ᠳ᠋ᠦᠩ ᠾᠧ ᠲᠣᠭᠤᠷᠢᠭ ︽119︾ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/11/20
     ᠪᠦᠬᠦ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠪᠦᠬᠦ ᠤᠯᠤᠰ ᠤᠨ 32 ᠳ᠋ᠤᠭᠠᠷ   ︽119︾ ᠭᠠᠯ ᠤᠨᠲᠠᠷᠠᠭᠠᠬᠤ ᠤᠬᠠᠭᠤᠯᠭ᠎ᠠ ᠶᠢᠨ ᠡᠳᠦᠷ ᠢ ᠤᠭᠲᠤᠬᠤ ᠶᠢᠨ ᠲᠥᠯᠥᠭᠡ᠂ 11 ᠰᠠᠷ᠎ᠠ ᠶᠢᠨ 7 ᠤ ᠡᠳᠦᠷ᠂ ᠳ᠋ᠦᠩ ᠾᠧ ᠲᠣᠭᠤᠷᠢᠭ ᠤᠨ ᠬᠢᠨ ᠶᠢᠨ ᠵᠢᠶᠠᠩ ᠶᠣᠣ ᠽᠢ ᠠᠭᠤᠳᠠᠮ ᠲᠠᠯᠠᠪᠠᠢ ᠳᠤ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠠᠮᠢ ᠨᠠᠰᠤ ᠶᠢ ᠳᠡᠭᠡᠳᠦᠯᠡᠶ᠎ᠡ︾ ᠭᠡᠬᠦ ᠭᠤᠣᠯ ᠰᠡᠳᠦᠪᠲᠦ ︽119︾ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠨᠠᠮ ᠤᠨ ᠬᠤᠷᠢᠶᠠᠨ ᠤ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠯᠢᠦ ᠪᠦᠦ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠤᠸᠠᠨ ᠮᠤᠤ ᠯᠢᠨ ᠵᠢᠴᠢ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
     ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠭᠡᠰᠢᠭᠦᠳ ᠲᠤᠬᠠᠶ ᠶᠢᠨ ᠲᠠᠯᠠᠪᠠᠢ ᠶᠢᠨ ᠣᠯᠠᠨ ᠲᠦᠮᠡᠨ ᠳᠤ ᠡᠯ᠎ᠡ ᠲᠥᠷᠥᠯ ᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠨᠡᠷᠡᠶᠢᠳᠦᠯ᠂ ᠴᠢᠳᠠᠮᠵᠢ ᠵᠢᠴᠢ ᠬᠡᠷᠡᠭᠯᠡᠬᠦ ᠠᠷᠭ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠭᠠᠯ ᠰᠡᠷᠭᠡᠶᠢᠯᠡᠬᠦ᠂ ᠭᠠᠯ ᠤᠨᠲᠠᠷᠠᠭᠠᠬᠤ ᠵᠢᠴᠢ ᠭᠠᠯ ᠤᠨ ᠲᠠᠯᠠᠪᠠᠶ ᠶᠢᠨ ᠠᠮᠢ ᠵᠢᠭᠤᠲᠠᠬᠤ ᠵᠡᠷᠭᠡ ᠦᠨᠳᠦᠰᠦᠨ ᠶᠡᠷᠦ ᠶᠢᠨ ᠮᠡᠳᠡᠯᠭᠡ ᠶᠢ ᠨᠠᠷᠢᠨ ᠲᠠᠨᠢᠯᠴᠠᠭᠤᠯᠬᠤ ᠶᠢᠨ ᠬᠠᠮᠲᠤ ᠭᠡᠷ ᠳᠣᠲᠣᠷᠠᠬᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠳᠠᠭᠤᠷᠢᠶᠠᠮᠠᠯ ᠰᠣᠷᠢᠯᠲᠠ ᠬᠢᠵᠡᠶ᠃
     ᠬᠠᠷᠢᠯᠴᠠᠨ ᠬᠦᠳᠡᠯᠦᠯᠴᠡᠬᠦ ᠭᠤᠬᠴᠤᠭᠠᠨ ᠳᠠᠬᠢ ︽ᠪᠦᠬᠦ ᠠᠷᠠᠳ ᠤᠨ ᠭᠠᠯ ᠤᠨᠳᠠᠷᠠᠭᠠᠬᠤ ᠮᠡᠳᠡᠯᠭᠡ︾ ᠶᠢ ᠠᠰᠠᠭᠤᠭᠰᠠᠨ ᠳᠤ᠂ ᠲᠤᠬᠠᠢ ᠶᠢᠨ ᠲᠠᠯᠠᠪᠤᠷ ᠤᠨ ᠤᠯᠠᠨ ᠲᠦᠮᠡᠨ ᠬᠠᠯᠠᠭᠤᠮᠰᠤᠭ ᠢᠶᠠᠷ ᠤᠷᠤᠯᠴᠠᠨ᠂ ᠢᠳᠡᠪᠬᠢᠳᠡᠢ ᠪᠠᠷ ᠬᠠᠷᠢᠭᠤᠯᠳᠠ ᠦᠭᠴᠦ᠂ ᠭᠠᠯ ᠤᠨᠳᠠᠷᠠᠭᠠᠬᠤ ᠠᠮᠤᠷ ᠲᠦᠪᠰᠢᠨ ᠤ ᠮᠡᠳᠡᠯᠭᠡ ᠶᠢ ᠤᠯᠠᠮ ᠨᠢᠭᠡ ᠠᠯᠬᠤᠮ ᠨᠡᠮᠡᠭᠳᠡᠬᠦᠯᠦᠨ ᠂ ᠪᠦᠬᠦ ᠠᠷᠠᠳ ᠢᠶᠠᠷ ᠢᠶᠠᠨ ᠭᠠᠯ ᠤᠨᠳᠠᠷᠠᠭᠠᠬᠤ ᠠᠵᠢᠯ ᠢ ᠠᠩᠬᠠᠷᠴᠦ᠂ ᠭᠠᠯ ᠤᠨᠳᠠᠷᠠᠭᠠᠬᠤ ᠠᠵᠢᠯ ᠳᠤ ᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠪᠠ᠃
     ︽ᠲᠠᠷᠠᠭᠠᠴᠢ ᠶᠢᠨ ᠠᠯᠬᠤᠮ ᠳᠤ᠂ ᠪᠢᠳᠡ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠴᠢᠬᠤᠯᠠ ᠭᠠᠷᠳᠠᠴᠠ ᠪᠣᠯᠭᠠᠵᠤ᠂ ᠣᠯᠠᠨ ᠵᠦᠢᠯ ᠤᠨ ᠠᠷᠭ᠎ᠠ ᠮᠠᠶ᠋ᠢᠭ ᠢ ᠠᠰᠢᠭᠯᠠᠨ᠂ ᠣᠯᠠᠨ ᠲᠠᠯ᠎ᠠ ᠶᠢᠨ ᠬᠦᠴᠦᠨ ᠢ ᠳᠠᠶᠢᠴᠢᠯᠠᠵᠤ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ᠂ ᠣᠯᠠᠨ ᠬᠡᠯᠪᠡᠷᠢ ᠶᠢᠨ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠦᠨ᠎ᠡ᠃ ᠭᠡᠷ ᠪᠦᠯᠢ᠂ ᠨᠡᠶᠢᠭᠡᠮ ᠲᠣᠭᠤᠷᠢᠭ᠂ ᠠᠵᠤ ᠠᠬᠤᠶᠢᠯᠠᠯ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠨᠡᠶᠢᠳᠡᠮ ᠣᠷᠣᠰᠢᠵᠤ ᠪᠠᠶᠢᠭ᠎ᠠ ᠭᠠᠯ ᠤᠨᠲᠠᠷᠠᠭᠠᠬᠤ ᠳᠠᠯᠳᠠ ᠭᠡᠮ ᠳᠤ ᠴᠢᠭᠯᠡᠭᠦᠯᠦᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠦᠵᠡᠮᠵᠢ ᠶᠢᠨ ᠣᠷᠣᠨ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠭᠠᠯ ᠤᠨᠲᠠᠷᠠᠭᠠᠬᠤ ᠰᠣᠷᠢᠯᠲᠠ ᠶᠢ ᠥᠷᠨᠢᠭᠦᠯᠵᠦ᠂ ᠣᠯᠠᠨ ᠲᠦᠮᠡᠨ ᠤ ᠥᠪᠡᠷ ᠢ ᠪᠠᠨ ᠬᠠᠮᠠᠭᠠᠯᠠᠵᠤ ᠥᠪᠡᠷ ᠢ ᠪᠠᠨ ᠠᠪᠤᠷᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ︾ ᠬᠡᠵᠡᠢ᠃ ᠲᠣᠭᠤᠷᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠯᠠᠬᠤ ᠶᠡᠭᠡ ᠠᠩᠬᠢ ᠶᠢᠨ ᠵᠢᠯᠣᠭᠤᠳᠤᠭᠴᠢ ᠳ᠋ᠢᠩ ᠬᠤᠨ ᠶᠢ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1