ᠳ᠋ᠦᠩ ᠾᠧ ᠲᠣᠭᠤᠷᠢᠭ ᠤᠨ ᠠᠷᠠᠳ ᠤᠨ ᠠᠮᠢᠳᠤᠷᠠᠯ ᠤᠨ ᠶᠡᠭᠡ ᠵᠡᠭᠡᠯᠢ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠥᠷᠲᠡᠭᠡ ᠶᠢᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/11/22
     11 ᠰᠠᠷ᠎ᠠ ᠶᠢᠨ 9 ᠤ ᠡᠳᠦᠷ᠂ ᠳ᠋ᠦᠩ ᠾᠧ ᠲᠣᠭᠤᠷᠢᠭ ᠤᠨ ᠠᠷᠠᠳ ᠤᠨ ᠠᠮᠢᠳᠤᠷᠠᠯ ᠤᠨ ᠶᠡᠭᠡ ᠵᠡᠭᠡᠯᠢ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ ᠶᠢᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠪᠤᠭᠤᠲᠤ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠨᠠᠮ ᠤᠨ ᠬᠤᠷᠢᠶᠠᠨ ᠤ ᠱᠦᠵᠢ᠂ ᠤᠯᠤᠰ ᠲᠥᠷᠥ ᠶᠢᠨ ᠭᠡᠰᠢᠭᠦᠨ ᠠᠨ ᠸᠧᠶ ᠳ᠋ᠦᠩ᠂ ᠳ᠋ᠦᠩ ᠾᠧ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠠᠩ ᠯᠢ ᠵᠢᠶᠦ᠋ᠨ᠂ ᠪᠤᠭᠤᠲᠤ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠨᠠᠮ ᠤᠨ ᠬᠤᠷᠢᠶᠠᠨ ᠤ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠯᠢᠦ ᠪᠦᠦ᠂ ᠳ᠋ᠦᠩ ᠾᠧ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠯᠢᠦ ᠵᠧᠩ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠳ᠋ᠦᠩ ᠾᠧ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠭᠤᠤᠯ ᠬᠠᠷᠢᠭᠤᠴᠠᠯᠭᠠᠲᠠᠨ ᠵᠢᠴᠢ ᠬᠡᠰᠡᠭ ᠭᠠᠯ ᠤᠨᠲᠠᠷᠠᠭᠠᠭᠴᠢ ᠶᠢᠨ ᠲᠥᠯᠥᠭᠡᠯᠡᠭᠴᠢ ᠶᠣᠰᠣᠯᠠᠯ ᠳᠤ ᠣᠷᠣᠯᠴᠠᠪᠠ᠃ ᠳ᠋ᠦᠩ ᠾᠧ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠ ᠵᠠᠩ ᠾᠧ ᠫᠠᠶᠢᠰᠠ ᠰᠡᠬᠦᠬᠦ ᠶᠣᠰᠣᠯᠠᠯ ᠢ ᠡᠷᠭᠢᠯᠡᠪᠡ᠃
     ᠶᠣᠰᠣᠯᠠᠯ ᠳᠡᠭᠡᠷ᠎ᠡ᠂ ᠠᠨ ᠸᠧᠶ ᠳ᠋ᠦᠩ᠂ ᠵᠠᠩ ᠯᠢ ᠵᠢᠶᠦ᠋ᠨ ᠬᠠᠮᠲᠤ ᠪᠠᠷ ᠳ᠋ᠦᠩ ᠾᠧ ᠲᠣᠭᠤᠷᠢᠭ ᠤᠨ ᠠᠷᠠᠳ ᠤᠨ ᠠᠮᠢᠳᠤᠷᠠᠯ ᠤᠨ ᠶᠡᠭᠡ ᠵᠡᠭᠡᠯᠢ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ ᠶᠢᠨ ᠫᠠᠶᠢᠰᠠ ᠶᠢ ᠰᠡᠬᠦᠭᠰᠡᠨ ᠪᠥᠭᠡᠳ ᠠᠩᠭᠢ ᠥᠷᠲᠡᠭᠡ ᠶᠢᠨ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ᠂ ᠭᠠᠯ ᠤᠨᠲᠠᠷᠠᠭᠠᠬᠤ ᠲᠡᠷᠭᠡ ᠂ ᠴᠢᠳᠠᠮᠵᠢ ᠶᠢᠨ ᠲᠠᠰᠤᠭ ᠵᠡᠷᠭᠡ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠣᠭᠤᠷᠢᠨ ᠦᠵᠡᠪᠡ᠃ ᠮᠢᠨ ᠱᠧᠩ ᠶᠡᠭᠡ ᠵᠡᠭᠡᠯᠢ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠦᠷᠳᠡᠭᠡ ᠶᠢᠨ ᠤᠯᠤᠰ ᠲᠦᠷᠦ ᠶᠢᠨ ᠵᠢᠭᠠᠨ ᠵᠢᠯᠣᠭᠤᠳᠣᠭᠴᠢ ᠸᠠᠩ ᠢ ᠴᠢᠶᠦ᠋ᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃
     ︽ᠳ᠋ᠦᠩ ᠾᠧ ᠲᠣᠭᠤᠷᠢᠭ ᠤᠨ ᠠᠷᠠᠳ ᠤᠨ ᠠᠮᠢᠳᠤᠷᠠᠯ ᠤᠨ ᠶᠡᠭᠡ ᠵᠡᠭᠡᠯᠢ ᠶᠢᠨ ᠭᠠᠯ ᠤᠨᠲᠠᠷᠠᠭᠠᠬᠤ ᠥᠷᠲᠡᠭᠡ ᠶᠢ ᠠᠰᠢᠭᠯᠠᠯᠲᠠ ᠳᠤ ᠣᠷᠣᠭᠤᠯᠵᠤ᠂ ᠳ᠋ᠦᠩ ᠾᠧ ᠲᠣᠭᠤᠷᠢᠭ ᠤᠨ ᠪᠸᠢ ᠯᠢᠶᠠᠩ ᠰᠢᠨ᠎ᠡ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠥᠷᠲᠡᠭᠡ ᠶᠢᠨ ᠬᠤᠭᠤᠰᠣᠨ ᠢ ᠪᠦᠲᠦᠮᠵᠢᠲᠡᠶ ᠨᠥᠬᠦᠪᠥᠷᠢᠯᠡᠵᠦ᠂ ᠪᠦᠬᠦᠯᠢ ᠴᠣᠭᠴᠠ ᠶᠢᠨ ᠭᠠᠯ ᠤᠨ ᠭᠠᠮᠰᠢᠭ ᠢ ᠡᠰᠡᠷᠭᠦᠴᠡᠬᠦ ᠴᠢᠳᠠᠪᠤᠷᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠵᠦ᠂ ᠭᠠᠵᠠᠷ ᠣᠷᠣᠨ ᠤ ᠭᠠᠯ ᠤᠨᠲᠠᠷᠠᠭᠠᠬᠤ ᠦᠢᠯᠡᠰ ᠤᠨ ᠲᠠᠰᠤᠷᠠᠯᠲᠠ ᠥᠬᠡᠶ ᠤᠷᠤᠭᠰᠢ ᠬᠥᠭᠵᠢᠬᠦ ᠶᠢᠨ ᠴᠢᠬᠤᠯᠠ ᠪᠡᠯᠭᠡ ᠲᠡᠮᠳᠡᠭ ᠪᠣᠯᠤᠭᠰᠠᠨ ᠪᠠᠶᠢᠨ᠎ᠠ᠃ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠦᠬᠦ ᠬᠥᠮᠦᠰ ᠡᠭᠦᠨ ᠢᠶᠠᠷ ᠠᠵᠠ ᠲᠣᠬᠢᠶᠠᠯ ᠪᠣᠯᠭᠠᠵᠤ᠂ ᠡᠷᠡᠯᠬᠡᠭᠯᠡᠨ ᠲᠡᠮᠡᠴᠡᠵᠦ᠂ ᠨᠡᠶᠢᠭᠡᠮ ᠨᠡᠶᠢᠲᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ︾ ᠬᠡᠵᠡᠢ᠃ ᠲᠣᠭᠤᠷᠢᠭ ᠤᠨ ᠠᠷᠠᠳ ᠤᠨ ᠠᠮᠢᠳᠤᠷᠠᠯ ᠤᠨ ᠶᠡᠭᠡ ᠵᠡᠭᠡᠯᠢ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠦᠷᠳᠡᠭᠡ ᠶᠢᠨ ᠤᠯᠤᠰ ᠲᠦᠷᠦ ᠶᠢᠨ ᠵᠢᠭᠠᠨ ᠵᠢᠯᠣᠭᠤᠳᠣᠭᠴᠢ ᠸᠠᠩ ᠢ ᠴᠢᠶᠦ᠋ᠨ ᠬᠡᠯᠡᠪᠡ᠃
    ᠳᠠᠷᠠᠭᠠᠴᠢ ᠶᠢᠨ ᠠᠯᠬᠤᠮ ᠳᠤ᠂ ᠳ᠋ᠦᠩ ᠾᠧ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠠᠮᠢ ᠨᠠᠰᠤ ᠶᠢ ᠳᠡᠭᠡᠳᠦᠯᠡᠬᠦ︾ ᠭᠤᠣᠯ ᠰᠡᠳᠦᠪ ᠤᠨ ᠲᠣᠭᠤᠷᠢᠨ ᠳᠤ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠪᠣᠯᠪᠠᠰᠤᠷᠠᠯ᠂ ᠭᠠᠯ ᠤᠨᠲᠠᠷᠠᠭᠠᠬᠤ ᠲᠠᠷᠬᠠᠭᠠᠨ ᠠᠮᠢ ᠵᠢᠭᠤᠲᠠᠬᠤ ᠰᠣᠷᠢᠯᠲᠠ ᠶᠢ ᠥᠷᠭᠡᠨ ᠢᠶᠠᠷ ᠵᠣᠬᠢᠶᠠᠨ ᠪᠠᠶᠢᠭᠤᠯᠤᠨ ᠥᠷᠨᠢᠭᠦᠯᠵᠦ᠂ ᠡᠨᠡ ᠵᠢᠯ ᠤᠨ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠰᠢᠷᠢᠰ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠪᠦᠬᠦ ᠨᠡᠶᠢᠭᠡᠮ ᠢᠶᠠᠷ ᠢᠶᠠᠨ ᠭᠠᠯ ᠤᠨᠲᠠᠷᠠᠭᠠᠬᠤ ᠶᠢ ᠠᠩᠬᠠᠷᠴᠤ᠂ ᠭᠠᠯ ᠤᠨᠲᠠᠷᠠᠭᠠᠬᠤ ᠶᠢ ᠰᠤᠷᠤᠯᠴᠠᠵᠤ ᠂ ᠭᠠᠯ ᠤᠨᠲᠠᠷᠠᠭᠠᠬᠤ ᠳᠤ ᠣᠷᠣᠯᠴᠠᠬᠤ ᠶᠢ ᠬᠥᠲᠥᠯᠥᠨ ᠵᠢᠯᠤᠭᠤᠳᠴᠤ᠂ ︽ᠪᠦᠬᠦ ᠠᠷᠠᠳ ᠢᠶᠠᠷ ᠢᠶᠠᠨ ᠣᠷᠣᠯᠴᠠᠵᠤ᠂ ᠭᠠᠯ ᠤᠨ ᠠᠶᠤᠯ ᠢ ᠰᠡᠷᠭᠡᠶᠢᠯᠡᠨ ᠵᠠᠰᠠᠬᠤ︾ ᠰᠠᠶᠢᠨ ᠰᠠᠶᠢᠬᠠᠨ ᠪᠠᠶᠢᠳᠠᠯ ᠢ ᠬᠦᠴᠦᠯᠡᠨ ᠪᠠᠶᠢᠭᠤᠯᠤᠨ᠎ᠠ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1