︽ᠳ᠋ᠦᠩ ᠾᠧ ᠶᠢᠨ ᠺᠠᠳ᠋ᠷᠴᠤᠳ ᠤᠨ ᠶᠠᠷᠢᠶ᠎ᠠ ᠳ᠋ᠦᠩ ᠾᠧ ᠶᠢᠨ ᠲᠤᠬᠠᠢ ᠶᠠᠷᠢᠶ᠎ᠠ︾ᠭᠡᠬᠦ ᠬᠤᠶᠠᠳᠤᠭᠠᠷ ᠬᠤᠭᠤᠴᠠᠭᠠᠨ ᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠭᠤᠶᠢᠳᠠ ᠰᠠᠶᠢᠬᠠᠨ ᠡᠬᠢᠯᠡᠭᠦᠯᠵᠡᠢ︕
ᠨᠡᠶᠢᠲᠡᠯᠡᠭᠰᠡᠨ ᠴᠠᠭ᠄
2023/11/16
    11 ᠳ᠋ᠦᠭᠡᠷ ᠰᠠᠷ᠎ᠠ ᠶᠢᠨ 2 ᠤᠨ ᠡᠳᠦᠷ᠂ ᠮᠠᠨ ᠤ ᠣᠷᠣᠨ 2023 ᠣᠨ ᠤ ︽ᠳ᠋ᠦᠩ ᠾᠧ ᠶᠢᠨ ᠺᠠᠳ᠋ᠷᠴᠤᠳ ᠤᠨ ᠶᠠᠷᠢᠯᠴᠠᠭ᠎ᠠ ᠳ᠋ᠦᠩ ᠾᠧ ᠶᠢᠨ ᠶᠠᠷᠢᠶ᠎ᠠ︾ ᠶᠢᠨ ᠬᠤᠶᠠᠳᠤᠭᠠᠷ ᠬᠤᠭᠤᠴᠠᠭᠠᠨ ᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠡᠷᠭᠢᠯᠡᠪᠡ᠃ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠨ ᠯᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠶᠠᠮᠤᠨ ᠵᠥᠪᠯᠡᠯ ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠡᠯ᠎ᠡ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠠᠷᠠᠳ ᠤᠨ ᠪᠦᠯᠬᠦᠮ ᠤᠨ ᠭᠤᠣᠯ ᠬᠠᠷᠢᠭᠤᠴᠠᠯᠭᠠᠲᠠᠨ᠂ ᠡᠯ᠎ᠡ ᠪᠠᠯᠭᠠᠰᠤ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠱᠦᠵᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ ᠣᠷᠣᠯᠴᠠᠪᠠ᠃
     ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠯᠢᠦᠢ ᠰᠢᠨ ᠢ᠂ ᠼᠠᠢ ᠱᠥ᠋ᠨ ᠮᠢᠶᠣᠣ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠹᠦ᠋ ᠿᠢ ᠬᠧ ᠲᠣᠰᠪᠣᠷᠢ ︽ᠦᠨᠳᠦᠰᠦᠨ ᠱᠠᠲᠤᠨ ᠤ ᠤᠯᠠᠨ ᠲᠦᠮᠡᠨ ᠤ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠥᠪᠡᠷ ᠤᠨ ᠦᠵᠡᠯᠲᠡ︾᠂︽ᠦᠨᠳᠦᠰᠦᠨ ᠱᠠᠲᠤᠨ ᠤ ᠵᠠᠰᠠᠯᠲᠠ ᠶᠢ ᠨᠢᠭᠲᠠᠷᠠᠭᠤᠯᠬᠤ︾ᠰᠢᠨ᠎ᠡ ︽ᠬᠥᠳᠡᠯᠭᠡᠬᠦ ᠬᠦᠴᠦᠨ︾ᠭᠡᠬᠦ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠵᠡᠢ᠃ ᠲᠡᠳᠡ ᠲᠤᠰ ᠪᠡᠶ᠎ᠡ ᠶᠢᠨ ᠪᠣᠳᠠᠲᠠᠢ ᠠᠵᠢᠯ ᠠᠴᠠ ᠪᠠᠨ ᠡᠭᠦᠰᠴᠦ᠂ ᠦᠨᠳᠦᠰᠦᠨ ᠱᠠᠲᠤᠨ ᠤ ᠺᠠᠳ᠋ᠷᠴᠤᠳ ᠤᠨ ᠤᠯᠠᠨ ᠲᠦᠮᠡᠨ ᠤ ᠠᠵᠢᠯ ᠢ ᠰᠠᠶᠢᠲᠤᠷ ᠬᠢᠬᠦ᠂ ᠤᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠬᠦ᠂ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠵᠠᠰᠠᠯᠲᠠ ᠶᠢ ᠰᠠᠶᠢᠲᠤᠷ ᠬᠢᠬᠦ᠂ ᠦᠨᠳᠦᠰᠦᠨ ᠱᠠᠲᠤᠨ ᠤ ᠵᠠᠰᠠᠯᠲᠠ ᠶᠢᠨ︽ᠰᠢᠨ᠎ᠡ︾ᠬᠥᠳᠡᠯᠭᠡᠬᠦ ᠬᠦᠴᠦᠨ ᠢ ᠨᠢᠭᠲᠠᠷᠠᠭᠤᠯᠬᠤ ᠵᠡᠷᠭᠡ ᠲᠠᠯ᠎ᠠ ᠪᠠᠷ ᠤᠬᠠᠭᠤᠯᠤᠨ ᠲᠠᠶᠢᠯᠪᠤᠷᠢᠯᠠᠪᠠ᠃
     ᠬᠤᠷᠠᠯ ᠳᠤ ᠣᠷᠣᠯᠴᠠᠭᠰᠠᠳ᠄ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠬᠡᠷᠡᠭ ᠤᠨ ᠵᠢᠱᠢᠶ᠎ᠡ ᠡᠯᠪᠡᠭ ᠪᠠᠶᠠᠯᠢᠭ᠂ ᠪᠣᠷᠣᠭᠵᠢᠭᠤᠨ ᠪᠥᠭᠡᠳ ᠠᠮᠢᠳᠤᠯᠢᠭ ᠪᠠᠶᠢᠵᠤ᠂ ᠠᠵᠢᠯᠯᠠᠭ᠎ᠠ ᠶᠢᠨ ᠭᠤᠣᠯ ᠰᠡᠳᠦᠪ ᠲᠠᠢ ᠨᠢᠭᠲᠠ ᠤᠶᠠᠯᠳᠤᠭᠤᠯᠵᠤ᠂ ᠳ᠋ᠦᠩ ᠾᠧ ᠲᠣᠭᠤᠷᠢᠭ ᠤᠨ ᠣᠨᠴᠠᠯᠢᠭᠲᠤ ᠳᠠᠪᠠᠭᠤᠯᠢᠭ ᠢ ᠲᠤᠪᠤᠶᠢᠯᠭᠠᠵᠦ᠂ ᠥᠷᠭᠡᠨ ᠤᠯᠠᠨ ᠺᠠᠳ᠋ᠷ ᠤᠨ ᠰᠤᠷᠤᠯᠴᠠᠵᠤ ᠬᠡᠷᠡᠭᠯᠡᠬᠦ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠵᠤ᠂ ᠤᠯᠠᠨ ᠢᠶᠠᠷ ᠢᠶᠠᠨ ᠠᠵᠢᠯ ᠬᠢᠵᠦ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠴᠢᠨᠠᠭᠰᠢᠳᠠ ᠬᠥᠭᠵᠢᠭᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠢᠲᠡᠭᠡᠯ ᠢ ᠨᠡᠮᠡᠭᠳᠡᠭᠦᠯᠵᠦ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠦᠨᠡᠨᠬᠦ ᠰᠢᠨᠵᠢᠯᠡᠬᠦ ᠤᠬᠠᠭᠠᠨᠴᠢ ᠬᠥᠭᠵᠢᠯᠲᠡ ᠶᠢ ᠠᠬᠢᠭᠤᠯᠬᠤ ᠰᠢᠨ᠎ᠡ ᠠᠷᠭ᠎ᠠ ᠬᠡᠮᠵᠢᠶ᠎ᠡ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠰᠢᠨ᠎ᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠠᠢ᠃      ᠡᠨᠡ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ ᠦᠨᠳᠦᠰᠦᠨ ᠱᠠᠲᠤᠨ ᠤ ᠠᠵᠢᠯ ᠤᠨ ᠠᠷᠭ᠎ᠠ ᠶᠢ ᠬᠤᠪᠢᠶᠠᠯᠴᠠᠵᠤ᠂ ᠨᠠᠳᠠ ᠳᠤ ᠠᠪᠴᠤ ᠬᠡᠯᠡᠪᠡᠯ ᠮᠠᠰᠢ ᠶᠡᠭᠡ ᠲᠣᠯᠢᠯᠠᠬᠤ ᠠᠴᠢ ᠬᠤᠯᠪᠣᠭᠳᠠᠯ ᠲᠠᠢ ᠶᠤᠮ᠂ ᠣᠯᠠᠨ ᠲᠦᠮᠡᠨᠴᠢ ᠱᠤᠭᠤᠮ ᠪᠣᠯ ᠳᠠᠷᠤᠢ ᠦᠨᠳᠦᠰᠦᠨ ᠱᠠᠲᠤᠨ ᠤ ᠠᠵᠢᠯ ᠤᠨ ᠠᠮᠢᠨ ᠰᠤᠳᠠᠰᠤ ᠮᠥᠨ᠂ ᠦᠨᠳᠦᠰᠦᠨ ᠱᠠᠲᠤᠨ ᠤ ᠺᠠᠳ᠋ᠷᠴᠤᠳ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠢᠶᠠᠨ ᠲᠠᠰᠣᠷᠠᠯᠳᠠ ᠦᠭᠡᠢ ᠴᠢᠩᠭᠠᠳᠬᠠᠵᠤ᠂ ︿ᠣᠯᠠᠨ ᠲᠦᠮᠡᠨ ᠤ ᠦᠭᠡ ᠬᠡᠯᠡ﹀ ᠶᠢ ᠬᠡᠷᠡᠭᠯᠡᠬᠦ ᠶᠢ ᠰᠤᠷᠴᠤ᠂ ᠣᠯᠠᠨ ᠲᠦᠮᠡᠨ ᠤ ᠬᠦᠴᠢᠷ ᠠᠰᠠᠭᠤᠳᠠᠯ ᠢ ᠰᠡᠳᠬᠢᠯ ᠰᠡᠳᠬᠢᠯ ᠢᠶᠠᠨ ᠮᠡᠳᠡᠯᠴᠡᠨ᠂ ᠣᠯᠠᠨ ᠲᠦᠮᠡᠨ ᠤ ᠠᠵᠢᠯ ᠢ ᠰᠡᠳᠬᠢᠯ ᠬᠥᠳᠡᠯᠦᠨ ᠤᠶᠤᠨ ᠲᠠᠷᠢᠬᠢ ᠪᠠᠷ ᠢᠶᠠᠨ ᠰᠢᠢᠳᠪᠦᠷᠢᠯᠡᠵᠦ᠂ ᠢᠮᠠᠭᠲᠠ ᠣᠯᠠᠨ ᠲᠦᠮᠡᠨ ᠤ ᠵᠣᠭᠰᠣᠯᠲᠠ ᠳᠡᠭᠡᠷ᠎ᠡ ᠵᠣᠭᠰᠣᠵᠤ᠂ ᠠᠷᠠᠳ ᠤᠨ ᠰᠠᠨᠠᠭᠠᠨ ᠳᠤ ᠨᠡᠶᠢᠴᠡᠭᠦᠯᠦᠨ᠂ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠪᠡᠶᠡᠯᠡᠭᠦᠯᠬᠦ ᠬᠡᠷᠡᠭᠲᠡᠢ︾ ᠭᠡᠵᠦ ᠵᠢᠭᠠᠵᠤ ᠭᠠᠷᠭᠠᠪᠠ᠃ ᠭᠡᠵᠦ ᠨᠡᠶᠢᠭᠡᠮ ᠲᠣᠭᠤᠷᠢᠭ ᠤᠨ ᠺᠠᠳ᠋ᠷ ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠬᠡᠯᠡᠪᠡ᠃      ︽ᠳᠠᠷᠠᠭᠠᠴᠢ ᠶᠢᠨ ᠠᠯᠬᠤᠮ ᠳᠤ᠂ ᠳ᠋ᠦᠩ ᠡᡁᠸ ᠲᠣᠭᠤᠷᠢᠭ ᠤᠨ ᠬᠢᠨ ︿ᠳ᠋ᠦᠩ ᠡᡁᠸ ᠭᠤᠣᠯ ᠤᠨ ᠺᠠᠳ᠋ᠷ ᠳ᠋ᠦᠩ ᠡᡁᠸ ᠭᠤᠣᠯ ᠤᠨ ᠲᠤᠬᠠᠢ ᠶᠠᠷᠢᠯᠴᠠᠬᠤ﹀ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠺᠠᠳ᠋ᠷ ᠤᠨ ᠢᠲᠡᠭᠡᠯ ᠢ ᠳᠠᠰᠤᠷᠠᠯᠳᠠ ᠦᠭᠡᠢ ᠪᠤᠢ ᠪᠣᠯᠭᠠᠵᠤ᠂ ᠦᠨᠳᠦᠰᠦᠨ ᠱᠠᠲᠤᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂︿ᠳ᠋ᠦᠩ ᠡᡁᠸ ᠭᠤᠣᠯ ᠤᠨ ᠰᠦᠷ ᠵᠢᠪᠬᠤᠭ᠎ᠠ ᠶᠢ ᠳᠠᠬᠢᠨ ᠮᠠᠨᠳᠤᠭᠤᠯᠵᠤ᠂ ᠥᠩᠭᠡᠷᠡᠭᠰᠡᠨ ᠤ ᠬᠥᠭᠵᠢᠯ ᠪᠠᠳᠠᠷᠠᠯ ᠢ ᠳᠠᠬᠢᠨ ᠢᠯᠡᠷᠡᠭᠦᠯᠬᠦ﹀ ᠳᠤ ᠪᠠᠲᠤ ᠪᠠᠬᠢ ᠦᠵᠡᠯ ᠰᠠᠨᠠᠭ᠎ᠠ ᠤᠨᠤᠯ ᠤᠨ ᠰᠠᠭᠤᠷᠢ ᠶᠢ ᠲᠠᠯᠪᠢᠵᠤ ᠥᠭᠭᠦᠨ᠎ᠡ︾᠃ ᠭᠡᠵᠦ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠤᠨᠤᠯ ᠤᠨ ᠲᠠᠰᠤᠭ ᠤᠨ ᠬᠠᠷᠢᠭᠤᠴᠠᠯᠭᠠᠲᠠᠨ ᠬᠡᠯᠡᠪᠡ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1