【 ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠦᠮᠦᠵᠢᠯ 】 ᠲᠢᠶᠠᠨ ᠵᠢᠶᠤᠤ ᠵᠡᠭᠡᠯᠢ ᠭᠤᠳᠤᠮᠵᠢ᠄ ᠭᠤᠤᠯ ᠰᠡᠳᠦᠪᠲᠦ ᠬᠥᠮᠦᠵᠢᠯ ᠤᠨ ᠶᠡᠷᠦᠩᠬᠡᠶ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ ᠠᠷᠠᠳ ᠲᠦᠮᠡᠨ ᠳᠤ ᠦᠶ᠋ᠯᠡᠴᠢᠯᠡᠬᠦ ︽ᠥᠨᠳᠥᠷ ᠬᠤᠪᠢᠶᠠᠭᠰᠠᠨ ᠬᠠᠭᠤᠳᠠᠰᠤ︾ ᠶᠢ ᠬᠦᠴᠦᠯᠡᠨ ᠪᠢᠴᠢᠭᠯᠡᠶ᠎ᠡ
ᠨᠡᠶᠢᠲᠡᠯᠡᠭᠰᠡᠨ ᠴᠠᠭ᠄
2023/11/20
      ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠢᠶᠠᠨ ᠵᠢᠶᠤᠤ ᠵᠡᠭᠡᠯᠢ ᠭᠤᠳᠤᠮᠵᠢ ᠭᠤᠤᠯ ᠰᠡᠳᠦᠪᠲᠦ ᠬᠥᠮᠦᠵᠢᠯ ᠤᠨ ᠶᠡᠷᠦᠩᠬᠡᠶ ᠱᠠᠭᠠᠷᠳᠠᠯᠭ᠎ᠠ ᠶᠢ ᠲᠣᠭᠲᠠᠭᠠᠵᠤ᠂ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠶᠢ ᠦᠨᠡᠨ ᠬᠦ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠭᠤᠤᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠠᠵᠢᠯ ᠢ ᠵᠡᠷᠭᠡᠪᠡᠷ ᠠᠬᠢᠭᠤᠯᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠣᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠺᠠᠳ᠋ᠷ ᠢ ᠠᠬᠢᠭᠤᠯᠬᠤ ᠲᠠᠯ᠎ᠠ ᠪᠠᠷ ᠰᠢᠨ᠎ᠡ ᠪᠠᠶᠢᠳᠠᠯ ᠢ ᠡᠭᠦᠳᠴᠦ᠂ ᠰᠢᠨ᠎ᠡ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ᠃      ᠨᠡᠪᠲᠡᠷᠬᠡᠢ ᠰᠤᠷᠤᠯᠴᠠᠵᠤ ᠭᠦᠨ ᠣᠶᠢᠯᠠᠭᠠᠬᠤ      ᠭᠤᠤᠯ ᠰᠡᠳᠦᠪᠲᠦ ᠬᠥᠮᠦᠵᠢᠯ ᠤᠨ ︽ᠣᠨᠣᠯ ᠰᠤᠷᠤᠯᠴᠠᠬᠤ ᠬᠠᠭᠤᠳᠠᠰᠤ︾ ᠶᠢ ᠰᠠᠶᠢᠲᠤᠷ ᠬᠠᠷᠢᠭᠤᠯᠬᠤ ᠬᠡᠷᠡᠭᠲᠡᠶ᠃      ᠵᠢᠭᠠᠨ ᠲᠣᠭᠲᠠᠭᠠᠭᠰᠠᠨ ᠵᠢᠭᠠᠬᠤ ᠮᠠᠲ᠋ᠧᠷᠢᠶᠠᠯ ᠢ᠊ ᠰᠠᠢᠲᠤᠷ ᠰᠤᠷᠤᠯᠴᠠᠭᠰᠠᠨ ᠰᠠᠭᠤᠷᠢᠨ ᠳᠡᠭᠡᠷ᠎ᠡ᠂ ᠬᠠᠮᠤᠭ᠋ ᠤᠨ ᠱᠢᠨ᠎ᠡ ᠤᠨᠤᠯ ᠤᠨ ᠮᠡᠳᠡᠯᠭ᠊ ᠡ ᠶᠢ ᠴᠠᠭ ᠲᠤᠬᠠᠶ ᠲᠤᠨᠢ ᠴᠤᠭᠯᠠᠭᠤᠯᠤᠨ ᠡᠮᠬᠢᠳᠭᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ᠂ ︽ᠰᠢ ᠶᠢᠨ ᠫᠢᠩ᠊ ᠦᠨ ᠱᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ᠋ ᠲᠠᠢ ᠨᠡᠢᠭᠡᠮ ᠵᠢᠷᠤᠮ ᠤᠨ ᠦᠵᠡᠯ ᠰᠠᠨᠠᠭᠠᠨ᠋ ᠤ᠊ ᠲᠤᠰᠭᠠᠶ ᠰᠡᠳᠦᠪ᠊ ᠦᠨ ᠲᠡᠭᠦᠪᠦᠷᠢ︾ ᠵᠡᠷᠭᠡ ᠠᠭᠤᠯᠭ᠎ᠠ ᠶᠢᠨ ᠲᠣᠭᠤᠷᠢᠨ ᠳᠤ᠂ ︽ᠭᠤᠷᠪᠠᠨ ᠬᠤᠷᠠᠯ ᠨᠢᠭᠡ ᠬᠢᠴᠢᠶᠡᠯ︾ ᠪᠠ ᠭᠤᠣᠯ ᠰᠡᠳᠦᠪᠲᠦ ᠨᠠᠮ ᠤᠨ ᠡᠳᠦᠷ ᠵᠡᠷᠭᠡ ᠬᠡᠯᠪᠡᠷ᠊ ᠢ ᠲᠤ ᠲᠦᠱᠢᠭ᠌ᠯᠡᠵᠦ᠂ ᠨᠠᠮ ᠤᠨ ᠭᠡᠱᠢᠭᠦᠨ᠋ ᠢ᠊ ᠵᠣᠬᠢᠶᠠᠨ ᠪᠠᠢᠭᠤᠯᠵᠤ ᠰᠤᠷᠤᠯᠴᠠᠨ ᠰᠣᠯᠢᠯᠴᠠᠬ᠊ ᠤᠶᠢ ᠥᠷᠨᠢᠭᠦᠯᠵᠦ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠵᠤ᠂ ᠬᠠᠷᠢᠯᠴᠠᠨ ᠠᠬᠢᠭᠤᠯᠵᠤ ᠬᠠᠷᠢᠯᠴᠠᠨ ᠠᠬᠢᠭᠤᠯᠬ᠊ ᠤᠶᠢ ᠠᠬᠢᠭᠤᠯᠪᠠ᠃ ᠥᠷᠲᠡᠭᠡᠨ ᠤ ᠡᠮᠦᠨ᠎ᠡ ᠵᠠᠮ ᠤᠨ ᠨᠡᠶᠢᠭᠡᠮ ᠲᠣᠭᠤᠷᠢᠭ ︽ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠠᠵᠢᠯ ᠣᠯᠭᠤᠯᠲᠠ ᠶᠢᠨ ᠬᠠᠮᠲᠤᠯᠢᠭ︾ ᠢ ᠭᠤᠤᠯᠳᠠᠯᠭ᠎ᠠ ᠲᠠᠢ ᠠᠩᠬᠠᠷᠴᠤ᠂ ᠬᠤᠪᠢᠰᠬᠠᠯ ᠤᠨ ᠡᠨᠧᠷᠭᠢ ᠬᠠᠳᠠᠭᠠᠯᠠᠬᠤ ᠥᠷᠲᠡᠭᠡ ᠳᠤ ︽ᠭᠤᠤᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠶᠢᠨ ᠲᠤᠰᠬᠠᠶ ᠲᠣᠭᠤᠷᠢᠭ︾ ᠪᠠᠶᠢᠭᠤᠯᠵᠤ᠂ ᠲᠦᠷᠭᠡᠨ ᠬᠦᠷᠭᠡᠯᠲᠡ ᠶᠢᠨ ᠪᠠᠭ᠎ᠠ ᠠᠬ᠎ᠠ ᠪᠠ ᠲᠣᠮᠣ ᠲᠡᠷᠭᠡᠨ ᠤ ᠵᠢᠯᠣᠭᠤᠴᠢ ᠶᠢᠨ ᠰᠤᠯᠠ ᠰᠡᠯᠡᠭᠦᠦ ᠴᠠᠭ ᠢᠶᠠᠷ ᠢᠶᠠᠨ ᠨᠡᠶᠢᠭᠡᠮ ᠲᠣᠭᠤᠷᠢᠭ ᠲᠤ ᠢᠷᠡᠵᠦ ᠬᠠᠮᠢᠶ᠎ᠠ ᠪᠥᠬᠦᠶ ᠰᠤᠷᠤᠯᠴᠠᠬᠤ ᠮᠠᠲ᠋ᠧᠷᠢᠶᠠᠯ ᠢ ᠤᠷᠪᠠᠭᠤᠯᠤᠨ ᠦᠵᠡᠬᠦ ᠶᠢ ᠵᠣᠷᠢᠭᠵᠢᠭᠤᠯᠪᠠ︔ ᠠᠷᠠᠳ ᠤᠨ ᠠᠭᠠᠷ ᠤᠨ ᠲᠡᠭᠡᠭᠡᠪᠦᠷᠢ ᠶᠢᠨ ᠪᠠᠷᠠᠭᠤᠨ ᠨᠡᠶᠢᠭᠡᠮ ᠲᠣᠭᠤᠷᠢᠭ ᠬᠠᠷᠢᠶ᠎ᠠ ᠣᠷᠣᠨ ᠤ ᠠᠬᠠᠮᠠᠳ ᠨᠠᠮ ᠤᠨ ᠭᠡᠰᠢᠭᠦᠨ ᠣᠯᠠᠨ᠂ ᠬᠡᠪᠲᠡᠬᠦ ᠨᠠᠮ ᠤᠨ ᠭᠡᠰᠢᠭᠦᠨ ᠣᠯᠠᠨ ᠭᠡᠬᠦ ᠣᠨᠴᠠᠯᠢᠭ ᠲᠠᠢ ᠭᠦᠢᠴᠡᠳ ᠤᠶᠠᠯᠳᠤᠭᠤᠯᠤᠨ᠂ ᠰᠠᠨᠠᠭᠠᠴᠢᠯᠠᠭ᠎ᠠ ᠠᠴᠠ ᠪᠠᠨ 10 ᠭᠠᠷᠤᠶ ᠤᠳᠠᠭ᠎ᠠ ᠰᠤᠷᠤᠯᠴᠠᠯᠭ᠎ᠠ ᠶᠢ ᠬᠡᠷ ᠲᠤᠨᠢ ᠬᠦᠷᠭᠡᠵᠦ᠂ ᠭᠤᠤᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠳᠤ ᠣᠷᠣᠯᠴᠠᠬᠤ ᠡᠩᠨᠡᠭᠡ ᠶᠢᠨ ︽ᠨᠢᠭᠡ ᠶᠢ ᠴᠦ ᠣᠷᠬᠢᠭᠳᠠᠭᠤᠯᠬᠤ ᠥᠬᠡᠶ︾ ᠪᠠᠶᠢᠬᠤ ᠶᠢ ᠪᠠᠲᠤᠯᠠᠪᠠ᠃ ᠣᠳᠣᠬᠠᠨ ᠪᠣᠯᠲᠠᠯ᠎ᠠ᠂ ᠡᠯ᠎ᠡ ᠨᠠᠮ ᠤᠨ ᠡᠭᠦᠷ ᠨᠡᠶᠢᠲᠡ 40 ᠭᠠᠷᠤᠶ ᠤᠳᠠᠭ᠎ᠠ ᠲᠥᠪᠯᠡᠷᠡᠭᠦᠯᠦᠨ ᠰᠤᠷᠤᠯᠴᠠᠵᠤ᠂ ᠰᠦᠯᠵᠢᠶᠡᠨ ᠳᠡᠭᠡᠷ᠎ᠡ 200 ᠭᠠᠷᠤᠶ ᠤᠳᠠᠭ᠎ᠠ ᠰᠤᠷᠤᠯᠴᠠᠪᠠ᠃      ᠠᠬᠠᠮᠠᠳ ᠨᠠᠮ ᠤᠨ ᠭᠡᠰᠢᠭᠦᠨ ᠰᠦᠨ ᠴᠢ ᠹᠸᠢ ᠬᠡᠯᠡᠭᠰᠡᠨ ᠨᠢ᠄ ︽ᠵᠠᠷᠢᠮ ᠦᠶ᠎ᠡ ᠳᠤ ᠨᠡᠶᠢᠭᠡᠮ ᠲᠣᠭᠤᠷᠢᠭ ᠲᠤ ᠣᠴᠢᠵᠤ ᠬᠠᠮᠲᠤ ᠶᠢᠨ ᠰᠤᠷᠤᠯᠴᠠᠯᠭ᠎ᠠ ᠳᠤ ᠣᠷᠣᠯᠴᠠᠵᠤ ᠪᠣᠯᠬᠤ ᠥᠬᠡᠶ᠂ ᠰᠦᠯᠵᠢᠶᠡᠨ ᠤ ᠠᠵᠢᠯᠲᠠᠨ ᠳᠠᠷᠤᠶ ᠤᠯᠤᠰ ᠢᠶᠠᠨ ᠬᠦᠴᠦᠷᠬᠡᠭᠵᠢᠭᠦᠯᠬᠦ᠂ ᠤᠮᠠᠷᠠᠲᠤ ᠬᠢᠯᠢ ᠶᠢᠨ ᠬᠤᠰᠢᠭᠤᠴᠢ᠂ ᠳ᠋ᠦᠩ ᠾᠧ ᠨᠠᠮ ᠤᠨ ᠪᠠᠶᠢᠭᠤᠯᠤᠯᠲᠠ ᠵᠡᠷᠭᠡ ᠰᠤᠷᠤᠯᠴᠠᠯᠭ᠎ᠠ ᠶᠢᠨ ᠲᠠᠪᠴᠠᠩ ᠤᠨ ᠰᠠᠶᠢᠨ ᠵᠣᠬᠢᠶᠠᠯ᠂ ᠰᠠᠶᠢᠨ ᠸᠢᠳᠢᠣ᠋ ᠶᠢ ᠴᠥᠮ ᠨᠠᠮ ᠤᠨ ᠭᠡᠰᠢᠭᠦᠨ ᠤ ᠸᠢᠴᠠᠲ ᠤᠨ ᠪᠦᠯᠦᠭᠯᠡᠯ ᠳᠤ ᠳᠠᠮᠵᠢᠭᠤᠯᠤᠨ ᠲᠠᠷᠬᠠᠭᠠᠵᠤ᠂ ᠬᠡᠷ ᠲᠤ ᠪᠠᠨ ᠳᠡᠯᠭᠡᠴᠡ ᠪᠠᠷ ᠬᠠᠮᠤᠭ ᠤᠨ ᠰᠢᠨ᠎ᠡ ᠣᠨᠣᠯ ᠤᠨ ᠮᠡᠳᠡᠯᠭᠡ ᠲᠠᠢ ᠵᠣᠯᠭᠠᠭᠤᠯᠵᠤ᠂ ᠪᠢ ᠬᠥᠭᠰᠢᠨ ᠲᠠᠢ ᠪᠠᠨ ᠨᠢᠭᠡ ᠲᠠᠯ᠎ᠠ ᠪᠠᠷ ᠨᠢᠭᠡ ᠲᠠᠯ᠎ᠠ ᠪᠠᠷ ᠪᠣᠯᠪᠠᠰᠤᠷᠠᠵᠤ ᠨᠥᠭᠦᠭᠡ ᠲᠠᠯ᠎ᠠ ᠪᠠᠷ ᠰᠣᠨᠢᠨ ᠮᠡᠳᠡᠭᠡ ᠰᠣᠨᠣᠰᠴᠤ ᠮᠠᠰᠢ ᠲᠥᠬᠦᠮ ᠪᠠᠶᠢᠨ᠎ᠠ︾ ᠭᠡᠵᠡᠶ᠃      ᠳᠣᠲᠣᠨᠣ ᠶᠢᠨ ᠰᠡᠳᠬᠢᠯ ᠢᠶᠠᠷ ᠠᠷᠠᠳ ᠤᠨ ᠪᠠᠶᠢᠳᠠᠯ ᠢ ᠣᠶᠢᠯᠠᠭᠠᠬᠤ      ᠭᠤᠤᠯ ᠰᠡᠳᠦᠪᠲᠦ ᠬᠥᠮᠦᠵᠢᠯ ᠤᠨ ︽ᠠᠵᠢᠯ ᠬᠢᠵᠦ ᠠᠳᠠᠯ ᠦᠢᠯᠡᠰ ᠴᠣᠭᠴᠠᠯᠠᠬᠤ ᠬᠠᠭᠤᠳᠠᠰᠤ︾ ᠶᠢ ᠰᠠᠶᠢᠲᠤᠷ ᠬᠠᠷᠢᠭᠤᠯᠬᠤ ᠬᠡᠷᠡᠭᠲᠡᠶ᠃      ᠡᠩ ᠤᠨ ᠦᠶ᠎ᠡ ᠳᠤ ᠯᠢ ᠨᠢᠩ ᠬᠠᠢ ᠶᠢᠨ ᠬᠤᠶᠠᠳᠤᠭᠠᠷ ᠲᠣᠰᠬᠤᠨ ᠡᠨᠡ ᠵᠢᠯ ᠤᠨ ᠨᠠᠮᠤᠷ ᠣᠨᠴᠠᠭᠠᠢ ᠬᠦᠷ ᠬᠥᠭᠵᠢᠶᠡᠨ ᠲᠠᠢ ᠪᠠᠶᠢᠯ᠎ᠠ᠃ ᠵᠢᠵᠢᠭ ᠲᠣᠭᠤᠷᠢᠭ ᠲᠤ ᠶᠠᠪᠤᠬᠤ ᠳᠤ ᠤᠯᠠᠭᠠᠨ ᠬᠠᠨᠵᠢᠶᠠᠷᠢ ᠶᠢᠨ ᠰᠠᠶᠢᠨ ᠳᠤᠷ᠎ᠠ ᠶᠢᠨ ᠦᠢᠯᠡᠴᠢᠯᠡᠭᠴᠢ᠂ ᠲᠡᠳᠡ ᠪᠣᠯ ᠴᠥᠮ ᠳ᠋ᠦᠩ ᠾᠧ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠳᠤ ᠪᠠᠶᠢᠭ᠎ᠠ ᠨᠠᠮ ᠤᠨ ᠭᠡᠰᠢᠭᠦᠨ ᠪᠣᠯᠤᠨ᠎ᠠ᠃ ︽ᠱᠦᠨ ᠳ᠋ᠡ ᠵᠠᠮ ᠤᠨ ᠨᠡᠶᠢᠭᠡᠮ ᠲᠣᠭᠤᠷᠢᠭ ᠪᠣᠯ ᠮᠠᠨ ᠤ ᠨᠢᠭᠡᠴᠡ ᠶᠢᠨ ᠬᠠᠮᠲᠤᠪᠠᠷ ᠪᠠᠶᠢᠭᠤᠯᠬᠤ ᠨᠡᠶᠢᠭᠡᠮ ᠲᠣᠭᠤᠷᠢᠭ ᠮᠥᠨ᠂ ᠪᠢᠳᠡ ᠯᠦ ᠴᠧᠩ ᠬᠤᠰᠢᠭᠤᠴᠢ ᠲᠠᠪᠴᠠᠩ ᠳᠤ ᠨᠡᠶᠢᠭᠡᠮ ᠲᠣᠭᠤᠷᠢᠭ ᠤᠨ ᠨᠡᠶᠢᠲᠡᠯᠡᠭᠰᠡᠨ ᠡᠭᠦᠷᠭᠡ ᠶᠢ ᠲᠠᠨᠢᠵᠤ ᠠᠪᠴᠤ᠂ ᠨᠡᠶᠢᠭᠡᠮ ᠲᠣᠭᠤᠷᠢᠭ ᠢ ᠬᠠᠮᠲᠤᠪᠠᠷ ᠪᠠᠶᠢᠭᠤᠯᠬᠤ ᠳᠤ ᠣᠷᠣᠯᠴᠠᠵᠤ ᠬᠤᠪᠢ ᠬᠤᠷᠠᠮᠳᠤᠭᠤᠯᠬᠤ ᠶᠢᠨ ᠬᠠᠮᠲᠤ ᠪᠠᠰᠠ ᠰᠠᠭᠤᠭᠠᠯᠢ ᠠᠷᠠᠳ ᠲᠤ ᠬᠠᠤᠯᠢ ᠲᠦᠭᠡᠮᠡᠯᠵᠢᠭᠦᠯᠬᠦ ᠵᠢᠵᠢᠭ ᠶᠡᠷᠦ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠨᠢᠭᠡ ᠯᠡ ᠳᠡᠭᠡᠷ᠎ᠡ ᠬᠤᠶᠠᠷ ᠵᠦᠢᠯ ᠢ ᠪᠦᠲᠦᠭᠡᠵᠦ ᠥᠭᠭᠦᠨ᠎ᠡ︾ ᠭᠡᠵᠦ ᠬᠡᠯᠡᠪᠡ᠃ ᠪᠠᠶᠢᠴᠠᠭᠠᠬᠤ ᠬᠤᠷᠢᠶᠠᠨ ᠤ ᠺᠠᠳ᠋ᠷ ᠬᠤ ᠱᠢᠶᠠ ᠶᠠ᠃      ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠡᠭᠦᠨ ᠢᠶᠠᠷ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠢᠢᠳᠪᠦᠷᠢᠯᠡᠪᠡ᠃ ︽ᠯᠦ ᠴᠧᠩ ᠬᠤᠰᠢᠭᠤᠴᠢ︾ ᠶᠢᠨ ᠲᠠᠪᠴᠠᠩ ᠪᠠ ︽ᠰᠢᠶᠠᠨ ᠤ ᠱᠠᠲᠤᠨ ᠤ ᠤᠳᠤᠷᠢᠳᠤᠯᠭ᠎ᠠ ᠨᠡᠶᠢᠭᠡᠮ ᠲᠣᠭᠤᠷᠢᠭ ᠢ ᠳᠠᠭᠠᠭᠠᠴᠢᠯᠠᠨ ᠬᠠᠷᠢᠯᠴᠠᠬᠤ︾᠂ ︽ᠬᠤᠶᠠᠷ ᠢ ᠨᠡᠷ᠎ᠡ ᠮᠡᠳᠡᠭᠦᠯᠬᠦ᠂ ᠬᠤᠶᠠᠷ ᠢ ᠦᠶ᠋ᠯᠡᠴᠢᠯᠡᠬᠦ᠂ ᠬᠤᠶᠠᠷ ᠢ ᠮᠡᠳᠡᠭᠦᠯᠬᠦ︾ ᠠᠵᠢᠯ ᠤᠨ ᠲᠣᠭᠲᠠᠴᠠ ᠶᠢ ᠭᠦᠶ᠋ᠴᠡᠳ ᠠᠰᠢᠭᠯᠠᠨ᠂ ᠨᠢᠭᠡ ᠪᠦᠯᠦᠭ ᠨᠠᠮ ᠤᠨ ᠭᠡᠰᠢᠭᠦᠨ ᠺᠠᠳ᠋ᠷ ᠢ ᠳᠠᠶᠢᠴᠢᠯᠠᠨ ᠠᠵᠢᠯ ᠬᠢᠵᠦ ᠦᠶ᠋ᠯᠡᠰ ᠴᠣᠭᠴᠠᠯᠠᠬᠤ ᠬᠠᠯᠠᠭᠤᠨ ᠥᠷᠨᠢᠯᠲᠡ ᠳᠤ ᠣᠷᠣᠯᠴᠠᠭᠤᠯᠪᠠ᠃ ᠵᠢᠱᠢᠶᠡᠯᠡᠪᠡᠯ᠂ ᠠᠳᠠᠯ ᠠᠬᠤᠶ ᠶᠢᠨ ᠬᠠᠮᠢᠶᠠᠷᠤᠯᠲᠠ ᠶᠢᠨ ᠲᠠᠯ᠎ᠠ ᠪᠠᠷ᠂ ᠵᠡᠭᠡᠯᠢ ᠭᠤᠳᠤᠮᠵᠢ ᠶᠢᠨ ᠬᠢᠨ ᠡᠬᠢ ᠪᠠᠶᠠᠯᠢᠭ ᠢ ᠰᠢᠯᠢᠳᠡᠭᠵᠢᠭᠦᠯᠦᠨ ᠨᠡᠶᠢᠯᠡᠭᠦᠯᠵᠦ᠂ ᠠᠳᠠᠯ ᠠᠬᠤᠶ ᠶᠢᠨ ᠰᠦᠢᠳᠭᠡᠯ ᠬᠤᠷᠢᠶᠠᠬᠤ ᠨᠣᠷᠮ᠎ᠠ ᠶᠢ ᠳᠡᠭᠡᠭᠰᠢᠯᠡᠭᠦᠯᠬᠦ ᠪᠠ ᠠᠳᠠᠯ ᠠᠬᠤᠶ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠲᠠᠯ᠎ᠠ ᠪᠠᠷ ᠪᠣᠳᠠᠲᠠᠶ ᠠᠷᠭ᠎ᠠ ᠤᠬᠠᠭᠠᠨ ᠭᠠᠷᠭᠠᠵᠤ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠬᠠᠮᠲᠤᠪᠠᠷ ᠪᠠᠶᠢᠭᠤᠯᠬᠤ ᠨᠢᠭᠡᠴᠡ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ ᠂ ᠠᠳᠠᠯ ᠠᠬᠤᠶ ᠶᠢᠨ ᠺᠣᠮᠫᠠᠨᠢ ᠶᠢ ᠬᠤᠷᠠᠯᠳᠤᠭᠤᠯᠬᠤ ᠪᠠᠷ ᠳᠠᠮᠵᠢᠭᠤᠯᠤᠨ ᠠᠷᠠᠳ ᠤᠨ ᠰᠠᠨᠠᠭ᠎ᠠ ᠶᠢ ᠴᠤᠭᠯᠠᠭᠤᠯᠵᠤ᠂ ᠴᠠᠭ ᠲᠤᠬᠠᠶ ᠳᠤᠨᠢ ᠵᠥᠪᠳᠡᠯᠴᠡᠨ ᠶᠠᠷᠢᠯᠴᠠᠬᠤ ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ᠂ ᠠᠳᠠᠯ ᠠᠬᠤᠶ ᠶᠢᠨ ᠺᠣᠮᠫᠠᠨᠢ ᠶᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠬᠤᠭ ᠨᠣᠪᠰᠢ ᠶᠢ ᠴᠠᠭ ᠲᠤᠬᠠᠶ ᠳᠤᠨᠢ ᠰᠢᠢᠳᠪᠦᠷᠢᠯᠡᠬᠦ ᠥᠬᠡᠶ᠂ ᠵᠢᠵᠢᠭ ᠲᠣᠭᠤᠷᠢᠭ ᠤᠨ ᠵᠠᠮ ᠤᠨ ᠳ᠋ᠧᠩ ᠢ ᠬᠥᠳᠡᠯᠭᠡᠬᠦ ᠥᠬᠡᠶ ᠵᠡᠷᠭᠡ ᠰᠠᠭᠤᠭᠠᠯᠢ ᠠᠷᠠᠳ ᠤᠨ ᠳᠡᠷᠭᠡᠳᠡᠬᠢ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ᠨᠢᠭᠡᠳ ᠨᠢᠭᠡ ᠪᠠᠷ ᠰᠢᠢᠳᠪᠦᠷᠢᠯᠡᠬᠦ ᠬᠡᠷᠡᠭᠲᠡᠶ ᠭᠡᠵᠦ ᠴᠢᠭᠯᠡᠭᠦᠯᠬᠦ ᠴᠢᠨᠠᠷᠲᠠᠶ ᠪᠠᠷ ᠱᠠᠭᠠᠷᠳᠠᠪᠠ︔ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠲᠠᠯ᠎ᠠ ᠪᠠᠷ᠂ ᠵᠡᠭᠡᠯᠢ ᠭᠤᠳᠤᠮᠵᠢ ᠶᠢᠨ ᠬᠢᠨ ᠲᠤᠬᠠᠶ ᠶᠢᠨ ᠬᠥᠮᠦᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠪᠠᠶᠢᠴᠠᠭᠠᠬᠤ ᠬᠤᠷᠢᠶ᠎ᠠ ᠵᠡᠷᠭᠡ ᠰᠠᠯᠠᠭ᠎ᠠ ᠮᠥᠴᠢᠷ ᠤᠳ ᠬᠠᠤᠯᠢ ᠴᠠᠭᠠᠵᠠ ᠶᠢᠨ ᠲᠤᠰᠬᠠᠶ ᠮᠡᠷᠭᠡᠵᠢᠯ ᠤᠨ ᠲᠠᠯ᠎ᠠ ᠠᠴᠠ ᠠᠷᠭ᠎ᠠ ᠤᠬᠠᠭᠠᠨ ᠭᠠᠷᠭᠠᠵᠤ᠂ ᠨᠢᠭᠡ ᠬᠡᠷᠡᠭ ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠲᠤᠰᠬᠠᠶᠢᠵᠢᠭᠤᠯᠤᠨ ᠬᠠᠨᠳᠤᠯᠭᠠᠲᠤ ᠴᠢᠨᠠᠷᠲᠠᠶ ᠪᠠᠷ ᠲᠥᠰᠦᠯ ᠲᠣᠭᠲᠠᠭᠠᠵᠤ᠂ ᠵᠠᠷᠭᠤ ᠶᠢ ᠨᠠᠮᠳᠠᠭᠤᠯᠵᠤ ᠰᠤᠷᠪᠤᠯᠵᠢᠯᠠᠬᠤ ᠶᠢ ᠵᠣᠭᠰᠣᠭᠠᠭᠰᠠᠨ ᠨᠣᠷᠮ᠎ᠠ ᠶᠢ ᠶᠡᠭᠡ ᠪᠠᠷ ᠳᠡᠭᠡᠭᠰᠢᠯᠡᠭᠦᠯᠵᠦ᠂ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠪᠡ᠃ ︽ᠠᠰᠠᠭᠤᠳᠠᠯ ᠤᠨ ᠨᠠᠷᠢᠨ ᠲᠠᠩᠰᠠ︾ ᠶᠢ ᠦᠨᠡᠨ ᠬᠦ ︽ᠦᠷ᠎ᠡ ᠪᠦᠲᠦᠮᠵᠢ ᠶᠢᠨ ᠨᠠᠷᠢᠨ ᠲᠠᠩᠰᠠ︾ ᠪᠣᠯᠭᠠᠨ ᠬᠤᠪᠢᠷᠠᠭᠤᠯᠵᠤ᠂ ︽ᠰᠡᠳᠬᠢᠯ ᠲᠠᠯᠪᠢᠬᠤ︾ ᠠᠷᠠᠳ ᠤᠨ ᠬᠦᠴᠢᠷ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ︽ᠬᠠᠶᠢᠷ᠎ᠠ ᠰᠡᠳᠬᠢᠯᠭᠡ︾ ᠪᠠᠷ ᠠᠷᠠᠳ ᠲᠦᠮᠡᠨ ᠳᠤ ᠦᠢᠯᠡᠴᠢᠯᠡᠵᠦ᠂ ᠭᠤᠤᠯ ᠰᠡᠳᠦᠪᠲᠦ ᠬᠥᠮᠦᠵᠢᠯ ᠤᠨ ᠡᠭᠦᠨ ᠢᠶᠠᠷ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ︽ᠵᠣᠯ ᠵᠢᠷᠭᠠᠯᠲᠤ ᠨᠢᠭᠤᠴᠠ ᠨᠣᠮᠧᠷ︾ ᠢ ᠲᠠᠰᠤᠷᠠᠯᠲᠠ ᠥᠬᠡᠶ ᠰᠢᠢᠳᠪᠦᠷᠢᠯᠡᠵᠦ ᠪᠠᠶᠢᠨ᠎ᠠ᠃      ᠰᠤᠷᠴᠤ ᠬᠡᠷᠡᠭᠯᠡᠬᠦ ᠶᠢ ᠤᠶᠠᠯᠳᠤᠭᠤᠯᠤᠨ ᠬᠥᠭᠵᠢᠭᠦᠯᠬᠦ ᠶᠢ ᠡᠷᠬᠢᠮᠯᠡᠬᠦ      ᠭᠤᠤᠯ ᠰᠡᠳᠦᠪᠲᠦ ᠬᠥᠮᠦᠵᠢᠯ ᠤᠨ ︽ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠬᠠᠭᠤᠳᠠᠰᠤ︾ ᠶᠢ ᠰᠠᠶᠢᠲᠤᠷ ᠬᠠᠷᠢᠭᠤᠯᠬᠤ ᠬᠡᠷᠡᠭᠲᠡᠶ᠃      ᠡᠭᠦᠳᠡ ᠪᠠᠨ ᠨᠡᠭᠡᠭᠡᠬᠦ ᠳᠤ ︽ᠭᠤᠣᠯ ᠰᠡᠳᠦᠪᠲᠦ ᠬᠥᠮᠦᠵᠢᠯ︾ ᠬᠢᠬᠦ ᠶᠢ ᠢᠮᠠᠭᠲᠠ ᠪᠠᠷᠢᠮᠲᠠᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠰᠠᠭᠤᠳᠠᠯ ᠪᠣᠯᠤᠨ ᠨᠠᠮ ᠤᠨ ᠭᠡᠰᠢᠭᠦᠨ ᠬᠤᠪᠢ ᠬᠥᠮᠦᠨ ᠤ ᠠᠰᠠᠭᠤᠳᠠᠯ ᠢ ᠵᠣᠷᠢᠭᠲᠠᠢ ᠪᠠᠷ ︽ᠲᠠᠶᠢᠰᠠᠨ ᠳᠡᠭᠡᠷ᠎ᠡ ᠲᠠᠯᠪᠢᠵᠤ ᠬᠡᠯᠡᠬᠦ︾ ᠬᠡᠷᠡᠭᠲᠡᠢ᠃ ᠠᠰᠠᠭᠤᠳᠠᠯ ᠢ ᠴᠤᠭᠯᠠᠭᠤᠯᠬᠤ ᠲᠠᠯ᠎ᠠ ᠪᠠᠷ᠂ ᠣᠯᠠᠨ ᠲᠦᠮᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠰᠢᠤᠳᠠᠨ ᠤ ᠬᠠᠶᠢᠷᠴᠠᠭ ᠢ ᠴᠤᠭᠯᠠᠭᠤᠯᠬᠤ᠂ ᠤᠲᠠᠰᠤ ᠪᠠᠷ ᠴᠤᠭᠯᠠᠭᠤᠯᠬᠤ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢ ᠴᠤᠭᠯᠠᠭᠤᠯᠬᠤ᠂ ᠰᠠᠨᠠᠯ ᠤᠨ ᠬᠠᠶᠢᠷᠴᠠᠭ ᠢ ᠴᠤᠭᠯᠠᠭᠤᠯᠬᠤ ᠵᠢᠴᠢ ᠬᠤᠶᠠᠷ ᠬᠡᠮᠵᠢᠯᠳᠦ ᠺᠣᠳ᠋ ᠢ 5 ᠵᠦᠢᠯ ᠤᠨ ᠠᠷᠭ᠎ᠠ ᠬᠡᠯᠪᠡᠷᠢ ᠶᠢ ᠠᠪᠴᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠵᠡᠭᠡᠯᠢ ᠭᠤᠳᠤᠮᠵᠢ ᠶᠢᠨ ᠠᠵᠢᠯ ᠢ ᠰᠠᠶᠢᠵᠢᠷᠠᠭᠤᠯᠬᠤ ᠲᠤᠬᠠᠶ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠴᠤ᠂ ᠣᠯᠠᠨ ᠲᠦᠮᠡᠨ ᠤ ᠦᠨᠡᠨ ᠪᠣᠳᠠᠲᠠᠶ ᠬᠦᠷᠲᠡᠮᠵᠢ ᠶᠢᠨ ᠲᠥᠷᠥᠭᠳᠡᠯ ᠢᠶᠠᠷ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠪᠠ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ᠂ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠬᠤᠪᠢ ᠬᠥᠮᠦᠨ ᠠᠰᠠᠭᠤᠳᠠᠯ ᠤᠨ ᠡᠬᠡ ᠲᠠᠩᠰᠠ ᠪᠠᠶᠢᠭᠤᠯᠵᠤ᠂ ᠨᠡᠶᠢᠲᠡ 260 ᠭᠠᠷᠤᠶ ᠠᠰᠠᠭᠤᠳᠠᠯ ᠢ ᠪᠠᠶᠢᠴᠠᠭᠠᠨ ᠳᠡᠯᠭᠡᠵᠦ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠴᠢᠩᠳᠠᠯᠠᠬᠤ᠂ ᠣᠯᠠᠨ ᠲᠦᠮᠡᠨ ᠲᠠᠢ ᠬᠠᠷᠢᠯᠴᠠᠵᠤ ᠣᠯᠠᠨ ᠲᠦᠮᠡᠨ ᠳᠤ ᠦᠢᠯᠡᠴᠢᠯᠡᠬᠦ ᠵᠡᠷᠭᠡ 6 ᠲᠠᠯ᠎ᠠ ᠳᠤ ᠬᠤᠯᠪᠣᠭᠳᠠᠵᠤ᠂ ᠣᠲᠣ ᠪᠣᠯᠲᠠᠯ᠎ᠠ᠂ ᠨᠡᠶᠢᠲᠡ 178 ᠠᠰᠠᠭᠤᠳᠠᠯ ᠢ ᠴᠡᠭᠴᠡᠯᠡᠨ ᠰᠠᠶᠢᠵᠢᠷᠠᠭᠤᠯᠪᠠ᠃ ᠠᠰᠠᠭᠤᠳᠠᠯ ᠤᠨ ᠡᠬᠡ ᠲᠠᠩᠰᠠ ᠶᠢ ᠨᠢᠭᠡᠳᠦᠯᠲᠡᠶ ᠲᠥᠯᠥᠪᠯᠡᠨ ᠰᠢᠨᠡᠳᠬᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ᠂ ᠴᠠᠭ ᠲᠤᠬᠠᠶ ᠳᠤᠨᠢ ᠳ᠋ᠤᠭᠠᠷ ᠢ ᠨᠢ ᠬᠠᠰᠤᠵᠤ᠂ ᠲᠥᠬᠦᠮ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠰᠢᠢᠳᠪᠦᠷᠢᠯᠡᠬᠦ᠂ ᠪᠤᠳᠤᠯᠢᠶᠠᠨᠲᠠᠶ ᠠᠰᠠᠭᠤᠳᠠᠯ ᠢ ︽ᠨᠠᠷᠢᠨ ᠲᠠᠩᠰᠠ ᠶᠢᠨ ᠬᠡᠯᠪᠡᠷᠢ︾ ᠪᠠᠷ ᠵᠦᠢᠯ ᠳᠠᠷᠠᠭᠠᠯᠠᠨ ᠰᠢᠢᠳᠪᠦᠷᠢᠯᠡᠵᠦ᠂ ᠶᠠᠪᠤᠳᠠᠯ ᠪᠦᠬᠦᠨ ᠳᠤ ᠬᠠᠷᠢᠭᠤ ᠥᠭᠴᠦ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠵᠥᠪᠯᠡᠯ ᠠᠴᠠ ᠳ᠋ᠤᠭᠠᠷ ᠬᠠᠰᠤᠬᠤ ᠲᠥᠷᠥᠯ ᠵᠦᠢᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ︽ᠡᠷᠭᠢᠵᠦ ᠬᠠᠷᠠᠬᠤ︾ ᠠᠵᠢᠯ ᠢ ᠥᠷᠨᠢᠭᠦᠯᠬᠦ ᠶᠢᠨ ᠬᠠᠮᠲᠤ ᠵᠠᠷᠯᠠᠨ ᠮᠡᠳᠡᠭᠳᠡᠪᠡ᠃ ︽ᠨᠠᠮ ᠤᠨ ᠠᠵᠢᠯ ᠤᠨ ᠬᠤᠷᠢᠶᠠᠨ ᠤ ᠱᠦᠵᠢ ᠪᠣᠯᠤᠭᠰᠠᠨ ᠤ ᠬᠤᠪᠢ ᠳᠤ᠂ ᠪᠢ ᠲᠦᠷᠦᠭᠦᠯᠡᠨ 3 ᠵᠦᠢᠯ ᠤᠨ ᠠᠰᠠᠭᠤᠳᠠᠯ ᠢ ᠪᠠᠶᠢᠴᠠᠭᠠᠨ ᠦᠵᠡᠵᠦ᠂ ᠡᠯ᠎ᠡ ᠵᠦᠢᠯ ᠤᠨ ᠠᠵᠢᠯ ᠤᠨ ᠠᠬᠢᠴᠠ ᠶᠢ ᠳᠠᠭᠠᠯᠳᠤᠨ᠂ ᠪᠢ ᠴᠠᠭ ᠲᠤᠬᠠᠶ ᠳᠤᠨᠢ ᠰᠢᠨᠡᠳᠬᠡᠵᠦ᠂ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠨ᠎ᠠ︾ ᠭᠡᠵᠦ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶᠠᠨ ᠤ ᠱᠦᠵᠢ ᠴᠧᠨ ᠹᠧᠩ ᠹᠧᠩ ᠬᠡᠯᠡᠪᠡ᠃      ᠳᠠᠷᠠᠭᠠᠴᠢ ᠶᠢᠨ ᠠᠯᠬᠤᠮ ᠳᠤ᠂ ᠲᠢᠶᠠᠨ ᠵᠢᠶᠤᠤ ᠵᠡᠭᠡᠯᠢ ᠭᠤᠳᠤᠮᠵᠢ ᠶᠢᠨ ᠬᠢᠨ ᠮᠡᠳᠡᠬᠦᠶ ᠬᠢᠬᠦᠶ ᠶᠢ ᠨᠢᠭᠡᠳᠬᠡᠬᠦ ᠲᠠᠯ᠎ᠠ ᠪᠠᠷ ᠰᠢᠷᠭᠠᠭᠤ ᠠᠵᠢᠯᠯᠠᠵᠤ᠂ ᠰᠢᠷᠭᠠᠭᠤ ᠴᠢᠷᠮᠠᠶᠢᠵᠤ᠂ ᠣᠯᠠᠨ ᠲᠦᠮᠡᠨᠴᠢ ᠱᠤᠭᠤᠮ ᠢ ᠰᠠᠶᠢᠲᠤᠷ ᠵᠠᠮᠨᠠᠬᠤ ᠲᠠᠯ᠎ᠠ ᠪᠠᠷ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠠᠷᠢᠭᠤᠨ ᠴᠢᠬᠡᠴᠢ ᠶᠢ ᠨᠢᠭᠡ ᠴᠤᠭᠴᠠᠵᠢᠭᠤᠯᠬᠤ ᠳᠡᠭᠡᠷ᠎ᠡ ᠪᠣᠳᠠᠲᠠᠶ ᠠᠵᠢᠯ ᠬᠢᠵᠦ᠂ ᠬᠠᠲᠠᠭᠤ ᠴᠢᠷᠮᠠᠶᠢᠯᠭ᠎ᠠ ᠭᠠᠷᠭᠠᠵᠤ᠂ ᠭᠤᠤᠯ ᠰᠡᠳᠦᠪᠲᠦ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠲᠠᠢ ᠬᠠᠷᠢᠴᠠᠭᠤᠯᠵᠤ᠂ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠨᠤᠯ ᠤᠨ ᠰᠤᠷᠤᠯᠴᠠᠯᠭ᠎ᠠ᠂ ᠠᠵᠢᠯ ᠬᠢᠵᠦ ᠦᠢᠯᠡᠰ ᠪᠣᠰᠬᠠᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠭᠤᠷᠪᠠᠨ ᠵᠦᠢᠯ ᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢ ᠦᠷᠭᠦᠯᠵᠢᠯᠡᠨ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠷᠭᠦᠯᠵᠢᠯᠡᠨ ᠠᠬᠢᠭᠤᠯᠤᠨ᠎ᠠ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1