ᠳ᠋ᠦᠩ ᠾᠧ ᠲᠣᠭᠤᠷᠢᠭ ᠨᠠᠮ ᠤᠨ ᠭᠠᠳᠠᠨᠠᠬᠢ ᠰᠡᠬᠡᠭᠡᠲᠡᠨ ᠤ ᠨᠦᠬᠦᠷᠰᠡᠭ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/22
     11 ᠰᠠᠷ᠎ᠠ ᠶᠢᠨ 8 ᠤ ᠡᠳᠦᠷ᠂ ᠳ᠋ᠦᠩ ᠾᠧ ᠲᠣᠭᠤᠷᠢᠭ ᠤᠨ ᠨᠠᠮ ᠤᠨ ᠭᠠᠳᠠᠨᠠᠬᠢ ᠰᠡᠬᠡᠭᠡᠲᠡᠳ ᠤᠨ ᠨᠥᠬᠦᠷᠯᠡᠯ ᠤᠨ ᠬᠤᠷᠠᠯ ᠬᠤᠶᠠᠳᠤᠭᠠᠷ ᠬᠤᠭᠤᠴᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠧᠦ ᠶᠦᠩ ᠸᠧᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠭᠰᠠᠨ ᠪᠥᠭᠡᠳ ᠪᠤᠭᠤᠲᠤ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠨᠠᠮ ᠪᠦᠯᠦᠭ ᠤᠨ ᠪᠤᠰᠤ ᠬᠥᠮᠦᠰ ᠪᠣᠯᠤᠨ ᠨᠠᠮ ᠤᠨ ᠭᠠᠳᠠᠨᠠᠬᠢ ᠰᠡᠬᠡᠭᠡᠲᠡᠨ ᠤ ᠠᠵᠢᠯ ᠤᠨ ᠰᠠᠯᠠᠭᠠᠨ ᠤ ᠳᠠᠷᠤᠭ᠎ᠠ ᠯᠢ ᠶᠦᠩ ᠵᠢᠶᠦ᠋ᠨ ᠢ ᠣᠨᠴᠠᠭᠠᠶᠢᠯᠠᠨ ᠤᠷᠢᠵᠤ ᠶᠡᠭᠡ ᠬᠤᠷᠠᠯ ᠳᠤ ᠪᠠᠶᠠᠷ ᠤᠨ ᠦᠭᠡ ᠬᠡᠯᠡᠵᠡᠶ᠃ ᠪᠦᠬᠦ ᠣᠷᠣᠨ ᠤ ᠨᠠᠮ ᠤᠨ ᠭᠠᠳᠠᠨᠠᠬᠢ 90 ᠭᠠᠷᠤᠢ ᠰᠡᠬᠡᠭᠡᠲᠡᠨ ᠤ ᠨᠦᠬᠦᠷᠰᠡᠭ ᠨᠡᠶᠢᠭᠡᠮᠯᠢᠭ ᠤᠨ ᠭᠡᠰᠢᠭᠦᠳ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃      ᠬᠤᠷᠠᠯ ᠠᠴᠠ ᠳ᠋ᠦᠩ ᠾᠧ ᠲᠣᠭᠤᠷᠢᠭ ᠤᠨ ᠨᠠᠮ ᠤᠨ ᠭᠠᠳᠠᠨᠠᠬᠢ ᠰᠡᠬᠡᠭᠡᠲᠡᠳ ᠤᠨ ᠨᠥᠬᠦᠷᠯᠡᠯ ᠤᠨ ᠬᠤᠷᠠᠯ ᠤᠨ ᠨᠢᠭᠡᠳᠦᠭᠡᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ︽ᠳ᠋ᠦᠩ ᠾᠧ ᠲᠣᠭᠤᠷᠢᠭ ᠤᠨ ᠨᠠᠮ ᠤᠨ ᠭᠠᠳᠠᠨᠠᠬᠢ ᠰᠡᠬᠡᠭᠡᠲᠡᠳ ᠤᠨ ᠨᠥᠬᠦᠷᠯᠡᠯ ᠤᠨ ᠬᠤᠷᠠᠯ ᠤᠨ ᠲᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠢ ᠬᠢᠨᠠᠨ ᠵᠥᠪᠯᠡᠵᠦ ᠪᠠᠲᠤᠯᠠᠨ᠂ ᠳ᠋ᠦᠩ ᠾᠧ ᠲᠣᠭᠤᠷᠢᠭ ᠤᠨ ᠨᠠᠮ ᠤᠨ ᠭᠠᠳᠠᠨᠠᠬᠢ ᠰᠡᠬᠡᠭᠡᠲᠡᠳ ᠤᠨ ᠨᠥᠬᠦᠷᠯᠡᠯ ᠤᠨ ᠬᠤᠷᠠᠯ ᠤᠨ ᠬᠤᠶᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠡᠷᠡᠭ ᠡᠷᠬᠢᠯᠡᠭᠴᠢ ᠵᠢᠴᠢ ᠤᠳᠤᠷᠢᠳᠬᠤ ᠪᠠᠭ ᠢ ᠰᠣᠩᠭᠤᠨ ᠭᠠᠷᠭᠠᠪᠠ᠃
     ᠵᠧᠦ ᠶᠦᠩ ᠸᠧᠢ ᠳ᠋ᠦᠩ ᠾᠧ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠢ ᠲᠥᠯᠥᠭᠡᠯᠡᠨ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠳᠤ ᠴᠢᠩ ᠰᠡᠳᠬᠢᠯ ᠠᠴᠠ ᠪᠠᠨ ᠪᠠᠶᠠᠷ ᠬᠦᠷᠭᠡᠵᠦ᠂ ᠰᠢᠨ᠎ᠡ ᠨᠢᠭᠡ ᠬᠤᠭᠤᠴᠠᠭᠠᠨ ᠤ ᠰᠡᠬᠡᠭᠡᠲᠡᠨ ᠤ ᠬᠤᠯᠪᠣᠭᠠᠲᠤ ᠬᠤᠷᠠᠯ ᠰᠡᠬᠡᠭᠡᠲᠡᠨ ᠤ ᠤᠷᠤᠭᠰᠢᠯᠠᠯᠲᠠ ᠶᠢᠨ ᠴᠢᠨᠠᠷ ᠢ ᠨᠡᠩ ᠭᠦᠢᠴᠡᠳ ᠪᠠᠳᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠠᠴᠠ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠬᠤᠳᠠ ᠶᠢᠨ ︽ᠳᠡᠯᠡᠬᠡᠢ ᠶᠢᠨ ᠬᠤᠪᠣᠷ ᠰᠢᠷᠣᠢ ᠶᠢᠨ ᠲᠥᠪ︾᠂ ︽ᠳᠡᠯᠡᠬᠡᠢ ᠶᠢᠨ ᠪᠣᠬᠢᠷᠲᠤᠯ ᠦᠭᠡᠢ ᠴᠠᠬᠢᠭᠤᠷ ᠤᠨ ᠬᠤᠳᠠ︾ ᠶᠢ ᠪᠦᠲᠦᠭᠡᠨ ᠪᠠᠶᠢᠭᠤᠯᠬᠤ ᠬᠥᠭᠵᠢᠯᠲᠡ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠣᠷᠣᠨ ᠤ ᠥᠷᠭᠡᠨ ᠤᠯᠠᠨ ᠨᠠᠮ ᠤᠨ ᠭᠠᠳᠠᠨᠠᠬᠢ ᠰᠡᠬᠡᠭᠡᠲᠡᠳ ᠢ ᠪᠦᠯᠬᠦᠮᠳᠡᠭᠦᠯᠦᠨ ᠵᠢᠯᠣᠭᠤᠳᠴᠤ ᠪᠠᠶᠢᠭᠠᠳ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠳᠠᠪᠲᠠᠨ ᠪᠣᠯᠪᠠᠰᠤᠷᠠᠭᠤᠯᠵᠤ᠂ ᠳ᠋ᠦᠩ ᠾᠧ ᠲᠣᠭᠤᠷᠢᠭ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤᠮᠳᠠ ᠰᠢᠨ᠎ᠡ ᠭᠠᠪᠢᠶ᠎ᠠ ᠪᠠᠶᠢᠭᠤᠯᠵᠤ᠂ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢᠨ ᠬᠠᠮᠲᠤ ᠰᠢᠨ᠎ᠡ ᠨᠢᠭᠡ ᠬᠤᠭᠤᠴᠠᠭᠠᠨ ᠤ ᠰᠡᠬᠡᠭᠡᠲᠡᠨ ᠤ ᠬᠤᠯᠪᠣᠭᠠᠲᠤ ᠬᠤᠷᠠᠯ ᠤᠨ ᠠᠵᠢᠯ ᠳᠤ ᠱᠠᠭᠠᠷᠳᠠᠯᠭ᠎ᠠ ᠳᠤᠷᠠᠳᠴᠤ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠤᠯᠤᠰ ᠲᠦᠷᠦ ᠶᠢᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠰᠡᠬᠡᠭᠡᠲᠡᠨ ᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠰᠡᠬᠡᠭᠡᠲᠡᠨ ᠳᠤ ᠲᠠᠯᠪᠢᠭᠰᠠᠨ ᠴᠢᠩ ᠰᠡᠳᠬᠢᠯ ᠤᠨ ᠬᠦᠰᠡᠯ ᠡᠷᠡᠮᠡᠯᠵᠡᠯ ᠪᠣᠯᠤᠨ ᠡᠭᠦᠷᠭᠡ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠠᠷᠭ᠎ᠠ ᠬᠡᠯᠪᠡᠷᠢ ᠶᠢ ᠠᠩᠬᠠᠷᠴᠤ᠂ ᠪᠦᠬᠦ ᠣᠷᠣᠨ ᠤ ᠥᠷᠭᠡᠨ ᠤᠯᠠᠨ ᠨᠠᠮ ᠤᠨ ᠭᠠᠳᠠᠨᠠᠬᠢ ᠰᠡᠬᠡᠭᠡᠲᠡᠨ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠤᠯᠤᠰ ᠲᠦᠷᠦ ᠶᠢᠨ ᠬᠠᠮᠲᠤ ᠶᠢᠨ ᠲᠠᠨᠢᠯᠲᠠ ᠶᠢ ᠨᠢ ᠨᠡᠮᠡᠭᠳᠡᠭᠦᠯᠵᠦ᠂ ᠠᠵᠢᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠤᠶᠤᠨ ᠤᠬᠠᠭᠠᠨ ᠪᠣᠯᠤᠨ ᠬᠦᠴᠦᠨ ᠴᠢᠳᠠᠯ ᠢ ᠭᠤᠣᠯ ᠶᠡᠭᠡ ᠲᠠᠯ᠎ᠠ ᠳᠤ ᠦᠢᠯᠡᠴᠢᠯᠡᠬᠦ ᠳᠡᠭᠡᠷ᠎ᠡ ᠦᠨᠡᠨ ᠬᠦ ᠨᠢᠭᠲᠠᠷᠠᠭᠤᠯᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠠᠴᠢᠶᠠᠯᠠᠭᠴᠢ ᠪᠠ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠭᠠᠳᠠᠨᠠᠬᠢ ᠰᠡᠬᠡᠭᠡᠲᠡᠨ ᠤ ᠢᠳᠡᠪᠬᠢᠵᠢᠯ ᠪᠠ ᠪᠦᠲᠦᠭᠡᠯᠴᠢ ᠴᠢᠨᠠᠷ ᠢ ᠥᠷᠭᠡᠨ ᠢᠶᠠᠷ ᠲᠠᠶᠢᠴᠢᠯᠠᠨ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠬᠡᠷᠡᠭᠲᠡᠢ᠃ ᠰᠤᠷᠤᠭᠴᠢᠳ ᠤᠨ ᠬᠤᠯᠪᠣᠭᠠᠲᠤ ᠬᠤᠷᠠᠯ ᠤᠨ ᠴᠢᠳᠠᠪᠤᠷᠢᠲᠠᠨ ᠤ ᠳᠠᠪᠠᠭᠤᠯᠢᠭ ᠢ ᠦᠷᠭᠦᠯᠵᠢᠯᠡᠨ ᠪᠠᠳᠠᠷᠠᠭᠤᠯᠵᠤ᠂ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂ ᠲᠤᠰᠬᠠᠢ ᠮᠡᠷᠭᠡᠵᠢᠯ ᠤᠨ ᠲᠠᠯ᠎ᠠ ᠪᠠᠷ ᠲᠤᠪᠤᠶᠢᠮ᠎ᠠ᠂ ᠤᠯᠠᠨ ᠲᠦᠮᠡᠨ ᠵᠥᠪᠰᠢᠶᠡᠷᠡᠭᠰᠡᠨ ᠨᠢᠭᠡ ᠪᠦᠯᠦᠭ ᠰᠢᠯᠢᠳᠡᠭ ᠴᠢᠳᠠᠪᠤᠷᠢᠲᠠᠨ ᠢ ᠢᠯᠡᠷᠡᠭᠦᠯᠬᠦ ᠪᠠ ᠬᠥᠮᠦᠵᠢᠭᠦᠯᠬᠦ ᠬᠡᠷᠡᠭᠲᠡᠢ᠃ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠵᠤ᠂ ᠥᠷᠭᠡᠨ ᠤᠯᠠᠨ ᠨᠠᠮ ᠤᠨ ᠭᠠᠳᠠᠨᠠᠬᠢ ᠰᠡᠬᠡᠭᠡᠲᠡᠨ ᠯᠦᠭᠡ ᠶᠢᠨ ᠬᠠᠷᠢᠯᠴᠠᠭ᠎ᠠ ᠪᠠᠨ ᠦᠨᠡᠨ ᠬᠦ ᠴᠢᠩᠭᠠᠳᠬᠠᠵᠤ᠂ ᠰᠡᠬᠡᠭᠡᠲᠡᠨ ᠤ ᠬᠤᠯᠪᠣᠭᠠᠲᠤ ᠬᠤᠷᠠᠯ ᠢ ᠨᠠᠮ ᠤᠨ ᠭᠠᠳᠠᠨᠠᠬᠢ ᠰᠡᠬᠡᠭᠡᠲᠡᠨ ᠤ ᠭᠡᠷ ᠪᠣᠯᠭᠠᠨ ᠪᠠᠶᠢᠭᠤᠯᠬᠤ ᠬᠡᠷᠡᠭᠲᠡᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢᠶᠠᠨ ᠨᠡᠮᠡᠭᠳᠡᠭᠦᠯᠬᠦ ᠬᠡᠷᠡᠭᠲᠡᠶ᠃ ᠴᠢᠳᠠᠪᠤᠷᠢᠲᠠᠨ ᠬᠤᠷᠠᠨ ᠴᠤᠭᠯᠠᠷᠠᠭᠰᠠᠨ ᠳᠠᠪᠠᠭᠤᠯᠢᠭ ᠢᠶᠠᠨ ᠪᠠᠳᠠᠷᠠᠭᠤᠯᠵᠤ᠂ ᠠᠵᠢᠯ ᠤᠨ ᠰᠡᠳᠬᠢᠴᠡ ᠪᠠ ᠠᠷᠭ᠎ᠠ ᠶᠢᠨ ᠰᠢᠨ᠎ᠡ ᠶᠢ ᠡᠭᠦᠳᠴᠦ᠂ ᠠᠵᠢᠯ ᠤᠨ ᠬᠦᠷᠢᠶ᠎ᠡ ᠪᠠᠨ ᠥᠷᠭᠡᠳᠬᠡᠵᠦ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠰᠢᠷᠢᠰ ᠠᠵᠢᠯᠯᠠᠭ᠎ᠠ ᠪᠠ ᠠᠷᠠᠳ ᠲᠦᠮᠡᠨ ᠳᠤ ᠦᠢᠯᠡᠴᠢᠯᠡᠬᠦ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠵᠤ᠂ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠩᠨᠡᠭᠡᠨ ᠤ ᠨᠢᠭᠲᠠᠷᠠᠯ ᠤᠨ ᠬᠦᠴᠦᠨ ᠪᠠ ᠨᠡᠶᠢᠭᠡᠮ ᠤᠨ ᠨᠥᠯᠥᠭᠡᠯᠡᠬᠦ ᠬᠦᠴᠦᠨ ᠢ ᠦᠨᠡᠨ ᠬᠦ ᠴᠢᠩᠭᠠᠳᠬᠠᠬᠤ ᠬᠡᠷᠡᠭᠲᠡᠢ᠃ ᠭᠡᠰᠢᠭᠦᠳ ᠤᠨ ᠲᠤᠰ ᠪᠡᠶ᠎ᠡ ᠶᠢᠨ ᠪᠣᠯᠪᠠᠰᠤᠷᠠᠯ ᠢᠶᠠᠨ ᠴᠢᠩᠭᠠᠳᠬᠠᠬᠤ ᠶᠢ ᠬᠦᠳᠦᠯᠦᠨ ᠵᠢᠯᠣᠭᠤᠳᠴᠤ᠂ ᠦᠵᠡᠯ ᠰᠠᠨᠠᠭᠠᠨ ᠤ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠰᠠᠶᠢᠨ ᠰᠠᠶᠢᠬᠠᠨ ᠨᠡᠶᠢᠭᠡᠮ ᠤᠨ ᠲᠦᠷᠢ ᠲᠥᠷᠬᠦ ᠶᠢ ᠪᠤᠢ ᠪᠣᠯᠭᠠᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠴᠢᠩᠭᠠᠳᠬᠠᠵᠤ᠂ ᠰᠡᠬᠡᠭᠡᠲᠡᠨ ᠤ ᠬᠤᠯᠪᠣᠭᠠᠲᠤ ᠬᠤᠷᠠᠯ ᠢ ᠳᠣᠲᠣᠭᠠᠳᠤ ᠨᠢᠭᠲᠠᠷᠠᠯ ᠤᠨ ᠬᠦᠴᠦᠨ ᠲᠠᠢ᠂ ᠭᠠᠳᠠᠭᠠᠳᠤ ᠨᠥᠯᠥᠭᠡᠯᠡᠬᠦ ᠬᠦᠴᠦᠨ ᠲᠠᠢ ᠠᠮᠢᠵᠢᠷᠠᠯ ᠤᠨ ᠬᠦᠴᠦᠨ ᠲᠠᠢ ᠨᠡᠶᠢᠭᠡᠮ ᠤᠨ ᠪᠦᠯᠬᠦᠮ ᠪᠣᠯᠭᠠᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠡᠢ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1