ᠣᠶᠢᠷ᠎ᠠ ᠳᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ᠂ | ᠣᠷᠣᠰ ᠤᠨ ᠬᠤᠯᠪᠣᠭᠠᠨ ᠤ ᠠᠵᠤ ᠠᠬᠤᠢ ᠶᠢᠨ ᠬᠥᠭᠵᠢᠯᠲᠡ ᠶᠢᠨ ᠶᠠᠮᠤᠨ᠂ ᠮᠣᠩᠭᠤᠯ ᠤᠯᠤᠰ ᠤᠨ ᠪᠠᠶᠢᠭᠠᠯᠢ ᠶᠢᠨ ᠣᠷᠴᠢᠨ | ᠲᠣᠭᠤᠷᠢᠨ ᠬᠢᠭᠡᠳ ᠵᠢᠭᠤᠯᠴᠢᠯᠠᠯ ᠤᠨ ᠶᠠᠮᠤᠨ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠧᠢ | ᠮᠤᠵᠢ ᠶᠢᠨ ᠠᠷᠠᠳ ᠤᠨ ᠵᠠᠰᠠᠭ ᠤᠨ ᠣᠷᠳᠣᠨ ᠤ ᠬᠠᠮᠲᠤᠷᠠᠨ ᠡᠷᠭᠢᠯᠡᠭᠰᠡᠨ ︽ᠲᠦᠮᠡᠨ ᠭᠠᠵᠠᠷ ᠤᠨ ᠴᠠᠢ ᠶᠢᠨ ᠵᠠᠮ︾ ᠤᠨ | ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠪᠤᠭᠤᠲᠤ ᠶᠢᠨ ᠠᠯᠲᠠᠨ ᠵᠡᠭᠡᠯᠢ ᠨᠢ ︽ᠲᠦᠮᠡᠨ | ᠭᠠᠵᠠᠷ ᠤᠨ ᠴᠠᠢ ᠶᠢᠨ ᠵᠠᠮ︾ ︵ᠳᠤᠮᠳᠠᠳᠤ ᠤᠯᠤᠰ ᠤᠨ ᠬᠡᠰᠡᠭ︶ ᠤᠨ ᠰᠣᠶᠣᠯ ᠤᠨ ᠵᠡᠭᠡᠯᠢ ᠲᠣᠭᠤᠷᠢᠭ ᠤᠨ ᠨᠠᠷᠠᠲᠤ | ᠲᠡᠮᠳᠡᠭ ᠢᠶᠠᠷ ᠰᠣᠩᠭᠤᠭᠳᠠᠵᠤ᠂ ᠳ᠋ᠦᠩ ᠾᠧ ᠶᠢᠨ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠪᠠ | ᠵᠢᠭᠤᠯᠴᠢᠯᠠᠯ ᠤᠨ ᠠᠭᠤᠰᠤᠯᠴᠠᠯ ᠤᠨ ᠰᠢᠨ᠎ᠡ ᠳᠦᠷᠢ ᠲᠥᠷᠬᠦ ᠶᠢ ᠳᠡᠯᠭᠡᠨ ᠦᠵᠡᠭᠦᠯᠵᠡᠢ᠃ | | | | | 1. ᠬᠤᠪᠧᠢ ᠮᠤᠵᠢ ᠶᠢᠨ ᡂᠢ ᠪᠢ ᠶᠢᠨ ᠶᠠᠩ ᠯᠧᠦ ᠳ᠋ᠦᠩ ᠤᠨ ᠲᠡᠦᠬᠡ ᠰᠣᠶᠣᠯ ᠤᠨ ᠥᠩᠭᠡ ᠦᠵᠡᠮᠵᠢ ᠶᠢᠨ ᠵᠡᠭᠡᠯᠢ | ᠲᠣᠭᠤᠷᠢᠭ | 2. ᠥᠪᠥᠷ ᠮᠣᠩᠭᠤᠯ ᠤᠨ ᠪᠤᠭᠤᠲᠤ ᠶᠢᠨ ᠠᠯᠲᠠᠨ ᠵᠡᠭᠡᠯᠢ ᠶᠢᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ | 3. ᠾᠧᠪᠧᠢ ᠮᠤᠵᠢ ᠶᠢᠨ ᠲᠠᠩᠱᠠᠨ ᠬᠤᠲᠠ ᠶᠢᠨ ᠯᠦ ᠪᠧᠢ ᠲᠣᠭᠤᠷᠢᠭ ᠤᠨ ᠫᠧᠢ ᠷᠧᠨ ᠲᠡᠦᠬᠡ ᠰᠣᠶᠣᠯ ᠤᠨ ᠵᠡᠭᠡᠯᠢ | 4. ᠱᠠᠨ ᠰᠢ ᠶᠢᠨ ᠰᠢᠨ ᠵᠧᠦ ᠶᠢᠨ ᠡᠷᠲᠡᠨ ᠤ ᠬᠤᠲᠠ ᠶᠢᠨ ᠪᠢᠴᠢᠭ ᠤᠨ ᠵᠢᠭᠤᠯᠴᠢᠯᠠᠯ ᠰᠡᠯᠡᠭᠦᠴᠡᠯ ᠤᠨ ᠠᠮᠢᠳᠤᠷᠠᠯ ᠤᠨ | ᠵᠡᠭᠡᠯᠢ ᠲᠣᠭᠤᠷᠢᠭ | 5. ᠠᠨᠾᠦ᠋ᠢ ᠮᠤᠵᠢ ᠶᠢᠨ ᠯᠢᠶᠠᠩ ᠤᠨ in ᠭᠤᠳᠤᠮᠵᠢ | 6. ᠹᠦᠵᠢᠶᠠᠨ ᠤ ᠦ᠋ ᠢ ᠱᠠᠨ ᠬᠤᠲᠠ ᠶᠢᠨ ᠰᠢᠶᠠ ᠮᠧᠶ ᠼᠦᠨ ᠤ ᠬᠥ᠋ ᠵᠢᠶᠧ ᠵᠡᠭᠡᠯᠢ | 7. ᠵᠢᠶᠠᠩᠰᠢ ᠶᠢᠨ ᠱᠠᠩ ᠷᠣᠣ ᠶᠢᠨ ᠸᠧᠢ ᠱᠠᠨ ᠰᠢᠶᠠᠨ ᠤ ᠾᠧ ᠺᠧᠦ ᠪᠠᠯᠭᠠᠰᠤᠨ ᠤ ᠮᠢᠩ ᠴᠢᠩ ᠬᠥ᠋ ᠵᠡᠭᠡᠯᠢ | 8. ᠾᠧᠨᠠᠨ ᠮᠤᠵᠢ ᠶᠢᠨ ᠨᠠᠨᠶᠠᠩ ᠬᠤᠲᠠ ᠶᠢᠨ ᠰᠢ ᠰᠢᠶᠠ ᠰᠢᠶᠠᠨ ᠤ ᠵᠥᠩ ᠵᠢᠩ ᠤᠨ ᠪᠡᠶ᠎ᠡ ᠰᠤᠪᠢᠯᠠᠯᠲᠠ ᠶᠢᠨ ᠵᠢᠵᠢᠭ | ᠪᠠᠯᠭᠠᠰᠤ | 9. ᠬᠤᠨᠠᠨ ᠮᠤᠵᠢ ᠶᠢᠨ ᠶᠢ ᠶᠠᠩ ᠬᠤᠲᠠ ᠶᠢᠨ ᠠᠨ ᠬᠤᠸᠠ ᠶᠢᠨ ᠬᠤᠸᠠᠩ ᠱᠠ ᠫᠢᠩ ᠤᠨ ᠾᠧᠢ ᠴᠠᠢ ᠶᠢᠨ ᠵᠢᠵᠢᠭ | ᠪᠠᠯᠭᠠᠰᠤ | | | | | | ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ᠂︽ᠲᠦᠮᠡᠨ ᠭᠠᠵᠠᠷ ᠤᠨ ᠴᠠᠢ ᠶᠢᠨ ᠵᠠᠮ︾ ᠨᠢ ᠳᠤᠮᠳᠠᠳᠤ ᠤᠷᠤᠰ | ᠮᠣᠩᠭᠤᠯ ᠭᠤᠷᠪᠠᠨ ᠤᠯᠤᠰ ᠢᠶᠠᠷ ᠥᠩᠭᠡᠷᠡᠵᠦ᠂ ᠳᠤᠮᠳᠠᠳᠤ ᠪᠠᠷᠠᠭᠤᠨ ᠣᠷᠣᠨ ᠢᠶᠠᠷ ᠥᠩᠭᠡᠷᠡᠵᠦ᠂ ᠲᠦᠮᠡᠨ ᠭᠠᠵᠠᠷ | ᠦᠷᠭᠦᠯᠵᠢᠯᠡᠵᠦ᠂ ᠠᠽᠢᠶ᠎ᠠ ᠲᠢᠪ ᠤᠨ ᠡᠬᠡ ᠬᠠᠭᠤᠷᠠᠢ ᠶᠢᠨ ᠡᠮᠦᠨ᠎ᠡ ᠤᠮᠠᠷ᠎ᠠ ᠴᠢᠭᠯᠡᠯ ᠤᠨ ᠲᠠᠷᠢᠶᠠᠯᠠᠬᠤ ᠪᠣᠯᠪᠠᠰᠤᠨ ᠪᠠ ᠲᠠᠯ᠎ᠠ | ᠨᠤᠲᠤᠭ ᠤᠨ ᠨᠡᠭᠦᠳᠡᠯ ᠮᠠᠯᠵᠢᠯ ᠤᠨ ᠪᠣᠯᠪᠠᠰᠤᠨ ᠤ ᠭᠤᠣᠯᠯᠠᠭᠴᠢ ᠣᠷᠣᠨ ᠪᠦᠰᠡ ᠶᠢ ᠬᠤᠯᠪᠣᠵᠤ᠂ ᠳᠤᠮᠳᠠᠳᠤ ᠤᠷᠤᠰ | ᠮᠣᠩᠭᠤᠯ ᠵᠢᠴᠢ ︽ᠨᠢᠭᠡ ᠪᠦᠰᠡ ᠨᠢᠭᠡ ᠵᠠᠮ︾ ᠤᠨ ᠠᠯᠢ ᠤᠯᠠᠨ ᠬᠠᠮᠲᠤᠷᠠᠯᠴᠠᠭᠠᠨ ᠤ ᠬᠠᠨᠢᠲᠠᠨ ᠤ ᠰᠣᠯᠢᠯᠴᠠᠭ᠎ᠠ | ᠶᠠᠪᠤᠯᠴᠠᠭ᠎ᠠ ᠶᠢᠨ ᠲᠡᠦᠬᠡ ᠶᠢ ᠭᠡᠷᠡᠴᠢᠯᠡᠵᠡᠢ ᠭᠡᠵᠦ ᠢᠯᠡᠳᠬᠡᠵᠡᠭᠡᠪᠡ᠃ ︽ᠲᠦᠮᠡᠨ ᠭᠠᠵᠠᠷ ᠤᠨ ᠴᠠᠢ ᠶᠢᠨ ᠵᠠᠮ︾ ᠪᠣᠯ | ᠰᠣᠶᠣᠯ ᠤᠨ ᠰᠣᠯᠢᠯᠴᠠᠭᠠᠨ ᠤ ᠵᠠᠮ᠂ ᠪᠣᠯᠪᠠᠰᠤᠨ ᠢ ᠬᠠᠷᠢᠯᠴᠠᠨ ᠲᠣᠯᠢᠯᠠᠬᠤ ᠵᠠᠮ ᠮᠥᠨ᠃ | ᠬᠤᠷᠠᠯ ᠳᠡᠭᠡᠷ᠎ᠡ ︽ᠲᠦᠮᠡᠨ ᠭᠠᠵᠠᠷ ᠤᠨ ᠴᠠᠢ ᠶᠢᠨ ᠵᠠᠮ︾ ︵ᠳᠤᠮᠳᠠᠳᠤ ᠤᠯᠤᠰ ᠤᠨ ᠬᠡᠰᠡᠭ︶ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠠᠷᠠᠲᠤ ᠲᠡᠮᠳᠡᠭ᠂ ︽ᠲᠦᠮᠡᠨ ᠭᠠᠵᠠᠷ ᠤᠨ ᠴᠠᠢ ᠶᠢᠨ ᠵᠠᠮ︾ ︵ᠳᠤᠮᠳᠠᠳᠤ | ᠤᠯᠤᠰ ᠤᠨ ᠬᠡᠰᠡᠭ︶ ᠤᠨ ᠰᠣᠶᠣᠯ ᠤᠨ ᠵᠡᠭᠡᠯᠢ ᠲᠣᠭᠤᠷᠢᠭ ᠤᠨ ᠨᠠᠷᠠᠲᠤ ᠲᠡᠮᠳᠡᠭ᠂ ︽ᠲᠦᠮᠡᠨ ᠭᠠᠵᠠᠷ ᠤᠨ ᠴᠠᠢ ᠶᠢᠨ ᠵᠠᠮ | ︾ ︵ᠳᠤᠮᠳᠠᠳᠤ ᠤᠯᠤᠰ ᠤᠨ ᠬᠡᠰᠡᠭ︶ ᠤᠨ ᠪᠣᠳᠠᠰ ᠤᠨ ᠪᠤᠰᠤ ᠰᠣᠶᠣᠯ ᠤᠨ ᠥᠪ ᠤᠨ ᠨᠠᠷᠠᠲᠤ ᠲᠡᠮᠳᠡᠭ ᠢ ᠨᠡᠶᠢᠲᠡᠯᠡᠭᠰᠡᠨ ᠤ | ᠬᠠᠮᠲᠤ ᠪᠠᠰᠠ ︽ᠰᠥᠩ ᠤᠯᠤᠰ ᠤᠨ ᠦᠶ᠎ᠡ ᠶᠢᠨ ᠴᠠᠢ ᠶᠢᠨ ᠴᠠᠢ ᠶᠢᠨ ᠲᠡᠮᠡᠴᠡᠭᠡᠨ ᠤ ᠮᠡᠷᠭᠡᠵᠢᠯ ᠤᠨ ᠵᠢᠷᠤᠮᠵᠢᠯ︾ ᠢ | ᠨᠡᠶᠢᠲᠡᠯᠡᠵᠡᠢ᠃ | ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ ᠪᠠᠰᠠ ᠵᠤᠭᠠᠴᠠᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ | ᠦᠰᠦᠭ ᠵᠢᠷᠤᠬᠤ ᠶᠣᠰᠣᠯᠠᠯ ᠶᠠᠪᠤᠭᠤᠯᠵᠠᠢ᠃ ᠬᠤᠪᠧᠢ ᠶᠢᠨ ᠤᠯᠠᠨ ᠵᠤᠭᠠᠴᠠᠯ ᠤᠨ ᠭᠠᠵᠠᠷ ᠨᠢ ᠣᠣᠮᠧᠨ ᠤ ᠳᠤᠮᠳᠠᠳᠤ | ᠤᠯᠤᠰ ᠤᠨ ᠤᠯᠠᠨ ᠤᠯᠤᠰ ᠤᠨ ᠵᠤᠭᠠᠴᠠᠯ ᠤᠨ ᠬᠢᠵᠠᠭᠠᠷᠲᠤ ᠺᠣᠮᠫᠠᠨᠢ᠂ ᠮᠠᠯᠠᠶᠢᠰᠢᠶ᠎ᠠ ᠶᠢᠨ ᠵᠢᠦᠢ ᠶᠢᠨ ᠵᠤᠭᠠᠴᠠᠯ ᠤᠨ ᠺᠣᠮᠫᠠᠨᠢ᠂ | ᠰᠥ᠋ᠷᠪᠢᠶᠠ ᠶᠢᠨ ᠹᠠᠨ ᠪᠠᠯᠺᠠᠨ ᠤ ᠵᠤᠭᠠᠴᠠᠯ ᠤᠨ ᠪᠦᠯᠦᠭᠯᠡᠯ᠂ ᠰᠢᠩᠭᠠᠫᠤᠷ ᠤᠨ ᠳᠤᠮᠳᠠᠳᠤ ᠶᠢᠨ ᠵᠥᠭᠡᠭᠡᠪᠦᠷᠢ ᠶᠢᠨ ᠵᠤᠭᠠᠴᠠᠯ ᠤᠨ | ᠬᠢᠵᠠᠭᠠᠷᠲᠤ ᠺᠣᠮᠫᠠᠨᠢ᠂ ᠸᠢᠶ᠋ᠥᠲᠨᠠᠮ ᠤᠨ ᠯᠢ ᠶᠤᠸᠠᠨ ᠳ᠋ᠠ ᠤᠯᠠᠨ ᠤᠯᠤᠰ ᠤᠨ ᠵᠤᠭᠠᠴᠠᠯ ᠤᠨ ᠺᠣᠮᠫᠠᠨᠢ᠂ ᠺᠣᠷᠢᠶᠠ ᠶᠢᠨ ᠪᠦᠦ | ᠪᠧᠢ ᠵᠤᠭᠠᠴᠠᠯ ᠤᠨ ᠺᠣᠮᠫᠠᠨᠢ᠂ ᠰᠢᠶᠠᠩᠭᠠᠩ ᠤᠨ ᠳᠤᠮᠳᠠᠳᠤ ᠤᠯᠤᠰ ᠤᠨ ᠵᠤᠭᠠᠴᠠᠯ ᠤᠨ ᠨᠡᠶᠢᠭᠡᠮᠯᠢᠭ᠂ ᠠᠷᠠᠪ ᠤᠨ ᠬᠤᠯᠪᠣᠭᠠᠲᠤ | ᠠᠬᠠᠮᠠᠳᠲᠤ ᠤᠯᠤᠰ ᠤᠨ ᠮᠠᠶᠢᠰᠪᠥᠲ ᠤᠯᠠᠨ ᠤᠯᠤᠰ ᠤᠨ ᠵᠤᠭᠠᠴᠠᠯ ᠤᠨ ᠺᠣᠮᠫᠠᠨᠢ ᠲᠠᠢ ᠬᠠᠮᠲᠤᠷᠠᠯᠴᠠᠭᠠᠨ ᠤ ᠵᠥᠪᠯᠡᠯᠴᠡᠭᠡᠷ | ᠲᠣᠬᠢᠷᠠᠯᠴᠠᠵᠠᠢ᠃ | ︽ᠲᠦᠮᠡᠨ ᠭᠠᠵᠠᠷ ᠤᠨ ᠴᠠᠢ ᠶᠢᠨ ᠵᠠᠮ︾ ᠨᠢ ᠳᠤᠮᠳᠠᠳᠤ ᠣᠷᠣᠰ ᠮᠣᠩᠭᠤᠯ ᠭᠤᠷᠪᠠᠨ ᠤᠯᠤᠰ ᠢ ᠰᠤᠨᠳᠠᠯᠠᠵᠤ᠂ | ᠡᠷᠲᠡᠨ ᠤ ᠲᠣᠷᠭᠠᠨ ᠵᠠᠮ ᠤᠨ ᠳᠠᠷᠠᠭᠠᠬᠢ ᠡᠸᠦ᠋ᠷᠦᠫᠡ ᠠᠽᠢᠶ᠎ᠠ ᠶᠢᠨ ᠡᠬᠡ ᠬᠠᠭᠤᠷᠠᠢ ᠳᠡᠭᠡᠷᠡᠬᠢ ᠴᠢᠬᠤᠯᠠ ᠨᠢᠭᠡᠨ ᠣᠯᠠᠨ | ᠤᠯᠤᠰ ᠤᠨ ᠬᠤᠳᠠᠯᠳᠤᠭᠠᠨ ᠤ ᠵᠠᠮ ᠪᠣᠯᠬᠤ ᠪᠥᠭᠡᠳ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠠᠷᠠᠳ | ᠲᠦᠮᠡᠨ ᠤ ᠬᠠᠮᠲᠤ ᠪᠠᠷ ᠡᠳ᠋ᠯᠡᠬᠦ ᠡᠷᠬᠢᠮ ᠨᠠᠨᠳᠢᠨ ᠲᠡᠦᠬᠡ ᠶᠢᠨ ᠥᠪ ᠬᠥᠷᠥᠩᠭᠡ ᠪᠠ ᠰᠣᠶᠣᠯ ᠤᠨ ᠥᠪ ᠬᠥᠷᠥᠩᠭᠡ ᠪᠣᠯᠣᠨ᠎ᠠ | ᠃ ᠳᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠵᠤᠭᠠᠴᠠᠯ ᠤᠨ | ᠰᠢᠷᠢᠰ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠦᠷᠭᠦᠯᠵᠢᠯᠡᠨ ᠬᠦᠴᠦᠯᠡᠨ ᠠᠬᠢᠭᠤᠯᠵᠤ᠂ ᠠᠵᠤ ᠠᠬᠤᠢ ᠶᠢᠨ | ᠵᠣᠬᠢᠴᠠᠩᠭᠤᠢ ᠬᠥᠭᠵᠢᠯᠲᠡ ᠪᠣᠯᠣᠨ ᠰᠣᠶᠣᠯ ᠤᠨ ᠬᠠᠮᠲᠤ ᠶᠢᠨ ᠴᠡᠴᠡᠭᠯᠡᠯᠲᠡ ᠶᠢᠨ ᠰᠢᠨ᠎ᠡ ᠪᠠᠶᠢᠳᠠᠯ ᠢ ᠡᠭᠦᠳᠴᠦ᠂ ᠳ᠋ᠦᠩ | ᠾᠧ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | |