130 ᠲᠦᠮᠡ ᠭᠠᠷᠤᠢ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ 2.5 ᠺᠢᠯᠤᠮᠥᠲᠷ᠂ 6 ᠮᠥ᠋ᠲᠷ ᠥᠷᠭᠡᠨ ᠱᠦᠢᠨᠢ ᠵᠠᠰᠠᠮᠠᠯ ᠵᠠᠮ ᠪᠣᠯᠣᠨ 2 ᠺᠢᠯᠤᠮᠥᠲᠷ ᠤᠨ ᠪᠦᠬᠦ ᠤᠷᠳᠤ ᠪᠦᠬᠦᠢ ᠠᠷᠠᠳ ᠤᠨ ᠠᠮᠢᠳᠤᠷᠠᠯ ᠤᠨ ᠰᠤᠪᠠᠭ ᠵᠠᠰᠠᠵᠠᠢ᠃ ᠵᠠᠰᠠᠮᠠᠯ ᠵᠠᠮ ᠪᠣᠯᠣᠨ ᠠᠷᠠᠳ ᠤᠨ ᠠᠮᠢᠳᠤᠷᠠᠯ ᠤᠨ ᠰᠤᠪᠠᠭ ᠢ ᠪᠠᠶᠢᠭᠤᠯᠤᠨ ᠠᠰᠢᠭᠯᠠᠭᠰᠠᠨ ᠠᠴᠠ ᠸᠠᠩ ᠵᠧᠨ ᠶᠦᠨ ᠪᠣᠯᠣᠨ ᠨᠤᠲᠤᠭ ᠤᠨ ᠠᠬ᠎ᠠ ᠳᠡᠭᠦᠦ ᠨᠠᠷ ᠤᠨ ᠶᠠᠪᠤᠵᠤ ᠰᠠᠭᠤᠬᠤ ᠳᠤ ᠨᠡᠩ ᠲᠦᠬᠦᠮ ᠪᠣᠯᠤᠭᠰᠠᠨ ᠪᠥᠭᠡᠳ ᠪᠠᠰᠠ ᠤᠰᠤᠨ ᠠᠰᠢᠭᠯᠠᠯᠲᠠ ᠶᠢᠨ ᠢᠨᠵᠧᠨᠧᠷᠢᠩ ᠢᠶᠠᠷ ᠳᠠᠮᠵᠢᠨ ᠰᠢᠨᠵᠢᠯᠡᠬᠦ ᠤᠬᠠᠭᠠᠨᠴᠢ ᠪᠠᠷ ᠤᠰᠤ ᠲᠠᠲᠠᠵᠤ᠂ ᠲᠡᠭᠷᠢ ᠶᠢᠨ ᠴᠢᠷᠠᠢ ᠶᠢ ᠬᠠᠷᠠᠵᠤ ᠠᠮᠢᠳᠤᠷᠠᠬᠤ ᠭᠠᠴᠢᠭᠳᠠᠯ ᠠᠴᠠ ᠪᠦᠷᠢᠮᠦᠰᠦᠨ ᠠᠩᠭᠢᠵᠢᠷᠠᠭᠰᠠᠨ ᠪᠠᠶᠢᠨ᠎ᠠ᠃
     ᠵᠠᠮ ᠨᠡᠪᠲᠡᠷᠡᠪᠡᠯ᠂ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠣᠷᠣᠭᠤᠯᠬᠤ ᠳᠤ ᠤᠳᠤ ᠪᠠᠶᠢᠭ᠎ᠠ ᠰᠤᠯᠠ ᠪᠠᠶᠢᠭ᠎ᠠ ᠭᠠᠵᠠᠷ ᠲᠠᠷᠢᠶ᠎ᠠ ᠶᠢ ᠪᠠᠰᠠ ᠰᠠᠶᠢᠲᠤᠷ ᠠᠰᠢᠭᠯᠠᠬᠤ ᠬᠡᠷᠡᠭᠲᠡᠢ᠃ ᠭᠡᠲᠡᠯ᠎ᠡ᠂ ᠣᠷᠳᠣ ᠬᠤᠭᠤᠴᠠᠭᠠᠨ ᠤ ᠲᠤᠷᠰᠢ᠂ ᠣᠨᠴᠠ ᠵᠠᠷᠢᠮ ᠭᠠᠴᠠᠭᠠᠨ ᠤ ᠠᠷᠠᠳ ᠬᠤᠭ ᠨᠣᠪᠰᠢ ᠶᠢ ᠳᠤᠷ᠎ᠠ ᠪᠠᠷ ᠢᠶᠠᠨ ᠬᠦᠷᠢᠶᠡᠯᠡᠨ ᠡᠵᠡᠯᠡᠵᠦ᠂ ᠬᠠᠶᠠᠵᠤ᠂ ᠮᠢᠩᠭ᠎ᠠ ᠭᠠᠷᠤᠢ ᠮᠦ ᠶᠢᠨ ᠠᠰᠢᠭᠯᠠᠯᠲᠠ ᠶᠢᠨ ᠨᠣᠷᠮ᠎ᠠ ᠥᠨᠳᠥᠷ ᠪᠢᠰᠢ᠂ ᠡᠷᠬᠡ ᠶᠢᠨ ᠬᠠᠷᠢᠶᠠᠯᠠᠯ ᠨᠢ ᠲᠣᠳᠣᠷᠬᠠᠢ ᠦᠭᠡᠢ ᠬᠠᠮᠲᠤ ᠶᠢᠨ ᠭᠠᠵᠠᠷ ᠰᠢᠷᠣᠢ ᠶᠢ ᠠᠮᠢᠳᠤᠯᠢᠭ ᠪᠣᠯᠭᠠᠬᠤ ᠳᠤ ᠲᠤᠶᠢᠯ ᠤᠨ ᠬᠢᠯᠪᠠᠷ ᠪᠤᠰᠤ ᠶᠤᠮ᠃ ᠡᠶᠢᠮᠦ ᠬᠦᠴᠢᠷ ᠠᠰᠠᠭᠤᠳᠠᠯ ᠤᠨ ᠡᠮᠦᠨ᠎ᠡ᠂ ᠱᠢ ᠳ᠋ᠡ ᠭᠦ᠋ ᠲᠣᠰᠬᠤᠨ ᠤ ᠨᠠᠮ ᠤᠨ ᠡᠭᠦᠷ ᠲᠣᠰᠬᠤᠨ ᠤ ︽ᠬᠤᠶᠠᠷ ᠵᠥᠪᠯᠡᠯ︾  ᠤᠨ ᠪᠠᠭ᠂ ᠨᠠᠮ ᠤᠨ ᠭᠡᠰᠢᠭᠦᠨ ᠲᠥᠯᠥᠭᠡᠯᠡᠭᠴᠢ ᠪᠠᠷ ᠭᠤᠣᠯ ᠪᠦᠷᠢᠯᠳᠦᠭᠦᠨ ᠪᠣᠯᠭᠠᠭᠰᠠᠨ︽ᠬᠤᠪᠢᠰᠬᠠᠯ ᠤᠨ ᠪᠣᠭᠤᠮᠲᠠ ᠰᠢᠪᠲᠤᠯᠬᠤ ᠠᠩᠭᠢ︾ ᠶᠢ ᠵᠣᠬᠢᠶᠠᠨ ᠪᠠᠶᠢᠭᠤᠯᠵᠤ᠂ ᠪᠦᠬᠦ ᠲᠣᠰᠬᠤᠨ ᠳᠤ ᠬᠠᠮᠲᠤ ᠶᠢᠨ ᠭᠠᠵᠠᠷ ᠰᠢᠷᠣᠢ ᠶᠢ ᠡᠵᠡᠯᠡᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠠᠤᠯᠢ ᠶᠢ ᠲᠠᠶᠢᠯᠪᠤᠷᠢᠯᠠᠨ ᠶᠣᠰᠣ ᠤᠴᠢᠷ ᠢ ᠲᠣᠳᠣᠷᠬᠠᠶᠢᠯᠠᠵᠤ᠂ ᠠᠰᠢᠭ ᠬᠤᠣᠷ ᠢ ᠲᠣᠳᠣᠷᠬᠠᠶᠢᠯᠠᠬᠤ ᠪᠠᠷ ᠳᠠᠮᠵᠢᠭᠤᠯᠵᠤ᠂ ᠡᠴᠦᠰ ᠲᠡᠭᠡᠨ 1200 ᠭᠠᠷᠤᠢ ᠮᠦ ᠬᠠᠮᠲᠤ ᠶᠢᠨ ᠭᠠᠵᠠᠷ ᠰᠢᠷᠣᠢ ᠶᠢ ᠤᠷᠤᠭᠰᠢᠲᠠᠢ ᠪᠠᠷ ᠬᠤᠷᠢᠶᠠᠨ ᠠᠪᠴᠤ᠂ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢᠨ ᠥᠪᠡᠰᠦᠪᠡᠨ ᠨᠤᠷᠠᠭᠠᠭᠰᠠᠨ ᠨᠤᠷᠮ᠎ᠠ ᠶᠢ 90% ᠠᠴᠠ ᠳᠡᠭᠡᠭᠰᠢ ᠳᠤ ᠬᠦᠷᠭᠡᠪᠡ᠃
     ᠭᠠᠵᠠᠷ ᠰᠢᠷᠣᠢ ᠲᠠᠢ ᠪᠣᠯᠤᠭᠰᠠᠨ ᠠᠴᠠ ᠲᠣᠰᠬᠤᠨ ᠤ ᠨᠠᠮ ᠤᠨ ᠡᠭᠦᠷ ᠱᠢ ᠳ᠋ᠡ ᠭᠦ᠋ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠤᠷᠰᠢᠶ᠎ᠠ ᠶᠢ ᠪᠠᠶᠢᠭᠤᠯᠵᠤ᠂ ᠥᠪᠥᠷ ᠮᠣᠩᠭᠤᠯ ᠤᠨ ᠲᠢᠶᠠᠨ ᠾᠧ ᠠᠮᠢ ᠠᠬᠤᠢ ᠶᠢᠨ ᠲᠠᠷᠢᠶᠠᠯᠠᠩ ᠤᠨ ᠬᠢᠵᠠᠭᠠᠷᠲᠤ ᠺᠣᠮᠫᠠᠨᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠲᠢᠶᠠᠨ ᠾᠧ ᠠᠮᠢ ᠠᠬᠤᠢ ᠶᠢᠨ ᠲᠤᠲᠤᠷᠭ᠎ᠠ ᠶᠢ ᠲᠡᠵᠢᠭᠡᠨ ᠦᠷᠡᠵᠢᠭᠦᠯᠬᠦ ᠣᠷᠣᠨ ᠵᠠᠢ ᠶᠢ ᠪᠠᠶᠢᠭᠤᠯᠵᠠᠢ᠃ ︽ᠲᠣᠰ ᠲᠥᠷᠥᠯ ᠵᠦᠢᠯ ᠳᠤ ᠨᠠᠭᠤᠷ ᠮᠠᠯᠲᠠᠵᠤ ᠬᠤᠷ᠎ᠠ ᠲᠤᠨᠳᠠᠰᠤ ᠣᠷᠣᠭᠤᠯᠬᠤ᠂ ᠰᠢᠷᠣᠢ ᠳᠠᠮᠨᠠᠨ ᠲᠠᠷᠢᠶ᠎ᠠ ᠭᠠᠷᠭᠠᠬᠤ᠂ ᠵᠢᠭᠠᠰᠤ ᠠᠩᠨᠠᠬᠤ ᠪᠠᠷ ᠬᠤᠵᠢᠷ ᠢ ᠵᠠᠰᠠᠬᠤ᠂ ᠡᠷᠭᠢᠯᠳᠦᠭᠦᠯᠦᠨ ᠳᠠᠷᠢᠵᠤ ᠲᠡᠵᠢᠭᠡᠬᠦ ︽ᠵᠢᠭᠠᠰᠤᠨ ᠴᠥᠭᠦᠷᠥᠮ ︱ ᠬᠤᠸᠠᠨ ᠭᠧᠦ ︱ ᠲᠤᠲᠤᠷᠭ᠎ᠠ ᠶᠢᠨ ᠲᠠᠷᠢᠶ᠎ᠠ︾ ᠶᠢᠨ ᠰᠢᠨ᠎ᠡ ᠮᠡᠷᠭᠡᠵᠢᠯ ᠢ ᠬᠡᠷᠡᠭᠯᠡᠵᠦ᠂ ᠬᠤᠵᠢᠷᠯᠢᠭ ᠭᠠᠵᠠᠷ ᠲᠤ ᠴᠤ ︿ᠠᠯᠲᠠᠨ ᠲᠤᠲᠤᠷᠭ᠎ᠠ﹀ ᠳᠠᠷᠢᠵᠤ ᠴᠢᠳᠠᠬᠤ ᠪᠣᠯᠭᠠᠪᠠ︾᠃ ᠭᠡᠵᠦ ᠲᠦᠷᠦᠯ ᠵᠦᠢᠯ ᠤᠨ ᠬᠠᠷᠢᠭᠤᠴᠠᠯᠭᠠᠲᠠᠨ ᠮᠠ ᠰᠢᠶᠣᠣ ᠢᠦᠢ ᠲᠠᠨᠢᠯᠴᠠᠭᠤᠯᠪᠠ᠃
     ᠲᠤᠲᠤᠷᠭ᠎ᠠ ᠶᠢᠨ ᠲᠠᠷᠢᠶ᠎ᠠ ᠪᠣᠯᠣᠨ ᠲᠣᠰᠬᠤᠨ ᠤ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠱᠢ ᠳ᠋ᠡ ᠭᠦ᠋ ᠲᠣᠰᠬᠤᠨ ᠤ ᠬᠢᠨ ᠳᠠᠷᠢᠵᠤ ᠲᠡᠵᠢᠭᠡᠬᠦ᠂ ᠵᠤᠭᠠᠴᠠᠬᠤ ᠶᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠲᠠᠷᠢᠶᠠᠯᠠᠩ ᠵᠤᠭᠠᠴᠠᠯ ᠤᠨ ᠰᠤᠳᠤᠯᠭᠠᠨ ᠤ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠢᠯ ᠤᠨ ᠣᠷᠣᠯᠭ᠎ᠠ ᠶᠢᠨ ᠨᠡᠮᠡᠭᠳᠡᠯ ᠢ 60 ᠭᠠᠷᠤᠢ ᠲᠦᠮᠡᠨ ᠲᠥᠭᠦᠷᠢᠭ ᠪᠡᠶᠡᠯᠡᠭᠦᠯᠵᠦ᠂ ᠬᠡᠰᠡᠭ ᠲᠣᠰᠬᠤᠨ ᠤ ᠠᠷᠠᠳ ᠤᠨ ᠵᠢᠯ ᠤᠨ ᠣᠷᠣᠯᠭ᠎ᠠ ᠶᠢᠨ ᠨᠡᠮᠡᠭᠳᠡᠯ ᠢ ᠲᠠᠶᠢᠴᠢᠯᠠᠵᠦ 30% ᠢᠶᠠᠷ ᠨᠡᠮᠡᠭᠳᠡᠭᠦᠯᠵᠡᠢ᠃ ᠸᠠᠩ ᠵᠧᠨ ᠶᠦᠨ ᠤ ᠬᠥᠭᠰᠢᠨ ᠨᠢ ᠶᠡᠷᠦ ᠠᠴᠠ ᠠᠵᠢᠯ ᠣᠯᠬᠤ ᠦᠭᠡᠢ ᠪᠠᠶᠢᠭᠰᠠᠨ ᠪᠣᠯᠪᠠᠴᠤ ᠠᠳᠡ ᠠᠵᠢᠯ ᠣᠯᠬᠤ ᠠᠰᠠᠭᠤᠳᠠᠯ  ᠢ ᠰᠢᠢᠳᠪᠦᠷᠢᠯᠡᠵᠦ᠂ ᠣᠷᠣᠯᠭ᠎ᠠ ᠨᠢ ᠲᠣᠭᠲᠠᠪᠤᠷᠢᠲᠠᠢ ᠪᠣᠯᠣᠨ᠎ᠠ ᠭᠡᠵᠦ ᠪᠤᠳᠤᠵᠤ ᠣᠯᠣᠭᠰᠠᠨ ᠦᠭᠡᠢ᠃ ᠲᠢᠶᠠᠨ ᠾᠧ ᠨᠦᠩ ᠵᠤᠭᠠᠴᠠᠯ ᠤᠨ ᠰᠤᠳᠤᠯᠭᠠᠨ ᠤ ᠤᠬᠠᠭᠠᠨ ᠤ ᠶᠡᠷᠦᠩᠬᠡᠶᠢᠯᠡᠭᠰᠡᠨ ᠴᠣᠭᠴᠠ ᠶᠢᠨ ᠲᠦᠷᠦᠯ ᠵᠦᠢᠯ ᠤᠯᠠᠮ ᠠᠴᠠ ᠤᠯᠠᠮ ᠬᠤᠳᠠ ᠶᠢᠨ ᠠᠷᠠᠳ ᠤᠨ ᠬᠦᠷᠢᠶᠡᠯᠡᠯ ᠢ ᠣᠯᠬᠤ ᠶᠢ ᠳᠠᠭᠠᠯᠳᠤᠨ᠂ ᠱᠢ ᠳ᠋ᠡ ᠭᠦ᠋ ᠲᠣᠰᠬᠤᠨ ᠤ︽ᠬᠠᠷ᠎ᠠ ᠳᠤᠯᠠᠨ ᠲᠠᠷᠪᠤᠰ︾ ᠤᠨ ᠲᠦᠷᠦᠯ ᠲᠡᠮᠳᠡᠭ ᠤᠯᠠᠮ ᠠᠴᠠ ᠤᠯᠠᠮ ᠬᠠᠩᠭᠢᠨᠠᠵᠤ᠂ ᠸᠠᠩ ᠵᠧᠨ ᠶᠦᠨ ᠤ ᠡᠨᠡ ᠵᠢᠯ ᠤᠨ ᠳᠠᠷᠢᠭᠰᠠᠨ 50 ᠮᠦ ᠬᠠᠷ᠎ᠠ ᠳᠤᠯᠠᠨ ᠲᠠᠷᠪᠤᠰ ᠡᠯᠪᠡᠭ ᠬᠤᠷᠢᠶᠠᠯᠲᠠ ᠣᠯᠣᠭᠰᠠᠨ ᠢᠶᠠᠷ ᠪᠠᠷᠠᠬᠤ ᠦᠭᠡᠢ ᠪᠠᠰᠠ ᠨᠢᠭᠡ ᠰᠠᠶᠢᠨ ᠦᠨ᠎ᠡ ᠪᠠᠷ ᠬᠤᠳᠠᠯᠳᠤᠵᠠᠢ᠃
     ᠠᠮᠢᠳᠤᠷᠠᠯ ᠨᠢ ᠪᠠᠶᠠᠨ ᠴᠢᠨᠡᠭᠡᠯᠢᠭ ᠪᠣᠯᠤᠭᠰᠠᠨ ᠤ ᠲᠠᠷᠠᠭ᠎ᠠ᠂ ᠱᠢ ᠳ᠋ᠡ ᠭᠦ᠋ ᠲᠣᠰᠬᠤᠨ ᠤ ᠠᠷᠠᠳ ᠴᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠨᠡᠩ ᠥᠨᠳᠥᠷ ᠱᠠᠭᠠᠷᠳᠠᠯᠭ᠎ᠠ ᠲᠠᠢ ᠪᠣᠯᠪᠠ᠂ ᠡᠭᠦᠨ ᠳᠤ ᠲᠣᠰᠬᠤᠨ ᠤ ᠠᠷᠠᠳ ᠤᠨ ᠵᠥᠪᠯᠡᠯ ᠨᠢ ᠲᠣᠰᠬᠤᠨ ᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠲᠦᠰᠢᠭᠯᠡᠨ ᠬᠤᠪᠢᠰᠬᠠᠯ ᠤᠨ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠪᠠᠶᠢᠭᠤᠯᠵᠤ᠂ ᠲᠣᠰᠬᠤᠨ ᠤ ᠭᠤᠣᠯ ᠵᠠᠮ᠂ ᠲᠠᠷᠢᠶᠠᠨ ᠭᠠᠵᠠᠷ᠂ ᠲᠠᠷᠢᠶᠠᠴᠢᠨ ᠠᠶᠢᠯ ᠤᠨ ᠬᠠᠨᠵᠤ ᠶᠢ ᠨᠥᠯᠥᠭᠡᠯᠡᠬᠦ︽1+3+N︾ᠤᠬᠠᠭᠤᠯᠭ᠎ᠠ ᠶᠢᠨ ᠵᠠᠭᠪᠤᠷ ᠢᠶᠠᠷ ᠳᠠᠮᠵᠢᠭᠤᠯᠤᠨ᠂ ᠵᠠᠩ ᠳᠠᠳᠬᠠᠯ ᠢ ᠥᠭᠡᠷᠡᠴᠢᠯᠡᠬᠦ ᠪᠠ ᠪᠣᠯᠪᠠᠰᠤᠨ ᠰᠢᠨ᠎ᠡ ᠰᠤᠷᠲᠠᠯ ᠢ ᠤᠯᠠᠮᠵᠢᠯᠠᠬᠤ ᠶᠢ ᠶᠡᠬᠡᠪᠡᠷ ᠠᠬᠢᠭᠤᠯᠵᠤ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠢ ᠲᠦᠭ ᠲᠦᠮᠡᠨ ᠠᠶᠢᠯ ᠡᠷᠦᠬᠡ ᠳᠤ ᠬᠦᠷᠭᠡᠵᠡᠢ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠪᠢᠴᠢᠭᠯᠡᠨ᠎ᠡ᠃ ᠥᠨᠥᠳᠥᠷ ᠤᠨ ᠱᠢ ᠳ᠋ᠡ ᠭᠦ᠋ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠴᠢᠩᠭ᠎ᠠ ᠪᠠᠶᠢᠵᠤ᠂ ᠲᠣᠰᠬᠤᠨ ᠤ ᠳᠦᠷᠰᠦ ᠪᠠᠶᠢᠳᠠᠯ ᠴᠣ᠋ ᠰᠢᠨ᠎ᠡ ᠪᠣᠯᠵᠤ᠂ ᠲᠣᠰᠬᠤᠨ ᠤ ᠠᠷᠠᠳ ᠤᠨ ᠠᠮᠢᠳᠤᠷᠠᠯ ᠤᠯᠠᠮ ᠠᠴᠠ ᠤᠯᠠᠮ ᠬᠥᠭᠵᠢᠶᠡᠨᠲᠡᠢ ᠪᠣᠯᠵᠤ᠂ ᠤᠷᠢᠳ ᠬᠤᠵᠢᠳ ᠪᠤᠭᠤᠲᠤ ᠬᠤᠳᠠ ᠶᠢᠨ︽ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠢᠱᠢᠶ᠎ᠡ ᠦᠵᠡᠭᠦᠯᠬᠦ ᠲᠣᠰᠬᠤᠨ︾᠂ ᠪᠤᠭᠤᠲᠤ ᠬᠤᠳᠠ ᠶᠢᠨ ᠪᠣᠯᠪᠠᠰᠤᠨ ᠲᠣᠰᠬᠤᠨ ᠪᠠᠯᠭᠠᠰᠤ᠂ ᠪᠤᠭᠤᠲᠤ ᠬᠤᠳᠠ ᠶᠢᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠡᠷᠭᠡ 12 ᠵᠦᠢᠯ ᠤᠨ ᠢᠷᠠᠭᠤ ᠠᠯᠳᠠᠷ ᠤᠨ ᠴᠣᠯᠠ ᠶᠢ ᠬᠦᠷᠲᠡᠵᠦ᠂ ᠡᠨᠡ ᠵᠢᠯ ᠤᠨ 6 ᠰᠠᠷ᠎ᠠ ᠳᠤ ᠪᠦᠬᠦ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠵᠠᠢ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1