︽ᠪᠤᠭᠤᠲᠤ ᠶᠢᠨ ᠡᠳᠦᠷ ᠤᠨ ᠰᠣᠨᠢᠨ︾ ᠳᠤ ᠵᠠᠩ ᠯᠢ ᠵᠢᠶᠦᠨ ᠤ ᠄ ︽ᠠᠮᠤᠷ ᠲᠦᠪᠰᠢᠨ ᠢ ᠪᠠᠲᠤᠯᠠᠵᠤ ᠬᠥᠭᠵᠢᠯᠲᠡ ᠶᠢ ᠠᠬᠢᠭᠤᠯᠬᠤ ᠲᠡᠮᠦᠷ ᠮᠡᠲᠦ ᠰᠠᠬᠢᠯᠭ᠎ᠠ ᠪᠠᠲᠤ ᠶᠢᠨ ᠡᠭᠦᠷᠭᠡᠯᠡᠯ ᠢᠶᠠᠷ ᠠᠶᠤᠯᠭᠦᠢ ᠦᠢᠯᠡᠳᠪᠦᠷᠢᠯᠡᠯ ᠢ ᠴᠢᠩᠭ᠎ᠠ ᠠᠳᠬᠤᠨ᠎ᠠ︾ ᠭᠡᠲᠡᠭ  ᠵᠣᠬᠢᠶᠠᠯ ᠪᠦᠲᠦᠭᠡᠯ ᠨᠡᠶᠢᠲᠡᠯᠡᠵᠡᠢ 
ᠨᠡᠶᠢᠲᠡᠯᠡᠭᠰᠡᠨ ᠴᠠᠭ᠄
2023/11/20
     ᠠᠮᠤᠷ ᠲᠦᠪᠰᠢᠨ ᠢ ᠬᠠᠮᠠᠭᠠᠯᠠᠨ ᠬᠥᠭᠵᠢᠯᠲᠡ ᠶᠢ ᠠᠬᠢᠭᠤᠯᠬᠤ      ᠡᠷᠡᠰ ᠬᠠᠲᠠᠭᠤ ᠰᠠᠬᠢᠯᠭ᠎ᠠ ᠪᠠᠲᠤ ᠪᠠᠷ ᠠᠶᠤᠯ ᠦᠭᠡᠢ ᠦᠢᠯᠡᠳᠪᠦᠷᠢᠯᠡᠯ ᠢ ᠴᠢᠩᠭ᠎ᠠ ᠠᠳᠬᠤᠬᠤ      ᠳ᠋ᠦᠩ ᠾᠧ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠠᠩ ᠯᠢ ᠵᠢᠶᠦ᠋ᠨ      ᠣᠶᠢᠷ᠎ᠠ ᠶᠢᠨ ᠵᠢᠯ ᠳᠤ᠂ ᠳ᠋ᠦᠩ ᠾᠧ ᠲᠣᠭᠤᠷᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢ ᠪᠠᠷᠢᠮᠲᠠᠯᠠᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠣᠶᠢᠯᠠᠭᠠᠵᠤ᠂ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠢᠮᠠᠭᠲᠠ ᠦᠢᠯᠡᠳᠦᠯᠭᠡᠵᠢᠭᠦᠯᠵᠦ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠨᠢᠭᠡ ᠪᠦᠯᠦᠭ ᠬᠦᠨᠳᠦ ᠶᠡᠭᠡ ᠠᠳᠡᠯ ᠤᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠵᠦ᠂ ᠨᠢᠭᠡ ᠪᠦᠯᠦᠭ ᠤᠷᠳᠤ ᠬᠤᠭᠤᠴᠠᠭ᠎ᠠ ᠪᠠᠷ ᠰᠢᠪᠲᠤᠯᠬᠤ ᠳᠤ ᠬᠦᠴᠢᠷᠲᠡᠢ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠨᠢᠭᠡ ᠪᠦᠯᠦᠭ ᠳᠦᠷᠢᠮ ᠤᠨ ᠴᠢᠨᠠᠷᠲᠠᠢ ᠦᠷ᠎ᠡ ᠪᠦᠲᠦᠭᠡᠯ ᠢ ᠰᠦᠪᠡᠭᠴᠢᠯᠡᠨ ᠪᠦᠷᠢᠯᠳᠦᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠵᠢᠯ ᠳᠠᠷᠠᠭᠠᠯᠠᠨ ᠲᠣᠭᠲᠠᠭᠤᠨ ᠢᠶᠠᠷ ᠰᠠᠶᠢᠵᠢᠷᠠᠵᠤ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠲᠣᠭᠲᠠᠭᠤᠨ ᠠᠵᠢᠯᠯᠠᠭ᠎ᠠ᠂ ᠥᠨᠳᠥᠷ ᠪᠦᠲᠦᠮᠵᠢᠲᠡᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠪᠡ᠃      ᠨᠢᠭᠡ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ︽ᠦᠵᠡᠯ ᠰᠠᠨᠠᠭᠠᠨ ᠤ ᠴᠢᠪᠬᠠᠳᠠᠰᠤ︾ ᠶᠢ ᠪᠦᠬᠦ ᠲᠠᠯ᠎ᠠ ᠪᠠᠷ ᠴᠢᠩᠭᠠᠷᠠᠭᠤᠯᠬᠤ ᠬᠡᠷᠡᠭᠲᠡᠢ      ᠶᠡᠷᠦᠩᠬᠡᠢ ᠱᠦᠵᠢ ᠰᠢ ᠶᠢᠨ ᠫᠢᠩ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠲᠦᠷᠢᠮ ᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠡᠯ᠎ᠡ ᠲᠦᠷᠦᠯ ᠤᠨ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠣᠶᠢᠷ᠎ᠠ ᠶᠢᠨ ᠭᠤᠷᠪᠠᠨ ᠵᠢᠯ ᠤᠨ ᠲᠤᠷᠰᠢ᠂ ᠮᠠᠨ ᠤ ᠣᠷᠣᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠠᠯ ᠥᠩᠭᠡᠷᠡᠭᠰᠡᠨ ᠤ ᠬᠢ ᠠᠴᠠ ᠶᠡᠭᠡ ᠬᠡᠮᠵᠢᠶ᠎ᠡ ᠪᠠᠷ ᠪᠠᠭᠤᠷᠠᠭᠰᠠᠨ ᠪᠣᠯᠪᠠᠴᠤ᠂ ᠪᠦᠬᠦ ᠣᠷᠣᠨ ᠤ ᠠᠶᠤᠯ ᠦᠭᠡᠶ ᠦᠢᠯᠡᠳᠪᠦᠷᠢᠯᠡᠯ ᠤᠨ ᠪᠠᠶᠢᠳᠠᠯ ᠮᠥᠨᠬᠦ ᠬᠦᠨᠳᠦ ᠬᠡᠴᠡᠭᠦᠦ ᠪᠥᠭᠡᠳ ᠪᠤᠳᠤᠯᠢᠶᠠᠨᠲᠠᠶ᠂ ᠳᠠᠯᠳᠠ ᠠᠶᠤᠯ ᠲᠦᠭᠰᠢᠭᠦᠷᠢ ᠶᠢ ᠮᠥᠨ ᠬᠦ ᠣᠮᠲᠣᠭᠠᠶᠢᠯᠠᠵᠤ ᠪᠣᠯᠤᠰᠢ ᠦᠭᠡᠶ ᠭᠡᠳᠡᠭ ᠢ ᠪᠢᠳᠡ ᠪᠠᠰᠠ ᠰᠡᠷᠭᠡᠭ ᠢᠶᠠᠷ ᠲᠠᠨᠢᠵᠤ ᠣᠯᠬᠤ ᠬᠡᠷᠡᠭᠲᠡᠶ᠃ ᠪᠢᠳᠡ ᠶᠠᠭᠠᠬᠢᠭᠰᠠᠨ ᠴᠤ ᠰᠣᠬᠤᠷ ᠪᠠᠯᠠᠢ ᠪᠠᠷ ᠪᠠᠶᠠᠰᠴᠤ ᠪᠣᠯᠬᠤ ᠦᠭᠡᠢ᠂ ᠬᠥᠩᠭᠡᠨ ᠬᠠᠭᠤᠳᠠᠮ ᠢᠶᠠᠷ ᠬᠠᠨᠳᠤᠵᠤ ᠪᠣᠯᠬᠤ ᠦᠭᠡᠢ᠂ ᠠᠮᠤᠷ ᠲᠦᠪᠰᠢᠨ ᠭᠡᠵᠦ ᠪᠠᠶᠢᠬᠤ ᠦᠭᠡᠢ᠂ ᠬᠡᠳᠦᠢ ᠰᠠᠶᠢᠨ ᠬᠥᠭᠵᠢᠯᠲᠡ ᠴᠦ ᠭᠡᠰᠡᠨ ᠦᠭᠡᠢ ᠶᠤᠮ᠃ ᠠᠮᠤᠷ ᠲᠦᠪᠰᠢᠨ ᠢ ᠪᠠᠲᠤᠯᠠᠬᠤ ᠪᠣᠯ ᠬᠤᠷᠢᠭ᠎ᠠ ᠱᠤᠭᠤᠮ ᠤᠨ ᠱᠠᠭᠠᠷᠳᠠᠯᠭ᠎ᠠ ᠮᠥᠨ᠂ ᠠᠶᠤᠯ ᠦᠭᠡᠢ ᠦᠢᠯᠡᠳᠪᠦᠷᠢᠯᠡᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠲᠦᠢᠯ ᠤᠨ ᠴᠢᠬᠤᠯᠠ ᠶᠤᠮ᠂ ᠥᠴᠦᠬᠡᠨ ᠴᠦ ᠠᠯᠳᠠᠰᠢ ᠭᠠᠷᠭᠠᠵᠤ ᠪᠣᠯᠬᠤ ᠦᠭᠡᠢ᠃ ᠪᠢᠳᠡ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠬᠤᠷᠢᠭ᠎ᠠ ᠱᠤᠭᠤᠮ ᠤᠨ ᠰᠡᠳᠬᠢᠬᠦᠢ᠂ ᠲᠦᠢᠯ ᠤᠨ ᠶᠡᠭᠡ ᠰᠡᠳᠬᠢᠬᠦᠢ ᠶᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠳᠤ ︽ᠥᠴᠦᠬᠡᠨ ᠴᠦ ᠠᠯᠳᠠᠰᠢ ᠭᠠᠷᠭᠠᠬᠤ ᠦᠭᠡᠢ︾ ᠪᠠᠶᠢᠬᠤ ᠶᠢ ᠪᠠᠲᠤ ᠴᠡᠭᠡᠵᠢᠯᠡᠵᠦ᠂ ︽ᠨᠢᠭᠡ ᠶᠢ ᠠᠯᠳᠠᠪᠠᠯ ᠲᠦᠮᠡ ᠶᠢ ᠠᠯᠳᠠᠬᠤ︾ ᠶᠢ ᠪᠠᠲᠤ ᠴᠡᠭᠡᠵᠢᠯᠡᠵᠦ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠪᠤᠳᠤᠯ ᠢ ᠲᠡᠪᠴᠢᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠨᠢᠭᠡ ᠲᠠᠯ᠎ᠠ ᠶᠢᠨ ᠬᠥᠭᠵᠢᠯᠲᠡ ᠶᠢ ᠠᠬᠢᠭᠤᠯᠬᠤ᠂ ᠨᠢᠭᠡ ᠲᠠᠯ᠎ᠠ ᠶᠢᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠨᠢᠭᠡ ᠲᠠᠯ᠎ᠠ ᠶᠢᠨ ᠠᠮᠤᠷ ᠲᠦᠪᠰᠢᠨ ᠢ ᠪᠠᠲᠤᠯᠠᠬᠤ ᠶᠢ ᠡᠷᠡᠰ ᠪᠡᠶᠡᠯᠡᠭᠦᠯᠬᠦ ᠬᠡᠷᠡᠭᠲᠡᠢ᠃      ᠳ᠋ᠦᠩ ᠾᠧ ᠲᠣᠭᠤᠷᠢᠭ ᠨᠢ ᠪᠤᠭᠤᠲᠤ ᠬᠤᠲᠠ ᠶᠢᠨ ᠬᠠᠭᠤᠴᠢᠨ ᠬᠤᠲᠠ ᠲᠣᠭᠤᠷᠢᠭ ᠪᠣᠯᠤᠭᠰᠠᠨ ᠤ ᠬᠤᠪᠢ ᠳᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯ ᠥᠬᠡᠶ ᠦᠢᠯᠡᠳᠪᠦᠷᠢᠯᠡᠯ ᠤᠨ ᠠᠵᠢᠯ ᠤᠨ ᠪᠠᠭᠲᠠᠭᠠᠮᠵᠢ ᠨᠡᠯᠢᠶᠡᠳ ᠶᠡᠭᠡ᠂ ᠳᠠᠯᠳᠠ ᠬᠡᠮ ᠨᠡᠯᠢᠶᠡᠳ ᠠᠷᠪᠢᠨ᠂ ᠲᠥᠷᠥᠯ ᠵᠦᠢᠯ ᠨᠡᠯᠢᠶᠡᠳ ᠪᠦᠷᠢᠨ ᠲᠡᠭᠦᠯᠳᠡᠷ ᠪᠠᠶᠢᠵᠤ᠂ ᠪᠠᠰᠠ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯ ᠥᠬᠡᠶ ᠦᠢᠯᠡᠳᠪᠦᠷᠢᠯᠡᠯ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠬᠠᠷᠢᠴᠠᠭᠤᠯᠤᠨ ᠬᠠᠷᠭᠤᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠵᠢᠵᠢᠭ ᠰᠠᠵᠢᠭ ᠵᠦᠢᠯ ᠳᠤ ︽ᠰᠢᠭᠰᠢᠬᠦ︾ ᠂ ᠳᠠᠯᠳᠠ ᠬᠡᠮ ᠲᠠᠢ ᠭᠠᠵᠠᠷ ᠲᠤ ︽ᠠᠯᠳᠠᠰᠢ ᠭᠠᠷᠬᠤ ᠶᠢ ᠬᠤᠷᠢᠭᠯᠠᠬᠤ︾ ᠶᠢ ᠪᠠᠷᠢᠮᠲᠠᠯᠠᠵᠤ᠂ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃      ᠬᠤᠶᠠᠷ᠂ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠠᠶᠤᠯᠭᠦᠢ ᠦᠢᠯᠡᠳᠪᠦᠷᠢᠯᠡᠯ ᠤᠨ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠢᠯᠠᠯᠲᠠ ᠶᠢ ᠪᠦᠬᠦ ᠬᠦᠴᠦᠨ ᠢᠶᠠᠷ ᠢᠶᠠᠨ ᠲᠡᠮᠡᠴᠡᠨ ᠣᠯᠤᠨ᠎ᠠ      ᠬᠤᠲᠠ ᠶᠢᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠨᠢᠭᠡᠳᠦᠯᠲᠡᠢ ᠪᠠᠶᠢᠷᠢᠯᠠᠭᠤᠯᠤᠯᠲᠠ ᠳᠣᠣᠷ᠎ᠠ᠂ ᠮᠠᠨ ᠤ ᠣᠷᠣᠨ ᠠᠶᠤᠯ ᠦᠭᠡᠢ ᠦᠢᠯᠡᠳᠪᠦᠷᠢᠯᠡᠯ ᠤᠨ ᠠᠷᠪᠠᠨ ᠲᠠᠪᠤᠨ ᠵᠦᠢᠯ ᠤᠨ ᠬᠠᠲᠠᠭᠤ ᠠᠷᠭ᠎ᠠ ᠬᠡᠮᠵᠢᠶ᠎ᠡ ᠵᠢᠴᠢ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠢᠵᠢ ᠪᠦᠷᠢᠳᠦᠭᠰᠡᠨ ᠨᠠᠷᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠳ᠋ᠦᠩ ᠾᠧ ᠲᠣᠭᠤᠷᠢᠭ ᠤᠨ ᠠᠮᠤᠷ ᠲᠦᠪᠰᠢᠨ ᠤ ᠳᠠᠯᠳᠠ ᠭᠡᠮ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠤᠨ ᠲᠥᠰᠥᠯ︾ ᠢ ᠲᠣᠭᠲᠠᠭᠠᠵᠤ᠂ ᠠᠶᠤᠯᠲᠠᠢ ᠬᠢᠮᠢ ᠶᠢᠨ ᠪᠣᠳᠠᠰ᠂ ᠵᠠᠮ ᠲᠡᠭᠡᠭᠡᠪᠦᠷᠢ᠂ ᠪᠠᠷᠢᠯᠭ᠎ᠠ ᠶᠢᠨ ᠠᠵᠢᠯ᠂ ᠬᠤᠲᠠ ᠪᠠᠯᠭᠠᠰᠤ ᠶᠢᠨ ᠰᠢᠲᠠᠮᠠᠬᠠᠢ ᠬᠡᠢ᠂ ᠭᠠᠯ ᠤᠨᠲᠠᠷᠠᠭᠠᠬᠤ᠂ ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ ᠠᠷᠠᠯᠵᠢᠶ᠎ᠠ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠬᠡᠪᠴᠢᠶ᠎ᠡ ᠵᠢᠴᠢ ᠡᠯ᠎ᠡ ᠲᠤᠰᠬᠠᠢ ᠵᠦᠢᠯ ᠤᠨ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ ᠠᠵᠢᠯ ᠢ ᠭᠤᠣᠯᠳᠠᠯᠭ᠎ᠠ ᠲᠠᠢ ᠠᠬᠢᠭᠤᠯᠪᠠ᠃ ᠠᠶᠤᠯᠲᠠᠶ ᠬᠢᠮᠢ ᠶᠢᠨ ᠪᠣᠳᠠᠰ ᠤᠨ ᠬᠦᠷᠢᠶᠡᠨ ᠳᠤ᠂ ᠠᠵᠤ ᠠᠬᠤᠶᠢᠯᠠᠯ ᠤᠨ ᠪᠠᠶᠢᠴᠠᠭᠠᠵᠤ ᠰᠡᠯᠪᠢᠨ ᠵᠠᠰᠠᠬᠤ ᠪᠠ ᠣᠨᠴᠠᠭᠠᠶ ᠠᠵᠢᠯ ᠤᠨ ᠠᠮᠤᠷ ᠲᠦᠪᠰᠢᠨ ᠤ ᠬᠠᠮᠢᠶᠠᠷᠤᠯᠲᠠ᠂ ᠠᠵᠢᠯᠲᠠᠨ ᠠᠵᠢᠯ ᠤᠨ ᠪᠠᠶᠢᠷᠢ ᠳᠤ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠬᠢᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠦᠶ᠋ᠯᠡᠳᠪᠦᠷᠢᠯᠡᠯ ᠢᠶᠠᠨ ᠵᠣᠭᠰᠣᠭᠠᠭᠰᠠᠨ ᠠᠵᠤ ᠠᠬᠤᠶᠢᠯᠠᠯ ᠢ ︽ᠵᠢᠷᠭᠤᠭ᠎ᠠ ᠶᠢ ᠠᠵᠢᠯ ᠡᠬᠢᠯᠡᠭᠦᠯᠬᠦ ᠥᠬᠡᠶ︾ ᠱᠠᠭᠠᠷᠳᠠᠯᠭ᠎ᠠ ᠶᠣᠰᠣᠭᠠᠷ ᠥᠪᠡᠰᠦᠪᠡᠨ ᠪᠠᠶᠢᠴᠠᠭᠠᠭᠰᠠᠨ ᠤ ᠳᠠᠷᠠᠭ᠎ᠠ ᠳᠠᠬᠢᠨ ᠠᠵᠢᠯ ᠢᠶᠠᠨ ᠰᠡᠷᠭᠦᠭᠡᠵᠦ ᠦᠶ᠋ᠯᠡᠳᠪᠦᠷᠢᠯᠡᠯ ᠢᠶᠠᠨ ᠰᠡᠷᠭᠦᠭᠡᠬᠦ ᠶᠢ ᠴᠢᠩᠭ᠎ᠠ ᠱᠠᠭᠠᠷᠳᠠᠪᠠ︔ ᠪᠠᠷᠢᠯᠭ᠎ᠠ ᠶᠢᠨ ᠠᠵᠢᠯ ᠤᠨ ᠭᠠᠵᠠᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠂ ᠠᠵᠢᠯᠲᠠᠨ ᠵᠢᠵᠢᠭᠦᠷᠯᠡᠨ ᠰᠠᠬᠢᠬᠤ᠂ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠵᠡᠷᠭᠡ ᠪᠠᠶᠢᠳᠠᠯ ᠢ ᠨᠠᠷᠢᠨ ᠣᠶᠢᠯᠠᠭᠠᠨ᠂ ᠥᠨᠳᠥᠷ ᠭᠠᠵᠠᠷ ᠠᠴᠠ ᠤᠨᠠᠬᠤ᠂ ᠡᠳ᠋ ᠪᠣᠳᠠᠰ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠵᠡᠷᠭᠡ 14 ᠠᠵᠤ ᠠᠬᠤᠶᠢᠯᠠᠯ᠂ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠢᠳᠡᠭᠡᠨ ᠤᠮᠳᠠᠭᠠᠨ ᠤ ᠠᠵᠤ ᠠᠬᠤᠶᠢᠯᠠᠯ ᠵᠡᠷᠭᠡ ᠰᠢᠲᠠᠮᠠᠬᠠᠶ ᠬᠡᠶ ᠬᠡᠷᠡᠭᠯᠡᠬᠦ ᠨᠢᠭᠡᠴᠡ ᠳᠤ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠪᠠᠶᠢᠴᠠᠭᠠᠯᠲᠠ ᠬᠢᠵᠦ᠂ ᠰᠢᠲᠠᠮᠠᠬᠠᠶ ᠬᠡᠶ ᠬᠠᠳᠠᠭᠠᠯᠠᠬᠤ᠂ ᠪᠣᠷᠣᠯᠠᠭᠤᠯᠬᠤ ᠵᠡᠷᠭᠡ ᠡᠯ᠎ᠡ ᠵᠠᠩᠭᠢᠯᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ︔ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ ᠴᠠᠷᠠᠭ᠎ᠠ ᠳᠤ᠂ ︽ᠭᠤᠷᠪᠠ ᠶᠢ ᠠᠶᠠᠨᠴᠢᠳ ᠲᠤ ᠨᠢᠭᠡ ᠠᠶᠤᠯ ᠲᠦᠭᠰᠢᠭᠦᠷᠢ ᠨᠢᠭᠡ ᠪᠠᠷᠠᠭ᠎ᠠ︾ ᠵᠡᠷᠭᠡ ᠡᠯ᠎ᠡ ᠲᠥᠷᠥᠯ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶ᠋ᠳᠪᠦᠷᠢᠯᠡᠨ᠎ᠡ︔ ᠭᠠᠯ ᠤᠨᠲᠠᠷᠠᠭᠠᠬᠤ ᠠᠮᠤᠷ ᠲᠦᠪᠰᠢᠨ ᠤ ᠬᠦᠷᠢᠶ᠎ᠡ ᠴᠠᠷᠠᠭ᠎ᠠ ᠳᠤ᠂ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠵᠡᠷᠭᠡ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠲᠤ ᠪᠦᠬᠦᠨ ᠢ ᠬᠠᠮᠤᠷᠬᠤ ᠪᠠᠶᠢᠴᠠᠭᠠᠯᠲᠠ ᠶᠢ ᠭᠤᠤᠯᠳᠠᠯᠭ᠎ᠠ ᠲᠠᠢ ᠥᠷᠨᠢᠭᠦᠯᠵᠦ᠂ ᠨᠠᠰᠤᠲᠠᠨ ᠢ ᠠᠰᠠᠷᠠᠬᠤ ᠬᠦᠷᠢᠶᠡᠯᠡᠩ᠂ ᠥᠨᠳᠥᠷ ᠪᠠᠷᠢᠯᠭ᠎ᠠ ᠵᠡᠷᠭᠡ ᠳᠠᠯᠳᠠ ᠬᠡᠮ ᠢ ᠵᠠᠰᠠᠬᠤ ᠶᠢ ᠭᠤᠤᠯᠳᠠᠯᠭ᠎ᠠ ᠲᠠᠢ ᠠᠬᠢᠭᠤᠯᠵᠤ᠂ ︽ᠪᠠᠴᠢᠮ ᠪᠠᠶᠢᠳᠠᠯ ᠢ ᠠᠷᠭᠠᠴᠠᠵᠤ ᠥᠭᠦᠭᠰᠡᠨ ᠬᠥᠮᠦᠨ ᠠᠮᠠ︾ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠠᠶᠤᠯ ᠦᠭᠡᠶ ᠦᠢᠯᠡᠳᠪᠦᠷᠢᠯᠡᠯ ᠢ ᠬᠠᠪᠰᠤᠷᠤᠨ ᠲᠡᠳᠬᠦᠬᠦ᠂ ᠵᠢᠯᠣᠭᠤᠳᠬᠤ᠂ ᠬᠥᠮᠦᠵᠢᠭᠦᠯᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠲᠡᠮᠦᠷᠯᠢᠭ ᠬᠠᠶᠢᠯᠤᠭᠤᠯᠬᠤ ᠬᠦᠷᠢᠶ᠎ᠡ ᠴᠠᠷᠠᠭ᠎ᠠ ᠳᠤ᠂ ︽3 · 3︾ ᠤ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠲᠤᠷᠰᠢᠨ ᠬᠡᠷᠡᠭᠵᠢᠭᠦᠯᠵᠦ᠂ ︽ᠪᠣᠯᠪᠠᠰᠤᠷᠠᠭᠤᠯᠵᠤ ᠬᠢᠨᠠᠨ ᠰᠢᠯᠭᠠᠬᠤ︾᠂ ︽ᠲᠣᠭᠤᠷᠢᠨ ᠦᠵᠡᠵᠦ ᠬᠠᠷᠢᠯᠴᠠᠨ ᠪᠠᠶᠢᠴᠠᠭᠠᠬᠤ︾ ᠵᠠᠭᠪᠤᠷ ᠢ ᠬᠡᠷᠡᠭᠯᠡᠵᠦ᠂ ᠲᠥᠪᠯᠡᠷᠡᠭᠦᠯᠦᠨ ᠪᠣᠯᠪᠠᠰᠤᠷᠠᠭᠤᠯᠬᠤ᠂ ᠲᠥᠪᠯᠡᠷᠡᠭᠦᠯᠦᠨ ᠬᠢᠨᠠᠨ ᠰᠢᠯᠭᠠᠬᠤ᠂ ᠲᠥᠪᠯᠡᠷᠡᠭᠦᠯᠦᠨ ᠲᠣᠭᠤᠷᠢᠨ ᠦᠵᠡᠬᠦ᠂ ᠠᠵᠤ ᠠᠬᠤᠶᠢᠯᠠᠯ ᠬᠠᠷᠢᠯᠴᠠᠨ ᠪᠠᠶᠢᠴᠠᠭᠠᠬᠤ᠂ ᠲᠤᠬᠠᠶ ᠶᠢᠨ ᠲᠠᠯᠠᠪᠠᠶ ᠳᠤ ᠬᠠᠤᠯᠢ ᠬᠡᠷᠡᠭᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︔ ᠲᠡᠮᠦᠷᠯᠢᠭ ᠬᠠᠶᠢᠯᠤᠭᠤᠯᠬᠤ᠂ ᠠᠶᠤᠯ ᠲᠠᠢ ᠬᠢᠮᠢ ᠶᠢᠨ ᠠᠵᠤ ᠦᠢᠯᠡᠳᠪᠦᠷᠢ ᠶᠢᠨ ᠬᠦᠷᠢᠶ᠎ᠡ ᠴᠠᠷᠠᠭ᠎ᠠ ᠳᠤ᠂ ︽ᠪᠠ ᠬᠠᠷᠠᠭᠠᠨ ᠮᠡᠳᠡᠭᠡᠯᠡᠯ︾ ᠢ ᠬᠡᠷᠡᠭᠯᠡᠨ ᠬᠢᠨᠠᠨ ᠡᠵᠡᠮᠳᠡᠬᠦ ᠰᠢᠰᠲ᠋ᠧᠮ ᠢ ᠳᠡᠯᠭᠡᠷᠡᠭᠦᠯᠦᠨ ᠬᠡᠷᠡᠭᠯᠡᠵᠦ᠂ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠠᠮᠤᠷ ᠲᠦᠪᠰᠢᠨ ᠤ ᠬᠠᠷᠢᠭᠤᠴᠠᠯᠭᠠᠲᠠᠨ ᠤ ᠠᠵᠢᠯ ᠤᠨ ᠪᠠᠶᠢᠷᠢ ᠳᠤ ᠪᠠᠶᠢᠭ᠎ᠠ ᠪᠠᠶᠢᠳᠠᠯ ᠪᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠢᠯᠡᠳᠪᠦᠷᠢᠯᠡᠯ ᠤᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠲᠣᠰ ᠵᠦᠢᠯ ᠤᠨ ᠠᠷᠭ᠎ᠠ ᠬᠡᠮᠵᠢᠶ᠎ᠡ ᠨᠢ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠳᠡᠭᠡᠳᠦ ᠬᠡᠮᠵᠢᠶᠡᠨ ᠤ ᠵᠥᠪᠰᠢᠶᠡᠷᠡᠯ ᠢ ᠣᠯᠵᠤ᠂ ᠪᠥᠬᠦ ᠬᠤᠲᠠ ᠶᠢᠨ ᠬᠡᠪᠴᠢᠶᠡᠨ ᠳᠤ ᠤᠯᠠᠷᠢᠯ ᠤᠨ ᠣᠨᠴᠠᠯᠢᠭ ᠲᠠᠢ ᠤᠶᠠᠯᠳᠤᠭᠤᠯᠤᠨ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠲᠠᠯ᠎ᠠ ᠪᠠᠷ᠂ ᠵᠠᠩᠭᠢᠯᠠᠭ᠎ᠠ ᠶᠢᠨ ᠬᠤᠭᠤᠴᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠲᠣᠪᠤᠶᠢᠮ᠎ᠠ ᠰᠠᠶᠢᠲᠤᠷ ᠠᠳᠬᠤᠨ᠎ᠠ᠃ ᠮᠠᠨ ᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠴᠢ ᠦᠶᠡᠷ ᠢ ᠰᠡᠷᠭᠡᠶᠢᠯᠡᠬᠦ ᠠᠵᠢᠯ ᠤᠨ ᠲᠤᠷᠰᠢᠯᠭ᠎ᠠ ᠰᠤᠷᠭᠠᠮᠵᠢ ᠶᠢ ᠭᠦᠨᠵᠡᠭᠡᠶ ᠳ᠋ᠦᠩᠨᠡᠵᠦ᠂ ᠣᠳᠣᠬᠠᠨ ᠤ ︽ᠡᠸ᠋ᠯᠨᠢᠨᠣ᠋︾ ᠶᠢᠨ ᠦᠵᠡᠭᠳᠡᠯ ᠳᠤ ᠴᠢᠭᠯᠡᠭᠦᠯᠦᠨ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠪᠣᠶ ᠪᠣᠯᠭᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠠᠭᠤᠯᠠᠨ ᠭᠤᠤ ᠳᠤ ᠣᠷᠣᠭᠤᠯᠬᠤ ᠠᠮᠠᠰᠠᠷ ᠢ ᠴᠢᠩᠭ᠎ᠠ ᠠᠳᠬᠤᠵᠤ᠂ ᠭᠠᠯ ᠤᠨ ᠢᠷᠡᠯᠲᠡ ᠶᠢᠨ ᠭᠠᠯ ᠤᠨ ᠲᠥᠷᠥᠯ ᠤᠨ ᠠᠭᠤᠯᠠᠨ ᠳᠤ ᠣᠷᠣᠵᠤ ᠭᠤᠤ ᠰᠤᠪᠠᠭ ᠲᠤ ᠣᠷᠣᠬᠤ ᠶᠢ ᠴᠢᠩᠭ᠎ᠠ ᠰᠡᠷᠭᠡᠶᠢᠯᠡᠪᠡ︔ ᠦᠶᠡᠷ ᠢ ᠰᠡᠷᠭᠡᠶᠢᠯᠡᠬᠦ ᠭᠤᠤᠯᠳᠠᠯᠭ᠎ᠠ ᠲᠠᠢ ᠬᠡᠰᠡᠭ ᠢ ᠴᠢᠩᠭ᠎ᠠ ᠠᠩᠬᠠᠷᠴᠤ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠠᠭᠤᠯᠠᠨ ᠦᠶᠡᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ᠂ ᠰᠢᠯᠵᠢᠭᠦᠯᠦᠨ ᠰᠣᠷᠢᠯᠲᠠ ᠬᠢᠬᠦ ᠪᠠ ᠤᠰᠤᠨ ᠳᠡᠭᠡᠷᠡᠬᠢ ᠠᠪᠤᠷᠠᠨ ᠲᠤᠰᠠᠯᠠᠬᠤ ᠰᠣᠷᠢᠯᠲᠠ ᠶᠢ ᠢᠳᠡᠪᠬᠢᠲᠡᠶ ᠥᠷᠨᠢᠭᠦᠯᠵᠦ᠂ ᠡᠯ᠎ᠡ ᠭᠤᠤᠯᠳᠠᠯᠭ᠎ᠠ ᠲᠠᠢ ᠭᠤᠤᠯ ᠤᠨ ᠵᠠᠮ᠂ ᠭᠤᠤ ᠰᠤᠪᠠᠭ ᠢ ᠴᠡᠭᠴᠡᠯᠡᠨ ᠵᠠᠰᠠᠬᠤ᠂ ᠵᠠᠰᠠᠨ ᠰᠡᠷᠭᠦᠭᠡᠬᠦ ᠡᠷᠴᠢᠮ ᠢᠶᠠᠨ ᠴᠢᠩᠭᠠᠷᠠᠭᠤᠯᠵᠤ᠂ ᠲᠣᠭᠤᠷᠢᠨ ᠬᠠᠮᠠᠭᠠᠯᠠᠵᠤ ᠲᠣᠭᠤᠷᠢᠨ ᠪᠠᠶᠢᠴᠠᠭᠠᠬᠤ ᠤᠳᠠᠭ᠎ᠠ ᠶᠢ ᠨᠢᠭᠤᠴᠠᠯᠠᠵᠤ᠂ ᠡᠨᠡ ᠵᠢᠯ ᠤᠨ ᠦᠶᠡᠷ ᠢ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠪᠠ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠰᠠᠭᠤᠷᠢ ᠶᠢ ᠪᠠᠬᠢᠵᠢᠭᠦᠯᠦᠨ᠎ᠡ᠃      ᠭᠤᠷᠪᠠ᠂ ᠡᠯ᠎ᠡ ᠱᠠᠲᠤᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ︽ᠬᠠᠮᠠᠭᠠᠯᠠᠯᠲᠠ ᠶᠢᠨ ᠬᠡᠷᠡᠮ︾ ᠢ ᠪᠦᠬᠦ ᠲᠠᠯ᠎ᠠ ᠪᠠᠷ ᠪᠠᠬᠢᠵᠢᠭᠦᠯᠬᠦ ᠬᠡᠷᠡᠭᠲᠡᠢ      ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠵᠠᠷᠴᠢᠮ ᠢ ᠪᠠᠷᠢᠮᠲᠠᠯᠠᠵᠤ᠂ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠦᠨᠡᠨᠬᠦ ᠪᠠᠲᠤ ᠡᠭᠦᠷᠭᠡᠯᠡᠬᠦ ᠬᠡᠷᠡᠭᠲᠡᠢ᠃ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠢ ᠠᠳᠬᠤᠵᠤ᠃ ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠤᠯᠠᠷᠢᠯ ᠪᠦᠷᠢ ᠳᠤ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠰᠤᠳᠤᠯᠬᠤ ᠶᠢ ᠪᠠᠷᠢᠮᠲᠠᠯᠠᠵᠤ᠂ ᠲᠤᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠨᠢ ᠰᠠᠷ᠎ᠠ ᠪᠦᠷᠢ ᠪᠥᠬᠦ ᠲᠤᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠲᠣᠭᠲᠠᠮᠠᠯ ᠬᠤᠷᠠᠯ ᠢ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠬᠤᠷᠠᠯᠳᠤᠭᠤᠯᠵᠤ᠂ ᠠᠶᠤᠯᠭᠦᠶ ᠦᠢᠯᠡᠳᠪᠦᠷᠢᠯᠡᠯ ᠤᠨ ᠭᠤᠤᠯᠳᠠᠯᠭ᠎ᠠ ᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ ᠃ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶ ᠠᠳᠬᠤᠨ᠎ᠠ᠃ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 9 ᠠᠶᠤᠯᠭᠦᠢ ᠦᠢᠯᠡᠳᠪᠦᠷᠢᠯᠡᠯ ᠤᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠪᠣᠯᠤᠨ ᠡᠯ᠎ᠡ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠠᠮᠲᠤᠷᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠲᠣᠭᠲᠠᠴᠠ ᠶᠢ ᠭᠦᠨᠵᠡᠭᠡᠢ ᠬᠡᠷᠡᠭᠵᠢᠭᠦᠯᠵᠦ᠂ ︽ᠳ᠋ᠦᠩ ᠾᠧ ᠲᠣᠭᠤᠷᠢᠭ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠡᠷᠡᠭᠵᠢᠭᠦᠯᠬᠦ ᠠᠷᠭ᠎ᠠ︾ ᠶᠢ ᠲᠣᠭᠲᠠᠭᠠᠵᠤ᠂ 2022 ᠣᠨ ᠤ ᠡᠯ᠎ᠡ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ︽ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠭᠦᠷᠭᠡ ᠴᠢᠳᠠᠪᠬᠢ︾ ᠳᠤ ᠴᠢᠭᠯᠡᠭᠦᠯᠦᠨ ᠨᠢᠭᠡᠨᠲᠡ ᠳᠠᠷᠤᠮᠠᠯᠯᠠᠨ ᠲᠠᠷᠬᠠᠭᠠᠭᠰᠠᠨ ᠰᠢᠨ᠎ᠡ ᠠᠵᠢᠯ ᠲᠦᠷᠦᠯ᠂ ᠰᠢᠨ᠎ᠡ ᠡᠵᠡᠩᠨᠡᠯᠲᠡ ᠶᠢᠨ ᠪᠠᠶᠢᠳᠠᠯ ᠳᠤ ᠴᠢᠭᠯᠡᠭᠦᠯᠦᠨ ᠲᠠᠬᠢᠨ ᠡᠮᠬᠢᠯᠡᠵᠦ᠂ ᠵᠠᠰᠠᠪᠤᠷᠢ ᠣᠷᠣᠭᠤᠯᠵᠤ᠂ ᠡᠯ᠎ᠡ ᠵᠡᠭᠡᠯᠢ ᠪᠠᠯᠭᠠᠰᠤ ᠶᠢᠨ ᠦᠨᠳᠦᠰᠦᠨ ᠱᠠᠲᠤᠨ ᠤ ᠠᠶᠤᠯᠭᠦᠢ ᠦᠢᠯᠡᠳᠪᠦᠷᠢᠯᠡᠯ ᠤᠨ ᠬᠢᠨᠠᠭᠴᠢ ᠶᠢᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠵᠢᠯ ᠲᠦᠷᠦᠯ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠡᠳᠦᠷ ᠲᠤᠳᠤᠮ ᠤᠨ ᠬᠢᠨᠠᠯᠲᠠ ᠪᠠᠶᠢᠴᠠᠭᠠᠯᠲᠠ ᠪᠣᠯᠤᠨ ᠵᠢᠭᠠᠨ ᠵᠢᠯᠣᠭᠤᠳᠴᠤ ᠱᠠᠯᠠᠪᠳᠠᠭᠤᠯᠬᠤ ᠶᠢ ᠨᠠᠶᠢᠳᠠᠪᠤᠷᠢᠵᠢᠭᠤᠯᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶ ᠠᠳᠬᠤᠨ᠎ᠠ᠃ ᠡᠯ᠎ᠡ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠪᠦᠬᠦ ᠲᠠᠯ᠎ᠠ ᠪᠠᠷ ᠵᠣᠬᠢᠶᠠᠨ ᠪᠠᠶᠢᠭᠤᠯᠤᠨ ᠠᠶᠤᠯᠭᠦᠢ ᠦᠢᠯᠡᠳᠪᠦᠷᠢᠯᠡᠯ ᠤᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠥᠷᠨᠢᠭᠦᠯᠵᠦ᠂ ᠮᠡᠳᠡᠪᠡᠰᠦ ᠵᠣᠬᠢᠬᠤ ᠬᠤᠷᠠᠯ᠂ ᠠᠶᠤᠯᠭᠦᠢ ᠦᠢᠯᠡᠳᠪᠦᠷᠢᠯᠡᠯ ᠤᠨ ᠤᠷ᠎ᠠ ᠴᠢᠳᠠᠪᠤᠷᠢ ᠵᠡᠷᠭᠡ ᠲᠤᠰᠬᠠᠢ ᠰᠡᠳᠦᠪᠲᠦ ᠪᠣᠯᠪᠠᠰᠤᠷᠠᠯ ᠢ ᠴᠢᠩᠭᠠᠳᠬᠠᠵᠤ᠂ ︽ᠠᠶᠤᠯᠭᠦᠢ ᠦᠢᠯᠡᠳᠪᠦᠷᠢᠯᠡᠯ ᠤᠨ ᠠᠮᠠᠯᠠᠯᠲᠠ ᠶᠢᠨ ᠪᠢᠴᠢᠭ︾ ᠲᠤ ᠭᠠᠷ ᠤᠨ ᠦᠰᠦᠭ ᠵᠢᠷᠤᠬᠤ ᠶᠢ ᠰᠢᠮᠳᠠᠭᠤᠯᠬᠤ ᠶᠢᠨ ᠬᠠᠮᠲᠤ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠡᠬᠡ ᠲᠠᠩᠰᠠ ᠶᠢ ᠲᠣᠭᠲᠠᠭᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃      ᠳᠥᠷᠪᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠤᠷ ᠲᠦᠪᠰᠢᠨ ᠬᠥᠭᠵᠢᠯᠲᠡ ᠶᠢᠨ ︽ᠬᠠᠲᠠᠭᠤ ᠰᠠᠭᠤᠷᠢ︾ ᠶᠢ ᠪᠠᠲᠤ ᠴᠣᠭᠴᠠᠯᠠᠨ᠎ᠠ      ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠤᠷᠰᠢᠯᠭ᠎ᠠ ᠰᠤᠷᠭᠠᠮᠵᠢ ᠪᠠᠨ ᠳ᠋ᠦᠩᠨᠡᠵᠦ᠂ ︽ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠰᠡᠷᠡᠮᠵᠢᠯᠡᠭᠦᠯᠬᠦ᠂ ᠪᠡᠯᠡᠳᠬᠡᠯ ᠲᠥᠰᠦᠯ︾ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠠᠨᠳᠤᠯᠭᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠨᠢᠭᠡ ᠳᠤ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠰᠢᠰᠲ᠋ᠧᠮ ᠢ ᠪᠦᠷᠢᠨᠰᠢᠬᠦᠯᠵᠦ᠂ ᠰᠠᠯᠠᠭ᠎ᠠ ᠮᠥᠴᠢᠷ᠂ ᠨᠢᠭᠡᠴᠡ ᠶᠢᠨ ᠨᠢᠭᠡᠳᠦᠭᠡᠷ ᠬᠠᠷᠢᠭᠤᠴᠠᠯᠭᠠᠲᠠᠨ ᠪᠣᠯ ᠠᠶᠤᠯᠭᠦᠶ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠶᠢ ᠲᠣᠳᠣᠷᠬᠠᠶᠢᠯᠠᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠭᠤᠤᠯ ᠴᠣᠭᠴᠠ ᠶᠢᠨ ᠬᠠᠷᠢᠭᠤᠴᠠᠯᠭ᠎ᠠ᠂ ᠭᠤᠤᠯᠴᠢᠯᠠᠨ ᠬᠠᠮᠢᠶᠠᠷᠬᠤ ᠬᠠᠷᠢᠭᠤᠴᠠᠯᠭ᠎ᠠ ᠶᠢ ᠦᠷᠭᠦᠯᠵᠢᠯᠡᠨ ᠴᠢᠩᠭ᠎ᠠ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠡᠶ᠃ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠲᠦᠷᠦᠭᠦᠯᠡᠨ ᠶᠡᠷᠦᠩᠬᠡᠶᠢᠯᠡᠨ ᠠᠳᠬᠤᠬᠤ᠂ ᠨᠢᠭᠡᠳᠦᠯᠲᠡᠢ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠶᠢᠨ ᠬᠤᠯᠪᠣᠭᠠᠯᠠᠨ ᠬᠥᠳᠡᠯᠦᠯᠴᠡᠬᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠵᠣᠬᠢᠶᠠᠨ ᠪᠠᠶᠢᠭᠤᠯᠵᠤ ᠵᠣᠬᠢᠴᠠᠭᠤᠯᠬᠤ ᠵᠡᠷᠭᠡ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠳᠡᠭᠡᠳᠦ ᠲᠤᠤᠷᠠᠳᠤ ᠱᠠᠳᠤ ᠪᠠᠷ ᠢᠶᠠᠨ ᠨᠡᠪᠲᠡᠷᠡᠯᠴᠡᠭᠰᠡᠨ᠂ ᠵᠠᠰᠠᠭ ᠤᠨ ᠵᠠᠷᠯᠢᠭ ᠢ ᠰᠠᠭᠠᠳ ᠦᠭᠡᠢ ᠨᠡᠪᠲᠡᠷᠡᠭᠦᠯᠦᠭᠰᠡᠨ᠂ ᠥᠨᠳᠥᠷ ᠪᠦᠲᠦᠮᠵᠢᠲᠡᠢ ᠬᠠᠮᠵᠢᠯᠴᠠᠭᠰᠠᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ᠃ ᠬᠤᠶᠠᠷ ᠲᠤ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠵᠢᠴᠢ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠬᠠᠮᠲᠤᠷᠠᠨ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠠᠵᠢᠯ ᠤᠨ ᠵᠠᠭᠪᠤᠷ ᠢ ᠢᠳᠡᠪᠬᠢᠲᠡᠶ ᠰᠦᠪᠡᠭᠴᠢᠯᠡᠨ ᠪᠦᠷᠢᠯᠳᠦᠭᠦᠯᠵᠦ᠂ ᠭᠠᠷᠠᠭ ᠲᠤ ᠮᠡᠳᠡᠭᠡᠯᠡᠬᠦ ᠲᠦᠷᠢᠮ ᠢ ᠠᠰᠢᠭᠯᠠᠨ᠂ ︽ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠴᠦ ᠬᠠᠤᠯᠢ ᠠᠴᠠ ᠵᠥᠷᠢᠴᠡᠭᠰᠡᠨ ᠢ ᠵᠠᠰᠠᠬᠤ︾ ᠡᠨᠡ ᠬᠦ ᠵᠠᠩᠭᠢᠯᠠᠭ᠎ᠠ ᠶᠢ ᠪᠠᠲᠤ ᠠᠳᠬᠤᠵᠤ᠂ ᠴᠢᠩᠭ᠎ᠠ ᠴᠣᠬᠢᠯᠲᠠ ᠥᠭᠴᠦ ᠴᠢᠩᠭ᠎ᠠ ᠵᠠᠰᠠᠬᠤ ᠥᠨᠳᠥᠷ ᠳᠠᠷᠤᠯᠲᠠᠲᠤ ᠪᠠᠶᠢᠳᠠᠯ ᠢ ᠢᠮᠠᠭᠲᠠ ᠪᠠᠲᠤᠯᠠᠵᠤ᠂ ᠬᠠᠤᠯᠢ ᠬᠡᠷᠡᠭᠵᠢᠭᠦᠯᠦᠯᠲᠡ ᠶᠢᠨ ︽ᠠᠭᠤᠵᠢᠭᠤ ᠵᠥᠭᠡᠯᠡᠨ︾ ᠦᠵᠡᠭᠳᠡᠯ ᠢ ᠪᠦᠲᠦᠮᠵᠢᠲᠡᠶ ᠬᠤᠷᠢᠭᠯᠠᠨ ᠵᠣᠭᠰᠣᠭᠠᠵᠤ᠂ ᠡᠯ᠎ᠡ ᠰᠠᠯᠠᠭ᠎ᠠ ᠮᠥᠴᠢᠷ ᠤᠨ ᠠᠶᠤᠯᠭᠦᠶ ᠦᠢᠯᠡᠳᠪᠦᠷᠢᠯᠡᠯ ᠤᠨ ᠲᠤᠰᠢᠶᠠᠯ ᠬᠠᠷᠢᠭᠤᠴᠠᠯᠭ᠎ᠠ ᠪᠠᠨ ᠭᠦᠶ᠋ᠴᠡᠳᠬᠡᠭᠰᠡᠨ ᠪᠠᠶᠢᠳᠠᠯ ᠢ ᠴᠠᠭ ᠲᠤᠬᠠᠶ ᠳᠤ ᠨᠢ ᠣᠶᠢᠯᠠᠭᠠᠵᠤ᠂ ᠠᠮᠤᠷ ᠲᠦᠪᠰᠢᠨ ᠤ ᠬᠡᠮ ᠰᠣᠭᠤᠭ ᠢ ᠦᠨᠡᠨ ᠬᠦ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠡᠵᠡᠮᠳᠡᠬᠦ ᠪᠣᠯᠭᠠᠨ ᠬᠤᠪᠢᠷᠠᠭᠤᠯᠵᠤ᠂ ᠪᠥᠬᠦ ᠣᠷᠣᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠨᠣᠷᠮ᠎ᠠ ᠶᠢ ᠪᠠᠭᠤᠷᠠᠭᠤᠯᠬᠤ ᠪᠦᠬᠦᠯᠢ ᠴᠣᠭᠴᠠ ᠶᠢᠨ ᠬᠠᠨᠳᠤᠰᠢ ᠲᠠᠢ ᠪᠣᠯᠭᠠᠬᠤ ᠪᠠᠷ ᠴᠢᠷᠮᠠᠶᠢᠨ᠎ᠠ᠃ ᠭᠤᠷᠪᠠ ᠳᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠠᠶᠤᠯᠭᠦᠢ ᠦᠢᠯᠡᠳᠪᠦᠷᠢᠯᠡᠯ ᠤᠨ 24 ᠴᠠᠭ ᠤᠨ ᠵᠢᠵᠢᠭᠦᠷᠯᠡᠵᠦ ᠡᠭᠡᠯᠵᠢ ᠳᠠᠭᠠᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠭᠠᠷᠭᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠦᠭᠡᠢ᠂ ᠳᠤᠷ᠎ᠠ ᠪᠠᠷ ᠢᠶᠠᠨ ᠠᠵᠢᠯ ᠤᠨ ᠪᠠᠶᠢᠷᠢ ᠠᠴᠠ ᠪᠠᠨ ᠰᠠᠯᠵᠤ᠂ ᠠᠵᠢᠯ ᠢ ᠰᠠᠭᠠᠲᠠᠭᠠᠭᠰᠠᠨ ᠪᠠᠶᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠲᠡᠮᠦᠷ ᠮᠡᠲᠦ ᠰᠠᠬᠢᠯᠭ᠎ᠠ ᠪᠠᠲᠤ ᠶᠢ ᠬᠡᠷᠡᠭᠯᠡᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1