2023 ᠣᠨ ᠤ 1 ᠰᠠᠷ᠎ᠠ ᠶᠢᠨ 8 ᠤ ᠡᠳᠦᠷ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ | ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠬᠤᠶᠠᠳᠤᠭᠠᠷ | ᠬᠤᠷᠠᠯᠳᠤᠭᠠᠨ ᠳᠡᠭᠡᠷ᠎ᠡ | ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠵᠠᠩ | ᠯᠢ ᠵᠢᠶᠦ᠋ᠨ | ᠲᠥᠯᠥᠭᠡᠯᠡᠭᠴᠢᠳ ᠡ᠄ | ᠤᠳᠤ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ | ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠲᠣᠭᠤᠷᠢᠭ ᠤᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ᠥᠩᠭᠡᠷᠡᠭᠰᠡᠨ ᠨᠢᠭᠡ ᠵᠢᠯ ᠤᠨ ᠠᠵᠢᠯ ᠤᠨ ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ 2022 ᠤᠨ ᠪᠣᠯ ᠳ᠋ᠦᠩ ᠾᠧ ᠲᠣᠭᠤᠷᠢᠭ ᠤᠨ ᠬᠥᠭᠵᠢᠯᠲᠡ ᠶᠢᠨ ᠶᠠᠪᠤᠴᠠ ᠳᠠᠬᠢ | ᠲᠦᠢᠯ ᠤᠨ ᠶᠡᠷᠦ ᠪᠤᠰᠤ ᠶᠢᠨ ᠪᠠ ᠲᠦᠢᠯ ᠤᠨ ᠶᠡᠭᠡ ᠥᠷᠢᠰᠥᠯᠳᠦᠭᠡᠨ ᠲᠠᠢ ᠨᠢᠭᠡ ᠵᠢᠯ ᠪᠣᠯᠣᠨ᠎ᠠ᠂ ᠪᠦᠬᠦ | ᠣᠷᠣᠨ ᠢᠶᠠᠷ ᠢᠶᠠᠨ ᠪᠣᠭᠤᠮᠲᠠ ᠰᠢᠪᠲᠤᠯᠵᠤ ᠡᠷᠡᠮᠡᠬᠡᠶᠢᠯᠡᠨ ᠤᠷᠤᠭᠰᠢᠯᠠᠭᠰᠠᠨ ᠨᠢᠭᠡ ᠵᠢᠯ ᠪᠣᠯᠣᠨ᠎ᠠ᠃ ᠨᠠᠷᠢᠨ | ᠪᠤᠳᠤᠯᠢᠶᠠᠨᠲᠠᠢ ᠬᠥᠭᠵᠢᠯᠲᠡ ᠶᠢᠨ ᠣᠷᠴᠢᠨ ᠲᠣᠭᠤᠷᠢᠨ᠂ ᠪᠡᠷᠬᠡ ᠬᠠᠲᠠᠭᠤᠵᠢᠯᠲᠠᠢ ᠨᠦᠰᠡᠷ ᠬᠦᠨᠳᠦ ᠥᠭᠡᠷᠡᠴᠢᠯᠡᠯᠲᠡ | ᠬᠥᠭᠵᠢᠯᠲᠡ ᠲᠣᠭᠲᠠᠭᠤᠨ ᠤ ᠡᠭᠦᠷᠭᠡ ᠪᠣᠯᠤᠨ ᠤᠯᠠᠨ ᠡᠭᠡᠯᠵᠢ ᠶᠢᠨ ᠬᠢᠵᠢᠭ ᠤᠨ ᠪᠠᠶᠢᠳᠠᠯ ᠤᠨ ᠯᠤᠲᠤ ᠶᠡᠭᠡ | ᠲᠠᠭᠠᠷᠢᠯᠳᠠ ᠶᠢᠨ ᠡᠮᠦᠨ᠎ᠡ᠂ ᠪᠢᠳᠡ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠶᠢᠨ ᠬᠤᠶᠠᠷ ᠱᠠᠲᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠡ ᠬᠤᠷᠠᠯ ᠪᠣᠯᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠪᠣᠯᠤᠨ ᠪᠤᠭᠤᠲᠤ ᠶᠢᠨ ︽ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ | ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠢᠵᠢᠭ ᠤᠨ ᠪᠠᠶᠢᠳᠠᠯ ᠢ | ᠰᠡᠷᠭᠡᠶᠢᠯᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ | ᠴᠢᠬᠤᠯᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠵᠢᠱᠢᠯᠲᠡ ᠠᠴᠠ ᠳᠠᠪᠠᠭᠰᠠᠨ ᠤᠯᠠᠨ ᠵᠦᠢᠯ ᠤᠨ | ᠲᠠᠭᠠᠷᠢᠯᠳᠠ ᠶᠢ ᠢᠳᠡᠪᠬᠢᠲᠡᠢ ᠠᠷᠭᠠᠴᠠᠭᠠᠵᠤ᠂ ᠪᠦᠬᠦ ᠲᠤᠭᠤᠷᠢᠭ ᠤᠨ ᠠᠷᠠᠳ ᠲᠦᠮᠡᠨ ᠲᠠᠢ ᠬᠠᠮᠲᠤᠪᠠᠷ ᠬᠦᠴᠢᠷ ᠢ | ᠰᠥᠷᠦᠨ ᠤᠷᠤᠭᠰᠢᠯᠠᠵᠤ᠂ ᠰᠢᠷᠭᠠᠭᠤ ᠬᠠᠲᠠᠭᠤᠵᠢᠯᠲᠠᠢ ᠲᠡᠮᠡᠴᠡᠵᠦ᠂ ᠪᠡᠷᠬᠡ ᠬᠠᠲᠠᠭᠤᠵᠢᠯᠲᠠᠢ ᠲᠡᠮᠡᠴᠡᠯ ᠢᠶᠠᠷ ᠳᠠᠮᠵᠢᠨ | ᠂ ᠡᠷᠬᠢᠮ ᠨᠠᠨᠳᠢᠨ ︽ᠳ᠋ᠦᠩ ᠾᠧ ᠶᠢᠨ ᠬᠠᠷᠢᠭᠤᠯᠲᠠ ᠶᠢᠨ ᠬᠠᠭᠤᠳᠠᠰᠤ︾ ᠶᠢ ᠲᠤᠰᠢᠶᠠᠪᠠ᠃ | - ᠡᠨᠡ ᠨᠢᠭᠡ ᠵᠢᠯ ᠳᠤ᠂ ᠪᠢᠳᠡ ︽ᠬᠢᠵᠢᠭ ᠤᠨ ᠪᠠᠶᠢᠳᠠᠯ ᠢ ᠰᠡᠷᠭᠡᠶᠢᠯᠡᠬᠦ︾ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ | ᠢᠯᠠᠯᠲᠠ ᠶᠢ ᠬᠠᠮᠲᠤ ᠪᠠᠷ ᠤᠯᠪᠠ᠃ ︽ᠬᠤᠶᠠᠷ ᠥᠷᠲᠡᠭᠡ ᠨᠢᠭᠡ ᠲᠠᠯᠠᠪᠤᠷ︾᠂ ᠳᠡᠭᠡᠳᠦ ᠬᠤᠷᠳᠤ ᠶᠢᠨ ᠵᠠᠰᠠᠮᠠᠯ ᠵᠠᠮ | ᠂ ᠤᠯᠤᠰ ᠪᠠ ᠮᠤᠵᠢ ᠶᠢᠨ ᠵᠠᠮ ᠤᠨ ᠣᠷᠣᠬᠤ ᠡᠭᠦᠳᠡ᠂ ᠬᠠᠲᠤᠨ ᠭᠤᠤᠯ ᠤᠨ ᠶᠡᠭᠡ ᠬᠥᠭᠦᠷᠭᠡ ᠶᠢᠨ ᠪᠥᠬᠦ ᠬᠦᠴᠦᠨ | ᠵᠦᠢᠯ ᠢ ᠨᠢᠭᠡ ᠪᠤᠯᠤᠩ ᠳᠤ ᠲᠥᠪᠯᠡᠷᠡᠭᠦᠯᠵᠦ᠂ ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ ᠡᠭᠦᠷᠭᠡ ᠬᠠᠲᠠᠭᠤ | ᠪᠡᠷᠬᠡ ᠪᠠᠶᠢᠨ᠎ᠠ︔ ᠬᠡᠪᠴᠢᠶ᠎ᠡ ᠶᠢ ᠨᠢ ᠪᠢᠲᠡᠭᠦᠮᠵᠢᠯᠡᠭᠰᠡᠨ ᠵᠢᠵᠢᠭ ᠲᠣᠭᠤᠷᠢᠭ ᠴᠥᠭᠡᠨ᠂ ᠰᠠᠭᠤᠭᠠᠯᠢ ᠠᠷᠠᠳ ᠤᠨ | ᠵᠣᠬᠢᠶᠠᠨ ᠪᠠᠶᠢᠭᠤᠯᠤᠭᠰᠠᠨ ᠬᠡᠮᠵᠢᠶ᠎ᠡ ᠨᠢ ᠪᠠᠭᠤᠷᠠᠶ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ ᠳᠠᠷᠤᠯᠲᠠ | ᠯᠤᠲᠤ ᠶᠡᠭᠡ ᠪᠠᠶᠢᠨ᠎ᠠ︔ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠪᠥᠬᠦ ᠬᠤᠲᠠ ᠶᠢᠨ ᠲᠣᠭᠲᠠᠭᠰᠠᠨ | ᠴᠡᠭ ᠤᠨ ᠡᠮᠨᠡᠯᠭᠡ ᠶᠢᠨ ᠬᠤᠷᠢᠶ᠎ᠠ᠂ ᠰᠢᠷ᠎ᠠ ᠺᠣᠳ᠋ ᠤᠨ ᠡᠮᠨᠡᠯᠭᠡ ᠶᠢᠨ ᠬᠤᠷᠢᠶ᠎ᠠ᠂ ᠴᠢᠩᠭᠡᠯᠢᠭ ᠡᠮᠨᠡᠯᠭᠡ ᠶᠢᠨ ᠬᠤᠷᠢᠶ᠎ᠠ | ᠲᠥᠪᠯᠡᠷᠡᠭᠰᠡᠨ ᠭᠠᠵᠠᠷ ᠣᠷᠣᠨ ᠳᠤ ᠲᠠᠷᠬᠠᠬᠤ ᠥᠷᠢᠰᠥᠯᠳᠦᠭᠡᠨ ᠤ ᠬᠦᠨᠳᠦ ᠨᠣᠴᠢᠲᠠᠶ ︽ᠭᠤᠷᠪᠠᠨ ᠶᠡᠭᠡ ᠬᠦᠴᠢᠷ | ᠠᠰᠠᠭᠤᠳᠠᠯ︾ ᠢ ᠴᠢᠩᠭ᠎ᠠ ᠰᠡᠷᠭᠡᠶᠢᠯᠡᠵᠦ᠂ ᠤᠷᠢᠳ ᠬᠤᠵᠢᠳ 5 ᠰᠠᠷ᠎ᠠ ᠰᠢᠬᠠᠮ ᠬᠠᠲᠠᠭᠤᠵᠢᠯᠲᠠᠶ ᠲᠡᠶᠢᠨ ᠤ ︽ | ᠬᠢᠵᠢᠭ︾ ᠢ ᠲᠤᠭᠤᠯᠵᠤ᠂ ᠭᠠᠵᠠᠷ ᠣᠷᠣᠨ ᠤ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ | ᠨᠠᠰᠤᠨ ᠤ ᠠᠮᠤᠷ ᠲᠦᠪᠰᠢᠨ ᠢ ᠬᠠᠮᠠᠭᠠᠯᠠᠪᠠ᠃ ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠦᠷ᠎ᠡ ᠪᠦᠲᠦᠮᠵᠢ ᠨᠢ ᠵᠢᠱᠢᠯᠲᠡ ᠠᠴᠠ ᠰᠠᠶᠢᠨ᠂ ᠪᠥᠬᠦ ᠬᠤᠲᠠ ᠶᠢᠨ ᠪᠤᠰᠤᠳ ᠬᠥᠮᠦᠨ ᠠᠮᠠ ᠶᠢᠨ ᠲᠣᠮᠣ | ᠣᠷᠣᠨ ᠠᠴᠠ ᠰᠠᠶᠢᠨ ᠪᠠᠶᠢᠵᠤ᠂ ᠲᠥᠪᠯᠡᠷᠡᠭᠦᠯᠦᠨ ᠢᠯᠡᠷᠡᠭᠦᠯᠦᠨ᠎ᠡ᠄ ᠬᠤᠶᠠᠷ ᠤᠳᠠᠭ᠎ᠠ ︽ᠲᠡᠭ ᠪᠤᠯᠭᠠᠬᠤ︾ | ᠬᠠᠷᠠᠯᠲᠠ ᠲᠣᠭᠲᠠᠭᠰᠠᠨ ᠬᠤᠭᠤᠴᠠᠭᠠᠨ ᠳᠤ ᠪᠡᠶᠡᠯᠡᠭᠳᠡᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠠᠮᠤᠭ ᠤᠨ ᠪᠤᠳᠤᠯᠢᠶᠠᠨᠲᠠᠶ ᠪᠠᠶᠢᠳᠠᠯ ᠳᠣᠤᠷ᠎ᠠ᠂ 10 ᠰᠠᠷ᠎ᠠ ᠶᠢᠨ 27 ᠤ ᠡᠳᠦᠷ᠂ 11 ᠰᠠᠷ᠎ᠠ ᠶᠢᠨ 25 ᠤ ᠡᠳᠦᠷ | ᠲᠣᠰ ᠲᠣᠰ ᠴᠠᠭ ᠲᠤᠬᠠᠶ ᠳᠤᠨᠢ ᠤᠷᠢᠳᠴᠢᠯᠠᠨ ᠨᠢᠭᠡ ᠡᠳᠦᠷ ᠨᠡᠶᠢᠭᠡᠮ ᠤᠨ ᠲᠠᠯ᠎ᠠ ᠶᠢᠨ ︽ᠲᠡᠭ ᠪᠣᠯᠭᠠᠬᠤ︾ | ᠬᠠᠷᠠᠯᠲᠠ ᠪᠠᠨ ᠪᠡᠶᠡᠯᠡᠭᠦᠯᠪᠡ᠃ ᠵᠠᠩᠭᠢᠯᠭ᠎ᠠ ᠶᠢᠨ ᠭᠤᠭᠴᠤᠭ᠎ᠠ ᠨᠢ ᠶᠠᠰᠤ ᠴᠢᠨᠠᠷ ᠬᠠᠮᠤᠭ ᠤᠨ ᠰᠠᠶᠢᠨ ᠪᠠᠶᠢᠵᠤ᠃ | ᠲᠦᠭᠰᠢᠭᠦᠷᠢᠲᠦ ᠣᠷᠣᠨ ᠪᠦᠰᠡ ᠶᠢ ᠵᠠᠭᠠᠭᠯᠠᠨ ᠲᠣᠭᠲᠠᠭᠠᠬᠤ ᠪᠠ ᠲᠣᠬᠢᠷᠠᠭᠤᠯᠬᠤ᠂ ᠬᠢᠵᠢᠭ ᠲᠤ ᠬᠤᠯᠪᠣᠭᠳᠠᠭᠰᠠᠨ | ᠵᠢᠵᠢᠭ ᠲᠣᠭᠤᠷᠢᠭ ᠢ ᠪᠢᠲᠡᠭᠦᠮᠵᠢᠯᠡᠨ ᠡᠵᠡᠮᠳᠡᠬᠦ᠂ ᠤᠷᠤᠰᠬᠠᠯ ᠢ ᠮᠥᠷᠳᠡᠬᠦ᠂ ᠲᠤᠰᠠᠭᠠᠷᠯᠠᠨ ᠰᠢᠯᠵᠢᠭᠦᠯᠬᠦ ᠵᠡᠷᠭᠡ ᠡᠯ᠎ᠡ | ᠭᠤᠭᠴᠤᠭ᠎ᠠ ᠳᠤ ᠥᠨᠳᠥᠷ ᠪᠦᠲᠦᠮᠵᠢᠲᠡᠶ ᠪᠠᠷ ᠠᠵᠢᠯᠯᠠᠭᠤᠯᠤᠨ᠎ᠠ᠃ ᠪᠥᠬᠦ ᠠᠵᠢᠯᠲᠠᠨ ᠤ ᠪᠥᠭᠡᠮ ᠬᠦᠴᠢᠯ ᠤᠨ | ᠪᠠᠶᠢᠴᠠᠭᠠᠨ ᠬᠡᠮᠵᠢᠯᠲᠡ ᠬᠢᠬᠦ᠂ ᠬᠦᠷᠭᠡᠬᠦ᠂ ᠪᠠᠶᠢᠴᠠᠭᠠᠬᠤ᠂ ᠶᠠᠰᠤ ᠴᠢᠨᠠᠷ ᠤᠨ ᠦᠷ᠎ᠡ ᠪᠦᠲᠦᠮᠵᠢ ᠶᠢ ᠮᠡᠳᠡᠭᠦᠯᠬᠦ ᠳᠤ | ᠬᠠᠮᠤᠭ ᠤᠨ ᠰᠠᠶᠢᠨ ᠪᠠᠶᠢᠵᠤ᠂ ᠪᠠᠶᠢᠴᠠᠭᠠᠬᠤ ᠨᠣᠷᠮ᠎ᠠ ᠶᠢᠨ ᠭᠤᠤᠯ ᠬᠤᠲᠠ ᠶᠢᠨ ᠲᠣᠭᠤᠷᠢᠭ ᠲᠤ ᠬᠠᠮᠤᠭ ᠤᠨ | ᠳᠣᠤᠷ᠎ᠠ ︵ᠵᠥᠪᠬᠡᠨ 0.75%︶᠂ ᠦᠷ᠎ᠡ ᠳ᠋ᠦᠩ ᠭᠠᠷᠭᠠᠬᠤ ᠴᠠᠭ ᠢ 16 ᠴᠠᠭ ᠤᠨ ᠳᠣᠲᠣᠷ᠎ᠠ ᠪᠣᠭᠤᠨᠢᠰᠬᠠᠪᠠ᠃ | ᠬᠥᠮᠦᠨ ᠠᠮᠠ ᠣᠯᠠᠨᠲᠠᠶ ᠶᠡᠭᠡ ᠣᠷᠤᠨ ᠤ ᠬᠠᠯᠳᠠᠪᠤᠷᠢᠯᠠᠯ ᠤᠨ ᠨᠤᠷᠮ᠎ᠠ ᠬᠠᠮᠤᠭ ᠳᠤᠤᠷ᠎ᠠ᠃ 12 ᠳ᠋ᠤᠭᠠᠷ ᠰᠠᠷ᠎ᠠ ᠶᠢᠨ | 7 ᠤ ᠡᠳᠦᠷ ᠤᠨ ︽ᠰᠢᠨ᠎ᠡ ᠠᠷᠪᠠᠨ ᠵᠤᠷᠪᠤᠰ︾ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠡᠶᠢᠲᠡᠯᠡᠬᠦ ᠠᠴᠠ | ᠡᠮᠦᠨ᠎ᠡ᠂ ᠮᠠᠨ ᠤ ᠣᠷᠣᠨ ᠤ ᠲᠦᠮᠡᠨ ᠬᠥᠮᠦᠨ ᠤ ᠬᠠᠯᠳᠠᠪᠤᠷᠢᠯᠠᠬᠤ ᠨᠣᠷᠮ᠎ᠠ ᠲᠦᠮᠡᠨ ᠤ ᠠᠷᠪᠠᠨ ᠳᠥᠷᠪᠡᠨ ᠪᠠᠶᠢᠵᠤ᠂ | ᠪᠥᠬᠦ ᠬᠤᠲᠠ ᠶᠢᠨ ᠬᠥᠮᠦᠨ ᠠᠮᠠ ᠶᠢᠨ ᠲᠣᠮᠣ ᠣᠷᠣᠨ ᠳᠤ ᠬᠠᠮᠤᠭ ᠤᠨ ᠳᠣᠤᠷ᠎ᠠ ᠪᠠᠶᠢᠳᠠᠭ᠃ ᠰᠤᠷᠭᠠᠭᠤᠯᠢ ᠶᠢᠨ | ᠬᠢᠵᠢᠭ ᠤᠨ ᠪᠠᠢᠳᠠᠯ ᠢ ᠱᠢᠢᠳᠪᠦᠷᠢᠯᠡᠬᠦ ᠨᠢ ᠰᠣᠩᠭᠤᠳᠠᠭ ᠬᠡᠷᠡᠭ ᠤᠨ ᠵᠢᠱᠢᠶ᠎ᠡ᠃ ᠲᠤᠰᠬᠠᠶ ᠠᠩᠭᠢ ᠣᠷᠣᠵᠤ ᠰᠠᠭᠤᠨ᠂ | ᠰᠤᠷᠭᠠᠭᠤᠯᠢ ᠪᠠ ᠣᠷᠣᠨ ᠨᠤᠲᠤᠭ ᠤᠨ ᠬᠠᠮᠵᠢᠯᠴᠠᠭ᠎ᠠ ᠪᠠᠷ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠶᠡᠭᠡ | ᠳᠡᠭᠡᠳᠦ ᠰᠤᠷᠭᠠᠭᠤᠯᠢ ᠶᠢᠨ ᠬᠢᠵᠢᠭ ᠤᠨ ᠪᠠᠶᠢᠳᠠᠯ ᠬᠠᠮᠤᠭ ᠤᠨ ᠣᠬᠤᠷ ᠬᠤᠭᠤᠴᠠᠭᠠᠨ ᠳᠤ ᠤᠨᠲᠠᠷᠠᠵᠤ᠂ ᠲᠥᠷᠥ ᠶᠢᠨ | ᠶᠠᠪᠤᠳᠠᠯ ᠤᠨ ᠬᠤᠷᠢᠶᠠᠨ ᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠪᠠ ᠥᠪᠡᠷᠲᠡᠭᠡᠨ ᠵᠠᠰᠠᠬᠤ ᠣᠷᠣᠨ ᠤ | ᠪᠤᠭᠤᠳᠤ ᠳᠤ ᠬᠦᠷᠬᠦ ᠠᠵᠢᠯ ᠤᠨ ᠳᠤᠭᠤᠶᠢᠯᠠᠩ ᠤᠨ ᠨᠤᠲᠠᠯᠠᠯᠲᠠ ᠶᠢ ᠤᠯᠪᠠ᠃ ᠲᠣᠭᠤᠷᠢᠭ ᠤᠨ ᠬᠠᠷᠢᠶ᠎ᠠ | ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠡᠷᠡᠰ ᠰᠢᠭᠤᠷᠬᠠᠢ ᠰᠢᠢᠳᠪᠦᠷᠢᠯᠡᠵᠦ᠂ ᠲᠠᠷᠬᠠᠭᠰᠠᠨ ᠦᠭᠡᠢ᠃ ᠪᠦᠬᠦ | ᠬᠤᠲᠠ ᠳᠤ ᠦᠢᠯᠡᠴᠢᠯᠡᠬᠦ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠨ᠎ᠡ᠃ ︽ᠭᠤᠷᠪᠠᠨ ᠶᠡᠭᠡ ᠡᠮᠨᠡᠯᠭᠡ ᠶᠢᠨ | ᠬᠤᠷᠢᠶ᠎ᠠ︾ ᠳᠤ 45 ᠪᠠᠭᠤᠳᠠᠯ᠂ 1800 ᠭᠠᠷᠤᠢ ᠥᠷᠥᠭᠡ ᠬᠠᠩᠭᠠᠵᠤ᠂ ᠪᠢᠲᠡᠭᠦᠦ ᠴᠠᠭᠠᠷᠢᠭ ᠤᠨ | ᠬᠠᠮᠢᠶᠠᠷᠤᠯᠲᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ᠡᠭᠦᠨ ᠤ ᠬᠠᠮᠲᠤ᠂ ᠪᠢᠳᠡ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠢᠵᠠᠭᠠᠷ ᠲᠠᠢ ᠡᠬᠢ ᠪᠠᠶᠠᠯᠢᠭ ᠢᠶᠠᠷ | ᠣᠯᠠᠨ ᠠᠬ᠎ᠠ ᠳᠡᠭᠦᠦ ᠬᠤᠰᠢᠭᠤ ᠰᠢᠶᠠᠨ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠪᠡ᠃ | ᠭᠤᠤᠯᠳᠠᠯᠭ᠎ᠠ ᠲᠠᠢ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ 3500 ᠭᠠᠷᠤᠶ ᠣᠶᠤᠲᠠᠨ ᠢ ᠭᠥᠯᠢᠶᠡᠨ | ᠠᠪᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠵᠦ᠂ ᠥᠨᠳᠥᠷ ᠦᠷ᠎ᠡ ᠪᠦᠲᠦᠮᠵᠢ ᠲᠠᠢ ᠭᠠᠷ ᠢᠶᠠᠷ ᠪᠢᠲᠡᠭᠦᠮᠵᠢᠯᠡᠭᠰᠡᠨ | ᠬᠠᠮᠢᠶᠠᠷᠤᠯᠲᠠ ᠪᠠ ᠡᠯ᠎ᠡ ᠵᠠᠮ ᠬᠠᠷᠢᠯᠴᠠᠭᠠᠨ ᠤ ᠪᠣᠭᠤᠮᠲᠠ ᠶᠢᠨ ᠭᠤᠤᠯᠳᠠᠯᠭ᠎ᠠ ᠲᠠᠢ ᠭᠠᠵᠠᠷ ᠣᠷᠣᠨ ᠠᠴᠠ 4500 | ᠭᠠᠷᠤᠶ ᠪᠤᠭᠤᠳᠤ ᠳᠤ ᠪᠤᠴᠠᠵᠤ ᠢᠷᠡᠭᠰᠡᠨ ᠬᠥᠮᠦᠰ ᠢ ᠭᠥᠯᠢᠶᠡᠨ ᠠᠪᠴᠤ ᠰᠢᠶ᠋ᠳᠪᠦᠷᠢᠯᠡᠪᠡ᠃ | - ᠡᠨᠡ ᠨᠢᠭᠡ ᠵᠢᠯ ᠳᠤ᠂ ᠪᠢᠳᠡ ︽ᠠᠵᠤ ᠠᠬᠤᠢ ᠶᠢ ᠲᠣᠭᠲᠠᠭᠤᠨ ᠪᠠᠶᠢᠯᠭᠠᠬᠤ︾ ᠬᠠᠷᠢᠭᠤᠴᠠᠯᠭ᠎ᠠ ᠶᠢ ᠡᠷᠡᠰ | ᠡᠭᠦᠷᠭᠡᠯᠡᠵᠦ᠂ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠬᠠᠮᠲᠤ ᠪᠠᠷ ᠪᠦᠬᠦ ᠬᠦᠴᠦᠨ ᠢᠶᠠᠷ ᠢᠶᠠᠨ | ᠪᠡᠶᠡᠯᠡᠭᠦᠯᠪᠡ᠃ ᠤᠯᠤᠰ ᠪᠠ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠠᠵᠤ ᠠᠬᠤᠶ ᠶᠢ | ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠭᠠᠶᠢᠯᠢ ᠬᠥᠩᠭᠡᠯᠡᠵᠦ ᠭᠠᠶᠢᠯᠢ ᠪᠤᠴᠠᠭᠠᠬᠤ ᠶᠢ 3.2 ᠳ᠋ᠦᠩᠰᠢᠭᠤᠷ ᠲᠥᠭᠦᠷᠢᠭ | ᠪᠠᠭᠤᠷᠠᠭᠤᠯᠵᠤ᠂ ︽ᠭᠤᠶᠤᠴᠢᠯᠠᠨ ᠮᠡᠳᠡᠭᠦᠯᠬᠦ ᠠᠴᠠ ᠡᠮᠦᠨ᠎ᠡ ᠭᠥᠷᠳᠡᠬᠦ︾ ᠪᠠᠷ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠪᠤᠴᠠᠭᠠᠬᠤ᠂ ᠠᠵᠢᠯ ᠤᠨ ᠪᠠᠶᠢᠷᠢ ᠶᠢ ᠦᠯᠡᠳᠡᠭᠡᠨ ᠪᠣᠯᠪᠠᠰᠤᠷᠠᠭᠤᠯᠬᠤ ᠵᠡᠷᠭᠡ ᠪᠠᠯᠠ ᠮᠥᠩᠭᠦ ᠶᠢ | 1500 ᠭᠠᠷᠤᠶ ᠲᠦᠮᠡᠨ ᠲᠥᠭᠦᠷᠢᠭ ᠲᠠᠷᠬᠠᠭᠠᠵᠤ᠂ ᠨᠠᠰᠤᠵᠢᠯ ᠤᠨ ᠠᠰᠠᠷᠠᠮᠵᠢ ᠶᠢ ᠱᠠᠲᠤᠴᠢ ᠴᠢᠨᠠᠷᠲᠠᠶ ᠪᠠᠷ | ᠪᠠᠭᠤᠷᠠᠭᠤᠯᠬᠤ ᠪᠠ ᠬᠤᠶᠢᠰᠢᠯᠠᠭᠤᠯᠤᠨ ᠲᠤᠰᠢᠶᠠᠯᠭᠠᠵᠤ᠂ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠵᠤ᠂ | ᠠᠵᠤ ᠠᠬᠤᠶᠢᠯᠠᠯ ᠤᠨ ᠦᠢᠯᠡᠳᠪᠦᠷᠢᠯᠡᠯ ᠢ ᠲᠣᠭᠲᠠᠪᠤᠷᠢᠵᠢᠭᠤᠯᠪᠠ᠃ ᠵᠢᠱᠢᠯᠲᠡ ᠪᠠᠷ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠠᠩᠬ᠎ᠠ ᠤᠳᠠᠭ᠎ᠠ 400 ᠳ᠋ᠦᠩᠰᠢᠭᠤᠷ ᠲᠥᠭᠦᠷᠢᠭ ᠢ ᠳᠠᠪᠠᠵᠤ᠂ 401. | 7 ᠳ᠋ᠦᠩᠰᠢᠭᠤᠷ ᠲᠥᠭᠦᠷᠢᠭ ᠲᠤ ᠬᠦᠷᠴᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠰᠡᠭᠦᠯᠴᠢ ᠶᠢᠨ 2020 ᠣᠨ ᠤ ᠬᠢ ᠠᠴᠠ 70 ᠳ᠋ᠦᠩᠰᠢᠭᠤᠷ ᠲᠥᠭᠦᠷᠢᠭ ᠰᠢᠬᠠᠮ ᠨᠡᠮᠡᠭᠳᠡᠵᠦ᠂ 523 | ᠳ᠋ᠦᠩᠰᠢᠭᠤᠷ ᠲᠥᠭᠦᠷᠢᠭ ᠲᠤ ᠬᠦᠷᠴᠦ᠂ 2020 ᠣᠨ ᠤ ᠬᠢ ᠠᠴᠠ 220 ᠳ᠋ᠦᠩᠰᠢᠭᠤᠷ ᠲᠥᠭᠦᠷᠢᠭ ᠨᠡᠮᠡᠭᠳᠡᠵᠦ᠂ | ᠨᠡᠮᠡᠭᠳᠡᠯ ᠥᠷᠲᠡᠭ ᠨᠢ 12% ᠢᠶᠠᠷ ᠨᠡᠮᠡᠭᠳᠡᠵᠦ᠂ 2020 ᠣᠨ ᠤ ᠬᠢ ᠠᠴᠠ ᠥᠪᠡᠷᠲᠡᠭᠡᠨ ᠵᠠᠰᠠᠬᠤ ᠣᠷᠣᠨ ᠳᠤ 4 | ᠣᠷᠣᠨ ᠪᠠᠶᠢᠷᠢ ᠳᠡᠭᠡᠭᠰᠢᠯᠡᠭᠦᠯᠵᠦ᠂ 30 ᠣᠷᠣᠨ ᠪᠠᠶᠢᠷᠢ ᠳᠤ ᠣᠷᠣᠪᠠ︔ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ 70 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 2020 ᠣᠨ ᠤ ᠬᠢ ᠠᠴᠠ ᠥᠪᠡᠷᠲᠡᠭᠡᠨ ᠵᠠᠰᠠᠬᠤ | ᠣᠷᠣᠨ ᠳᠤ 10 ᠣᠷᠣᠨ ᠪᠠᠶᠢᠷᠢ ᠳᠡᠭᠡᠭᠰᠢᠯᠡᠭᠦᠯᠵᠦ᠂ 30 ᠣᠷᠣᠨ ᠪᠠᠶᠢᠷᠢ ᠳᠤ ᠣᠷᠣᠵᠤ᠂ 23% ᠪᠠᠷ ᠨᠡᠮᠡᠭᠳᠡᠪᠡ | ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 183 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠪᠦᠬᠦ ᠬᠤᠲᠠ ᠶᠢᠨ ᠭᠤᠷᠪᠠᠳᠤᠭᠠᠷ ᠲᠤ ᠣᠷᠣᠪᠠ︔ ᠬᠤᠲᠠ ᠪᠠᠯᠭᠠᠰᠤᠨ ᠤ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠩᠬ᠎ᠠ ᠤᠳᠠᠭ᠎ᠠ 5 ᠲᠦᠮᠡᠨ ᠲᠥᠭᠦᠷᠢᠭ ᠢ | ᠳᠠᠪᠠᠵᠤ᠂ 52550 ᠲᠥᠭᠦᠷᠢᠭ ᠲᠤ ᠬᠦᠷᠴᠦ᠂ 6% ᠪᠠᠷ ᠨᠡᠮᠡᠭᠳᠡᠵᠦ᠂ ᠲᠠᠷᠢᠶᠠᠴᠢᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠩᠬ᠎ᠠ ᠤᠳᠠᠭ᠎ᠠ 3 ᠲᠦᠮᠡᠨ ᠲᠥᠭᠦᠷᠢᠭ ᠢ ᠳᠠᠪᠠᠵᠤ᠂ 30690 | ᠲᠥᠭᠦᠷᠢᠭ ᠲᠤ ᠬᠦᠷᠴᠦ᠂ 7% ᠪᠠᠷ ᠨᠡᠮᠡᠭᠳᠡᠵᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠶᠡᠷᠦᠩᠬᠡᠶ ᠬᠡᠮᠵᠢᠶ᠎ᠡ ᠪᠥᠬᠦ ᠬᠤᠲᠠ ᠶᠢᠨ ᠨᠢᠭᠡᠳᠦᠭᠡᠷ ᠲᠤ ᠣᠷᠣᠪᠠ | ᠃ 2022 ᠣᠨ ᠳᠤ᠂ ᠪᠥᠬᠦ ᠣᠷᠣᠨ ᠤ ᠠᠵᠤ ᠠᠬᠤᠶ ᠶᠢᠨ ᠠᠵᠢᠯ ᠳᠤ ︽ᠳᠥᠷᠪᠡᠨ ᠬᠠᠮᠤᠭ︾ ᠪᠠ ︽ᠵᠢᠷᠭᠤᠭᠠᠨ | ᠰᠢᠨ᠎ᠡ ᠰᠢᠪᠲᠤᠯᠤᠯᠲᠠ︾ ᠢᠯᠡᠷᠡᠪᠡ᠃ ︽ᠳᠥᠷᠪᠡᠨ ᠬᠠᠮᠤᠭ︾ ᠭᠡᠳᠡᠭ ᠨᠢ ᠳᠠᠷᠤᠶ ᠨᠢᠭᠡ ᠳᠤ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠡᠷᠴᠢᠮ ᠬᠠᠮᠤᠭ ᠤᠨ ᠶᠡᠭᠡ᠃ ᠭᠡᠷ᠎ᠡ ᠲᠣᠭᠲᠠᠭᠰᠠᠨ ᠲᠥᠷᠥᠯ ᠵᠦᠶ᠋ᠯ 104 ᠪᠠᠶᠢᠵᠤ᠂ | ᠵᠥᠪᠯᠡᠯᠴᠡᠭᠡᠷ ᠤᠨ ᠶᠡᠷᠦᠩᠬᠡᠶ ᠵᠣᠭᠤᠰ ᠤᠨ ᠲᠤᠭ᠎ᠠ 910 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 41.3% ᠪᠠᠷ ᠨᠡᠮᠡᠭᠳᠡᠨ᠂ ᠨᠢᠭᠡᠳᠦᠭᠡᠷ ᠤᠯᠠᠷᠢᠯ ᠳᠤ ᠭᠡᠷ᠎ᠡ ᠲᠣᠭᠲᠠᠭᠰᠠᠨ ᠲᠥᠷᠥᠯ | ᠵᠦᠶ᠋ᠯ ᠤᠨ ᠪᠥᠬᠦ ᠵᠢᠯ ᠤᠨ ᠡᠭᠦᠷᠭᠡ ᠪᠠᠨ ᠪᠡᠶᠡᠯᠡᠭᠦᠯᠵᠦ᠂ 9 ᠰᠠᠷ᠎ᠠ ᠤᠷᠢᠳᠴᠢᠯᠠᠨ ᠬᠡᠯᠡᠯᠴᠡᠭᠡᠷ ᠤᠨ ᠶᠡᠷᠦᠩᠬᠡᠶ | ᠵᠣᠭᠤᠰ ᠤᠨ ᠲᠤᠭ᠎ᠠ ᠶᠢᠨ ᠪᠥᠬᠦ ᠵᠢᠯ ᠤᠨ ᠡᠭᠦᠷᠭᠡ ᠪᠠᠨ ᠪᠡᠶᠡᠯᠡᠭᠦᠯᠵᠦ᠂ 88 ᠲᠥᠷᠥᠯ ᠵᠦᠶ᠋ᠯ ᠢ | ᠨᠠᠶᠢᠳᠠᠪᠤᠷᠢᠵᠢᠭᠤᠯᠤᠨ᠂ ᠨᠠᠶᠢᠳᠠᠪᠤᠷᠢᠵᠢᠭᠤᠯᠤᠭᠰᠠᠨ ᠨᠣᠷᠮ᠎ᠠ ᠨᠢ 84.6% ᠳᠤ ᠬᠦᠷᠴᠦ᠂ ᠪᠥᠬᠦ ᠵᠢᠯ ᠤᠨ | ᠡᠭᠦᠷᠭᠡ ᠪᠠᠨ 135% ᠪᠠᠷ ᠪᠡᠶᠡᠯᠡᠭᠦᠯᠪᠡ᠃ ᠬᠤᠶᠠᠷ ᠲᠤ᠂ ᠭᠤᠣᠯᠳᠠᠯᠭ᠎ᠠ ᠲᠠᠢ ᠲᠥᠷᠥᠯ ᠵᠦᠢᠯ ᠤᠨ ᠲᠤᠭ᠎ᠠ | ᠬᠡᠮᠵᠢᠶ᠎ᠡ ᠣᠶᠢᠷ᠎ᠠ ᠶᠢᠨ ᠵᠢᠯ ᠳᠤ ᠬᠠᠮᠤᠭ ᠤᠨ ᠣᠯᠠᠨ ᠪᠣᠯᠪᠠ᠃ ᠪᠥᠬᠦ ᠵᠢᠯ ᠳᠤ 103 ᠭᠤᠣᠯᠳᠠᠯᠭ᠎ᠠ ᠲᠠᠢ ᠲᠥᠷᠥᠯ | ᠵᠦᠢᠯ ᠢ ᠬᠡᠷᠡᠭᠵᠢᠭᠦᠯᠵᠦ᠂ ᠳᠡᠭᠡᠷ᠎ᠡ ᠵᠢᠯ ᠤᠨ ᠬᠢ ᠠᠴᠠ 16 ᠨᠡᠮᠡᠭᠳᠡᠭᠦᠯᠪᠡ︔ 51 ᠲᠥᠷᠥᠯ ᠵᠦᠢᠯ ᠢ ᠠᠵᠢᠯ | ᠳᠠᠭᠤᠰᠬᠠᠵᠤ᠂ ᠲᠦᠷᠦᠭᠦᠤ ᠵᠢᠯ ᠤᠨ ᠬᠢ ᠠᠴᠠ 30 ᠨᠡᠮᠡᠭᠳᠡᠪᠡ᠃ ᠭᠤᠷᠪᠠ ᠳᠤ᠂ ᠲᠥᠷᠥᠯ ᠵᠦᠢᠯ ᠤᠨ ᠭᠠᠷ | ᠭᠦᠢᠴᠡᠳᠬᠡᠯ ᠢ ᠬᠠᠮᠤᠭ ᠤᠨ ᠲᠦᠷᠭᠡᠨ ᠭᠦᠢᠴᠡᠳᠬᠡᠪᠡ᠃ 103 ᠭᠤᠣᠯᠳᠠᠯᠭ᠎ᠠ ᠲᠠᠢ ᠲᠥᠷᠥᠯ ᠵᠦᠢᠯ ᠤᠨ 8 | ᠵᠦᠢᠯ ᠤᠨ ᠭᠠᠷᠳᠠᠮ ᠢ 3 ᠰᠠᠷ᠎ᠠ ᠶᠢᠨ ᠰᠡᠭᠦᠯᠴᠢ ᠪᠠᠷ ᠪᠦᠬᠦᠨ ᠢ ᠭᠦᠢᠴᠡᠳᠬᠡᠵᠦ᠂ ᠳᠡᠭᠡᠷ᠎ᠡ ᠵᠢᠯ ᠤᠨ ᠬᠢ ᠠᠴᠠ 4 | ᠰᠠᠷ᠎ᠠ ᠤᠷᠢᠳᠴᠢᠯᠠᠨ ᠭᠦᠢᠴᠡᠳᠬᠡᠵᠦ᠂ ᠭᠦᠢᠴᠡᠳᠬᠡᠵᠦ ᠳᠠᠭᠤᠰᠬᠠᠭᠰᠠᠨ ᠨᠣᠷᠮ᠎ᠠ ᠨᠢ ᠪᠥᠬᠦ ᠬᠤᠲᠠ ᠳᠤ | ᠨᠢᠭᠡᠳᠦᠭᠡᠷ ᠲᠤ ᠣᠷᠣᠪᠠ᠃ ᠳᠥᠷᠪᠡ ᠳᠤ ︽ᠬᠤᠶᠠᠷ ᠰᠢᠨ᠎ᠡ︾ ᠶᠢᠨ ᠲᠥᠷᠥᠯ ᠵᠦᠶ᠋ᠯ ᠤᠨ ᠲᠤᠭ᠎ᠠ ᠣᠶᠢᠷ᠎ᠠ ᠶᠢᠨ | ᠵᠢᠯ ᠳᠤ ᠬᠠᠮᠤᠭ ᠤᠨ ᠣᠯᠠᠨ ᠪᠣᠯᠪᠠ᠃ ᠠᠵᠤ ᠦᠢᠯᠡᠰ ᠤᠨ ᠲᠥᠷᠥᠯ ᠤᠨ 29 ᠲᠥᠷᠥᠯ ᠵᠦᠢᠯ ᠪᠠᠶᠢᠵᠤ᠂ | ᠡᠭᠦᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠵᠦᠢᠯ 20 ᠪᠠᠶᠢᠵᠤ᠂ 30 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7. | 4% ᠨᠡᠮᠡᠭᠳᠡᠪᠡ᠃ ︽ᠳᠥᠷᠪᠡ ᠶᠢ ᠳᠡᠭᠡᠭᠰᠢᠯᠡᠭᠦᠯᠬᠦ︾ ᠠᠵᠤ ᠠᠬᠤᠶᠢᠯᠠᠯ ᠵᠢᠴᠢ ᠬᠤᠪᠢ ᠬᠥᠮᠦᠨ ᠰᠢᠨ᠎ᠡ ᠪᠠᠷ 26 | ᠨᠡᠮᠡᠭᠳᠡᠵᠦ᠂ ᠶᠡᠷᠦᠩᠬᠡᠶ ᠬᠡᠮᠵᠢᠶ᠎ᠡ ᠨᠢ 161 ᠡᠷᠦᠬᠡ ᠪᠣᠯᠵᠤ᠂ ᠠᠳᠠᠯᠢ ᠬᠤᠭᠤᠴᠠᠭᠠᠨ ᠤ ᠬᠢ ᠠᠴᠠ 9.5% ᠪᠠᠷ | ᠨᠡᠮᠡᠭᠳᠡᠪᠡ᠃ ᠪᠥᠬᠦ ᠣᠷᠣᠨ ᠤ ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠭᠤᠤᠯ ᠴᠣᠭᠴᠠ 5034 ᠡᠷᠦᠬᠡ | ᠪᠣᠯᠵᠣ᠂ ᠨᠡᠶᠢᠲᠡ 42072 ᠡᠷᠦᠬᠡ ᠪᠣᠯᠵᠣ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠶᠡᠷᠦᠩᠬᠡᠶ ᠬᠡᠮᠵᠢᠶ᠎ᠡ | 2% ᠨᠡᠮᠡᠭᠳᠡᠪᠡ᠃ ︽ᠵᠢᠷᠭᠤᠭᠠᠨ ᠰᠢᠨ᠎ᠡ ᠰᠢᠪᠲᠤᠯᠤᠯᠲᠠ︾ ᠲᠤᠬᠠᠶᠢᠯᠠᠪᠠᠯ᠄ ᠨᠢᠭᠡ ᠳᠤ ᠴᠠᠬᠢᠯᠭᠠᠨ ᠵᠠᠳᠠᠯᠤᠯ ᠤᠨ | ᠬᠥᠩᠭᠡᠨ ᠴᠠᠭᠠᠨ ᠤ ᠨᠠᠷᠢᠯᠢᠭ ᠪᠣᠯᠪᠠᠰᠤᠷᠠᠭᠤᠯᠬᠤ ᠨᠣᠷᠮ᠎ᠠ ᠰᠢᠨ᠎ᠡ ᠰᠢᠪᠲᠤᠯᠤᠯᠲᠠ ᠲᠠᠢ ᠪᠣᠯᠪᠠ᠃ ᠰᠧ ᠲᠦᠩ | ᠰᠢᠨ᠎ᠡ ᠮᠠᠲ᠋ᠧᠷᠢᠶᠠᠯ ᠤᠨ 5 ᠲᠦᠮᠡᠨ ᠲᠣᠨ ᠬᠥᠩᠭᠡᠨ ᠴᠠᠭᠠᠨ ᠤ ᠰᠠᠭᠤᠷᠢ ᠶᠢᠨ ᠬᠤᠪᠣᠷ ᠰᠢᠷᠣᠶ ᠶᠢᠨ ᠳᠤᠮᠳᠠᠬᠢ | ᠬᠠᠶᠢᠯᠤᠰᠢ ᠶᠢᠨ ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠬᠥᠩᠭᠡᠨ ᠴᠠᠭᠠᠨ ᠤ ᠰᠠᠭᠤᠷᠢ ᠬᠤᠪᠣᠷ | ᠰᠢᠷᠣᠶ ᠶᠢᠨ ᠬᠠᠶᠢᠯᠤᠰᠢ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠤᠭᠤᠰᠣᠨ ᠢ ᠨᠥᠬᠦᠪᠥᠷᠢᠯᠡᠵᠦ᠂ ᠤᠮᠠᠷᠠᠲᠤ | ᠣᠷᠣᠨ ᠤ ᠬᠥᠩᠭᠡᠨ ᠴᠠᠭᠠᠨ ᠤ ᠦᠢᠯᠡᠰ ᠤᠨ 9.1 ᠲᠦᠮᠡᠨ ᠲᠣᠨ ᠳᠡᠭᠡᠳᠦ ᠴᠢᠳᠠᠪᠬᠢᠲᠤ ᠬᠥᠩᠭᠡᠨ ᠴᠠᠭᠠᠨ ᠤ | ᠬᠠᠶᠢᠯᠤᠰᠢ ᠶᠢᠨ ᠴᠢᠳᠬᠤᠮᠠᠯ ᠣᠷᠢᠶᠠᠮᠠᠯ ᠬᠠᠶᠢᠯᠤᠰᠢ ᠶᠢᠨ ᠲᠥᠷᠥᠯ ᠵᠦᠢᠯ ᠨᠢ ᠪᠠᠷᠠᠭᠤᠨ ᠬᠤᠶᠢᠲᠤ ᠶᠢᠨ ᠭᠠᠵᠠᠷ | ᠣᠷᠣᠨ ᠤ ᠳᠡᠭᠡᠳᠦ ᠲᠠᠰ ᠤᠨ ᠬᠠᠪᠲᠠᠰᠤᠨ ᠪᠦᠰᠡ ᠪᠦᠰᠡᠨ ᠬᠦᠷᠢᠶᠡᠨ ᠤ ᠬᠤᠭᠤᠰᠣᠨ ᠢ ᠨᠥᠬᠦᠪᠥᠷᠢᠯᠡᠵᠦ᠂ ᠪᠥᠬᠦ | ᠲᠠᠯ᠎ᠠ ᠪᠠᠷ ᠪᠠᠶᠢᠭᠤᠯᠤᠨ ᠪᠦᠲᠦᠭᠡᠭᠰᠡᠨ ᠤ ᠳᠠᠷᠠᠭ᠎ᠠ ᠬᠥᠩᠭᠡᠨᠴᠠᠭᠠᠨ ᠤ ᠨᠠᠷᠢᠯᠢᠭ ᠪᠣᠯᠪᠠᠰᠤᠷᠠᠭᠤᠯᠬᠤ ᠨᠣᠷᠮ᠎ᠠ ᠶᠢ 9% | ᠪᠠᠶᠢᠭᠰᠠᠨ ᠠᠴᠠ 35% ᠪᠣᠯᠭᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠬᠤᠶᠠᠷ ᠲᠤ᠂ ᠤᠶᠤᠨᠲᠤ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃ ᠬᠥᠩᠭᠡᠨᠴᠠᠭᠠᠨ ᠤ | ᠦᠢᠯᠡᠰ ᠤᠨ ᠬᠦᠷᠢᠶᠡᠯᠡᠩ ᠲᠣᠭᠤᠷᠢᠭ ᠤᠨ ᠤᠶᠤᠨᠲᠤ ᠬᠦᠷᠢᠶᠡᠯᠡᠩ ᠲᠣᠭᠤᠷᠢᠭ ᠤᠨ ᠵᠥᠭᠡᠯᠡᠨ ᠲᠣᠨᠤᠭ ᠢ ᠨᠡᠭᠡᠭᠡᠨ | ᠬᠥᠭᠵᠢᠭᠦᠯᠬᠦ᠂ ᠵᠢᠯᠣᠭᠤᠳᠬᠤ ᠲᠥᠪ ᠢ ᠦᠨᠳᠦᠰᠦᠨ ᠳᠡᠭᠡᠨ ᠪᠡᠶᠡᠯᠡᠭᠦᠯᠵᠦ᠂ ᠰᠢᠯᠵᠢᠮᠡᠯ ᠡᠭᠦᠯᠡᠨ ᠬᠠᠳᠠᠭᠠᠯᠠᠯᠲᠠ ᠶᠢ | ᠪᠦᠬᠦᠨ ᠢ ᠪᠠᠶᠢᠭᠤᠯᠵᠤ ᠳᠠᠭᠤᠰᠬᠠᠨ᠂ ᠲᠤᠰᠬᠠᠶ ᠱᠤᠭᠤᠮ ᠤᠨ ᠪᠥᠲᠥᠭᠡᠨ ᠪᠠᠶᠢᠭᠤᠯᠤᠯᠲᠠ ᠪᠠ ᠠᠵᠤ ᠠᠬᠤᠶᠢᠯᠠᠯ ᠢ | ᠵᠠᠯᠭᠠᠨ ᠣᠷᠣᠭᠤᠯᠬᠤ᠂ ᠲᠣᠬᠢᠷᠠᠭᠤᠯᠤᠨ ᠲᠤᠷᠰᠢᠬᠤ ᠠᠵᠢᠯ ᠢ ᠲᠦᠷᠭᠡᠳᠬᠡᠵᠦ᠂ ᠵᠢᠱᠢᠯᠲᠡ ᠪᠠᠷ 2023 ᠣᠨ ᠤ 2 | ᠳ᠋ᠤᠭᠠᠷ ᠰᠠᠷ᠎ᠠ ᠶᠢᠨ ᠰᠡᠭᠦᠯᠴᠢ ᠪᠠᠷ ᠪᠦᠬᠦᠨ ᠢ ᠠᠰᠢᠭᠯᠠᠯᠲᠠ ᠳᠤ ᠣᠷᠣᠭᠤᠯᠵᠤ᠂ ᠪᠥᠬᠦ ᠬᠤᠲᠠ ᠶᠢᠨ ᠰᠢᠨ᠎ᠡ ᠨᠢᠭᠡ | ᠡᠭᠡᠯᠵᠢ ᠶᠢᠨ ᠣᠶᠤᠨᠴᠢ ᠬᠦᠷᠢᠶᠡᠯᠡᠩ ᠲᠣᠭᠤᠷᠢᠭ ᠲᠤ ᠪᠣᠯᠤᠨ᠎ᠠ᠃ | - ᠡᠨᠡ ᠨᠢᠭᠡ ᠵᠢᠯ ᠳᠤ᠂ ᠪᠢᠳᠡ ︽ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠬᠤᠷᠢᠭ᠎ᠠ ᠱᠤᠭᠤᠮ ᠢ | ᠡᠷᠡᠰ ᠰᠠᠬᠢᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠲᠤ ᠪᠠᠷ | ᠬᠦᠴᠦᠲᠡᠢ ᠬᠠᠮᠠᠭᠠᠯᠠᠪᠠ᠃ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ᠡᠳ᠋ ᠤᠨ ᠵᠠᠰᠠᠭ ᠤᠨ ᠵᠠᠷᠤᠯᠭ᠎ᠠ ᠶᠡᠭᠡ ᠬᠡᠮᠵᠢᠶ᠎ᠡ ᠪᠠᠷ ᠨᠡᠮᠡᠭᠳᠡᠵᠦ᠂ ᠡᠳ᠋ ᠤᠨ ᠵᠠᠰᠠᠭ ᠤᠨ ᠣᠷᠣᠯᠭ᠎ᠠ ᠶᠡᠬᠡᠪᠡᠷ | ᠪᠠᠭᠤᠷᠠᠭᠰᠠᠨ ᠪᠠᠶᠢᠳᠠᠯ ᠳᠣᠣᠷ᠎ᠠ᠂ ᠠᠷᠭ᠎ᠠ ᠪᠦᠬᠦᠨ ᠢ ᠰᠦᠪᠡᠭᠴᠢᠯᠡᠨ ᠣᠨ ᠤ ᠵᠠᠰᠠᠭ ᠤᠨ ᠣᠷᠳᠣᠨ ᠤ ᠥᠷᠢ | ᠥᠭᠴᠡᠭᠡ ᠶᠢ ᠠᠷᠢᠯᠭᠠᠬᠤ ᠡᠭᠦᠷᠭᠡ ᠪᠠᠨ 7.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠠᠶᠢᠯᠠᠰᠢ ᠦᠭᠡᠢ ᠰᠣᠯᠢᠵᠤ | ᠥᠭᠬᠦ ᠶᠢ ᠪᠠᠲᠤᠯᠠᠪᠠ᠃ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠪᠠᠶᠢᠨ᠎ᠠ᠃ ᠠᠶᠤᠯ ᠦᠭᠡᠢ | ᠦᠢᠯᠡᠳᠪᠦᠷᠢᠯᠡᠯ ᠤᠨ ᠠᠳᠡᠯ ᠭᠠᠷᠤᠭᠰᠠᠨ ᠲᠤᠭ᠎ᠠ ᠪᠠ ᠠᠳᠡᠭᠰᠡᠨ ᠬᠦᠮᠦᠨ ᠤ ᠲᠤᠭ᠎ᠠ ᠴᠦᠮ 50% ᠪᠠᠷ ᠪᠠᠭᠤᠷᠠᠵᠤ | ᠂ ᠪᠦᠬᠦ ᠬᠤᠲᠠ ᠳᠤ ᠬᠤᠶᠠᠳᠤᠭᠠᠷ ᠲᠤ ᠤᠷᠤᠪᠠ᠃ ᠵᠠᠬᠢᠶ᠎ᠠ ᠰᠤᠷᠪᠤᠯᠵᠢᠯᠠᠭ᠎ᠠ ᠶᠢᠨ ᠠᠵᠢᠯ ᠢ ᠯᠠᠪᠳᠠᠭᠤᠨ ᠪᠠᠲᠤ ᠲᠠᠢ | ᠪᠦᠲᠦᠮᠵᠢᠲᠡᠢ ᠬᠢᠵᠦ᠃ ᠪᠡᠭᠡᠵᠢᠩ ᠳᠤ ᠬᠦᠷᠴᠦ ᠰᠤᠷᠪᠤᠯᠵᠢᠯᠠᠬᠤ ᠨᠢ ᠠᠳᠠᠯᠢ ᠬᠤᠭᠤᠴᠠᠭᠠᠨ ᠤ ᠬᠢ ᠠᠴᠠ | 89% ᠪᠠᠷ ᠪᠠᠭᠤᠷᠠᠵᠤ᠂ ᠲᠣᠭᠤᠷᠢᠭ ᠲᠤ ᠬᠦᠷᠴᠦ ᠰᠤᠷᠪᠤᠯᠵᠢᠯᠠᠬᠤ ᠨᠢ ᠠᠳᠠᠯᠢ ᠬᠤᠭᠤᠴᠠᠭᠠᠨ ᠤ ᠬᠢ ᠠᠴᠠ | 77% ᠪᠠᠷ ᠪᠠᠭᠤᠷᠠᠵᠤ᠂ ᠬᠤᠲᠠ ᠳᠤ ᠬᠦᠷᠴᠦ ᠰᠤᠷᠪᠤᠯᠵᠢᠯᠠᠬᠤ ᠨᠢ ᠠᠳᠠᠯᠢ ᠬᠤᠭᠤᠴᠠᠭᠠᠨ ᠤ ᠬᠢ ᠠᠴᠠ | 22% ᠪᠠᠷ ᠪᠠᠭᠤᠷᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠤ | ᠪᠡᠭᠡᠵᠢᠩ ᠳᠤ ᠣᠷᠣᠬᠤ ᠥᠬᠡᠶ᠂ ᠶᠡᠷᠦ ᠪᠤᠰᠤ ᠶᠢᠨ ᠰᠤᠷᠪᠤᠯᠵᠢᠯᠠᠭ᠎ᠠ ᠬᠢᠬᠦ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ | ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠠᠯᠪᠠᠨ ᠬᠡᠷ ᠠᠴᠠ ᠮᠠᠨ ᠤ ᠣᠷᠣᠨ ᠳᠤ | ᠬᠠᠮᠲᠤ ᠪᠠᠷ ᠬᠥᠬᠢᠭᠦᠯᠦᠨ ᠰᠠᠶᠢᠰᠢᠶᠠᠪᠠ᠃ ᠦᠶᠡᠷ ᠲᠠᠢ ᠲᠡᠮᠡᠴᠡᠵᠦ ᠠᠶᠤᠯ ᠠᠴᠠ ᠠᠪᠤᠷᠠᠬᠤ ᠠᠵᠢᠯ ᠢ ᠬᠦᠴᠦᠲᠡᠢ | ᠠᠷᠤᠭᠴᠠᠭᠠᠵᠤ᠃ ︽8 · 13︾ ᠤ ᠴᠢᠬᠤᠯᠠ ᠶᠡᠭᠡ ᠦᠶᠡᠷ ᠤᠨ ᠪᠠᠶᠢᠳᠠᠯ ᠢ ᠦᠳᠲᠡᠷ ᠲᠦᠷᠭᠡᠨ ᠴᠤᠤᠷᠢᠶᠠᠲᠤᠨ | ᠳᠠᠭᠠᠵᠤ᠂ ᠵᠣᠬᠢᠰᠲᠠᠢ ᠰᠢᠢᠳᠪᠦᠷᠢᠯᠡᠵᠦ᠂ ᠡᠦ ᠳ᠋ᠠᠩ ᠭᠧᠦ ᠶᠢᠨ ᠵᠡᠭᠦᠨ ᠬᠦᠷᠢᠶᠡᠯᠡᠩ ᠤᠨ ᠤᠰᠤᠨ ᠰᠢᠨᠵᠢᠯᠡᠭᠡᠨ ᠤ | ᠦᠷᠲᠡᠭᠡ 1952 ᠣᠨ ᠳᠤ ᠦᠷᠳᠡᠭᠡ ᠪᠠᠶᠢᠭᠤᠯᠤᠭᠳᠠᠭᠰᠠᠨ ᠠᠴᠠ ᠨᠠᠰᠢᠬᠢ ᠬᠠᠮᠤᠭ ᠤᠨ ᠶᠡᠭᠡ ᠦᠶᠡᠷ ᠤᠨ | ᠤᠷᠬᠢᠯ ᠢ ᠠᠷᠭᠠᠴᠠᠵᠤ᠂ ᠳ᠋ᠦᠩ ᠾᠧ ᠤᠰᠤᠨ ᠴᠥᠭᠦᠷᠥᠮ ᠢ 40 ᠭᠠᠷᠤᠢ ᠵᠢᠯ ᠤᠨ ᠲᠤᠷᠰᠢᠬᠢ ᠬᠠᠮᠤᠭ ᠤᠨ ᠶᠡᠭᠡ | ᠦᠶᠡᠷ ᠤᠨ ᠰᠢᠯᠭᠠᠯᠲᠠ ᠶᠢ ᠥᠩᠭᠡᠷᠡᠭᠡᠵᠦ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠢ ᠬᠦᠴᠦᠲᠡᠢ ᠪᠠᠲᠤᠯᠠᠪᠠ᠃ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠲᠣᠭᠲᠠᠭᠤᠨ ᠪᠠᠶᠢᠨ᠎ᠠ᠃ ᠪᠥᠬᠦ | ᠵᠢᠯ ᠳᠤ ᠠᠮᠢᠨ ᠬᠡᠷᠡᠭ ︽ᠡᠭᠦᠰᠬᠦ ᠥᠬᠡᠶ︾ ᠶᠢ ᠪᠡᠶᠡᠯᠡᠭᠦᠯᠵᠦ᠂ ᠨᠡᠶᠢᠲᠡ 71 ᠡᠳᠦᠷ ᠲᠤ ᠡᠷᠡᠭᠦᠦ ᠶᠢᠨ ᠬᠡᠷᠡᠭ ᠤᠨ | ᠴᠠᠭᠳᠠᠭ᠎ᠠ ᠭᠠᠷᠤᠭᠰᠠᠨ ᠥᠬᠡᠶ᠂ ᠡᠷᠡᠭᠦᠦ ᠶᠢᠨ ᠬᠡᠷᠡᠭ ᠤᠨ ᠴᠠᠭᠳᠠᠭᠠᠨ ᠤ ᠪᠠᠶᠢᠳᠠᠯ ᠠᠳᠠᠯᠢ | ᠬᠤᠭᠤᠴᠠᠭᠠᠨ ᠤ ᠬᠢ ᠠᠴᠠ 30.2% ᠢᠶᠠᠷ ᠪᠠᠭᠤᠷᠠᠵᠤ᠂ ᠠᠮᠤᠷ ᠢ ᠬᠠᠮᠠᠭᠠᠯᠠᠬᠤ ᠴᠠᠭᠳᠠᠭᠠᠨ ᠤ ᠪᠠᠶᠢᠳᠠᠯ ᠠᠳᠠᠯᠢ | ᠬᠤᠭᠤᠴᠠᠭᠠᠨ ᠤ ᠬᠢ ᠠᠴᠠ 4.2% ᠪᠠᠷ ᠪᠠᠭᠤᠷᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ | ᠠᠳᠠᠯᠢ ᠬᠤᠭᠤᠴᠠᠭᠠᠨ ᠤ ᠬᠢ ᠠᠴᠠ 49.7% ᠪᠠᠷ ᠪᠠᠭᠤᠷᠠᠵᠤ᠂ ᠠᠷᠠᠳ ᠣᠯᠠᠨ ᠤ ᠠᠮᠤᠷ ᠲᠦᠪᠰᠢᠨ ᠤ | ᠲᠥᠷᠥᠭᠳᠡᠯ ᠨᠠᠩ ᠭᠦᠢᠴᠡᠳ ᠪᠣᠯᠪᠠ᠃ ᠲᠡᠦᠬᠡᠨ ᠠᠴᠠ ᠦᠯᠡᠳᠡᠭᠳᠡᠵᠦ ᠢᠷᠡᠭᠰᠡᠨ ᠭᠤᠣᠯᠳᠠᠯᠭ᠎ᠠ ᠲᠠᠢ ᠠᠰᠠᠭᠤᠳᠠᠯ ᠢ | ᠡᠬᠢᠯᠡᠨ ᠰᠢᠢᠳᠪᠦᠷᠢᠯᠡᠪᠡ᠃ 2014 ᠣᠨ ᠠᠴᠠ ᠨᠠᠰᠢᠬᠢ ᠠᠵᠢᠯ ᠮᠡᠷᠭᠡᠵᠢᠯ ᠤᠨ ᠵᠢᠯ ᠤᠨ ᠮᠥᠩᠭᠦ ᠲᠤᠰᠢᠶᠠᠭᠠᠳᠤᠢ | ᠠᠰᠠᠭᠤᠳᠠᠯ ᠢ ᠰᠢᠢᠳᠪᠦᠷᠢᠯᠡᠬᠦ ᠶᠢ ᠠᠯᠬᠤᠮ ᠬᠤᠪᠢᠶᠠᠨ ᠠᠬᠢᠭᠤᠯᠵᠤ᠂ 2015 ᠣᠨ ᠠᠴᠠ ᠨᠠᠰᠢᠬᠢ ᠪᠸᠢ | ᠯᠢᠶᠠᠩ ᠤᠨ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠲᠥᠪᠬᠢᠨᠡᠭᠦᠯᠬᠦ ᠭᠡᠷ ᠪᠠᠶᠢᠰᠢᠩ ᠤᠨ | ᠥᠮᠴᠢᠯᠡᠯ ᠤᠨ ᠡᠷᠬᠡ ᠶᠢ ᠭᠦᠢᠴᠡᠳᠬᠡᠬᠦ ᠶᠢ ᠪᠦᠬᠦ ᠬᠦᠴᠦᠨ ᠢᠶᠠᠷ ᠠᠬᠢᠭᠤᠯᠵᠤ᠂ 36 ᠲᠦᠷᠦᠯ ᠵᠦᠢᠯ ᠤᠨ | ᠥᠮᠴᠢᠯᠡᠬᠦ ᠡᠷᠬᠡ ᠶᠢᠨ ᠶᠡᠷᠦᠩᠬᠡᠢ ᠦᠨᠡᠮᠯᠡᠯ ᠢ 31 ᠭᠦᠢᠴᠡᠳᠬᠡᠵᠦ᠂ 40464 ᠢᠵᠢ ᠡᠷᠦᠬᠡ ᠬᠤᠪᠢᠶᠠᠨ | ᠥᠮᠴᠢᠯᠡᠬᠦ ᠡᠷᠬᠡ ᠶᠢ ᠨᠢᠭᠡᠨᠲᠡ 11300 ᠢᠵᠢ ᠭᠦᠢᠴᠡᠳᠬᠡᠵᠦ᠂ ᠪᠤᠰᠤᠳ ᠢ ᠨᠢ ᠶᠠᠭ ᠲᠦᠷᠭᠡᠨ ᠠᠬᠢᠭᠤᠯᠵᠤ | ᠪᠠᠶᠢᠨ᠎ᠠ᠃ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠲᠠᠩᠰᠠ ᠲᠠᠶᠢᠯᠬᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠠᠪᠬᠤ ᠬᠢᠷᠢ ᠬᠡᠮ ᠢ ᠭᠡᠷᠡᠴᠢᠯᠡᠬᠦ᠂ | ᠥᠨᠳᠥᠷ ᠨᠠᠰᠤᠨ ᠤ ᠨᠡᠮᠡᠭᠦᠷᠢ ᠮᠥᠩᠭᠦ ᠮᠥᠩᠭᠦ ᠣᠯᠭᠤᠬᠤ ᠵᠡᠷᠭᠡ ᠠᠷᠠᠳ ᠲᠤ ᠲᠥᠬᠦᠮ ᠦᠵᠡᠭᠦᠯᠬᠦ 27 ᠵᠦᠢᠯ ᠤᠨ | ᠥᠨᠳᠥᠷ ᠳᠠᠪᠲᠠᠮᠵᠢᠲᠤ ᠵᠦᠢᠯᠡᠰ ᠢ ᠠᠩᠬ᠎ᠠ ᠤᠳᠠᠭ᠎ᠠ ︽ᠭᠠᠳᠠᠭᠰᠢ ᠭᠠᠷᠤᠮᠠᠭᠴᠠ ᠭᠦᠢᠴᠡᠳᠬᠡᠵᠦ᠂ ᠳᠡᠷᠭᠡᠳᠡ ᠨᠢ | ᠭᠦᠢᠴᠡᠳᠭᠡᠬᠦ︾ ᠶᠢ ᠪᠡᠶᠡᠯᠡᠭᠦᠯᠵᠦ᠂ ᠨᠡᠶᠢᠲᠡ 3.5 ᠲᠦᠮᠡᠨ ᠵᠦᠢᠯ ᠢ ᠭᠦᠢᠴᠡᠳᠬᠡᠵᠦ᠂ ᠠᠵᠢᠯ ᠶᠠᠪᠤᠳᠠᠯ | ᠭᠦᠢᠴᠡᠳᠭᠡᠬᠦ ᠣᠯᠠᠨ ᠲᠦᠮᠡᠨ ᠳᠤ 10 ᠲᠦᠮᠡᠨ ᠬᠥᠮᠦᠨ ︵ᠤᠳᠠᠭ᠎ᠠ︶ ᠳᠤ ᠠᠰᠢᠭ ᠬᠦᠷᠲᠡᠭᠡᠪᠡ᠃ | ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠵᠡᠢ᠄ | ︵ᠨᠢᠭᠡ)᠂ ᠪᠦᠲᠦᠴᠡ ᠶᠢ ᠰᠢᠯᠢᠳᠡᠭᠵᠢᠭᠦᠯᠬᠦ᠂ ᠡᠨᠧᠷᠭᠢ ᠶᠢᠨ ᠳᠡᠰ ᠢ ᠳᠡᠭᠡᠭᠰᠢᠯᠡᠭᠦᠯᠬᠦ᠂ ᠠᠵᠤ ᠦᠢᠯᠡᠰ ᠤᠨ | ᠬᠥᠭᠵᠢᠯᠲᠡ ᠶᠢᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠶᠢ ᠪᠠᠷᠢᠮᠲᠠᠯᠠᠨ᠎ᠠ᠃ ᠠᠵᠤ | ᠦᠢᠯᠡᠳᠪᠦᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠬᠤᠸᠠ ᠶᠦᠨ ᠭᠤᠷᠪᠠᠳᠤᠭᠠᠷ | ᠬᠤᠭᠤᠴᠠᠭᠠᠨ ᠤ 42 ᠲᠦᠮᠡᠨ ᠲᠣᠨ ᠬᠥᠩᠭᠡᠨ ᠬᠠᠶᠢᠯᠤᠰᠢ ᠶᠢᠨ ᠲᠥᠷᠥᠯ ᠵᠦᠢᠯ ᠢ ᠤᠷᠤᠭᠰᠢᠲᠠᠶ ᠠᠵᠢᠯ | ᠡᠬᠢᠯᠡᠭᠦᠯᠦᠨ ᠪᠥᠲᠥᠭᠡᠨ ᠪᠠᠶᠢᠭᠤᠯᠵᠤ᠂ ᠪᠤᠭᠤᠲᠤ ᠶᠢᠨ ᠬᠥᠩᠭᠡᠨ ᠴᠠᠭᠠᠨ ᠤ ᠬᠢᠵᠠᠭᠠᠷᠲᠤ ᠺᠣᠮᠫᠠᠨᠢ 1 ᠲᠦᠮᠡᠨ ᠲᠣᠨ | ᠴᠡᠪᠡᠷ ᠬᠥᠩᠭᠡᠨ ᠴᠠᠭᠠᠨ ᠤ ᠦᠢᠯᠡᠳᠪᠦᠷᠢᠯᠡᠯ ᠤᠨ ᠱᠤᠭᠤᠮ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠣᠭᠤᠯᠤᠨ᠂ ᠴᠡᠪᠡᠷ ᠬᠥᠩᠭᠡᠨ ᠴᠠᠭᠠᠨ ᠤ ᠦᠢᠯᠡᠳᠪᠦᠷᠢᠯᠡᠯ ᠤᠨ ᠴᠢᠳᠠᠪᠤᠷᠢ 6 ᠲᠦᠮᠡᠨ ᠲᠣᠨ ᠳᠤ ᠬᠦᠷᠴᠦ᠂ | ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠨᠢ ᠪᠥᠬᠦ ᠪᠥᠮᠪᠥᠷᠴᠡᠭ ᠤᠨ ᠬᠠᠮᠤᠭ ᠤᠨ ᠲᠣᠮᠣ ᠴᠡᠪᠡᠷ | ᠬᠥᠩᠭᠡᠨ ᠴᠠᠭᠠᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠳᠤᠮᠳᠠ ᠬᠥᠩᠭᠡᠨ ᠴᠠᠭᠠᠨ ᠤ ᠲᠤᠭ ᠳᠣᠣᠷᠠᠬᠢ | ᠬᠠᠮᠤᠭ ᠤᠨ ᠲᠣᠮᠣ ᠬᠥᠩᠭᠡᠨ ᠴᠠᠭᠠᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠪᠠ᠃ ᠪᠦᠬᠦ ᠵᠢᠯ ᠳᠤ ᠠᠵᠤ | ᠦᠢᠯᠡᠳᠪᠦᠷᠢ ᠶᠢᠨ ᠲᠦᠷᠦᠯ ᠵᠦᠢᠯ ᠤᠨ ᠪᠡᠯᠡ ᠣᠷᠣᠭᠤᠯᠤᠯᠲᠠ ᠶᠢ 28 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 47% ᠪᠠᠷ ᠨᠡᠮᠡᠭᠳᠡᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ | ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠨᠢ 50% ᠳᠤ ᠬᠦᠷᠴᠡᠢ᠃ ᠦᠢᠯᠡᠴᠢᠯᠡᠭᠡᠨ ᠤ ᠦᠢᠯᠡᠰ | ᠰᠠᠶᠢᠨ ᠬᠠᠨᠳᠤᠰᠢ ᠲᠠᠢ ᠪᠣᠯᠵᠤ᠂ ᠪᠡᠭᠡᠵᠢᠩ ᠲᠢᠶᠠᠨᠵᠢᠨ ᠾᠧᠪᠧᠢ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠶᠢ | ᠲᠠᠨᠢᠯᠴᠠᠭᠤᠯᠬᠤ ᠪᠠ ᠰᠣᠯᠢᠯᠴᠠᠬᠤ ᠬᠤᠷᠠᠯ ᠢ ᠠᠮᠵᠢᠯᠲᠠ ᠲᠠᠢ ᠡᠷᠬᠢᠯᠡᠵᠦ᠂ ᠠᠷᠠᠯᠵᠢᠶ᠎ᠠ ᠬᠤᠳᠠᠯᠳᠤᠭᠠᠨ ᠤ ᠠᠵᠤ | ᠠᠬᠤᠶᠢᠯᠠᠯ ᠤᠨ ᠡᠯ᠎ᠡ ᠲᠥᠷᠥᠯ ᠤᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠶᠢ ᠳᠡᠮᠵᠢᠨ | ᠬᠥᠲᠥᠯᠥᠨ ᠵᠢᠯᠣᠭᠤᠳᠴᠤ᠂ ᠬᠡᠷᠡᠭᠯᠡᠭᠡᠨ ᠤ ᠨᠡᠮᠡᠭᠳᠡᠯ ᠢ 1.82 ᠳ᠋ᠦᠩᠰᠢᠭᠤᠷ ᠲᠥᠭᠦᠷᠢᠭ ᠳᠠᠶᠢᠴᠢᠯᠠᠵᠤ᠂ | ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠥᠷᠲᠡᠭ ᠢ 8. | 13 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠦᠬᠦ ᠵᠢᠯ ᠤᠨ ᠡᠭᠦᠷᠭᠡ ᠪᠠᠨ 107% ᠪᠠᠷ ᠪᠡᠶᠡᠯᠡᠭᠦᠯᠪᠡ᠃ | ᠪᠤᠭᠤᠲᠤ ᠶᠢᠨ ᠬᠥᠮᠦᠨ ᠤ ᠬᠦᠴᠦᠨ ᠤ ᠬᠥᠷᠥᠩᠭᠡ ᠶᠢᠨ ᠠᠵᠤ ᠦᠢᠯᠡᠰ ᠤᠨ ᠬᠦᠷᠢᠶᠡᠯᠡᠩ ᠨᠢ ᠪᠤᠭᠤᠲᠤ ᠬᠤᠲᠠ ᠶᠢᠨ | ᠠᠩᠬᠠᠳᠠᠭᠴᠢ ᠬᠤᠲᠠ ᠶᠢᠨ ᠳᠡᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ | ᠦᠢᠯᠡᠰ ᠤᠨ ᠬᠦᠷᠢᠶᠡᠯᠡᠩ ᠢᠶᠠᠷ ᠦᠨᠡᠯᠡᠭᠳᠡᠵᠦ᠂ ᠠᠷᠪᠠᠨ ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ | ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠲᠦᠷᠦᠭᠦᠴᠦᠳ ᠤᠨ ᠶᠠᠷᠢᠶᠠᠨ ᠤ | ᠲᠠᠪᠴᠠᠩ ᠳᠤ ︽ᠠᠮᠢᠵᠢᠷᠠᠯ ᠤᠨ ᠬᠦᠴᠦᠨ ᠲᠠᠢ ᠠᠵᠤ ᠦᠢᠯᠡᠰ ᠤᠨ ᠬᠦᠷᠢᠶᠡᠯᠡᠩ ᠤᠨ ᠱᠠᠩᠨᠠᠯ︾ ᠣᠯᠭᠤᠪᠠ᠃ | ᠵᠢᠱᠢᠯᠲᠡ ᠪᠠᠷ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠢᠯ ᠲᠥᠷᠥᠯ ᠤᠨ ᠡᠵᠡᠩᠨᠡᠯᠲᠡ ᠶᠢᠨ | ᠣᠷᠣᠯᠭ᠎ᠠ 8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 56.9% ᠪᠠᠷ | ᠨᠡᠮᠡᠭᠳᠡᠨ᠂ ᠭᠠᠶᠢᠯᠢ ᠲᠠᠲᠠᠪᠤᠷᠢ 350 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8. | 6% ᠪᠠᠷ ᠨᠡᠮᠡᠭᠳᠡᠪᠡ᠃ ᠣᠲᠣ ᠦᠶ᠎ᠡ ᠶᠢᠨ ᠲᠠᠷᠢᠶᠠᠯᠠᠩ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠶᠢᠵᠤ᠂ 1. | 8 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ 5 ᠲᠦᠮᠡᠨ ᠮᠥ ᠳᠤ | ᠬᠦᠷᠦᠭᠦᠯᠵᠦ᠂ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠬᠤᠯᠢᠯᠳᠤᠭᠤᠯᠤᠨ ᠳᠠᠷᠢᠬᠤ ᠶᠢ ᠵᠢᠱᠢᠶ᠎ᠡ | ᠦᠵᠡᠭᠦᠯᠦᠨ ᠳᠡᠯᠭᠡᠷᠡᠭᠦᠯᠵᠦ᠂ ᠠᠮᠤ ᠪᠤᠳᠠᠭ᠎ᠠ ᠳᠠᠷᠢᠬᠤ ᠲᠠᠯᠠᠪᠠᠶ 10.4 ᠲᠦᠮᠡᠨ ᠮᠥ ᠳᠤ ᠬᠦᠷᠴᠦ᠂ ᠤᠨᠠᠯᠲᠠ ᠶᠢ | 1.5 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠪᠠ᠃ ᠪᠡᠯᠡᠳᠭᠡᠮᠵᠢᠳᠤ ᠲᠠᠷᠢᠶᠠᠯᠠᠩ ᠤᠨ ᠲᠠᠯᠠᠪᠠᠶ ᠶᠢ | 3.5 ᠲᠦᠮᠡᠨ ᠮᠥ ᠳᠤ ᠬᠦᠷᠦᠭᠦᠯᠵᠦ᠂ ᠵᠢᠯ ᠳᠤ 6.5 ᠲᠦᠮᠡᠨ ᠮᠥ ᠢᠳᠡᠰᠢᠨ ᠨᠣᠭᠤᠭ᠎ᠠ ᠳᠠᠷᠢᠬᠤ ᠲᠠᠯᠠᠪᠠᠶ ᠶᠢ 6. | 5 ᠲᠦᠮᠡᠨ ᠮᠥ᠂ ᠤᠨᠠᠯᠲᠠ ᠶᠢ 45 ᠲᠦᠮᠡᠨ ᠲᠣᠨ ᠳᠤ ᠬᠦᠷᠦᠭᠦᠯᠵᠦ᠂ ᠪᠥᠬᠦ ᠬᠤᠲᠠ ᠳᠤ ᠲᠡᠷᠢᠭᠦᠯᠡᠪᠡ᠃ | ᠤᠯᠤᠰ ᠤᠨ ᠪᠣᠬᠢᠷᠲᠤᠯ ᠥᠬᠡᠶ ᠢᠳᠡᠭᠡᠨ ᠤ ᠭᠡᠷᠡᠴᠢᠯᠡᠯ ᠢ 4 ᠰᠢᠨ᠎ᠡ ᠪᠠᠷ ᠨᠡᠮᠡᠭᠳᠡᠭᠦᠯᠵᠦ᠂ ᠤᠯᠤᠰ ᠤᠨ ᠨᠠᠷᠠᠲᠤ | ᠰᠢᠯᠢᠳᠡᠭ ᠣᠨᠴᠠ ᠰᠢᠨ᠎ᠡ ᠲᠠᠷᠢᠶᠠᠯᠠᠩ ᠤᠨ ᠪᠦᠲᠦᠭᠡᠭᠳᠡᠬᠦᠨ᠂ ᠭᠠᠵᠠᠷ ᠵᠦᠶ ᠶᠢᠨ ᠲᠡᠮᠳᠡᠭᠲᠦ ᠪᠦᠲᠦᠭᠡᠭᠳᠡᠬᠦᠨ᠂ ︽ | ᠬᠤᠶᠠᠷ ᠪᠦᠲᠦᠭᠡᠭᠳᠡᠬᠦᠨ ᠨᠢᠭᠡ ᠲᠡᠮᠳᠡᠭ︾᠂ ᠪᠣᠬᠢᠷᠲᠤᠯ ᠥᠬᠡᠶ ᠢᠳᠡᠭᠡᠨ ᠢ 42 ᠪᠣᠯᠭᠠᠪᠠ᠃ ᠪᠤᠭᠤᠲᠤ | ᠬᠤᠲᠠ ᠶᠢᠨ ᠠᠩᠬᠠᠳᠤᠭᠠᠷ ᠬᠤᠭᠤᠴᠠᠭᠠᠨ ᠤ ︽ᠴᠢᠬᠢ ᠰᠠᠭᠤᠯᠭᠠᠬᠤ ᠪᠠᠶᠠᠷ︾ ᠢ ᠠᠮᠵᠢᠯᠲᠠ ᠲᠠᠢ ᠡᠷᠭᠢᠯᠡᠵᠦ᠂ ︽ | ᠤᠯᠠᠭᠠᠨ ᠲᠦᠪᠡᠳ ᠭᠤᠤᠯ · ᠨᠣᠭᠤᠭᠠᠨ ᠢᠳᠡᠰᠢᠨ ᠨᠣᠭᠤᠭ᠎ᠠ ᠳ᠋ᠦᠩ ᠾᠧ︾ ᠶᠢᠨ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠨᠡᠶᠢᠲᠡᠯᠡᠵᠦ᠂ ᠮᠧᠩ ᡁᠢ ᠶᠤᠸᠠᠨ᠂ ᠬᠠᠶᠢᠳᠠᠢ ᠰᠠᠷᠢᠮᠰᠠᠭ ᠵᠡᠷᠭᠡ | ᠠᠷᠪᠠᠨ ᠶᠡᠭᠡ ᠰᠦᠯᠵᠢᠶᠡᠨ ᠤ ᠤᠯᠠᠭᠠᠨ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠢ ᠭᠠᠷᠭᠠᠪᠠ᠃ ᠮᠠᠯ ᠠᠵᠤ | ᠠᠬᠤᠢ ᠳᠣᠭᠲᠠᠭᠤᠨ ᠠᠬᠢᠵᠤ᠂ ᠪᠦᠬᠦ ᠣᠷᠣᠨ ᠤ ᠮᠠᠯ ᠤᠨᠤᠭ᠎ᠠ ᠶᠢ ᠬᠠᠳᠠᠭᠠᠯᠠᠨ ᠭᠠᠷᠭᠠᠭᠰᠠᠨ᠂ ᠭᠠᠷᠭᠠᠯᠲᠠ ᠨᠢ | ᠲᠤᠰ ᠲᠤᠰ 14.84 ᠲᠦᠮᠡᠨ ᠲᠤᠯᠤᠭᠠᠢ᠂ 15.7 ᠲᠦᠮᠡᠨ ᠲᠤᠯᠤᠭᠠᠢ ᠬᠦᠷᠴᠡᠢ᠂ ᠲᠤᠰ ᠲᠤᠰ 22% ᠪᠠ | 19% ᠨᠡᠮᠡᠭᠳᠡᠪᠡ᠃ | ︵ᠬᠤᠶᠠᠷ )᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠴᠢᠨ ᠲᠣᠭᠤᠷᠢᠨ ᠢ ᠰᠢᠯᠢᠳᠡᠭᠵᠢᠭᠦᠯᠵᠦ᠂ | ᠬᠥᠭᠵᠢᠯᠲᠡ ᠶᠢᠨ ᠬᠥᠳᠡᠯᠭᠡᠬᠦ ᠬᠦᠴᠦᠨ ᠨᠡᠩ ᠴᠢᠩᠭ᠎ᠠ ᠪᠣᠯᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ | ᠦᠷᠭᠦᠯᠵᠢᠯᠡᠨ ᠰᠢᠯᠢᠳᠡᠭᠵᠢᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ | ᠠᠬᠢᠭᠤᠯᠵᠤ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ 114 ᠵᠦᠢᠯ ᠤᠨ ᠲᠥᠪᠯᠡᠷᠡᠭᠦᠯᠦᠨ | ᠦᠢᠯᠡᠴᠢᠯᠡᠭᠡ ᠭᠠᠷᠭᠠᠵᠤ᠂ ᠳᠡᠭᠡᠷ᠎ᠡ ᠵᠢᠯ ᠤᠨ ᠬᠢ ᠠᠴᠠ 31 ᠵᠦᠢᠯ ᠨᠡᠮᠡᠭᠳᠡᠪᠡ᠃ 12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠨᠢ ᠠᠷᠠᠳ ᠲᠦᠮᠡᠨ ᠳᠤ | ᠨᠡᠶᠢᠲᠡ 2.9 ᠲᠦᠮᠡᠨ ᠬᠤᠪᠢ ︵ᠤᠳᠠᠭ᠎ᠠ︶ ᠳᠤ ᠦᠢᠯᠡᠴᠢᠯᠡᠪᠡ᠃ ᠣᠷᠴᠢᠨ ᠲᠣᠭᠤᠷᠢᠨ ᠤ ᠠᠷᠢᠭᠤᠨ ᠴᠡᠪᠡᠷ ᠢ | ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠳᠤ ᠰᠢᠨ᠎ᠡ ᠶᠢ ᠡᠭᠦᠳᠦᠨ ᠠᠬᠢᠭᠤᠯᠵᠤ᠂ ᠥᠭᠡᠷᠡᠴᠢᠯᠡᠯᠲᠡ ᠶᠢ ᠠᠬᠢᠭᠤᠯᠬᠤ | ᠪᠠ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ᠂ ᠬᠤᠭ ᠨᠣᠪᠰᠢ ᠶᠢ ᠪᠦᠬᠦ ᠶᠠᠪᠤᠴᠠ ᠳᠤ | ᠬᠤᠣᠷ ᠦᠭᠡᠶᠢᠵᠢᠬᠦᠯᠦᠨ ᠰᠢᠢᠳᠪᠦᠷᠢᠯᠡᠵᠦ ᠤᠯᠠᠨ ᠲᠠᠯ᠎ᠠ ᠪᠠᠷ ᠠᠰᠢᠭ ᠣᠯᠬᠤ ᠶᠢ ᠪᠡᠶᠡᠯᠡᠭᠦᠯᠦᠨ᠎ᠡ᠃ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠢᠯᠡᠳᠲᠡ ᠴᠢᠩᠭᠠᠷᠠᠭᠤᠯᠵᠤ᠂ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠦᠨᠳᠦᠰᠦᠨ ᠳᠤ ᠪᠠᠨ | ᠪᠡᠶᠡᠯᠡᠭᠦᠯᠵᠦ᠂ ᠣᠷᠣᠨ ᠤ ᠬᠠᠷᠢᠶ᠎ᠠ ᠪᠦᠬᠦᠢ 60 ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ 3 ᠠᠵᠤ | ᠠᠬᠤᠶᠢᠯᠠᠯ ᠤᠨ ᠪᠦᠯᠦᠭᠯᠡᠯ ᠪᠣᠯᠭᠠᠵᠤ᠂ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠪᠣᠳᠠᠲᠤ ᠴᠣᠭᠴᠠᠵᠢᠭᠰᠠᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠪᠠ᠃ ᠪᠸᠢ ᠴᠧᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ︽ᠰᠢᠨ᠎ᠡ ᠭᠤᠷᠪᠠᠳᠤᠭᠠᠷ ᠰᠠᠮᠪᠠᠷ᠎ᠠ︾ ᠳᠤ | ᠠᠮᠵᠢᠯᠲᠠ ᠲᠠᠢ ᠪᠠᠷ ᠫᠠᠶᠢᠰᠠ ᠡᠯᠭᠦᠵᠦ᠂ ᠠᠯᠲᠠᠨ ᠪᠤᠭᠤ ᠶᠢᠨ ᠥᠭᠡᠬᠦ ︽ᠳᠤᠮᠳᠠᠳᠤ ᠤᠯᠤᠰ ᠤᠨ ᠢᠳᠡᠭᠡᠨ ᠤ ᠲᠣᠰᠣ | ᠡᠳ᠋ᠰᠢᠭᠦᠯᠬᠦ ᠠᠵᠤ ᠠᠬᠤᠶᠢᠯᠠᠯ ᠤᠨ 50 ᠬᠦᠴᠦᠷᠬᠡᠭ︾ ︽ᠳᠤᠮᠳᠠᠳᠤ ᠤᠯᠤᠰ ᠤᠨ ᠨᠡᠷᠡᠨ ᠬᠤᠸᠠᠷ ᠤᠨ ᠦᠷ᠎ᠡ ᠶᠢᠨ | ᠲᠣᠰᠣ ᠡᠳ᠋ᠰᠢᠭᠦᠯᠬᠦ ᠠᠵᠤ ᠠᠬᠤᠶᠢᠯᠠᠯ ᠤᠨ 10 ᠬᠦᠴᠦᠷᠬᠡᠭ︾ ᠨᠡᠷᠡᠰ ᠲᠤ ᠵᠢᠭᠰᠠᠭᠠᠭᠳᠠᠵᠤ᠂ ᠯᠦ ᠸᠠᠩ ᠢᠮᠠᠭᠠᠨ | ᠨᠣᠯᠤᠤᠷ ᠨᠢ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠥᠬᠦ ᠤᠯᠤᠰ ᠤᠨ ᠪᠠᠷᠢᠮᠵᠢᠶ᠎ᠠ ᠪᠠᠷ ᠰᠣᠩᠭᠤᠭᠳᠠᠭᠰᠠᠨ | ︽ᠳᠠᠭᠠᠭᠤᠯᠤᠭᠴᠢ︾ ᠶᠢᠨ ᠨᠡᠷᠡᠰ ᠤᠨ ᠵᠢᠭᠰᠠᠭᠠᠯᠲᠠ ᠶᠢᠨ ᠠᠵᠤ ᠠᠬᠤᠶᠢᠯᠠᠯ ᠪᠣᠯᠵᠣ᠂ 2 ᠠᠵᠤ ᠠᠬᠤᠶᠢᠯᠠᠯ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠠᠭ᠎ᠠ ᠶᠢᠨ ᠪᠠᠯᠠ ᠲᠣᠬᠢᠷᠠᠭᠤᠯᠭ᠎ᠠ ᠶᠢᠨ ᠵᠢᠭᠡᠯᠡᠯᠭᠡ | 4600 ᠲᠦᠮᠡᠨ ᠲᠥᠭᠦᠷᠢᠭ ᠭᠥᠷᠳᠡᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ | ᠶᠡᠬᠡᠪᠡᠷ ᠪᠤᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠦᠢᠯᠡᠰ ︵ᠬᠦᠷᠢᠶᠡᠯᠡᠩ | ᠲᠣᠭᠤᠷᠢᠭ︶ ᠢ ᠣᠯᠬᠤ ᠪᠠᠷ ᠴᠢᠷᠮᠠᠶᠢᠨ᠎ᠠ᠃︶ ᠲᠤᠰᠬᠠᠶ ᠪᠡᠯᠡ ᠮᠥᠩᠭᠦ ᠵᠢᠴᠢ ᠡᠯ᠎ᠡ ᠲᠥᠷᠥᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠱᠠᠩᠨᠠᠯ ᠨᠥᠬᠦᠪᠥᠷᠢ ᠶᠢᠨ ᠪᠡᠯᠡ ᠮᠥᠩᠭᠦ 1636 ᠲᠦᠮᠡᠨ ᠲᠥᠭᠦᠷᠢᠭ ᠰᠢᠨ᠎ᠡ ᠪᠠᠷ | ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 5 ᠰᠢᠨ᠎ᠡ ᠪᠠᠷ ᠨᠡᠮᠡᠭᠳᠡᠭᠦᠯᠵᠦ᠂ ᠥᠪᠡᠷᠲᠡᠭᠡᠨ | ᠵᠠᠰᠠᠬᠤ ᠣᠷᠣᠨ ᠤ ︽ᠲᠤᠰᠬᠠᠶ ᠨᠠᠷᠢᠯᠢᠭ ᠣᠨᠴᠠ ᠰᠢᠨ᠎ᠡ︾᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ᠂ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ ᠲᠥᠪ 12 ᠡᠷᠦᠬᠡ | ᠪᠠᠶᠢᠵᠤ᠂ ᠪᠤᠭᠤᠲᠤ ᠶᠢᠨ ᠬᠥᠩᠭᠡᠨ ᠴᠠᠭᠠᠨ 5N ᠳᠡᠰ ᠠᠴᠠ ᠳᠡᠭᠡᠭᠰᠢᠬᠢ ᠴᠡᠪᠡᠷ ᠬᠥᠩᠭᠡᠨ ᠴᠠᠭᠠᠨ ᠤ ᠮᠡᠷᠭᠡᠵᠢᠯ ᠤᠨ | ᠪᠣᠭᠤᠮᠢ ᠶᠢ ᠰᠢᠪᠲᠤᠯᠵᠤ᠂ ᠨᠢᠭᠡ ᠯᠡ ᠳᠡᠭᠡᠷ᠎ᠡ ︽ᠪᠣᠭᠤᠮᠢ︾ ᠶᠢᠨ ᠬᠦᠴᠢᠷ ᠠᠰᠠᠭᠤᠳᠠᠯ ᠢ ᠰᠢᠢᠳᠪᠦᠷᠢᠯᠡᠪᠡ᠃ ︽ | ᠲᠠᠪᠤ ᠶᠢ ᠲᠦᠢᠯᠪᠤᠷᠢᠲᠠᠢ ᠪᠠᠶᠢᠴᠠᠭᠠᠬᠤ︾ ᠡᠭᠦᠷᠭᠡ ᠶᠢ ᠪᠦᠬᠦᠨ ᠢ ᠪᠡᠶᠡᠯᠡᠭᠦᠯᠵᠦ᠂ ᠵᠥᠪᠰᠢᠶᠡᠷᠡᠯ ᠬᠦᠯᠢᠶᠡᠵᠦ ᠪᠠᠶᠢᠭ᠎ᠠ | 82 ᠲᠥᠷᠥᠯ ᠵᠦᠶ᠋ᠯ ᠤᠨ ᠭᠠᠷᠳᠠᠮ ᠢ ᠪᠦᠬᠦᠨ ᠢ ᠭᠦᠶ᠋ᠴᠡᠳᠬᠡᠵᠦ᠂ 209.73 ᠾᠧᠺᠲ᠋ᠠᠷ ᠭᠠᠵᠠᠷ ᠰᠢᠷᠣᠶ ᠶᠢ | ᠠᠮᠢᠳᠤᠯᠢᠭᠵᠢᠭᠤᠯᠤᠨ ᠠᠰᠢᠭᠯᠠᠵᠤ᠂ ᠪᠡᠶᠡᠯᠡᠭᠦᠯᠦᠭᠰᠡᠨ ᠨᠣᠷᠮ᠎ᠠ ᠨᠢ 113.6% ᠪᠣᠯᠪᠠ᠃ | ︵ᠭᠤᠷᠪᠠ︶ ᠡᠭᠦᠷᠭᠡ ᠴᠢᠳᠠᠪᠬᠢ ᠪᠠᠨ ᠲᠡᠭᠦᠯᠳᠡᠷᠵᠢᠭᠦᠯᠬᠦ᠂ ᠨᠠᠷᠢᠯᠢᠭ ᠬᠠᠮᠢᠶᠠᠷᠬᠤ ᠶᠢ ᠪᠠᠷᠢᠮᠲᠠᠯᠠᠵᠤ᠂ ᠬᠤᠲᠠ | ᠬᠥᠳᠡᠭᠡ ᠶᠢᠨ ᠳᠦᠷᠰᠦ ᠪᠠᠶᠢᠳᠠᠯ ᠢ ᠳᠡᠭᠡᠭᠰᠢᠯᠡᠭᠦᠯᠦᠨ ᠰᠢᠨ᠎ᠡ ᠶᠢ ᠡᠭᠦᠳᠬᠦ ᠶᠢ ᠪᠠᠷᠢᠮᠲᠠᠯᠠᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠲᠣᠭᠤᠷᠢᠭ ᠤᠨ ᠳᠣᠲᠣᠷ᠎ᠠ ᠬᠠᠮᠤᠭ ᠲᠡᠷᠢᠭᠦᠨ ᠳᠤ ᠬᠤᠲᠠ ᠶᠢᠨ | ᠰᠢᠨᠡᠴᠢᠯᠡᠯᠲᠡ ᠶᠢ ᠡᠬᠢᠯᠡᠭᠦᠯᠵᠦ᠂ ᠲᠡᠮᠦᠷ ᠵᠠᠮ ᠤᠨ ᠪᠠᠷᠠᠭᠤᠨ᠂ ᠡᠮᠦᠨ᠎ᠡ ᠨᠦᠬᠡ᠂ ᠵᠡᠭᠦᠨ ᠥᠷᠲᠡᠭᠡ᠂ ᠡᠾᠧ ᠫᠢᠩ | ᠵᠠᠮ ᠤᠨ ᠵᠡᠭᠡᠯᠢ ᠭᠤᠳᠤᠮᠵᠢ ᠶᠢᠨ 4 ᠰᠢᠨᠡᠳᠭᠡᠭᠰᠡᠨ ᠨᠢᠭᠡᠴᠡ ᠶᠢᠨ 45 ᠵᠢᠵᠢᠭ ᠲᠣᠭᠤᠷᠢᠭ ᠤᠨ ᠰᠠᠭᠤᠷᠢ | ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠦᠨ᠎ᠡ᠃ 208 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ | 349.95 ᠲᠦᠮᠡᠨ ᠲᠡᠭᠰᠢ ᠳᠥᠷᠪᠡᠯᠵᠢᠨ ᠮᠧᠳ᠋ᠷ ᠦᠭᠡᠷᠡᠴᠢᠯᠡᠵᠦ᠂ 13747 ᠰᠡᠷᠢᠭᠦᠨ ᠭᠡᠷ᠂ 8 ᠲᠦᠮᠡ ᠭᠠᠷᠤᠶ | ᠲᠡᠭᠰᠢ ᠳᠥᠷᠪᠡᠯᠵᠢᠨ ᠮᠧᠳ᠋ᠷ ᠰᠡᠷᠢᠭᠦᠨ ᠭᠡᠷ ᠢ ᠨᠤᠷᠠᠭᠠᠵᠤ᠂ ᠢᠯᠴᠢ ᠬᠠᠩᠭᠠᠬᠤ᠂ ᠬᠡᠢ ᠬᠠᠩᠭᠠᠬᠤ᠂ ᠪᠣᠷᠣᠭᠠᠨ ᠤ | ᠪᠣᠬᠢᠷ ᠬᠤᠭᠤᠯᠠᠶ ᠶᠢᠨ ᠲᠣᠤᠷ ᠢ 150 ᠺᠢᠯᠣᠮᠧᠳ᠋ᠷ ᠥᠭᠡᠷᠡᠴᠢᠯᠡᠵᠦ᠂ 95 ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ | ᠱᠣᠩ᠂ 1080 ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ | ᠰᠢᠨ᠎ᠡ ᠪᠠᠷ ᠨᠡᠮᠡᠭᠳᠡᠭᠦᠯᠵᠦ᠂ 4.3 ᠲᠦᠮᠡᠨ ᠡᠷᠦᠬᠡ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠬᠠᠭᠤᠴᠢᠨ | ᠳᠦᠷᠰᠦ ᠪᠠᠶᠢᠳᠠᠯ ᠢ ᠰᠢᠨ᠎ᠡ ᠳᠦᠷᠰᠦ ᠪᠠᠶᠢᠳᠠᠯ ᠲᠠᠢ ᠪᠣᠯᠭᠠᠪᠠ᠃ ︽ᠬᠤᠲᠠ ᠶᠢᠨ ᠪᠡᠶ᠎ᠡ ᠶᠢᠨ ᠪᠠᠶᠢᠴᠠᠭᠠᠯᠲᠠ︾ ᠶᠢᠨ | ᠦᠷ᠎ᠡ ᠪᠦᠲᠦᠭᠡᠯ ᠢ ᠶᠡᠷᠦᠩᠬᠡᠶᠢᠯᠡᠨ ᠬᠡᠷᠡᠭᠯᠡᠵᠦ᠂ ᠪᠣᠷᠣᠭᠠᠨ ᠤ ᠪᠣᠬᠢᠷ ᠤᠰᠤ ᠶᠢ ᠬᠤᠯᠢᠯᠳᠤᠭᠤᠯᠤᠨ ᠵᠠᠯᠭᠠᠬᠤ ᠴᠡᠭ ᠢ | 88 ᠪᠠᠶᠢᠭᠤᠯᠵᠤ᠂ ᠵᠠᠮ ᠤᠨ ᠳ᠋ᠧᠩ ᠢ 1666 ᠰᠠᠭᠤᠷᠢ ᠰᠡᠯᠪᠢᠨ ᠵᠠᠰᠠᠪᠠ᠃ ᠠᠷᠠᠳ ᠤᠨ ᠴᠡᠴᠡᠷᠯᠢᠭ ᠤᠨ | ᠦᠵᠡᠮᠵᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠵᠦ᠂ 40 | ᠪᠡᠶ᠎ᠡ ᠶᠢᠨ ᠲᠠᠮᠢᠷ ᠤᠨ ᠰᠡᠯᠡᠭᠦᠴᠡᠯ ᠤᠨ ᠲᠠᠯᠠᠪᠤᠷ ᠭᠠᠵᠠᠷ᠂ 30 ᠬᠠᠷᠮᠠᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ 1. | 7 ᠲᠦᠮᠡᠨ ᠲᠡᠭᠰᠢ ᠳᠥᠷᠪᠡᠯᠵᠢᠨ ᠮᠧᠳ᠋ᠷ ᠤᠨ ᠨᠣᠭᠤᠭᠠᠨ ᠬᠥᠷᠥᠰᠥ ᠶᠢ ᠰᠢᠨ᠎ᠡ ᠪᠠᠷ ᠨᠡᠮᠡᠭᠳᠡᠭᠦᠯᠦᠨ᠂ ᠬᠤᠲᠠ ᠶᠢᠨ | ᠠᠷᠠᠳ ᠤᠨ ᠰᠡᠯᠡᠭᠦᠴᠡᠯ ᠪᠡᠶ᠎ᠡ ᠴᠢᠭᠢᠷᠠᠭᠵᠢᠭᠤᠯᠤᠯᠲᠠ ᠶᠢᠨ ᠰᠠᠶᠢᠨ ᠭᠠᠵᠠᠷ ᠪᠣᠯᠭᠠᠨ᠎ᠠ᠃ ︽ᠬᠤᠸᠠᠷ ᠬᠠᠳᠬᠤᠬᠤ︾ | ᠡᠷᠳᠡᠮ ᠢᠶᠠᠷ ᠬᠤᠲᠠ ᠶᠢ ᠬᠠᠮᠢᠶᠠᠷᠴᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ | ᠠᠷᠪᠠᠨ ᠶᠡᠭᠡ ᠪᠣᠭᠤᠮᠲᠠ ᠰᠢᠪᠲᠤᠯᠬᠤ︾ ᠠᠵᠢᠯᠯᠠᠭ᠎ᠠ ᠶᠢ ᠬᠡᠷᠡᠭᠵᠢᠭᠦᠯᠵᠦ᠂ 1.8 ᠲᠦᠮᠡᠨ ᠲᠡᠭᠰᠢ ᠳᠥᠷᠪᠡᠯᠵᠢᠨ | ᠮᠧᠳ᠋ᠷ᠂ ᠲᠠᠭᠲᠠᠭ᠎ᠠ ᠶᠢᠨ ᠰᠠᠷᠠᠪᠴᠢ ᠶᠢ 303 ᠨᠤᠷᠠᠭᠠᠵᠤ᠂ 60 ᠵᠤᠷᠪᠤᠰ ᠵᠡᠭᠡᠯᠢ ᠶᠢᠨ ᠵᠢᠵᠢᠭ ᠭᠤᠳᠤᠮᠵᠢ ᠶᠢ | ᠴᠡᠭᠴᠡᠯᠡᠨ ᠵᠠᠰᠠᠵᠤ᠂ 1.4 ᠲᠦᠮᠡᠨ ᠲᠡᠷᠭᠡᠨ ᠵᠣᠭᠰᠣᠭᠠᠯ ᠢ ᠵᠢᠷᠤᠵᠤ᠂ ᠪᠥᠬᠦ ᠤᠯᠤᠰ ᠤᠨ ᠪᠣᠯᠪᠠᠰᠤᠨ ᠬᠤᠲᠠ᠂ | ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠶᠢᠩᠭᠤᠵᠢᠭᠤᠯᠤᠨ | ᠪᠠᠬᠢᠵᠢᠭᠦᠯᠪᠡ᠃ ᠭᠤᠤ ᠶᠠᠨ ᠵᠢᠩ᠂ ᠥᠨᠳᠥᠷ ᠪᠠᠷᠢᠮᠵᠢᠶ᠎ᠠ ᠪᠠᠷ ᠣᠯᠠᠨ ᠨᠡᠶᠢᠲᠡ ᠶᠢᠨ ᠠᠷᠢᠭᠤᠨ ᠴᠡᠪᠡᠷ ᠤᠨ | ᠲᠠᠰᠤᠯᠭ᠎ᠠ ᠶᠢ ᠰᠢᠨ᠎ᠡ ᠪᠠᠷ 47 ᠪᠠᠶᠢᠭᠤᠯᠵᠤ᠂ ᠥᠭᠡᠷᠡᠴᠢᠯᠡᠨ ᠪᠠᠶᠢᠭᠤᠯᠵᠤ᠂ ᠥᠩᠭᠡ ᠪᠤᠳᠤᠭ ᠲᠠᠢ ᠬᠤᠲᠠ ᠶᠢᠨ | ᠵᠡᠭᠡᠯᠢ ᠶᠢᠨ ᠦᠵᠡᠮᠵᠢ ᠶᠢ ᠨᠡᠮᠡᠭᠳᠡᠭᠦᠯᠵᠡᠢ᠃ ᠨᠡᠶᠢᠭᠡᠮ ᠤᠨ ᠣᠷᠣᠯᠴᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ︽ | ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠵᠢᠱᠢᠶ᠎ᠡ ᠦᠵᠡᠭᠦᠯᠬᠦ ᠨᠢᠭᠡᠴᠡ ᠶᠢ 5000 ᠭᠠᠷᠤᠢ ᠡᠭᠦᠳᠦᠨ | ᠪᠠᠶᠢᠭᠤᠯᠪᠠ᠃ ︽ᠯᠦ ᠴᠧᠩ ᠬᠠᠮᠢᠶᠠᠷᠤᠭᠴᠢ︾ ᠵᠡᠭᠡᠯᠢ ᠶᠢᠨ ᠳᠠᠷᠤᠭ᠎ᠠ ᠶᠢᠨ ᠳᠦᠷᠢᠮ ᠤᠨ ᠣᠶᠤᠨᠴᠢ | ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ 8 ᠰᠠᠷ᠎ᠠ ᠳᠤ ᠠᠵᠢᠯᠯᠠᠭᠰᠠᠨ ᠠᠴᠠ ᠨᠠᠰᠢ 4 ᠰᠠᠷ᠎ᠠ ᠳᠠᠷᠠᠭᠠᠯᠠᠨ | ᠪᠦᠬᠦ ᠬᠤᠲᠠ ᠶᠢᠨ ᠡᠮᠦᠨ᠎ᠡ ᠭᠤᠷᠪᠠ ᠳᠤ ᠣᠷᠣᠪᠠ᠃ ᠠᠳᠠᠯ ᠠᠬᠤᠶ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ | ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠲᠥᠯᠥᠪᠯᠡᠭᠡ ᠶᠢ ᠯᠠᠪᠳᠠᠭᠤᠨ ᠪᠠᠲᠤᠲᠠᠶ ᠠᠬᠢᠭᠤᠯᠵᠤ᠂ 524 | ᠣᠷᠣᠨ ᠰᠠᠭᠤᠴᠠ ᠶᠢᠨ ᠵᠢᠵᠢᠭ ᠲᠣᠭᠤᠷᠢᠭ ᠢ 316 ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠪᠦᠰᠡ | ᠪᠣᠯᠭᠠᠨ ᠡᠮᠬᠢᠯᠡᠨ ᠨᠡᠶᠢᠯᠡᠭᠦᠯᠵᠦ᠂ ᠥᠮᠴᠢᠲᠡᠨ ᠤ ᠵᠥᠪᠯᠡᠯ ᠤᠨ 214᠂ ᠠᠳᠠᠯ ᠠᠬᠤᠶ ᠶᠢᠨ ᠬᠠᠮᠢᠶᠠᠷᠤᠯᠲᠠ ᠶᠢᠨ | ᠵᠥᠪᠯᠡᠯ ᠢ 92 ᠪᠠᠶᠢᠭᠤᠯᠵᠤ᠂ ᠠᠳᠠᠯ ᠠᠬᠤᠶ ᠶᠢᠨ ᠪᠦᠷᠬᠦᠴᠡ ᠶᠢᠨ ᠨᠣᠷᠮ᠎ᠠ ᠶᠢ 59.7% ᠪᠠᠶᠢᠭᠰᠠᠨ ᠠᠴᠠ 96. | 8% ᠪᠣᠯᠭᠠᠨ ᠳᠡᠭᠡᠭᠰᠢᠯᠡᠭᠦᠯᠵᠦ᠂ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ ᠬᠥᠳᠡᠭᠡ ᠲᠣᠰᠬᠤᠨ ᠤ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ | ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠶᠢ ᠨᠡᠶᠢᠳᠡᠮ ᠪᠦᠷᠬᠦᠭᠦᠯᠵᠦ᠂ | 3 ᠲᠣᠰᠬᠤᠨ ᠤ ᠪᠣᠬᠢᠷ ᠤᠰᠤ ᠶᠢ ᠵᠠᠰᠠᠬᠤ ᠢᠨᠵᠧᠨᠧᠷᠢᠩ ᠢ ᠪᠡᠶᠡᠯᠡᠭᠦᠯᠵᠦ᠂ 300 ᠠᠷᠢᠭᠤᠨ ᠴᠡᠪᠡᠷ ᠤᠨ | ᠵᠣᠷᠯᠣᠩ ᠢ ᠰᠢᠨ᠎ᠡ ᠪᠠᠷ ᠪᠠᠶᠢᠭᠤᠯᠵᠤ᠂ ᠲᠦᠭᠡᠮᠡᠯᠵᠢᠭᠦᠯᠬᠦ ᠨᠣᠷᠮ᠎ᠠ ᠶᠢ 89% ᠠᠴᠠ ᠳᠡᠭᠡᠭᠰᠢ ᠳᠤ ᠬᠦᠷᠦᠭᠦᠯᠦᠨ᠎ᠡ᠃ | ᠸᠠᠩ ᠳ᠋ᠠ ᠬᠠᠨ ᠲᠣᠰᠬᠤᠨ᠂ ᠠᠳᠦᠯᠠᠢ ᠲᠣᠰᠬᠤᠨ ᠬᠤᠳᠠ ᠶᠢᠨ ᠲᠡᠰ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠾᠧ ᠳ᠋ᠦᠩ ᠪᠠᠯᠭᠠᠰᠤ | ᠲᠠᠪᠤᠨ ᠵᠢᠯ ᠳᠠᠷᠠᠭᠠᠯᠠᠨ ᠪᠦᠬᠦ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠪᠠᠷ ᠦᠨᠡᠯᠡᠭᠳᠡᠪᠡ᠃ | ︵ᠲᠦᠷᠪᠡ︶ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ | ᠂ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠪᠦᠲᠦᠮᠵᠢᠲᠡᠶ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠥᠭᠡᠳ ᠪᠣᠳᠠᠲᠠᠶ ᠪᠠᠷ ᠠᠬᠢᠭᠤᠯᠤᠨ᠎ᠠ᠃ | ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢᠯᠡᠳᠲᠡ ᠦᠷ᠎ᠡ | ᠪᠦᠲᠦᠮᠵᠢ ᠣᠯᠵᠤ᠂ ᠠᠭᠠᠷ ᠮᠠᠨᠳᠠᠯ ᠤᠨ ᠴᠢᠨᠠᠷ ᠰᠠᠶᠢᠲᠠᠶ ᠡᠳᠦᠷ ᠤᠨ ᠲᠤᠭ᠎ᠠ 319 ᠡᠳᠦᠷ ᠲᠤ ᠬᠦᠷᠴᠦ᠂ 23 | ᠡᠳᠦᠷ ᠨᠡᠮᠡᠭᠳᠡᠨ᠂ ᠰᠢᠯᠢᠳᠡᠭ ᠡᠳᠦᠷ ᠤᠨ ᠲᠤᠭ᠎ᠠ ᠶᠢᠨ ᠬᠠᠷᠢᠴᠠᠯ 87.6% ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.4% ᠪᠠᠷ ᠨᠡᠮᠡᠭᠳᠡᠨ᠂ ᠠᠭᠠᠷ ᠮᠠᠨᠳᠠᠯ ᠤᠨ ᠵᠢᠷᠭᠤᠭᠠᠨ ᠵᠦᠶ᠋ᠯ ᠤᠨ ᠪᠣᠬᠢᠷᠲᠤᠯ | ᠪᠣᠳᠠᠰ ᠤᠨ ᠭᠦᠶ᠋ᠴᠡᠳᠬᠡᠯ ᠲᠤᠭ᠎ᠠ ᠠᠩᠬ᠎ᠠ ᠤᠳᠠᠭ᠎ᠠ ᠪᠦᠬᠦᠨ ᠢᠶᠠᠷ ᠢᠶᠠᠨ ᠪᠠᠷᠢᠮᠵᠢᠶ᠎ᠠ ᠳᠤ ᠬᠦᠷᠴᠦ᠂ ᠳ᠋ᠧᠩᠺᠸᠤ ᠶᠢᠨ | ᠬᠠᠲᠤᠨ ᠭᠤᠤᠯ ᠤᠨ ᠣᠭᠲᠣᠯᠤᠭᠠᠰᠤ ᠪᠠ ᠬᠤᠲᠠ ᠶᠢᠨ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ | ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠲᠣᠭᠲᠠᠭᠤᠨ ᠢᠶᠠᠷ ᠪᠠᠷᠢᠮᠵᠢᠶᠠᠨ ᠳᠤ ᠬᠦᠷᠴᠦ᠂ ᠬᠥᠷᠥᠰᠥ | ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃ ᠠᠮᠢ | ᠠᠬᠤᠶ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠮᠢᠩᠭᠠᠨ ᠮᠥ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠢ ᠰᠢᠩᠭᠡᠭᠡᠨ ᠠᠪᠬᠤ ᠵᠢᠱᠢᠶ᠎ᠡ ᠦᠵᠡᠭᠦᠯᠬᠦ ᠣᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠡᠬᠢᠯᠡᠨ ᠬᠡᠷᠡᠭᠵᠢᠭᠦᠯᠵᠦ᠂ ᠲᠥᠪ ᠠᠴᠠ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢᠨ | ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠪᠥᠬᠦ ᠲᠠᠯ᠎ᠠ ᠪᠠᠷ ᠪᠡᠶᠡᠯᠡᠭᠦᠯᠵᠦ᠂ 6 ᠠᠶᠢᠯ ᠲᠣᠰᠬᠤᠨ ᠢ | ᠨᠣᠭᠤᠭᠠᠷᠠᠭᠤᠯᠤᠨ ᠭᠤᠶᠤᠵᠢᠭᠤᠯᠪᠠ᠃ ᠡᠮᠦᠨᠡᠲᠦ ᠲᠠᠩᠭᠢᠰ ᠤᠨ ᠨᠠᠭᠤᠷ ᠤᠨ ᠤᠰᠤᠨ ᠴᠣᠭᠴᠠ ᠶᠢ ᠵᠠᠰᠠᠬᠤ ᠪᠠ ᠠᠮᠢ | ᠠᠬᠤᠢ ᠶᠢ ᠰᠡᠷᠭᠦᠭᠡᠬᠦ ᠲᠥᠷᠥᠯ ᠵᠦᠢᠯ ᠤᠨ ᠠᠬᠢᠴᠠ ᠬᠠᠭᠠᠰ ᠢ ᠳᠠᠪᠠᠵᠤ᠂ ᠳᠠᠯᠠᠢ ᠶᠢᠨ ᠤᠳᠠ ᠮᠣᠳᠣᠨ ᠤ ᠶᠡᠭᠡ | ᠲᠠᠯᠠᠪᠠᠢ ᠰᠢᠨ᠎ᠡ ᠵᠠᠳᠠᠭᠠᠢ ᠨᠡᠭᠦᠷᠡᠰᠦᠨ ᠠᠭᠤᠷᠬᠠᠢ ᠶᠢᠨ ᠨᠦᠬᠡ ᠶᠢ ᠵᠠᠰᠠᠨ ᠴᠡᠭᠴᠡᠯᠡᠬᠦ ᠵᠢᠯ ᠤᠨ ᠱᠠᠲᠤᠴᠢ ᠴᠢᠨᠠᠷᠲᠠᠢ | ᠳ᠋ᠤᠭᠠᠷ ᠬᠠᠰᠤᠬᠤ ᠶᠢ ᠪᠡᠶᠡᠯᠡᠭᠦᠯᠪᠡ᠃ | ︵ᠲᠠᠪᠤ︶ ᠪᠠᠲᠤᠯᠠᠭ᠎ᠠ ᠶᠢ ᠴᠢᠩᠭᠠᠳᠬᠠᠵᠤ᠂ ᠲᠦᠭᠡᠮᠡᠯ ᠬᠠᠷᠠᠭᠠᠯᠵᠠᠯ ᠦᠵᠡᠭᠦᠯᠵᠦ ᠬᠠᠮᠲᠤ ᠪᠠᠷ ᠡᠳ᠋ᠯᠡᠬᠦ ᠶᠢ | ᠪᠠᠷᠢᠮᠲᠠᠯᠠᠵᠤ᠂ ᠨᠡᠶᠢᠭᠡᠮ ᠤᠨ ᠠᠵᠢᠯ ᠦᠢᠯᠡᠰ ᠥᠷᠨᠢᠨ ᠬᠥᠭᠵᠢᠪᠡ᠃ ᠬᠢᠵᠠᠭᠠᠷ ᠲᠠᠢ ᠡᠳ᠋ ᠤᠨ ᠬᠦᠴᠦᠨ ᠢ | ᠠᠷᠠᠳ ᠤᠨ ᠠᠮᠢᠳᠤᠷᠠᠯ ᠲᠡᠶᠢᠰᠢ ᠬᠡᠯᠪᠠᠶᠢᠯᠭᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠵᠠᠷᠤᠯᠭ᠎ᠠ ᠨᠢ | ᠡᠳ᠋ ᠤᠨ ᠵᠠᠰᠠᠭ ᠤᠨ ᠵᠠᠷᠤᠯᠭ᠎ᠠ ᠶᠢᠨ 73.4% ᠶᠢ ᠡᠵᠡᠯᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠲᠠᠬᠢᠨ ᠶᠠᠳᠠᠭᠤᠷᠠᠬᠤ ᠦᠵᠡᠭᠳᠡᠯ | ᠭᠠᠷᠤᠭᠰᠠᠨ ᠦᠭᠡᠢ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠵᠢᠯ ᠤᠨ ᠬᠥᠮᠦᠨ ᠳᠤᠮᠳᠠᠴᠢ ᠶᠢᠨ ᠴᠡᠪᠡᠷ | ᠣᠷᠣᠯᠭ᠎ᠠ 20962 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.42% ᠨᠡᠮᠡᠭᠳᠡᠪᠡ᠃ | ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠢᠯ ᠣᠯᠭᠤᠯᠲᠠ ᠶᠢᠨ ᠪᠠᠶᠢᠳᠠᠯ ᠢ ᠲᠣᠭᠲᠠᠪᠤᠷᠢᠵᠢᠭᠤᠯᠵᠤ᠂ ᠬᠥᠳᠡᠭᠡ | ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠭᠰᠠᠨ ᠨᠢ 13970 ᠬᠥᠮᠦᠨ ᠪᠠᠶᠢᠵᠤ᠂ | ᠬᠤᠳᠠ ᠪᠠᠯᠭᠠᠰᠤᠨ ᠤ 10793 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.87% ᠳᠤ ᠬᠢᠵᠠᠭᠠᠷᠯᠠᠪᠠ᠃ ᠠᠵᠢᠯ ᠣᠯᠬᠤ ᠳᠤ | ᠬᠦᠴᠢᠷᠲᠡᠢ 2458 ᠬᠥᠮᠥᠰ ᠲᠤ ᠳᠠᠬᠢᠨ ᠠᠵᠢᠯ ᠣᠯᠭᠤᠵᠤ᠂ ᠠᠵᠢᠯ ᠲᠠᠢ ᠬᠥᠮᠥᠨ ᠦᠭᠡᠢ ᠭᠡᠷ ᠪᠦᠯᠢ ᠶᠢ | ᠬᠥᠳᠡᠯᠦᠩᠭᠦᠢ ᠪᠠᠷ ᠦᠭᠡᠢ ᠪᠣᠯᠭᠠᠪᠠ᠃ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ | ᠢᠳᠡᠪᠬᠢᠲᠡᠶ ᠲᠡᠳᠬᠦᠵᠦ᠂ 6444 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ | ᠵᠢᠭᠡᠯᠡᠯᠭᠡ ᠲᠠᠯᠪᠢᠵᠤ᠂ ︽ᠳ᠋ᠦᠩ ᠾᠧ ᠵᠢᠶᠠ ᠬᠤᠪᠴᠠᠰᠤ︾ ᠥᠪᠡᠷᠲᠡᠭᠡᠨ ᠵᠠᠰᠠᠬᠤ ᠣᠷᠣᠨ ᠤ ᠲᠠᠰ ᠤᠨ | ᠠᠩᠬᠠᠳᠠᠭᠴᠢ ᠪᠦᠯᠦᠭ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠴᠣᠯᠠ ᠭᠥᠷᠳᠡᠪᠡ᠃ | ᠨᠡᠶᠢᠭᠡᠮ ᠤᠨ ᠪᠠᠲᠤᠯᠠᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠠᠵᠤ ᠠᠬᠤᠶᠢᠯᠠᠯ ᠤᠨ ᠠᠵᠢᠯ ᠠᠴᠠ ᠪᠠᠨ | ᠠᠮᠠᠷᠠᠭᠰᠠᠳ ᠤᠨ ᠪᠡᠯᠡ ᠮᠥᠩᠭᠦ ᠶᠢ ᠨᠡᠮᠡᠭᠳᠡᠭᠦᠯᠬᠦ ᠵᠢᠴᠢ ᠡᠯ᠎ᠡ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ | ᠪᠠᠲᠤᠯᠠᠭ᠎ᠠ ᠶᠢᠨ ᠮᠥᠩᠭᠦ ᠶᠢ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠪᠦᠬᠦ ᠲᠠᠯ᠎ᠠ ᠪᠠᠷ ᠪᠡᠶᠡᠯᠡᠭᠦᠯᠵᠦ᠂ ᠠᠪᠤᠷᠠᠨ | ᠲᠤᠰᠠᠯᠠᠬᠤ ᠪᠠᠲᠤᠯᠠᠭ᠎ᠠ ᠶᠢᠨ ᠪᠡᠯᠡ ᠮᠥᠩᠭᠦ ᠶᠢ 5739 ᠲᠦᠮᠡᠨ ᠲᠥᠭᠦᠷᠢᠭ ᠲᠠᠷᠬᠠᠭᠠᠪᠠ᠃ ᠨᠠᠰᠤᠵᠢᠯ ᠤᠨ | ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ 11542 ᠬᠥᠮᠦᠨ | ᠤᠳᠠᠭ᠎ᠠ ᠰᠢᠨ᠎ᠡ ᠪᠠᠷ ᠨᠡᠮᠡᠭᠳᠡᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠤᠷᠮ᠎ᠠ ᠶᠢ | 95% ᠳᠤ ᠬᠦᠷᠦᠭᠦᠯᠵᠦ᠂ ᠣᠨᠴᠠᠭᠠᠢ ᠬᠠᠮᠲᠤᠯᠢᠭ ᠤᠨ ᠳᠠᠭᠠᠳᠬᠠᠯ ᠳᠤ ᠣᠷᠣᠯᠴᠠᠬᠤ ᠶᠢ ᠪᠦᠬᠦᠨ ᠢ ᠬᠠᠮᠤᠷᠬᠤ ᠶᠢ | ᠪᠡᠶᠡᠯᠡᠭᠦᠯᠵᠦ᠂ ᠪᠦᠬᠦ ᠵᠢᠯ ᠳᠤ ᠡᠮ ᠡᠮᠨᠡᠯᠭᠡ ᠶᠢᠨ ᠦᠨᠳᠦᠰᠦᠨ ᠵᠦᠢᠯ ᠢ ᠪᠠᠲᠤᠯᠠᠬᠤ ᠪᠡᠯᠡ ᠮᠥᠩᠭᠦ ᠶᠢ 162.7 | ᠲᠦᠮᠡᠨ ᠲᠥᠭᠦᠷᠢᠭ ᠵᠠᠷᠤᠴᠠᠭᠤᠯᠪᠠ᠃ ᠾᠧ ᠳ᠋ᠦᠩ ᠪᠠᠯᠭᠠᠰᠤᠨ ᠤ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ | ᠭᠦᠢᠴᠡᠳᠭᠡᠬᠦ ᠦᠢᠯᠡᠴᠢᠯᠡᠭᠡᠨ ᠤ ᠲᠥᠪ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠦᠨᠳᠦᠰᠦᠨ ᠱᠠᠲᠤᠨ ᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠴᠡᠭ ᠢᠶᠠᠷ ᠦᠨᠡᠯᠡᠭᠳᠡᠵᠦ᠂ ᠮᠠᠨ ᠤ ᠣᠷᠣᠨ ᠤ ᠡᠮ | ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ︽ᠲᠠᠪᠤᠨ ᠲᠠᠯ᠎ᠠ ᠶᠢᠨ ᠠᠵᠢᠯ ᠤᠨ ᠠᠷᠭ᠎ᠠ︾ ᠶᠢ ᠪᠥᠬᠦ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠵᠢᠷᠤᠮᠵᠢᠭᠰᠠᠨ ᠪᠠᠶᠢᠭᠤᠯᠤᠯᠲᠠ ᠶᠢᠨ ᠨᠡᠶᠢᠲᠡᠯᠢᠭ | ᠬᠡᠷᠡᠭ ᠤᠨ ᠵᠢᠱᠢᠶ᠎ᠡ ᠪᠣᠯᠭᠠᠪᠠ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ | ᠲᠤᠰᠬᠠᠶ ᠰᠢᠯᠭᠠᠨ ᠬᠢᠨᠠᠯᠲᠠ ᠳᠤ ᠪᠥᠬᠦ ᠬᠤᠲᠠ ᠶᠢᠨ A ᠲᠠᠰ ᠤᠨ ᠳᠡᠰ ᠲᠤ ᠵᠢᠭᠰᠠᠭᠠᠭᠳᠠᠪᠠ᠃ ︽ᠬᠤᠶᠠᠷ ᠢ | ᠪᠠᠭᠠᠰᠬᠠᠬᠤ︾ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠤ ᠬᠢᠴᠢᠶᠡᠯ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢ ᠲᠡᠭ ᠪᠤᠯᠭᠠᠬᠤ ᠶᠢ ᠪᠡᠶᠡᠯᠡᠭᠦᠯᠦᠨ᠂ ᠰᠤᠷᠭᠠᠭᠤᠯᠢ ᠶᠢᠨ ᠳᠣᠲᠣᠷᠠᠬᠢ ᠬᠢᠴᠢᠶᠡᠯ ᠤᠨ ᠳᠠᠷᠠᠭᠠᠬᠢ | ᠦᠢᠯᠡᠴᠢᠯᠡᠭᠡ ᠶᠢ ᠪᠦᠷᠢᠨ ᠪᠥᠷᠬᠦᠭᠦᠯᠬᠦ ᠶᠢ ᠪᠡᠶᠡᠯᠡᠭᠦᠯᠪᠡ᠃ ᠳᠤᠮᠳᠠᠳᠤ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠳᠠᠬᠢᠨᠲᠠ ᠰᠢᠯᠢᠳᠡᠭ ᠠᠮᠵᠢᠯᠲᠠ ᠣᠯᠵᠤ᠂ ᠳᠤᠮᠳᠠᠳᠤ | ᠰᠤᠷᠭᠠᠭᠤᠯᠢ ᠳᠤ 600 ᠬᠤᠪᠢ ᠠᠴᠠ ᠳᠡᠭᠡᠭᠰᠢᠬᠢ ᠬᠥᠮᠦᠨ ᠤ ᠲᠤᠭ᠎ᠠ ᠪᠥᠬᠦ ᠬᠤᠲᠠ ᠶᠢᠨ ᠳᠥᠷᠪᠡᠨ ᠤ ᠨᠢᠭᠡ ᠶᠢ | ᠡᠵᠡᠯᠡᠵᠦ᠂ 225 ᠰᠣᠷᠣᠭᠴᠢ ︽ᠬᠤᠤᠰ ᠲᠡᠷᠢᠭᠦᠨ︾ ᠤ ᠶᠡᠭᠡ ᠰᠤᠷᠭᠠᠭᠤᠯᠢ ᠳᠤ ᠰᠢᠯᠭᠠᠵᠤ ᠣᠷᠣᠪᠠ᠃ ᠪᠦᠦ | ᠬᠤᠷᠢᠨ ᠳᠥᠷᠪᠡᠳᠦᠭᠡᠷ ᠳᠤᠮᠳᠠᠳᠤ ᠰᠤᠷᠭᠠᠭᠤᠯᠢ᠂ ᠶᠢᠨ ᠯᠦᠩ ᠸᠠᠩ ᠮᠢᠶᠣᠣ ᠪᠠᠭ᠎ᠠ ᠰᠤᠷᠭᠠᠭᠤᠯᠢ ᠲᠣᠰ ᠲᠣᠰ ᠪᠥᠬᠦ | ᠤᠯᠤᠰ ᠤᠨ ᠣᠯᠠᠨ ᠲᠦᠮᠡᠨ ᠤ ᠪᠡᠶ᠎ᠡ ᠶᠢᠨ ᠲᠠᠮᠢᠷ ᠤᠨ ᠠᠵᠢᠯ ᠢ ᠥᠷᠨᠢᠭᠦᠯᠦᠭᠰᠡᠨ ᠲᠡᠷᠢᠭᠦᠨ ᠤ ᠨᠢᠭᠡᠴᠡ ᠪᠠ | ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ | ᠤᠨᠴᠠᠯᠢᠭᠳᠤ ᠰᠤᠷᠭᠠᠭᠤᠯᠢ ᠪᠠᠷ ᠦᠨᠡᠯᠡᠭᠳᠡᠪᠡ᠃ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ | ᠢᠳᠡᠪᠬᠢᠲᠡᠶ ᠠᠬᠢᠭᠤᠯᠵᠤ᠂ ᠳ᠋ᠦᠩ ᠾᠧ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠥᠪᠡᠷᠲᠡᠭᠡᠨ ᠵᠠᠰᠠᠬᠤ | ᠣᠷᠣᠨ ᠤ ᠮᠣᠩᠭᠤᠯ ᠬᠢᠲᠠᠳ ᠡᠮᠨᠡᠯᠭᠡ ᠶᠢᠨ ᠬᠤᠯᠪᠣᠭᠠᠲᠤ ᠴᠣᠭᠴᠠ ᠳᠤ ᠣᠷᠣᠯᠴᠠᠪᠠ᠃ ᠳ᠋ᠦᠩ ᠾᠧ ᠬᠢᠲᠠᠳ | ᠡᠮᠨᠡᠯᠭᠡ ᠶᠢᠨ ᠨᠡᠷᠡᠲᠦ ᠲᠡᠮᠳᠡᠭᠲᠦ ᠶᠢ ᠴᠢᠷᠮᠠᠶᠢᠨ ᠡᠭᠦᠳᠴᠦ᠂ ᠴᠢᠨᠠᠷ ᠰᠠᠶᠢᠲᠠᠶ ᠬᠢᠲᠠᠳ ᠡᠮᠨᠡᠯᠭᠡ ᠶᠢᠨ ᠬᠤᠷᠢᠶ᠎ᠠ 8 ᠪᠠ | ᠵᠢᠱᠢᠶ᠎ᠡ ᠦᠵᠡᠭᠦᠯᠬᠦ ᠬᠡᠯᠪᠡᠷᠢ ᠶᠢᠨ ᠬᠢᠲᠠᠳ ᠡᠮᠨᠡᠯᠭᠡ ᠶᠢᠨ ᠣᠷᠳᠣᠨ ᠢ ᠪᠠᠶᠢᠭᠤᠯᠪᠠ᠃ ᠭᠤᠷᠪᠠᠨ ᠬᠡᠦᠬᠡᠳ ᠠᠪᠴᠤ | ᠪᠣᠯᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠠᠰᠠᠷᠠᠨ ᠲᠡᠵᠢᠭᠡᠬᠦ | ᠰᠦᠢᠳᠬᠡᠯ ᠲᠠᠲᠠᠪᠤᠷᠢᠯᠠᠬᠤ ᠶᠢ ᠬᠦᠴᠦᠨ ᠦᠭᠡᠶ ᠪᠣᠯᠭᠠᠨ᠎ᠠ᠃ ᠬᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ 7 ᠪᠠᠶᠢᠭᠤᠯᠵᠤ᠂ ᠶᠡᠷᠦᠩᠬᠡᠶ ᠲᠤᠭ᠎ᠠ ᠨᠢ 54 | ᠪᠣᠯᠵᠣ᠂ ᠶᠠᠩ ᠭᠧ ᠯᠢᠶᠠᠩ ᠵᠡᠭᠡᠯᠢ ᠭᠤᠳᠤᠮᠵᠢ ᠶᠢᠨ ᠯᠦᠩ ᠴᠧᠩ ᠨᠡᠶᠢᠭᠡᠮ ᠲᠣᠭᠤᠷᠢᠭ ᠨᠢ ᠪᠥᠬᠦ ᠤᠯᠤᠰ ᠤᠨ | ᠵᠢᠱᠢᠶ᠎ᠡ ᠦᠵᠡᠭᠦᠯᠬᠦ ᠴᠢᠨᠠᠷᠲᠠᠶ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠪᠣᠯᠤᠭᠰᠠᠨ | ᠪᠠᠶᠢᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ 453 ᠲᠠᠯᠠᠪᠤᠷ ᠪᠠ ᠪᠡᠶ᠎ᠡ ᠶᠢᠨ | ᠲᠠᠮᠢᠷ ᠤᠨ ᠤᠷᠤᠯᠳᠤᠭᠠᠨ ᠢ 13 ᠵᠦᠢᠯ ᠥᠷᠨᠢᠭᠦᠯᠵᠦ᠂ ᠭᠤᠷᠪᠠᠳᠤᠭᠠᠷ ᠳᠡᠰ ᠤᠨ ᠨᠡᠶᠢᠭᠡᠮ ᠤᠨ ᠪᠡᠶ᠎ᠡ ᠶᠢᠨ | ᠲᠠᠮᠢᠷ ᠤᠨ ᠵᠢᠭᠠᠨ ᠵᠢᠯᠣᠭᠤᠳᠣᠭᠴᠢ ᠶᠢ 167 ᠬᠥᠮᠥᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠲᠠᠰ ᠤᠨ | ᠪᠣᠳᠠᠰ ᠤᠨ ᠪᠤᠰᠤ ᠰᠣᠶᠣᠯ ᠤᠨ ᠥᠪ ᠢ 4᠂ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠢ 14 | ᠨᠡᠮᠡᠭᠳᠡᠭᠦᠯᠵᠦ᠂ ᠣᠷᠣᠨ ᠤ ᠰᠣᠶᠣᠯ ᠤᠨ ᠣᠷᠳᠣᠨ ᠢ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠭᠠᠷ | ᠤᠷᠠᠯᠠᠯ ᠤᠨ ᠠᠵᠢᠯ ᠤᠨ ᠥᠷᠲᠡᠭᠡ ᠪᠠᠷ ᠦᠨᠡᠯᠡᠭᠳᠡᠪᠡ᠃ ︽ᠪᠦᠸᠧ ᠲᠦᠸᠧ ᠣᠷᠣᠮ︾ ᠰᠣᠶᠣᠯ ᠤᠨ | ᠡᠭᠦᠳᠦᠯᠲᠡ ᠶᠢᠨ ᠨᠡᠷᠡᠲᠦ ᠲᠡᠮᠳᠡᠭ ᠢ ᠡᠭᠦᠳᠴᠦ᠂ ︽ᠠᠵᠢᠯ ᠤᠨ ᠵᠥᠪᠯᠡᠯ ᠤᠨ ᠬᠠᠭᠤᠴᠢᠨ ᠪᠠᠭᠤᠷᠢ ᠶᠢ︾ | ᠬᠤᠶᠠᠳᠤᠭᠠᠷ ᠬᠤᠭᠤᠴᠠᠭᠠᠨ ᠤ ︽ᠱᠢᠨ᠎ᠡ ᠪᠤᠭᠤᠲᠤ︾ ᠣᠬᠤᠷ ᠸᠢᠳᠢᠣ ᠤᠷᠤᠯᠳᠤᠭᠠᠨ ᠤ ︽ᠦᠨᠳᠦᠰᠦ ᠡᠷᠢᠬᠦ | ᠪᠤᠭᠤᠲᠤ︾ ᠱᠢᠯᠢᠳᠡᠭ ᠪᠦᠲᠦᠭᠡᠯ ᠤᠨ ᠱᠠᠩᠨᠠᠯ ᠢ ᠬᠦᠷᠲᠡᠪᠡ᠃ ︽ᠬᠤᠶᠠᠷ ᠢ ᠬᠦᠷᠢᠶᠡᠯᠡᠬᠦ︾ ᠪᠠ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ︽ᠬᠤᠶᠠᠷ ᠮᠥᠩᠭᠦ︾ | ᠵᠢᠴᠢ ᠡᠯ᠎ᠡ ᠲᠥᠷᠥᠯ ᠤᠨ ᠠᠪᠤᠷᠠᠨ ᠲᠤᠰᠠᠯᠠᠵᠤ ᠲᠣᠬᠤᠨᠢᠭᠤᠯᠬᠤ ᠮᠥᠩᠭᠦ ᠶᠢ 2145 ᠲᠦᠮᠡᠨ ᠲᠥᠭᠦᠷᠢᠭ | ᠲᠠᠷᠬᠠᠭᠠᠪᠠ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ | ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠠᠬᠢᠭᠤᠯᠵᠤ᠂ ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠤ | ᠡᠶ᠎ᠡ ᠵᠣᠬᠢᠴᠠᠯᠲᠤ ᠪᠠᠶᠢᠳᠠᠯ ᠢ ᠦᠷᠭᠦᠯᠵᠢᠯᠡᠨ ᠪᠠᠬᠢᠵᠢᠭᠦᠯᠪᠡ᠃ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢ ᠴᠢᠩᠭᠠᠷᠠᠭᠤᠯᠵᠤ᠂ ᠮᠦᠩᠭᠦᠨ ᠭᠦᠢᠯᠭᠡᠭᠡ᠂ ᠭᠡᠷ ᠭᠠᠵᠠᠷ ᠤᠨ ᠬᠦᠷᠦᠩᠭᠡ ᠶᠢᠨ ᠬᠦᠷᠢᠶᠡᠨ ᠳᠠᠬᠢ | ᠲᠥᠭᠰᠢᠭᠦᠷᠢ ᠶᠢ ᠪᠦᠲᠦᠮᠵᠢᠲᠡᠢ ᠰᠢᠢᠳᠪᠦᠷᠢᠯᠡᠨ᠎ᠡ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠠᠬᠢᠭᠤᠯᠵᠤ᠂ ᠸᠠᠩ ᠳ᠋ᠠ ᠬᠠᠨ ᠲᠣᠰᠬᠤᠨ | ᠶᠢᠰᠦᠳᠦᠭᠡᠷ ᠪᠦᠯᠦᠭ ᠤᠨ ᠪᠦᠬᠦ ᠤᠯᠤᠰ ᠤᠨ ᠠᠷᠠᠳᠴᠢᠯᠠᠯ ᠬᠠᠤᠯᠢᠵᠢᠯ ᠤᠨ ᠵᠢᠱᠢᠶ᠎ᠡ ᠦᠵᠡᠭᠦᠯᠬᠦ ᠲᠣᠰᠬᠤᠨ ᠢᠶᠠᠷ | ᠦᠨᠡᠯᠡᠭᠳᠡᠵᠦ᠂ ᠮᠠᠨ ᠤ ᠣᠷᠣᠨ ᠠᠮᠤᠷ ᠠᠮᠤᠭᠤᠯᠠᠩ ᠥᠪᠥᠷ ᠮᠣᠩᠭᠤᠯ ᠤᠨ ᠪᠦᠳᠦᠭᠡᠨ ᠪᠠᠶᠢᠭᠤᠯᠤᠯᠲᠠ ᠶᠢᠨ ᠵᠢᠱᠢᠶ᠎ᠡ | ᠦᠵᠡᠭᠦᠯᠬᠦ ᠲᠣᠭᠤᠷᠢᠭ ᠢᠶᠠᠷ ᠨᠡᠷᠡᠶᠢᠳᠦᠭᠳᠡᠪᠡ᠃ ᠬᠢᠨᠠᠨ ᠪᠣᠳᠣᠬᠤ ᠪᠠ ᠲᠤᠭ᠎ᠠ ᠪᠦᠷᠢᠳᠬᠡᠯ ᠤᠨ ᠡᠭᠦᠷᠭᠡ | ᠴᠢᠳᠠᠪᠤᠷᠢ ᠶᠢᠨ ᠦᠢᠯᠡᠳᠦᠯ ᠢ ᠴᠢᠩᠭᠠᠳᠬᠠᠵᠤ᠂ ᠠᠷᠠᠳ ᠤᠨ ᠵᠡᠪᠰᠡᠭᠲᠦ ᠬᠦᠴᠦᠨ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ᠂ ᠡᠮᠡᠭᠲᠡᠶᠢᠴᠦᠳ ᠬᠡᠤᠬᠡᠳ᠂ ᠵᠠᠯᠠᠭᠤᠴᠤᠳ ᠪᠠᠭᠠᠴᠤᠳ᠂ ᠥᠲᠡᠭᠦᠰ᠂ ᠤᠯᠠᠭᠠᠨ | ᠵᠠᠭᠠᠯᠮᠠᠶᠢᠳᠠᠨ᠂ ᠵᠡᠮᠳᠡᠭᠴᠦᠳ ᠵᠡᠷᠭᠡ ᠡᠯ᠎ᠡ ᠵᠦᠢᠯ ᠤᠨ ᠠᠵᠢᠯ ᠦᠢᠯᠡᠰ ᠰᠢᠨ᠎ᠡ ᠳᠠᠪᠰᠢᠯᠲᠠ ᠲᠠᠢ ᠪᠣᠯᠪᠠ᠃ | ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠡᠮᠨᠡᠯᠭᠡ ᠶᠢᠨ ᠬᠤᠷᠢᠶ᠎ᠠ᠂ ᠶᠡᠭᠡ ᠳᠡᠭᠡᠳᠦ ᠰᠤᠷᠭᠠᠭᠤᠯᠢ᠂ ᠲᠡᠮᠦᠷ ᠵᠠᠮ᠂ | ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠨᠢᠭᠡᠴᠡ ᠨᠢ ᠪᠦᠬᠦ ᠣᠷᠣᠨ ᠤ ᠠᠵᠤ ᠠᠬᠤᠶ ᠨᠡᠶᠢᠭᠡᠮ ᠤᠨ | ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠪᠡ᠃ | ᠨᠢᠭᠡ ᠵᠢᠯ ᠤᠨ ᠲᠤᠷᠰᠢ᠂ ᠪᠢᠳᠡ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠤᠰᠢᠶᠠᠯ | ᠬᠠᠷᠢᠭᠤᠴᠠᠯᠭ᠎ᠠ ᠪᠠᠨ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠭᠦᠢᠴᠡᠳᠭᠡᠵᠦ᠂ ᠵᠠᠰᠠᠭ ᠤᠨ ᠣᠷᠳᠣᠨ ᠤ ᠲᠣᠰ | ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ | ᠤᠬᠠᠮᠰᠠᠷ ᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠶᠢᠨ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ | ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ᠂ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠲᠥᠪ ᠤᠨ ᠨᠠᠶ᠋ᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ︾ ᠪᠠᠶᠢᠬᠤ ᠠᠰᠠᠭᠤᠳᠠᠯ ᠢ | ᠢᠳᠡᠪᠬᠢᠲᠡᠶ ᠰᠢᠶ᠋ᠳᠪᠦᠷᠢᠯᠡᠨ᠎ᠡ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | 124 ᠬᠤᠪᠢ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ 131 ᠬᠤᠪᠢ ᠰᠠᠨᠠᠯ ᠳᠤᠷᠠᠳᠤᠯᠭ᠎ᠠ ᠶᠢ | ᠪᠦᠬᠦᠨ ᠢ ᠰᠢᠢᠳᠪᠦᠷᠢᠯᠡᠨ ᠬᠠᠷᠢᠭᠤᠯᠲᠠ ᠥᠭᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ | ᠭᠦᠨᠵᠡᠭᠡᠶ ᠠᠬᠢᠭᠤᠯᠵᠤ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠰᠤᠷᠤᠯᠴᠠᠵᠤ ᠬᠠᠤᠯᠢ ᠰᠤᠷᠤᠯᠴᠠᠬᠤ ᠶᠢ | ᠪᠠᠷᠢᠮᠲᠠᠯᠠᠨ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠲᠦᠷᠢᠮ ᠢ ᠲᠡᠭᠦᠯᠳᠡᠷᠵᠢᠭᠦᠯᠵᠦ᠂ | ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ︽ᠪᠤᠭᠤᠲᠤ ᠪᠠᠨ ᠬᠠᠶᠢᠷᠠᠯᠠᠵᠤ | ᠂ ᠬᠤᠪᠢ ᠨᠡᠮᠡᠷᠢ ᠦᠵᠡᠭᠦᠯᠬᠦ︾ ᠶᠢ ᠰᠡᠳᠬᠢᠯ ᠳᠡᠭᠡᠨ ᠬᠠᠳᠠᠩᠰᠢᠭᠤᠯᠵᠤ᠂ ᠦᠢᠯᠡ ᠠᠵᠢᠯᠯᠠᠭ᠎ᠠ ᠳᠠᠭᠠᠨ | ᠦᠢᠯᠡᠳᠦᠯᠭᠡᠵᠢᠭᠦᠯᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠦᠨᠡᠨ ᠬᠦ ᠠᠳᠬᠤᠨ ᠪᠣᠳᠠᠲᠠᠢ | ᠠᠵᠢᠯᠯᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ︽ᠰᠡᠳᠬᠢᠬᠦᠢ ᠲᠠᠢ ᠪᠠᠶᠢᠬᠤ︾ ᠪᠠᠷ ᠬᠦᠴᠢᠷ | ᠠᠰᠠᠭᠤᠳᠠᠯ ᠢ ᠰᠢᠢᠳᠪᠦᠷᠢᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠠᠵᠢᠯ ᠤᠨ ᠶᠠᠰᠤ ᠴᠢᠨᠠᠷ ᠤᠨ ᠤᠬᠠᠮᠰᠠᠷ᠂ | ᠦᠷ᠎ᠡ ᠪᠦᠲᠦᠮᠵᠢ ᠶᠢᠨ ᠤᠬᠠᠮᠰᠠᠷ᠂ ᠠᠷᠠᠳ ᠤᠨ ᠲᠥᠯᠥᠭᠡ ᠦᠢᠯᠡᠴᠢᠯᠡᠬᠦ ᠤᠬᠠᠮᠰᠠᠷ ᠢ ᠤᠯᠠᠮ ᠴᠢᠨᠠᠭᠰᠢᠳᠠ | ᠴᠢᠩᠭᠠᠳᠬᠠᠬᠤ ᠬᠡᠷᠡᠭᠲᠡᠢ᠃ | ᠲᠥᠯᠥᠭᠡᠯᠡᠭᠴᠢᠳ ᠡ᠂ 2022 ᠣᠨ ᠳᠤ᠂ ᠭᠠᠳᠠᠭᠠᠳᠤ ᠳᠠᠭᠠᠷᠢᠯᠲᠠ ᠪᠠ ᠲᠣᠰ ᠪᠡᠶ᠎ᠡ ᠶᠢᠨ ᠪᠦᠲᠦᠴᠡ ᠶᠢᠨ | ᠳᠠᠪᠬᠤᠴᠠᠭᠰᠠᠨ ᠨᠥᠯᠥᠭᠡ ᠠᠴᠠ ᠪᠣᠯᠵᠣ᠂ ᠳ᠋ᠦᠩ ᠾᠧ ᠲᠣᠭᠤᠷᠢᠭ ᠤᠨ ᠬᠥᠭᠵᠢᠯᠲᠡ ᠤᠷᠢᠳ ᠡᠮᠦᠨ᠎ᠡ ᠪᠠᠶᠢᠭ᠎ᠠ | ᠥᠬᠡᠶ ᠪᠡᠷᠬᠡ ᠬᠠᠲᠠᠭᠤᠵᠢᠯᠲᠠᠶ ᠴᠠᠭ ᠬᠤᠭᠤᠴᠠᠭ᠎ᠠ ᠶᠢ ᠥᠩᠭᠡᠷᠡᠭᠡᠵᠦ᠂ ᠠᠵᠤ ᠠᠬᠤᠶ ᠶᠢᠨ ᠪᠠᠭᠤᠷᠠᠯᠲᠠ ᠶᠢᠨ | ᠳᠠᠷᠤᠯᠲᠠ ᠨᠡᠮᠡᠭᠳᠡᠵᠦ᠂ ᠭᠤᠤᠯ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠥᠳᠡᠯᠭᠡᠬᠦ ᠬᠦᠴᠦᠨ ᠬᠦᠷᠦᠯᠴᠡᠬᠦ ᠥᠬᠡᠶ | ᠪᠠᠶᠢᠵᠤ᠂ ᠣᠷᠳᠣ ᠬᠤᠭᠤᠴᠠᠭ᠎ᠠ ᠪᠠᠷ ᠬᠤᠷᠠᠮᠳᠤᠭᠰᠠᠨ ᠵᠥᠷᠢᠴᠡᠯ ᠤᠯᠠᠮ ᠨᠢᠭᠡ ᠠᠯᠬᠤᠮ ᠲᠣᠪᠤᠶᠢᠮ᠎ᠠ ᠪᠣᠯᠪᠠ᠃ | ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠳᠠᠯ ᠳᠣᠣᠷ᠎ᠠ᠂ ᠪᠢᠳᠡ ᠤᠯᠠᠨ ᠳᠠᠪᠬᠤᠷ ᠳᠠᠷᠤᠯᠲᠠ ᠶᠢ ᠡᠭᠦᠷᠭᠡᠯᠡᠵᠦ᠂ | ᠠᠵᠤ ᠠᠬᠤᠢ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠤ᠂ ᠡᠳ᠋ ᠤᠨ ᠵᠠᠰᠠᠭ ᠤᠨ ᠠᠵᠢᠯᠯᠠᠭᠠᠨ ᠢ | ᠪᠠᠲᠤᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠡᠶ᠎ᠡ ᠵᠣᠬᠢᠴᠠᠩᠭᠤᠢ ᠲᠣᠭᠲᠠᠭᠤᠨ ᠢ | ᠠᠬᠢᠭᠤᠯᠵᠤ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠬᠠᠮᠠᠭᠠᠯᠠᠵᠤ᠂ ᠲᠤᠰ | ᠬᠤᠭᠤᠴᠠᠭᠠᠨ ᠤ ᠵᠠᠰᠠᠭ ᠤᠨ ᠣᠷᠳᠣᠨ ᠤ ᠡᠷᠡᠮᠡᠬᠡᠶᠢᠯᠡᠨ ᠲᠠᠪᠰᠢᠬᠤ ᠠᠩᠬᠠᠨ ᠤ ᠠᠯᠬᠤᠮ ᠢ ᠠᠯᠬᠤᠪᠠ᠃ ᠡᠨᠡ ᠬᠦ | ᠥᠷᠢᠰᠥᠯᠳᠦᠭᠡᠨ ᠪᠠ ᠵᠣᠪᠠᠭᠤᠷᠢ ᠵᠦᠳᠡᠭᠦᠷᠢ ᠪᠠᠷ ᠳᠦᠭᠦᠷᠴᠦ᠂ ᠲᠡᠮᠡᠴᠡᠯ ᠪᠠ ᠦᠷ᠎ᠡ ᠪᠦᠲᠦᠭᠡᠯ ᠳᠦᠭᠦᠷᠦᠭᠰᠡᠨ | ᠨᠢᠭᠡ ᠵᠢᠯ ᠳᠤ ᠪᠠᠭ᠎ᠠ ᠰᠠᠭ᠎ᠠ ᠲᠤᠰᠤᠯᠭᠠᠨ ᠨᠢᠳᠦ ᠳᠦᠭᠦᠷᠡᠩ ᠪᠠᠶᠢᠯ᠎ᠠ᠃ ᠪᠢᠳᠡ ᠬᠥᠮᠦᠨ ᠨᠢᠭᠡᠪᠦᠷᠢ ᠴᠥᠮ ᠶᠡᠷᠦ | ᠪᠤᠰᠤ ᠶᠢᠨ ᠴᠢᠷᠮᠠᠶᠢᠯᠭ᠎ᠠ ᠭᠠᠷᠭᠠᠵᠤ᠂ ᠬᠥᠮᠦᠨ ᠨᠢᠭᠡᠪᠦᠷᠢ ᠶᠢᠨ ᠠᠮᠢᠳᠤᠷᠠᠯ ᠤᠨ ᠥᠩᠭᠡᠷᠡᠯᠲᠡ ᠪᠠ ᠠᠵᠢᠯ ᠤᠨ | ᠥᠩᠭᠡᠷᠡᠯᠲᠡ ᠳᠡᠭᠡᠨ ᠰᠡᠳᠬᠢᠯ ᠵᠢᠷᠦᠬᠡᠨ ᠳᠤ ᠪᠠᠨ ᠬᠠᠳᠠᠩᠰᠢᠭᠤᠯᠵᠤ᠂ ᠨᠠᠰᠤᠨ ᠲᠤᠷᠰᠢᠳᠠ ᠮᠠᠷᠲᠠᠭᠳᠠᠰᠢ ᠦᠭᠡᠢ | ᠥᠨᠢᠳᠡ ᠶᠢᠨ ᠳᠤᠷᠠᠰᠤᠮᠵᠢ ᠪᠣᠯᠬᠤ ᠶᠢ ᠢᠲᠡᠭᠡᠵᠦ ᠪᠠᠶᠢᠨ᠎ᠠ᠃ ᠪᠢᠳᠡ ᠯᠠᠪᠲᠠᠢ ᠰᠥᠷᠭᠡᠦ ᠪᠠᠷ ᠠᠶᠠᠯᠠᠨ ᠮᠣᠷᠳᠠᠵᠤ᠂ | ᠥᠭᠡᠳᠡᠯᠡᠨ ᠲᠠᠪᠰᠢᠳᠠᠭ ᠡᠭᠡᠯ ᠵᠢᠷ ᠤᠨ ᠪᠠᠭᠠᠲᠤᠷ ᠨᠢᠭᠡ ᠪᠦᠷᠢ ᠶᠢ ᠡᠭᠦᠷᠢᠳᠡ ᠴᠡᠭᠡᠵᠢᠯᠡᠵᠦ ᠪᠠᠶᠢᠨ᠎ᠠ᠂ ᠯᠠᠪᠲᠠᠢ | ᠬᠠᠮᠤᠭ ᠤᠨ ᠬᠦᠴᠢᠷ ᠪᠡᠷᠬᠡᠰᠢᠶᠡᠯᠲᠦ ᠴᠠᠭ ᠮᠥᠴᠡ ᠳᠤ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠠᠷᠠᠳ | ᠤᠯᠠᠨ ᠲᠠᠢ ᠡᠷᠡᠰ ᠪᠠᠲᠤ ᠵᠣᠭᠰᠣᠵᠤ᠂ ᠵᠣᠪᠠᠭᠤᠷᠢ ᠵᠦᠳᠡᠭᠦᠷᠢ ᠲᠠᠢ᠂ ᠬᠠᠮᠲᠤ ᠠᠵᠢᠯᠯᠠᠵᠤ᠂ ᠬᠠᠮᠲᠤ ᠠᠵᠢᠯᠯᠠᠵᠤ | ᠪᠠᠶᠢᠭ᠎ᠠ ᠰᠡᠳᠬᠢᠯ ᠬᠥᠳᠡᠯᠭᠡᠮ᠎ᠡ ᠠᠬᠤᠢ ᠪᠠᠶᠢᠳᠠᠯ ᠢ ᠡᠭᠦᠷᠢᠳᠡ ᠴᠡᠭᠡᠵᠢᠯᠡᠵᠦ᠂ ᠬᠠᠭᠤᠴᠢᠨ ᠬᠤᠳᠠ ᠶᠢᠨ | ᠲᠣᠭᠤᠷᠢᠭ ᠤᠨ ᠳᠠᠷᠤᠯᠲᠠ ᠶᠢ ᠲᠤᠯᠵᠤ᠂ ᠡᠷᠡᠰ ᠰᠢᠭᠤᠷᠬᠠᠢ ᠪᠠᠷ ᠦᠰᠦᠨ ᠪᠤᠶᠢᠵᠢᠬᠤ ᠬᠦᠴᠦᠷᠬᠡᠭ ᠶᠡᠭᠡ ᠤᠶᠤᠨ | ᠰᠠᠨᠠᠭᠠᠨ ᠤ ᠬᠦᠴᠦᠨ ᠴᠢᠳᠠᠯ ᠢ ᠡᠭᠦᠷᠢᠳᠡ ᠴᠡᠭᠡᠵᠢᠯᠡᠬᠦ ᠪᠣᠯᠤᠨ᠎ᠠ᠃ ᠥᠩᠭᠡᠷᠡᠯᠲᠡ ᠨᠢ ᠮᠠᠷᠲᠠᠭᠳᠠᠰᠢ ᠦᠭᠡᠢ | ᠠᠮᠵᠢᠯᠲᠠ ᠪᠦᠲᠦᠮᠵᠢ ᠨᠢ ᠬᠢᠯᠪᠠᠷ ᠪᠤᠰᠤ᠃ ᠡᠲᠡᠭᠡᠷ ᠠᠮᠵᠢᠯᠲᠠ ᠶᠢ ᠣᠯᠤᠭᠰᠠᠨ ᠨᠢ ᠬᠤᠲᠠ ᠶᠢᠨ ᠨᠠᠮ ᠤᠨ ᠬᠤᠷᠢᠶ᠎ᠠ | ᠂ ᠵᠠᠰᠠᠭ ᠤᠨ ᠣᠷᠳᠣᠨ᠂ ᠲᠤᠭᠤᠷᠢᠭ ᠤᠨ ᠨᠠᠮ ᠤᠨ ᠬᠤᠷᠢᠶ᠎ᠠ ᠶᠢᠨ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ | ᠪᠠ ᠪᠠᠲᠤ ᠴᠢᠩᠭ᠎ᠠ ᠤᠳᠤᠷᠢᠳᠤᠯᠭ᠎ᠠ ᠠᠴᠠ ᠰᠠᠯᠵᠤ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠦᠴᠦᠲᠡᠶ ᠬᠢᠨᠠᠯᠲᠠ ᠪᠠ ᠬᠦᠴᠦᠲᠡᠶ ᠳᠡᠮᠵᠢᠯᠭᠡ ᠠᠴᠠ | ᠰᠠᠯᠵᠤ ᠴᠢᠳᠠᠬᠤ ᠥᠬᠡᠶ᠂ ᠪᠥᠬᠦ ᠲᠤᠭᠤᠷᠢᠭ ᠤᠨ ᠥᠷᠭᠡᠨ ᠣᠯᠠᠨ ᠺᠠᠳ᠋ᠷ ᠣᠯᠠᠨ ᠲᠦᠮᠡᠨ ᠤ ᠬᠠᠲᠠᠭᠤ ᠪᠡᠷᠬᠡᠰᠢᠶᠡᠯ ᠢ | ᠬᠠᠮᠲᠤ ᠪᠠᠷ ᠲᠤᠭᠤᠯᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠰᠦᠷ ᠳᠠᠯᠠᠶᠢᠴᠠᠲᠠᠢ ᠬᠦᠴᠦᠨ ᠢ | ᠨᠢᠭᠲᠠᠷᠠᠭᠤᠯᠪᠠ᠃ ᠠᠳᠡ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ | ᠲᠣᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ | ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠦᠯᠬᠦᠮ ᠪᠣᠯᠤᠨ ᠨᠡᠶᠢᠭᠡᠮ ᠤᠨ ᠡᠯ᠎ᠡ | ᠡᠲᠡᠭᠡᠳ ᠤᠨ ᠬᠥᠮᠦᠰ᠂ ᠡᠯ᠎ᠡ ᠠᠵᠤ ᠠᠬᠤᠶᠢᠯᠠᠯᠲᠠᠨ᠂ ᠡᠮᠴᠢ ᠰᠤᠪᠢᠯᠠᠭᠴᠢ᠂ ᠤᠯᠤᠰ ᠲᠦᠷᠦ ᠬᠠᠤᠯᠢ | ᠴᠠᠭᠠᠵᠠ ᠶᠢᠨ ᠺᠠᠳ᠋ᠷ ᠴᠠᠭᠳᠠᠭ᠎ᠠ᠂ ᠦᠨᠳᠦᠰᠦᠨ ᠱᠠᠲᠤᠨ ᠤ ᠠᠵᠢᠯᠳᠠᠨ᠂ ᠥᠷᠭᠡᠨ ᠤᠯᠠᠨ ᠰᠠᠶᠢᠨ ᠳᠤᠷ᠎ᠠ ᠶᠢᠨ | ᠠᠵᠢᠯᠯᠠᠭᠴᠢᠳ ᠲᠤ ᠳ᠋ᠦᠩ ᠾᠧ ᠲᠣᠭᠤᠷᠢᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠨᠥᠬᠦᠳ᠂ | ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠡᠷᠬᠢᠮ ᠳᠡᠭᠡᠳᠦ ᠬᠦᠨᠳᠦᠳᠬᠡᠯ ᠢᠶᠠᠨ | ᠳᠡᠪᠰᠢᠭᠦᠯᠦᠶ᠎ᠡ︕ | ᠲᠥᠯᠥᠭᠡᠯᠡᠭᠴᠢᠳ ᠡ︕ ᠠᠮᠵᠢᠯᠲᠠ ᠪᠠᠨ ᠨᠤᠲᠠᠯᠠᠬᠤ ᠶᠢᠨ ᠬᠠᠮᠲᠤ᠂ ᠮᠠᠨ ᠤ ᠣᠷᠣᠨ ᠤ ᠬᠠᠮᠤᠭ ᠤᠨ ᠶᠡᠭᠡ | ᠳᠤᠲᠠᠭᠤᠳᠠᠯ ᠪᠣᠯ ᠬᠥᠭᠵᠢᠯᠲᠡ ᠬᠦᠷᠦᠯᠴᠡᠬᠦ ᠦᠭᠡᠢ᠂ ᠭᠠᠵᠠᠷ ᠣᠷᠣᠨ ᠤ ᠠᠵᠤ ᠠᠬᠤᠶ ᠶᠢᠨ ᠶᠡᠷᠦᠩᠬᠡᠶ ᠬᠡᠮᠵᠢᠶ᠎ᠡ | ᠶᠡᠭᠡ ᠪᠢᠰᠢ᠂ ᠶᠡᠷᠦᠩᠬᠡᠶᠢᠯᠡᠭᠰᠡᠨ ᠪᠣᠳᠠᠲᠤ ᠬᠦᠴᠦᠨ ᠴᠢᠩᠭ᠎ᠠ ᠪᠢᠰᠢ ᠭᠡᠳᠡᠭ ᠢ ᠪᠢᠳᠡ ᠪᠠᠰᠠ ᠰᠡᠷᠭᠡᠭ ᠢᠶᠠᠷ ᠲᠠᠨᠢᠵᠤ | ᠤᠯᠪᠠ᠃ ᠢᠯᠠᠩᠭᠤᠶ᠎ᠠ ᠠᠵᠤ ᠦᠢᠯᠡᠳᠪᠦᠷᠢ ᠶᠢᠨ ᠠᠵᠤ ᠠᠬᠤᠶ ᠶᠢᠨ ᠲᠤᠯᠭᠠᠭᠤᠷᠢᠯᠠᠯ ᠬᠦᠷᠦᠯᠴᠡᠬᠦ ᠦᠭᠡᠶ᠂ | ᠬᠥᠲᠥᠯᠥᠨ ᠳᠠᠭᠠᠭᠤᠯᠬᠤ ᠴᠢᠨᠠᠷᠲᠠᠶ᠂ ᠳᠠᠶᠢᠴᠢᠯᠠᠬᠤ ᠴᠢᠨᠠᠷ ᠢᠶᠠᠷ ᠴᠢᠩᠭ᠎ᠠ ᠲᠣᠮᠣ ᠲᠥᠷᠥᠯ ᠵᠦᠢᠯ᠂ ᠰᠠᠶᠢᠨ ᠲᠥᠷᠥᠯ | ᠵᠦᠢᠯ ᠢᠶᠠᠷ ᠳᠤᠲᠠᠮᠠᠭ ᠪᠠᠶᠢᠨ᠎ᠠ︔ ᠠᠷᠠᠯᠵᠢᠶ᠎ᠠ ᠬᠤᠳᠠᠯᠳᠤᠭ᠎ᠠ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠬᠥᠭᠵᠢᠯᠲᠡ ᠶᠢᠨ ᠣᠯᠠᠩᠬᠢ ᠨᠢ ᠤᠯᠠᠮᠵᠢᠯᠠᠯᠲᠤ ᠵᠠᠭᠪᠤᠷ ᠤᠨ ᠳᠣᠣᠷ᠎ᠠ ᠡᠷᠭᠢᠵᠦ᠂ ᠠᠵᠤ ᠦᠢᠯᠡᠰ ᠤᠨ ᠲᠡᠰ | ᠳᠠᠪᠬᠤᠷᠭ᠎ᠠ ᠥᠨᠳᠥᠷ ᠪᠢᠰᠢ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠲᠠᠯ᠎ᠠ ᠪᠠᠷ ᠪᠠᠰᠠ ᠬᠦᠴᠦ ᠨᠡᠮᠡᠬᠦ | ᠴᠢᠬᠤᠯᠠᠲᠠᠢ︔ ᠲᠠᠷᠢᠶᠠᠯᠠᠩ ᠤᠨ ᠠᠵᠤ ᠦᠢᠯᠡᠰᠵᠢᠯᠲᠡ ᠡᠬᠢᠯᠡᠯᠲᠡ ᠶᠢᠨ ᠱᠠᠲᠤᠨ ᠳᠤ ᠣᠷᠣᠰᠢᠵᠤ᠂ ᠲᠦᠷᠦᠯ | ᠲᠡᠮᠳᠡᠭ ᠤᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ︔ ᠤᠷᠳᠤ | ᠬᠤᠭᠤᠴᠠᠭᠠᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠭᠰᠠᠨ ᠬᠦᠴᠢᠷ | ᠠᠰᠠᠭᠤᠳᠠᠯ ᠢ ᠲᠦᠷᠭᠡᠨ ᠰᠢᠢᠳᠪᠦᠷᠢᠯᠡᠬᠦ ᠴᠢᠬᠤᠯᠠᠲᠠᠶ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠴᠢᠳᠠᠪᠤᠷᠢ ᠴᠢᠩᠭ᠎ᠠ ᠪᠤᠰᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ | ᠰᠢᠯᠢᠳᠡᠭᠵᠢᠭᠦᠯᠬᠦ ᠴᠢᠬᠤᠯᠠᠲᠠᠶ ᠪᠠᠶᠢᠵᠤ᠂ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠪᠠ ᠪᠣᠬᠢᠷᠲᠤᠯ ᠢ | ᠰᠡᠷᠭᠡᠶᠢᠯᠡᠨ ᠵᠠᠰᠠᠬᠤ ᠡᠭᠦᠷᠭᠡ ᠮᠥᠨ ᠬᠦ ᠪᠡᠷᠬᠡ ᠬᠠᠲᠠᠭᠤᠵᠢᠯᠲᠠᠶ ᠪᠠᠶᠢᠭᠰᠠᠭᠠᠷ᠃ ᠬᠤᠲᠠ ᠶᠢᠨ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠡᠭᠦᠷᠭᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠵᠤ᠂ | ᠬᠠᠭᠤᠴᠢᠨ ᠬᠤᠲᠠ ᠶᠢᠨ ᠲᠣᠭᠤᠷᠢᠭ ᠢ ᠰᠢᠨᠡᠳᠬᠡᠬᠦ ᠠᠵᠢᠯ ᠤᠳᠠᠭᠠᠰᠢᠷᠠᠵᠤ᠂ ᠥᠪᠡᠷ ᠤᠨ ᠥᠨᠳᠥᠷ ᠢᠶᠠᠨ ᠨᠤᠷᠠᠭᠠᠨ | ᠪᠠᠶᠢᠭᠤᠯᠵᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠡᠦᠬᠡᠨ ᠥᠷᠢ ᠥᠭᠴᠡᠭᠡ ᠪᠠ ᠠᠮᠤᠷ ᠲᠦᠪᠰᠢᠨ ᠤ | ᠳᠠᠯᠳᠠ ᠭᠡᠮ ᠨᠡᠯᠢᠶᠡᠳ ᠠᠷᠪᠢᠨ ᠪᠠᠶᠢᠨ᠎ᠠ︔ ᠪᠧᠢ ᠯᠢᠶᠠᠩ ᠲᠧᠩ ᠺᠦᠩ ᠲᠣᠭᠤᠷᠢᠭ ᠤᠨ ᠪᠦᠲᠦᠭᠡᠨ ᠪᠠᠶᠢᠭᠤᠯᠤᠯᠲᠠ | ᠤᠳᠠᠭᠠᠨ ᠪᠠᠶᠢᠵᠤ᠂ ᠦᠯᠡᠳᠡᠭᠰᠡᠨ ᠭᠠᠵᠠᠷ ᠰᠢᠷᠣᠶ ᠶᠢᠨ ᠡᠬᠢ ᠪᠠᠶᠠᠯᠢᠭ ᠢ ᠠᠮᠢᠳᠤᠯᠢᠭ ᠠᠰᠢᠭᠯᠠᠬᠤ ᠪᠠᠴᠢᠮ | ᠱᠠᠭᠠᠷᠳᠠᠭᠳᠠᠨ᠎ᠠ︔ ᠡᠮᠦᠨ᠎ᠡ ᠬᠡᠰᠡᠭ ᠣᠷᠣᠨ ᠤ ᠣᠷᠣᠨ ᠪᠠᠶᠢᠷᠢ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ | ᠪᠣᠯᠭᠠᠨ ᠬᠤᠪᠢᠷᠠᠭᠤᠯᠤᠭᠠᠳ ᠮᠥᠨ ᠴᠢᠨᠠᠷ ᠤᠨ ᠰᠢᠪᠲᠤᠯᠤᠯᠲᠠ ᠶᠢᠨ ᠠᠰᠠᠭᠤᠳᠠᠯ ᠦᠭᠡᠢ ᠪᠠᠶᠢᠭᠰᠠᠭᠠᠷ᠃ ᠰᠤᠷᠭᠠᠨ | ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠬᠡᠤᠬᠡᠳ ᠰᠠᠭᠠᠲᠠᠭᠤᠯᠬᠤ ᠵᠡᠷᠭᠡ ᠠᠷᠠᠳ ᠤᠨ | ᠠᠮᠢᠳᠤᠷᠠᠯ ᠤᠨ ᠦᠢᠯᠡᠰ ᠤᠨ ᠲᠠᠯ᠎ᠠ ᠪᠠᠷ ᠪᠠᠰᠠ ᠵᠠᠷᠢᠮ ᠪᠠᠭᠤᠷᠠᠶ ᠲᠠᠯ᠎ᠠ ᠪᠠᠶᠢᠵᠤ᠂ ᠠᠷᠠᠳ ᠣᠯᠠᠨ ᠤ ᠰᠠᠶᠢᠨ | ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠲᠠᠰᠤᠷᠠᠯᠲᠠ ᠥᠬᠡᠶ ᠬᠠᠩᠭᠠᠬᠤ ᠳᠤ ᠪᠠᠰᠠ ᠬᠤᠪᠢ ᠳᠠᠬᠢᠨ | ᠴᠢᠷᠮᠠᠶᠢᠬᠤ ᠬᠡᠷᠡᠭᠲᠡᠶ᠃ ᠡᠭᠦᠨ ᠤ ᠬᠠᠮᠲᠤ᠂ ᠵᠠᠷᠢᠮ ᠺᠠᠳᠷ ᠤᠨ ᠬᠥᠭᠵᠢᠯᠲᠡ ᠪᠠᠨ ᠲᠦᠷᠭᠡᠳᠬᠡᠬᠦ ᠲᠤᠯᠭᠠᠮ᠎ᠠ | ᠰᠡᠳᠬᠢᠯᠭᠡ ᠪᠣᠯᠤᠨ ᠲᠡᠮᠡᠴᠡᠬᠦ ᠦᠵᠡᠯ ᠤᠬᠠᠮᠰᠠᠷ ᠴᠢᠩᠭ᠎ᠠ ᠪᠤᠰᠤ ᠪᠠᠶᠢᠵᠤ᠂ ᠦᠵᠡᠯ ᠰᠠᠨᠠᠭ᠎ᠠ᠂ ᠠᠵᠢᠯ ᠤᠨ | ᠪᠠᠷᠢᠮᠵᠢᠶ᠎ᠠ᠂ ᠲᠤᠰᠬᠠᠶ ᠮᠡᠷᠭᠡᠵᠢᠯ ᠤᠨ ᠴᠢᠳᠠᠪᠤᠷᠢ᠂ ᠦᠢᠯᠡᠴᠢᠯᠡᠭᠡᠨ ᠤ ᠦᠵᠡᠯ ᠤᠬᠠᠮᠰᠠᠷ᠂ ᠬᠠᠤᠯᠢ ᠶᠣᠰᠣᠭᠠᠷ ᠵᠠᠰᠠᠭ | ᠶᠠᠪᠤᠭᠤᠯᠬᠤ ᠬᠢᠷᠢ ᠬᠡᠮᠵᠢᠶ᠎ᠡ ᠶᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠ ᠲᠠᠢ ᠪᠠᠶᠢᠨ᠎ᠠ᠃ ᠪᠢᠳᠡ | ᠡᠷᠬᠡᠪᠰᠢ ᠠᠰᠠᠭᠤᠳᠠᠯ ᠳᠤ ᠵᠥᠪ ᠢᠶᠠᠷ ᠬᠠᠨᠳᠤᠵᠤ᠂ ᠵᠥᠷᠢᠴᠡᠯ ᠳᠤ ᠰᠢᠭᠤᠳ ᠬᠠᠨᠳᠤᠵᠤ᠂ ᠠᠰᠠᠭᠤᠳᠠᠯ ᠢ | ᠰᠢᠢᠳᠪᠦᠷᠢᠯᠡᠬᠦ ᠳᠤᠮᠳᠠ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠬᠤ ᠬᠡᠷᠡᠭᠲᠡᠢ᠃ ᠪᠢᠳᠡ ᠬᠦᠴᠦᠯᠡᠨ ᠴᠢᠷᠮᠠᠶᠢᠵᠤ᠂ | ᠵᠣᠷᠢᠭᠲᠠᠢ ᠪᠠᠷ ᠬᠢᠵᠦ ᠵᠣᠷᠢᠭᠲᠠᠢ ᠪᠠᠷ ᠠᠵᠢᠯᠯᠠᠳᠠᠭ ᠯᠠ ᠶᠤᠮ ᠪᠣᠯ᠂ ᠳᠠᠪᠠᠵᠤ ᠪᠣᠯᠤᠰᠢ ᠦᠭᠡᠢ ᠶᠠᠪᠤᠳᠠᠯ ᠭᠡᠵᠦ | ᠪᠠᠶᠢᠬᠤ ᠦᠭᠡᠢ᠂ ᠬᠢᠵᠦ ᠴᠢᠳᠠᠬᠤ ᠦᠭᠡᠢ ᠶᠠᠪᠤᠳᠠᠯ ᠭᠡᠵᠦ ᠪᠠᠶᠢᠬᠤ ᠦᠭᠡᠢ︕ | ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ | ᠳ᠋ᠦᠩ ᠾᠧ ᠲᠣᠭᠤᠷᠢᠭ ᠪᠣᠯ ᠮᠠᠨ ᠤ ᠬᠠᠮᠲᠤ ᠶᠢᠨ ᠭᠡᠷ ᠣᠷᠣᠨ ᠮᠥᠨ︕ ᠳ᠋ᠦᠩ ᠾᠧ ᠲᠣᠭᠤᠷᠢᠭ ᠢ ᠨᠡᠩ | ᠰᠠᠶᠢᠲᠤᠷ ᠬᠥᠭᠵᠢᠭᠦᠯᠵᠦ᠂ ᠨᠡᠩ ᠭᠤᠶᠤ ᠪᠦᠲᠦᠭᠡᠨ ᠪᠠᠶᠢᠭᠤᠯᠬᠤ ᠪᠣᠯ ᠮᠠᠨ ᠤ ᠳ᠋ᠦᠩ ᠾᠧ ᠬᠥᠮᠥᠨ ᠨᠢᠭᠡᠪᠦᠷᠢ ᠶᠢᠨ | ᠬᠠᠮᠲᠤ ᠶᠢᠨ ᠬᠦᠰᠡᠯ ᠡᠷᠡᠮᠡᠯᠵᠡᠯ ᠪᠠ ᠬᠠᠷᠢᠭᠤᠴᠠᠯᠭ᠎ᠠ ᠪᠣᠯᠣᠨ᠎ᠠ᠃ ᠣᠳᠣᠬᠠᠨ ᠳᠤ᠂ ᠳ᠋ᠦᠩ ᠾᠧ | ᠲᠣᠭᠤᠷᠢᠭ ᠤᠨ ᠬᠢᠨ ᠶᠠᠭ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠳᠠᠪᠬᠤᠴᠠᠭᠰᠠᠨ ᠬᠤᠭᠤᠴᠠᠭ᠎ᠠ᠂ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠴᠤᠩᠬᠤᠪᠴᠢ ᠶᠢᠨ ᠬᠤᠭᠤᠴᠠᠭ᠎ᠠ᠂ ᠳᠠᠪᠠᠭ᠎ᠠ ᠳᠠᠪᠠᠭ᠋ᠤ | ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠡᠯ᠎ᠡ ᠭᠠᠵᠠᠷ ᠤᠨ ᠬᠥᠭᠵᠢᠯᠲᠡ ᠪᠠᠨ ᠲᠦᠷᠭᠡᠳᠬᠡᠬᠦ | ᠬᠤᠷᠴᠠ ᠰᠢᠷᠦᠭᠦᠨ ᠥᠷᠢᠰᠥᠯᠳᠦᠭᠡᠨ ᠤ ᠳᠤᠮᠳᠠ᠂ ᠪᠢᠳᠡ ᠡᠷᠬᠡᠪᠰᠢ ᠠᠵᠠ ᠲᠣᠬᠢᠶᠠᠯ ᠢ ᠠᠮᠵᠢᠵᠤ᠂ ᠢᠯᠠᠯᠲᠠ ᠶᠢᠨ | ᠡᠷᠴᠢᠨ ᠳᠡᠭᠡᠷ᠎ᠡ ᠤᠷᠤᠭᠰᠢᠯᠠᠵᠤ᠂ ᠴᠢᠷᠮᠠᠶᠢᠨ ᠲᠡᠮᠡᠴᠡᠵᠦ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠡᠯ᠎ᠡ | ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ | ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠳ᠋ᠦᠩ ᠾᠧ ᠲᠣᠭᠤᠷᠢᠭ ᠢ ᠨᠡᠩ ᠲᠦᠷᠭᠡᠨ ᠨᠡᠩ ᠰᠠᠶᠢᠨ | ᠬᠥᠭᠵᠢᠭᠦᠯᠵᠦ᠂ ᠨᠠᠰᠤᠲᠠᠶᠢᠴᠤᠳ ᠢ ᠴᠥᠮ ᠥᠲᠡᠯᠦᠭᠡ ᠨᠠᠰᠤ ᠪᠠᠨ ᠪᠠᠶᠠᠷ ᠵᠢᠷᠭᠠᠯ ᠲᠠᠢ ᠥᠩᠭᠡᠷᠡᠭᠦᠯᠵᠦ᠂ | ᠬᠡᠦᠬᠡᠳ ᠤᠳ ᠲᠤ ᠴᠥᠮ ᠰᠠᠶᠢᠨ ᠰᠠᠶᠢᠬᠠᠨ ᠰᠤᠷᠭᠠᠨ ᠬᠥᠮᠦᠵᠢᠯ᠂ ᠡᠷᠡᠭᠦᠯ ᠢᠶᠠᠷ ᠦᠰᠦᠨ ᠪᠤᠶᠢᠵᠢᠵᠤ᠂ | ᠵᠠᠯᠠᠭᠤᠴᠤᠳ ᠴᠥᠮ ᠴᠢᠳᠠᠪᠤᠷᠢᠲᠠᠨ ᠪᠣᠯᠬᠤ ᠪᠠ ᠬᠥᠮᠦᠨ ᠤ ᠠᠮᠢᠳᠤᠷᠠᠯ ᠤᠨ ᠭᠡᠷᠡᠯ ᠭᠢᠯᠪᠠᠭ᠎ᠠ ᠪᠠᠨ ᠰᠠᠴᠤᠷᠠᠭᠤᠯᠬᠤ | ᠠᠵᠠ ᠲᠣᠬᠢᠶᠠᠯ ᠲᠠᠢ ᠪᠣᠯᠭᠠᠵᠤ᠂ ᠠᠬᠠᠰ ᠵᠠᠬᠠᠰ ᠨᠤᠲᠤᠭ ᠤᠨ ᠠᠬ᠎ᠠ ᠳᠡᠭᠦᠦ ᠨᠡᠷ ᠴᠥᠮ ᠳ᠋ᠦᠩ ᠾᠧ | ᠲᠣᠭᠤᠷᠢᠭ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠤᠪᠢᠶᠠᠯᠴᠠᠵᠤ᠂ ᠨᠡᠩ ᠥᠨᠳᠥᠷ ᠠᠮᠢᠳᠤᠷᠠᠯ ᠤᠨ ᠴᠢᠨᠠᠷ | ᠴᠢᠨᠰᠠᠭ᠎ᠠ ᠶᠢ ᠡᠳ᠋ᠯᠡᠭᠦᠯᠵᠦ᠂ ᠳ᠋ᠦᠩ ᠾᠧ ᠶᠢᠨ ᠬᠥᠮᠥᠨ ᠤ ᠵᠣᠯ ᠵᠢᠷᠭᠠᠯ᠂ ᠨᠡᠷ᠎ᠡ ᠬᠦᠨᠳᠦ ᠪᠠ ᠢᠷᠠᠭᠤ ᠠᠯᠳᠠᠷ ᠢ | ᠬᠠᠮᠲᠤᠪᠠᠷ ᠡᠳ᠋ᠯᠡᠭᠦᠯᠦᠨ᠎ᠡ᠃ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠨᠢᠭᠡ ᠵᠢᠯ | ᠮᠥᠨ᠃ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠤᠭᠤᠲᠤ ᠶᠢᠨ ︽ | ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠲᠤᠬᠠᠶ ᠴᠢᠬᠤᠯᠠ ᠵᠢᠭᠠᠪᠤᠷᠢ ᠶᠢ ᠨᠠᠶᠢᠳᠠᠪᠤᠷᠢᠵᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢ ᠡᠷᠡᠰ ᠭᠤᠶᠢᠪᠢᠰᠢ ᠥᠬᠡᠶ ᠬᠡᠷᠡᠭᠵᠢᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ | ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠬᠥᠭᠵᠢᠯᠲᠡ ᠪᠠ ᠠᠮᠤᠷ | ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠢ ᠶᠡᠭᠡ ᠪᠠᠷ ᠬᠥᠭᠵᠢᠭᠡᠵᠦ᠂ ︽ᠬᠤᠶᠠᠷ ᠰᠢᠨ᠎ᠡ︾ ᠶᠢᠨ | ᠤᠳᠤᠷᠢᠳᠤᠮᠵᠢ ᠶᠢ ᠪᠠᠷᠢᠮᠲᠠᠯᠠᠵᠤ᠂ ᠨᠡᠮᠡᠭᠳᠡᠯ ᠤᠨ ᠤᠬᠠᠮᠰᠠᠷ ᠢᠶᠠᠨ ᠴᠢᠩᠭᠠᠳᠬᠠᠵᠤ᠂ ᠬᠥᠩᠭᠡᠨᠴᠠᠭᠠᠨ ᠢ ᠨᠠᠷᠢᠯᠢᠭ | ᠡᠳ᠋ᠰᠢᠭᠦᠯᠬᠦ ᠲᠤᠭ ᠲᠡᠮᠳᠡᠭ ᠬᠡᠯᠪᠡᠷᠢ ᠶᠢᠨ ᠠᠵᠤ ᠦᠢᠯᠡᠰ ᠤᠨ ᠪᠥᠭᠡᠮᠨᠡᠷᠡᠯ ᠢ ᠪᠣᠶ ᠪᠣᠯᠭᠠᠵᠤ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠣᠲᠣ ᠦᠶ᠎ᠡ ᠶᠢᠨ ᠦᠢᠯᠡᠴᠢᠯᠡᠭᠡᠨ ᠤ | ᠦᠢᠯᠡᠰ ᠢ ᠶᠡᠭᠡ ᠪᠠᠷ ᠪᠤᠶᠢᠵᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ | ᠦᠢᠯᠡᠰ ᠪᠠ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠭᠡ ᠪᠠᠷ ᠪᠤᠶᠢᠵᠢᠭᠤᠯᠵᠤ᠂ ᠰᠢᠨ᠎ᠡ ᠠᠶᠠᠨ ᠵᠠᠮ ᠳᠤ | ᠬᠠᠭᠤᠴᠢᠨ ᠬᠤᠲᠠ ᠲᠣᠭᠤᠷᠢᠭ ᠤᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠬᠤ ᠶᠢ ᠬᠦᠴᠦᠯᠡᠨ ᠠᠬᠢᠭᠤᠯᠬᠤ | ᠬᠡᠷᠡᠭᠲᠡᠢ᠃ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠣᠷᠴᠢᠮ ᠢᠶᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 10% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢ 15% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ | ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 6% ᠣᠷᠴᠢᠮ ᠢᠶᠠᠷ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ 6% ᠠᠴᠠ ᠳᠡᠭᠡᠭᠰᠢ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠣᠷᠣᠯᠭ᠎ᠠ ᠶᠢ ᠠᠵᠤ ᠠᠬᠤᠶ ᠶᠢᠨ ᠬᠥᠭᠵᠢᠯᠲᠡ ᠯᠦᠭᠡ ᠠᠳᠠᠯᠢ ᠪᠠᠶᠢᠯᠭᠠᠬᠤ ᠬᠡᠷᠡᠭᠲᠡᠶ᠃ | ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ ᠳᠣᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ | ᠠᠳᠬᠤᠬᠤ ᠬᠡᠷᠡᠭᠲᠡᠶ᠄ | ︵ᠨᠢᠭᠡ︶ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠴᠢᠨᠠᠷ ᠰᠠᠶᠢᠲᠠᠢ | ᠬᠥᠭᠵᠢᠯᠲᠡ ᠶᠢᠨ ᠬᠥᠳᠡᠯᠭᠡᠭᠦᠷ ᠢ ᠲᠦᠷᠭᠡᠨ ᠴᠣᠭᠴᠠᠯᠠᠬᠤ ᠲᠠᠯ᠎ᠠ ᠪᠠᠷ ᠬᠦᠴᠦᠯᠡᠬᠦ ᠬᠡᠷᠡᠭᠲᠡᠢ | ᠬᠥᠩᠭᠡᠨ ᠴᠠᠭᠠᠨ ᠤ ᠭᠤᠤᠯᠯᠠᠬᠤ ᠠᠵᠤ ᠦᠢᠯᠡᠰ ᠤᠨ ᠡᠨᠧᠷᠭᠢ ᠶᠢᠨ ᠳᠡᠰ ᠢ ᠬᠦᠴᠦᠯᠡᠨ ᠳᠡᠭᠡᠭᠰᠢᠯᠡᠭᠦᠯᠦᠨ᠎ᠡ᠃ | ︽ᠳᠠᠭᠠᠭᠤᠯᠤᠭᠴᠢ ᠶᠢ ᠬᠦᠴᠦᠷᠬᠡᠭᠵᠢᠭᠦᠯᠬᠦ᠂ ᠬᠡᠯᠬᠢᠶ᠎ᠡ ᠶᠢ ᠨᠥᠬᠦᠪᠦᠷᠢᠯᠡᠬᠦ᠂ ᠪᠥᠭᠡᠮᠨᠡᠷᠡᠯ ᠢ ᠲᠥᠪᠯᠡᠷᠡᠭᠦᠯᠬᠦ︾ ᠲᠠᠢ | ᠨᠢᠭᠲᠠ ᠤᠶᠠᠯᠳᠤᠭᠤᠯᠤᠨ᠂ ᠬᠥᠩᠭᠡᠨ ᠴᠠᠭᠠᠨ ᠤ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠳᠡᠭᠡᠳᠦ ᠳᠡᠰᠵᠢᠭᠰᠡᠨ | ᠬᠥᠭᠵᠢᠯᠲᠡ ᠶᠢ ᠲᠦᠷᠭᠡᠳᠬᠡᠵᠦ᠂ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠦᠢᠯᠡᠳᠬᠦᠨ ᠤ | ᠶᠡᠷᠦᠩᠬᠡᠢ ᠥᠷᠲᠡᠭ ᠢ 500 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠠᠬᠢᠭᠤᠯᠤᠨ᠎ᠠ᠃ ᠬᠤᠸᠠ ᠶᠦᠨ | ᠭᠤᠷᠪᠠᠳᠤᠭᠠᠷ ᠬᠤᠭᠤᠴᠠᠭᠠᠨ ᠤ 42 ᠲᠦᠮᠡᠨ ᠲᠣᠨ ᠬᠥᠩᠭᠡᠨ ᠬᠠᠶᠢᠯᠤᠰᠢ ᠶᠢᠨ ᠲᠥᠷᠥᠯ ᠵᠦᠢᠯ ᠤᠨ ᠪᠠᠷᠢᠯᠭ᠎ᠠ | ᠳᠠᠭᠤᠰᠴᠤ ᠠᠰᠢᠭᠯᠠᠯᠲᠠ ᠳᠤ ᠣᠷᠣᠬᠤ ᠶᠢ ᠭᠤᠤᠯᠳᠠᠯᠭ᠎ᠠ ᠲᠠᠢ ᠠᠬᠢᠭᠤᠯᠵᠤ᠂ ᠲᠦᠭᠦᠬᠡᠶ ᠬᠥᠩᠭᠡᠨ ᠴᠠᠭᠠᠨ ᠤ | ᠦᠢᠯᠡᠳᠪᠦᠷᠢᠯᠡᠯ ᠤᠨ ᠴᠢᠳᠠᠪᠤᠷᠢ ᠶᠢ 150 ᠲᠦᠮᠡᠨ ᠲᠣᠨ ᠢ ᠳᠠᠪᠠᠭᠤᠯᠤᠨ᠎ᠠ᠃ ᠬᠥᠩᠭᠡᠨᠴᠠᠭᠠᠨ ᠤ ᠰᠠᠭᠤᠷᠢ ᠰᠢᠨ᠎ᠡ | ᠮᠠᠲ᠋ᠧᠷᠢᠶᠠᠯ ᠤᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠪᠢᠴᠢᠯ ᠰᠢᠨᠵᠢᠯᠡᠬᠦ ᠤᠬᠠᠭᠠᠨ ᠤ 10 ᠲᠦᠮᠡᠨ | ᠲᠣᠨ ᠪᠣᠬᠢᠷᠲᠤᠯ ᠦᠭᠡᠢ ᠬᠥᠩᠭᠡᠨᠴᠠᠭᠠᠨ ᠤ ᠬᠠᠶᠢᠯᠤᠰᠢ ᠶᠢᠨ ᠰᠢᠨ᠎ᠡ ᠮᠠᠲ᠋ᠧᠷᠢᠶᠠᠯ ᠢ ᠨᠠᠷᠢᠯᠢᠭ ᠡᠳ᠋ᠰᠢᠭᠦᠯᠬᠦ ᠲᠥᠷᠥᠯ | ᠵᠦᠢᠯ ᠢ ᠲᠦᠷᠭᠡᠳᠬᠡᠨ ᠪᠠᠶᠢᠭᠤᠯᠵᠤ᠂ ᠤᠮᠠᠷᠠᠲᠤ ᠣᠷᠣᠨ ᠤ ᠬᠥᠩᠭᠡᠨ ᠴᠠᠭᠠᠨ ᠤ ᠦᠢᠯᠡᠰ ᠤᠨ ᠵᠢᠯ ᠳᠤ 9.1 | ᠲᠦᠮᠡᠨ ᠲᠣᠨ ᠳᠡᠭᠡᠳᠦ ᠴᠢᠳᠠᠪᠬᠢᠲᠤ ᠬᠦᠩᠭᠡᠨᠴᠠᠭᠠᠨ ᠤ ᠬᠠᠶᠢᠯᠤᠰᠢ ᠶᠢᠨ ᠴᠢᠳᠬᠤᠮᠠᠯ ᠣᠷᠢᠶᠠᠯᠲᠠ᠂ | ᠳᠠᠭᠠᠭᠠᠴᠢᠯᠠᠯᠲᠠ ᠵᠠᠷᠯᠠᠬᠤ ᠬᠥᠩᠭᠡᠨ ᠴᠠᠭᠠᠨ ᠤ ᠦᠢᠯᠡᠰ ᠤᠨ ᠵᠢᠯ ᠳᠤ 1.36 ᠲᠦᠮᠡᠨ ᠲᠣᠨ ᠰᠢᠨ᠎ᠡ ᠬᠡᠯᠪᠡᠷᠢ ᠶᠢᠨ | ᠳᠡᠭᠡᠳᠦ ᠬᠦᠴᠦᠷᠬᠡᠭ᠂ ᠳᠡᠭᠡᠳᠦ ᠤᠶᠠᠨ ᠬᠠᠲᠠᠨ᠂ ᠢᠳᠡᠭᠳᠡᠯ ᠳᠤ ᠳᠠᠭᠠᠭᠠᠮᠠᠭᠠᠢ ᠬᠤᠪᠣᠷ ᠰᠢᠷᠣᠢ ᠶᠢᠨ | ᠬᠥᠩᠭᠡᠨᠴᠠᠭᠠᠨ ᠤ ᠬᠠᠶᠢᠯᠤᠰᠢ ᠶᠢᠨ ᠮᠠᠲ᠋ᠧᠷᠢᠶᠠᠯ ᠦᠢᠯᠡᠳᠪᠦᠷᠢᠯᠡᠬᠦ ᠵᠡᠷᠭᠡ ᠲᠥᠷᠥᠯ ᠵᠦᠢᠯ ᠤᠨ ᠪᠠᠷᠢᠯᠭ᠎ᠠ ᠳᠠᠭᠤᠰᠴᠤ | ᠠᠰᠢᠭᠯᠠᠯᠲᠠ ᠳᠤ ᠣᠷᠣᠬᠤ ᠶᠢ ᠠᠬᠢᠭᠤᠯᠤᠨ᠎ᠠ᠃ ᠬᠥᠩᠭᠡᠨ ᠴᠠᠭᠠᠨ ᠤ ᠬᠠᠶᠢᠯᠤᠰᠢ ᠶᠢᠨ ᠮᠠᠰᠢᠨ ᠲᠡᠷᠭᠡᠨ ᠤ ᠰᠡᠯᠪᠢᠭ | ᠲᠤᠨᠤᠭ ᠤᠨ ᠦᠢᠯᠡᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠥᠷᠭᠡᠳᠬᠡᠵᠦ᠂ ᠯᠢ ᠵᠥᠩ ᠪᠦᠯᠦᠭᠯᠡᠯ ᠤᠨ ᠵᠢᠯ ᠳᠤ | 300 ᠲᠦᠮᠡᠨ ᠮᠠᠰᠢᠨ ᠲᠡᠷᠭᠡᠨ ᠤ ᠬᠥᠩᠭᠡᠨ ᠴᠠᠭᠠᠨ ᠤ ᠬᠠᠶᠢᠯᠤᠰᠢ ᠶᠢᠨ ᠤᠭᠰᠠᠷᠠᠭ᠎ᠠ ᠲᠣᠨᠤᠭ ᠢ ᠴᠢᠳᠬᠤᠨ | ᠦᠢᠯᠡᠳᠬᠦ ᠲᠥᠷᠥᠯ ᠵᠦᠢᠯ᠂ ᠱᠧᠩ ᠲᠠᠢ ᠶᠢᠨ 60 ᠲᠦᠮᠡᠨ ᠬᠤᠪᠣᠷ ᠰᠢᠷᠣᠶ ᠶᠢᠨ ᠬᠥᠩᠭᠡᠨ ᠴᠠᠭᠠᠨ ᠤ | ᠬᠠᠶᠢᠯᠤᠰᠢ ᠶᠢᠨ ᠬᠤᠳᠠᠯᠳᠤᠭᠠᠨ ᠳᠤ ᠬᠡᠷᠡᠭᠯᠡᠬᠦ ᠲᠡᠷᠭᠡᠨ ᠬᠦᠷᠳᠦᠨ ᠤ ᠲᠥᠷᠥᠯ ᠵᠦᠢᠯ ᠢ ᠪᠠᠷᠢᠯᠭ᠎ᠠ ᠳᠠᠭᠤᠰᠴᠤ | ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠦᠢᠯᠡᠳᠪᠦᠷᠢᠯᠡᠬᠦ ᠴᠢᠳᠠᠪᠤᠷᠢ ᠶᠢ 600 ᠲᠦᠮᠡ ᠳᠤ | ᠬᠦᠷᠦᠭᠦᠯᠵᠦ᠂ ᠮᠠᠨ ᠤ ᠤᠯᠤᠰ ᠤᠨ ᠤᠮᠠᠷᠠᠲᠤ ᠶᠢᠨ ᠬᠠᠮᠤᠭ ᠤᠨ ᠲᠣᠮᠣ ᠬᠥᠩᠭᠡᠨ ᠴᠠᠭᠠᠨ ᠤ ᠬᠠᠶᠢᠯᠤᠰᠢ ᠶᠢᠨ | ᠲᠡᠷᠭᠡᠨ ᠬᠦᠷᠳᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠭᠠᠨ᠎ᠠ᠃ ᠳᠣᠣᠷᠠᠲᠤ ᠤᠷᠤᠰᠭᠠᠯ ᠤᠨ ᠠᠵᠤ | ᠦᠢᠯᠡᠰ ᠤᠨ ᠬᠡᠯᠬᠢᠶ᠎ᠡ ᠶᠢ ᠨᠡᠪᠲᠡᠷᠡᠭᠦᠯᠵᠦ᠂ ᠹᠦᠨᠴᠤᠸᠠᠨ ᠤ ᠡᠯᠧᠺᠲᠷᠣᠨ ᠵᠢᠯ ᠤᠨ ᠦᠢᠯᠡᠳᠪᠦᠷᠢᠯᠡᠭᠰᠡᠨ 5000 | ᠲᠦᠮᠡᠨ ᠴᠠᠬᠢᠯᠭᠠᠨ ᠬᠤᠷᠠᠮᠳᠤᠭᠤᠯ ᠤᠭᠴᠢ ᠶᠢᠨ ᠦᠢᠯᠡᠳᠪᠦᠷᠢᠯᠡᠯ ᠤᠨ ᠱᠤᠭᠤᠮ ᠢ ᠪᠠᠢᠭᠤᠯᠵᠤ ᠠᠱᠢᠭᠯᠠᠯᠲᠠ ᠳᠤ | ᠣᠷᠣᠭᠤᠯᠬᠤ ᠶᠢ ᠠᠬᠢᠭᠤᠯᠬᠤ ᠬᠡᠷᠡᠭᠲᠡᠢ᠃ ᠪᠦᠬᠦ ᠵᠢᠯ ᠳᠤ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠦᠷᠦᠯ | ᠵᠦᠢᠯ ᠢ 13 ᠠᠴᠠ ᠳᠡᠭᠡᠭᠰᠢ ᠬᠡᠷᠡᠭᠵᠢᠭᠦᠯᠵᠦ᠂ 54 ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠪᠡᠯᠡ | ᠣᠷᠤᠭᠤᠯᠤᠯᠲᠠ ᠶᠢ ᠪᠡᠶᠡᠯᠡᠭᠦᠯᠦᠨ᠎ᠡ᠃ | ᠠᠵᠤ ᠦᠢᠯᠡᠳᠪᠦᠷᠢ ᠶᠢᠨ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠳ᠋ᠭᠡᠨ ᠠᠬᠢᠭᠤᠯᠤᠨ᠎ᠠ | ᠃ ᠣᠶᠤᠨᠲᠤ ᠬᠦᠷᠢᠶᠡᠯᠡᠩ ᠲᠣᠭᠤᠷᠢᠭ ᠢ ᠪᠦᠬᠦ ᠲᠠᠯ᠎ᠠ ᠪᠠᠷ ᠪᠠᠶᠢᠭᠤᠯᠵᠤ᠂ ᠮᠡᠳᠡᠭᠡ ᠵᠠᠩᠭᠢᠵᠢᠯᠲᠠ ᠶᠢ ᠠᠵᠤ | ᠦᠢᠯᠡᠳᠪᠦᠷᠢᠵᠢᠯᠲᠡ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠬᠦᠴᠦᠨ ᠵᠦᠢᠯ ᠪᠣᠯᠭᠠᠵᠤ᠂ ᠮᠡᠳᠡᠭᠡ ᠵᠠᠩᠭᠢᠵᠢᠯᠲᠠ ᠪᠠ | ᠠᠵᠤ ᠦᠢᠯᠡᠳᠪᠦᠷᠢᠵᠢᠯᠲᠡ ᠶᠢᠨ ᠭᠦᠨᠵᠡᠭᠡᠢ ᠠᠭᠤᠰᠤᠯᠴᠠᠯ ᠢ ᠲᠦᠷᠭᠡᠳᠬᠡᠨ ᠠᠬᠢᠭᠤᠯᠤᠨ᠎ᠠ᠃ ᠲᠣᠭᠠᠴᠢᠯᠠᠭᠰᠠᠨ | ᠡᠨᠧᠷᠭᠢ ᠣᠯᠭᠤᠬᠤ ᠶᠢ ᠴᠢᠩᠭᠠᠳᠬᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠪᠦᠬᠦᠨ ᠢ ︽ᠡᠭᠦᠯᠡᠨ | ᠪᠤᠳᠤᠯᠲᠠ ᠳᠤ ᠬᠡᠷᠡᠭᠯᠡᠬᠦ ᠲᠤᠭ᠎ᠠ ᠪᠠᠷᠢᠮᠲᠠ ᠪᠠᠷ ᠣᠶᠤᠨ ᠣᠯᠭᠤᠬᠤ︾ ᠶᠢ ᠠᠬᠢᠭᠤᠯᠵᠤ᠂ ᠳᠤᠮᠳᠠ ᠵᠢᠵᠢᠭ ᠠᠵᠤ | ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢ ᠳᠠᠶᠢᠴᠢᠯᠠᠪᠠ᠃ ᠰᠧᠨ ᠳ᠋ᠦ᠋ | ᠨᠡᠭᠦᠷᠡᠰᠦᠲᠥ᠋ᠷᠥᠭᠴᠢ ᠶᠢᠨ ᠡᠳ᠋ ᠤᠨ ︽ᠮᠠᠰᠢᠨ ᠢᠶᠠᠷ ᠬᠥᠮᠦᠨ ᠢ ᠰᠣᠯᠢᠬᠤ︾ ᠶᠢ ᠠᠬᠢᠭᠤᠯᠵᠤ᠂ ᠱᠧᠩ ᠲᠠᠢ ᠪᠦᠬᠦ | ᠬᠤᠳᠠ ᠳᠤ ᠬᠡᠪ ᠳᠠᠭᠤᠷᠢᠶᠠᠯ ᠤᠨ ᠵᠢᠱᠢᠶ᠎ᠡ ᠦᠵᠡᠭᠦᠯᠬᠦ ᠦᠢᠯᠡᠳᠦᠯ ᠲᠠᠢ ᠤᠶᠤᠨᠴᠢᠯᠠᠭᠰᠠᠨ ︽ᠬᠠᠷ᠎ᠠ ᠳ᠋ᠧᠩ ᠤᠨ | ᠦᠢᠯᠡᠳᠪᠦᠷᠢ︾ ᠶᠢ ᠪᠠᠶᠢᠭᠤᠯᠵᠠᠢ᠃ 5G ᠶᠢᠨ ᠬᠤᠩ ᠥᠷᠲᠡᠭᠡ ᠶᠢ ᠲᠥᠯᠥᠪᠵᠢᠭᠦᠯᠦᠨ ᠪᠠᠶᠢᠭᠤᠯᠵᠤ᠂ ᠠᠵᠤ | ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠪᠤᠶᠤ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ | ᠠᠬᠢᠭᠤᠯᠬᠤ ᠲᠥᠪ 1 ᠶᠢ ᠪᠠᠶᠢᠭᠤᠯᠵᠤ᠂ ᠪᠤᠭᠤᠲᠤ ᠶᠢᠨ ᠬᠥᠩᠭᠡᠨ ᠴᠠᠭᠠᠨ ᠤ ︽5G ᠠᠵᠤ ᠦᠢᠯᠡᠳᠪᠦᠷᠢ ᠶᠢᠨ | ᠢᠨᠲ᠋ᠧᠷ ᠰᠦᠯᠵᠢᠶ᠎ᠡ︾ ᠶᠢᠨ ᠲᠠᠪᠴᠠᠩ ᠤᠨ ᠴᠢᠳᠠᠮᠵᠢ ᠶᠢ ᠲᠠᠰᠤᠷᠠᠯᠲᠠ ᠥᠬᠡᠶ ᠥᠷᠭᠡᠳᠬᠡᠬᠦ ᠶᠢ ᠳᠡᠮᠵᠢᠵᠦ᠂ ᠣᠯᠠᠨ | ᠬᠦᠷᠢᠶ᠎ᠡ ᠴᠠᠷᠠᠭ᠎ᠠ᠂ ᠣᠯᠠᠨ ᠲᠠᠰ ᠳᠠᠪᠬᠤᠷᠭ᠎ᠠ ᠶᠢᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ | ᠠᠭᠤᠰᠤᠯᠴᠠᠨ ᠬᠥᠭᠵᠢᠬᠦ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠣᠳᠣ ᠦᠶ᠎ᠡ ᠶᠢᠨ ᠦᠢᠯᠡᠴᠢᠯᠡᠭᠡᠨ ᠤ | ᠦᠢᠯᠡᠰ ᠬᠢᠭᠡᠳ ᠲᠡᠷᠢᠭᠦᠨ ᠤ ᠦᠢᠯᠡᠳᠬᠦ ᠦᠢᠯᠡᠰ ᠤᠨ ᠭᠦᠨᠵᠡᠭᠡᠢ ᠠᠭᠤᠰᠤᠯᠴᠠᠬᠤ ᠶᠢ ᠬᠦᠴᠦᠲᠡᠢ ᠠᠬᠢᠭᠤᠯᠵᠤ᠂ | ᠲᠣᠭᠠᠴᠢᠯᠠᠭᠰᠠᠨ ᠠᠵᠤ ᠠᠬᠤᠢ ᠶᠢᠨ GDP ᠳᠠᠬᠢ ᠡᠵᠡᠯᠡᠬᠦ ᠬᠤᠪᠢ ᠶᠢᠨ ᠵᠢᠩ 0.26% ᠪᠠᠶᠢᠭᠰᠠᠨ ᠠᠴᠠ ᠪᠠᠨ | ᠳᠡᠭᠡᠭᠰᠢᠯᠡᠭᠡᠳ 0.30% ᠪᠣᠯᠪᠠ᠃ | ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ ᠰᠤᠯᠠ ᠪᠠᠶᠢᠭ᠎ᠠ ᠭᠠᠵᠠᠷ ᠰᠢᠷᠣᠶ ᠶᠢ | ᠴᠡᠪᠡᠷᠯᠡᠬᠦ ᠶᠢ ᠦᠷᠭᠦᠯᠵᠢᠯᠡᠨ ᠠᠬᠢᠭᠤᠯᠵᠤ᠂ ︽ᠰᠢᠩᠭᠡᠯᠢᠭ ᠢ ᠰᠤᠯᠠᠯᠠᠵᠤ ᠰᠢᠪᠠᠭᠤ ᠶᠢ ᠰᠣᠯᠢᠬᠤ︾᠂ ︽ᠭᠠᠵᠠᠷ | ᠥᠬᠡᠶ ᠪᠠᠷ ᠬᠤᠳᠠᠯᠳᠤᠭᠠᠴᠢᠨ ᠤᠷᠢᠬᠤ︾ ᠶᠢ ᠲᠦᠷᠭᠡᠳᠬᠡᠨ ︽ᠦᠬᠦᠰᠢᠷᠡᠮᠡᠯ ᠠᠵᠤ ᠠᠬᠤᠶᠢᠯᠠᠯ︾ ᠢ | ᠠᠮᠢᠯᠠᠭᠤᠯᠤᠨ᠎ᠠ᠃ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠢ ᠰᠠᠶᠢᠲᠤᠷ ᠬᠡᠷᠡᠭᠯᠡᠵᠦ᠂ ᠥᠨᠳᠥᠷ | ᠨᠡᠮᠡᠯᠲᠡ ᠥᠷᠲᠡᠭ ᠪᠦᠬᠦᠢ ᠠᠵᠤ ᠦᠢᠯᠡᠰ ᠤᠨ ᠲᠥᠷᠥᠯ ᠵᠦᠢᠯ ᠢ 2 ᠠᠴᠠ ᠳᠡᠭᠡᠭᠰᠢ ᠣᠷᠣᠭᠤᠯᠤᠨ ᠠᠪᠴᠢᠷᠠᠨ᠎ᠠ᠃ | ᠠᠵᠤ ᠦᠢᠯᠡᠳᠪᠦᠷᠢ ᠶᠢᠨ ᠶᠡᠷᠦᠩᠬᠡᠶᠢᠯᠡᠭᠰᠡᠨ ᠴᠢᠨᠠᠷᠲᠠᠶ ᠪᠠᠷᠢᠮᠵᠢᠶᠠᠵᠢᠭᠤᠯᠤᠯᠲᠠ ᠶᠢ ᠦᠨᠡᠯᠡᠬᠦ ᠰᠢᠰᠲ᠋ᠧᠮᠵᠢ ᠶᠢᠨ | ᠬᠡᠷᠡᠭᠯᠡᠯᠲᠡ ᠶᠢ ᠭᠦᠨᠵᠡᠭᠡᠶᠢᠷᠡᠭᠦᠯᠦᠨ᠂ ᠬᠦᠷᠢᠶᠡᠯᠡᠩ ᠲᠣᠭᠤᠷᠢᠭ ᠤᠨ ᠮᠥ ᠪᠦᠷᠢ ᠶᠢᠨ ᠳᠤᠮᠳᠠᠴᠢ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ᠂ ᠭᠠᠶᠢᠯᠢ ᠲᠠᠲᠠᠪᠤᠷᠢ᠂ ᠪᠠᠯᠠ ᠣᠷᠣᠭᠤᠯᠤᠯᠲᠠ ᠶᠢᠨ | ᠡᠷᠴᠢᠮ ᠵᠡᠷᠭᠡ ᠭᠦᠢᠴᠡᠳᠬᠡᠯ ᠲᠤᠭ᠎ᠠ ᠶᠢᠨ ᠰᠢᠯᠭᠠᠨ ᠬᠢᠨᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠵᠤ᠂ | ᠳᠣᠤᠷ᠎ᠠ ᠨᠡᠮᠡᠯᠲᠡ ᠥᠷᠲᠡᠭ ᠪᠥᠬᠦᠶ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ | ᠠᠬᠢᠭᠤᠯᠤᠨ᠎ᠠ᠃ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠡᠷᠴᠢᠮ ᠢᠶᠠᠨ ᠴᠢᠩᠭᠠᠷᠠᠭᠤᠯᠵᠤ᠂ | ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠭᠤᠤᠯ ᠲᠣᠭᠤᠷᠢᠭ ᠢ ᠳᠦᠭᠦᠷᠲᠡᠯ᠎ᠡ ᠲᠠᠭᠯᠠᠨ | ᠬᠦᠷᠭᠡᠵᠦ᠂ ᠵᠧᠩ ᠸᠧᠶ ᠰᠢᠨ᠎ᠡ ᠮᠠᠲ᠋ᠧᠷᠢᠶᠠᠯ ᠤᠨ ᠬᠡᠰᠡᠭ ᠲᠣᠭᠤᠷᠢᠭ᠂ ᠨᠡᠶᠢᠲᠡ ᠶᠢᠨ ᠬᠤᠷᠠᠮᠳᠤᠯ ᠬᠠᠪᠲᠠᠰᠤ ᠶᠢᠨ | ᠬᠡᠰᠡᠭ ᠲᠣᠭᠤᠷᠢᠭ ᠤᠨ ᠠᠵᠤ ᠦᠢᠯᠡᠰ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠬᠠᠮᠵᠢᠯᠴᠠᠨ | ᠠᠬᠢᠭᠤᠯᠵᠤ᠂ ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠦᠶ᠋ᠯᠡᠳᠬᠦ᠂ ᠣᠲᠣ ᠦᠶ᠎ᠡ ᠶᠢᠨ ᠪᠠᠷᠠᠭᠠᠨ ᠤ | ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠵᠡᠷᠭᠡ ᠠᠵᠤ ᠦᠢᠯᠡᠰ ᠢ ᠲᠦᠷᠭᠡᠳᠬᠡᠨ ᠣᠷᠣᠭᠤᠯᠤᠨ᠎ᠠ᠃ | ︵ᠬᠤᠶᠠᠷ︶ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢᠨ ᠬᠠᠲᠠᠭᠤ | ᠳᠠᠶᠢᠯᠠᠯᠳᠤᠭᠠᠨ ᠢ ᠰᠠᠶᠢᠲᠤᠷ ᠬᠢᠵᠦ᠂ ᠬᠥᠭᠵᠢᠯᠲᠡ ᠶᠢᠨ ᠰᠢᠨ᠎ᠡ ᠬᠦᠳᠡᠯᠭᠡᠬᠦ ᠬᠦᠴᠦᠨ ᠰᠢᠨ᠎ᠡ ᠳᠠᠪᠠᠭᠤᠯᠢᠭ ᠢ ᠪᠣᠢ | ᠪᠣᠯᠭᠠᠬᠤ ᠳᠡᠭᠡᠷ᠎ᠡ ᠬᠦᠴᠦᠯᠡᠬᠦ ᠬᠡᠷᠡᠭᠲᠡᠢ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ︽ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ | ᠲᠣᠮᠢᠯᠠᠭᠳᠠᠭᠰᠠᠳ ᠲᠣᠮᠢᠯᠠᠭᠰᠠᠨ︾ ᠳᠦᠷᠢᠮ ᠢ ᠰᠦᠪᠡᠭᠴᠢᠯᠡᠨ ᠪᠠᠶᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠳᠤ ᠨᠢᠭᠡᠳ ᠨᠢᠭᠡ ᠪᠠᠷ ︽ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ︾ ᠬᠢᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ ᠶᠢᠨ ᠵᠣᠬᠢᠴᠠᠯᠳᠤᠬᠤ | ᠬᠡᠮᠵᠢᠶ᠎ᠡ ᠥᠨᠳᠥᠷ ᠪᠤᠰᠤ ᠪᠠᠶᠢᠬᠤ ᠠᠰᠠᠭᠤᠳᠠᠯ ᠢ ᠬᠦᠴᠦᠯᠡᠨ ᠰᠢᠶ᠋ᠳᠪᠦᠷᠢᠯᠡᠨ᠎ᠡ᠃ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠠ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠤᠨ ︽ᠬᠤᠣᠰ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠬᠡᠷᠡᠭᠵᠢᠭᠦᠯᠵᠦ᠂ ᠳᠠᠪᠠᠭᠤᠯᠢᠭ ᠰᠢᠨᠵᠢᠯᠡᠬᠦ | ᠤᠬᠠᠭᠠᠨ ᠮᠡᠷᠭᠡᠵᠢᠯ ᠤᠨ ᠡᠬᠢ ᠪᠠᠶᠠᠯᠢᠭ ᠪᠠ ᠰᠢᠨ᠎ᠡ ᠶᠢ ᠡᠭᠦᠳᠬᠦ ᠦᠢᠯᠡᠴᠢᠯᠡᠭᠡ ᠶᠢ ᠠᠵᠤ ᠠᠬᠤᠶᠢᠯᠠᠯ ᠲᠡᠶᠢᠰᠢ | ᠲᠥᠪᠯᠡᠷᠡᠭᠦᠯᠬᠦ ᠶᠢ ᠠᠬᠢᠭᠤᠯᠤᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 2᠂ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 2᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ 2 ᠰᠢᠨ᠎ᠡ ᠪᠠᠷ ᠪᠤᠶᠢᠵᠢᠭᠤᠯᠤᠨ᠎ᠠ᠃ ᠬᠥᠲᠥᠴᠢ ᠠᠵᠤ | ᠠᠬᠤᠶᠢᠯᠠᠯ᠂ ᠬᠡᠯᠬᠢᠶᠡᠵᠢᠯ ᠤᠨ ᠭᠤᠤᠯ ᠠᠵᠤ ᠠᠬᠤᠶᠢᠯᠠᠯ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ | ᠴᠣᠭᠴᠠ ᠶᠢ ᠪᠠᠶᠢᠭᠤᠯᠬᠤ ᠶᠢ ᠳᠡᠮᠵᠢᠵᠦ᠂ ︽ᠨᠢᠭᠡ ᠲᠤᠰᠬᠠᠶ ᠮᠡᠷᠭᠡᠵᠢᠯᠲᠡᠨ ᠤ ᠪᠦᠯᠬᠦᠮ ᠨᠡᠶᠢᠲᠡ ᠶᠢ ᠣᠷᠣᠭᠤᠯᠤᠨ | ᠠᠪᠴᠢᠷᠠᠬᠤ᠂ ᠨᠢᠭᠡ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ᠂ ᠨᠢᠭᠡ ᠪᠠᠶᠢᠯᠳᠤᠭᠠᠨ ᠤ ᠰᠢᠨ᠎ᠡ ᠠᠵᠤ | ᠦᠢᠯᠡᠰ ᠢ ᠰᠣᠩᠭᠤᠨ ᠪᠡᠯᠡ ᠣᠷᠣᠭᠤᠯᠬᠤ᠂ ᠨᠢᠭᠡ ᠳᠤᠭᠤᠶᠢᠯᠠᠩ ᠰᠢᠨ᠎ᠡ ᠦᠢᠯᠡᠳᠬᠦᠨ ᠢ ᠨᠡᠭᠡᠭᠡᠨ ᠬᠥᠭᠵᠢᠭᠦᠯᠬᠦ | ᠵᠡᠷᠭᠡ ︽ᠳᠥᠷᠪᠡᠨ ᠨᠢᠭᠡ︾ ᠶᠢᠨ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠠᠵᠤ ᠠᠬᠤᠶᠢᠯᠠᠯ ᠤᠨ ᠦᠷᠭᠦᠯᠵᠢᠯᠡᠨ | ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠦᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠳᠠᠬᠢ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ᠂ | ᠰᠢᠨ᠎ᠡ ᠶᠢ ᠡᠭᠦᠳᠬᠦ ᠲᠠᠪᠴᠠᠩ ᠤᠨ ᠪᠦᠷᠬᠦᠴᠡ ᠶᠢᠨ ᠨᠣᠷᠮ᠎ᠠ ᠶᠢ 35% ᠳᠤ ᠬᠦᠷᠦᠭᠦᠯᠬᠦ ᠪᠠᠷ ᠴᠢᠷᠮᠠᠶᠢᠨ᠎ᠠ᠃ | ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠴᠢᠩᠭᠠᠳᠬᠠᠵᠤ᠃ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ | ᠴᠢᠩᠭᠠᠳᠬᠠᠵᠤ᠂ ᠪᠤᠭᠤᠲᠤ ᠶᠢᠨ ᠬᠦᠩᠭᠡᠨ ᠴᠠᠭᠠᠨ ᠤ ᠴᠠᠬᠢᠯᠭᠠᠨ ᠵᠠᠳᠠᠯᠤᠯ ᠤᠨ ᠬᠦᠩᠭᠡᠨ ᠴᠠᠭᠠᠨ ᠤ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠮᠡᠷᠭᠡᠵᠢᠯ ᠤᠨ ᠲᠥᠪ ᠪᠣᠯᠣᠨ ᠴᠡᠪᠡᠷ ᠬᠦᠩᠭᠡᠨ ᠴᠠᠭᠠᠨ ᠤ | ᠮᠡᠷᠭᠡᠵᠢᠯ ᠤᠨ ᠲᠥᠪ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠳᠡᠮᠵᠢᠵᠦ᠂ ᠴᠠᠬᠢᠯᠭᠠᠨ | ᠵᠠᠳᠠᠯᠤᠯ ᠤᠨ ᠬᠦᠩᠭᠡᠨ ᠴᠠᠭᠠᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠴᠢᠭᠯᠡᠯ ᠪᠣᠯᠣᠨ ᠴᠡᠪᠡᠷ | ᠬᠦᠩᠭᠡᠨ ᠴᠠᠭᠠᠨ ᠤ ᠰᠢᠨ᠎ᠡ ᠮᠠᠲ᠋ᠧᠷᠢᠶᠠᠯ ᠤᠨ ᠬᠦᠷᠢᠶᠡᠨ ᠳᠠᠬᠢ ᠵᠠᠬ᠎ᠠ ᠳᠡᠯᠭᠡᠭᠦᠷ᠂ ᠰᠢᠨᠵᠢᠯᠡᠬᠦ ᠤᠬᠠᠭᠠᠨ ᠤ | ᠰᠤᠳᠤᠯᠭᠠᠨ᠂ ᠠᠵᠤ ᠦᠢᠯᠡᠳᠪᠦᠷᠢᠵᠢᠯᠲᠡ ᠶᠢᠨ ᠬᠡᠷᠡᠭᠯᠡᠭᠡᠨ ᠤ ᠵᠣᠯᠭᠠᠯᠴᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠰᠢᠨ᠎ᠡ ᠮᠡᠷᠭᠡᠵᠢᠯ᠂ ᠰᠢᠨ᠎ᠡ ᠦᠷ᠎ᠡ ᠪᠦᠲᠦᠭᠡᠯ ᠢ ᠥᠷᠭᠡᠨ ᠢᠶᠠᠷ ᠬᠡᠷᠡᠭᠯᠡᠬᠦ ᠶᠢ ᠠᠬᠢᠭᠤᠯᠤᠨ᠎ᠠ᠃ ︽ᠰᠢᠨᠵᠢᠯᠡᠬᠦ | ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠠᠵᠤ | ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ︽48N︾ ᠶᠡᠭᠡ ᠳᠡᠭᠡᠳᠦ ᠰᠤᠷᠭᠠᠭᠤᠯᠢ ᠯᠤᠭ᠎ᠠ ᠠᠵᠤ | ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠥᠷᠨᠢᠭᠦᠯᠵᠦ᠂ | ᠬᠠᠮᠲᠤᠷᠠᠯᠴᠠᠭᠠᠨ ᠤ ᠬᠠᠷᠢᠴᠠᠭ᠎ᠠ ᠶᠢ 2 ᠠᠴᠠ ᠳᠡᠭᠡᠭᠰᠢ ᠪᠠᠶᠢᠭᠤᠯᠤᠨ᠎ᠠ᠃ ᠠᠵᠤ ᠠᠬᠤᠶᠢᠯᠠᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ ᠡᠭᠦᠷᠭᠡᠯᠡᠬᠦ ᠶᠢ ᠳᠡᠮᠵᠢᠵᠦ᠂ ᠭᠤᠤᠯᠳᠠᠯᠭ᠎ᠠ ᠲᠠᠢ | ᠰᠤᠳᠤᠯᠤᠨ ᠨᠡᠭᠡᠭᠡᠬᠦ ᠲᠥᠯᠥᠪᠯᠡᠭᠡ ᠶᠢ ᠳᠡᠮᠵᠢᠨ᠂ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ | ᠠᠪᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠤ ᠳᠠᠷᠠᠭᠠᠬᠢ ᠨᠥᠬᠦᠪᠥᠷᠢ ᠵᠡᠷᠭᠡ ᠲᠥᠷᠥ ᠶᠢᠨ | ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ | ᠨᠥᠬᠦᠪᠥᠷᠢ᠂ ᠦᠷ᠎ᠡ ᠪᠦᠲᠦᠭᠡᠯ ᠢ ᠤᠯᠠᠷᠢᠭᠤᠯᠬᠤ ᠪᠠᠯᠠ ᠮᠥᠩᠭᠦ ᠶᠢ 1800 ᠲᠦᠮᠡᠨ ᠲᠥᠭᠦᠷᠢᠭ ᠠᠴᠠ ᠳᠡᠭᠡᠭᠰᠢ | ᠴᠢᠷᠮᠠᠶᠢᠨ ᠣᠯᠵᠤ᠂ ᠠᠳᠠᠯᠢ ᠬᠤᠭᠤᠴᠠᠭᠠᠨ ᠤ ᠬᠢ ᠠᠴᠠ 10% ᠠᠴᠠ ᠳᠡᠭᠡᠭᠰᠢ ᠨᠡᠮᠡᠭᠳᠡᠭᠦᠯᠦᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠶᠢᠨ ᠰᠠᠶᠢᠬᠠᠨ ᠠᠮᠢ ᠠᠬᠤᠢ ᠶᠢ ᠴᠣᠭᠴᠠᠯᠠᠨ | ᠪᠠᠶᠢᠭᠤᠯᠤᠨ᠎ᠠ᠃ ᠭᠠᠵᠠᠷ ᠣᠷᠣᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠱᠠᠩᠨᠠᠯ ᠢ ᠰᠢᠯᠭᠠᠷᠠᠭᠤᠯᠤᠨ ᠬᠥᠬᠢᠭᠦᠯᠬᠦ | ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠳᠠᠶᠠᠭᠠᠷ ᠲᠤ ᠰᠢᠨ᠎ᠡ ᠶᠢ ᠡᠭᠦᠳᠬᠦ ᠭᠦᠨ ᠵᠤᠵᠠᠭᠠᠨ ᠠᠭᠤᠷ ᠠᠮᠢᠰᠬᠤᠯ ᠢ | ᠪᠤᠶ ᠪᠣᠯᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠶᠢ ᠨᠡᠮᠡᠭᠳᠡᠭᠦᠯᠵᠦ᠂ | ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠤᠨ᠂ ᠰᠢᠨᠵᠢᠯᠡᠬᠦ ᠤᠬᠠᠭᠠᠨ | ᠮᠡᠷᠭᠡᠵᠢᠯ ᠤᠨ ᠣᠯᠠᠨ ᠡᠰᠢᠵᠢᠭᠰᠡᠨ ᠣᠷᠣᠭᠤᠯᠤᠯᠲᠠ ᠶᠢ ᠬᠥᠲᠥᠯᠥᠨ ᠵᠢᠯᠣᠭᠤᠳᠴᠤ᠂ ᠪᠦᠬᠦ ᠣᠷᠣᠨ ᠤ GDP ᠳᠤ | ᠡᠵᠡᠯᠡᠬᠦ ᠵᠠᠷᠤᠳᠠᠯ ᠤᠨ ᠬᠠᠷᠢᠴᠠᠯ ᠨᠢ 1.55% ᠳᠤ ᠬᠦᠷᠴᠡᠶ᠃ ᠴᠢᠳᠠᠪᠤᠷᠢᠲᠠᠨ ᠡᠯᠰᠡᠵᠦ ᠣᠶᠤᠨ ᠤᠬᠠᠭᠠᠨ | ᠣᠷᠣᠭᠤᠯᠬᠤ ᠶᠢ ᠴᠢᠩᠭᠠᠳᠬᠠᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠮᠤᠷ ᠲᠦᠪᠰᠢᠨ ᠤ ᠪᠠᠲᠤᠯᠠᠭ᠎ᠠ᠂ | ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠮᠠᠰᠲ᠋ᠧᠷ ᠠᠴᠠ ᠳᠡᠭᠡᠭᠰᠢᠬᠢ ᠴᠢᠳᠠᠪᠤᠷᠢᠲᠠᠨ ᠢ 20 ᠠᠴᠠ ᠳᠡᠭᠡᠭᠰᠢ ᠣᠷᠣᠭᠤᠯᠤᠨ | ᠠᠪᠴᠢᠷᠠᠨ᠎ᠠ᠃ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠵᠡᠷᠭᠡ ᠳᠡᠭᠡᠳᠦ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ | ᠴᠢᠩᠭᠠᠳᠬᠠᠵᠤ᠂ ᠠᠵᠤ ᠠᠬᠤᠶᠢᠯᠠᠯ ᠤᠨ ᠪᠠᠴᠢᠮ ᠬᠡᠷᠡᠭᠰᠡᠬᠦ ᠥᠨᠳᠥᠷ ᠬᠡᠪ ᠪᠣᠯᠪᠠᠰᠤᠷᠠᠯ ᠲᠠᠢ ᠬᠡᠷᠡᠭᠯᠡᠭᠡᠨ ᠤ | ᠮᠡᠷᠭᠡᠵᠢᠯ ᠤᠨ ᠬᠡᠯᠪᠡᠷᠢ ᠶᠢᠨ ᠴᠢᠳᠠᠪᠤᠷᠢᠲᠠᠨ ᠢ ︽ᠵᠠᠬᠢᠶᠠᠯᠠᠭ᠎ᠠ ᠶᠢᠨ ᠬᠡᠯᠪᠡᠷᠢ︾ ᠪᠠᠷ ᠬᠥᠮᠥᠵᠢᠭᠦᠯᠦᠨ᠎ᠡ᠃ | ︵ᠭᠤᠷᠪᠠ︶ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠬᠠᠲᠠᠭᠤ ᠳᠠᠶᠢᠯᠠᠯᠳᠤᠭᠠᠨ ᠢ ᠰᠠᠶᠢᠲᠤᠷ | ᠬᠢᠵᠦ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠪᠠᠲᠤᠯᠠᠬᠤ | ᠲᠠᠯ᠎ᠠ ᠪᠠᠷ ᠬᠦᠴᠦᠯᠡᠬᠦ ᠬᠡᠷᠡᠭᠲᠡᠢ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠰᠢᠨ᠎ᠡ ᠪᠠᠷ | ᠠᠵᠢᠯ ᠡᠬᠢᠯᠡᠭᠦᠯᠦᠭᠰᠡᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠶ᠋ᠯ ᠤᠨ ᠪᠥᠲᠥᠭᠡᠨ | ᠪᠠᠶᠢᠭᠤᠯᠤᠯᠲᠠ ᠨᠢ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢ ᠪᠣᠳᠠᠲᠠᠶ ᠠᠳᠬᠤᠭᠰᠠᠨ ᠡᠰᠡᠬᠦ᠂ ᠰᠢᠨ᠎ᠡ ᠪᠠᠷ | ᠨᠡᠮᠡᠭᠳᠡᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠠᠵᠤ ᠠᠬᠤᠶᠢᠯᠠᠯ ᠪᠣᠯᠤᠨ ᠦᠶ᠋ᠯᠡᠴᠢᠯᠡᠭᠡᠨ ᠤ | ᠦᠶ᠋ᠯᠡᠰ ᠤᠨ ᠠᠵᠤ ᠠᠬᠤᠶᠢᠯᠠᠯ ᠢᠶᠠᠷ ᠪᠠᠷᠢᠮᠵᠢᠶᠠᠯᠠᠨ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢ | ᠪᠠᠷᠢᠮᠵᠢᠶᠠᠯᠠᠨ ᠠᠳᠬᠤᠭᠰᠠᠨ ᠡᠰᠡᠬᠦ᠂ ᠲᠤᠭ ᠲᠡᠮᠳᠡᠭ ᠲᠣᠳᠣᠷᠬᠠᠶ ᠪᠠᠷ ᠲᠥᠷᠥᠯ ᠵᠦᠶ᠋ᠯ ᠢ ᠶᠡᠭᠡ ᠪᠠᠷ ᠠᠳᠬᠤᠵᠤ᠂ | ᠲᠣᠮᠣ ᠲᠥᠷᠥᠯ ᠵᠦᠶ᠋ᠯ ᠢ ᠠᠳᠬᠤᠵᠤ᠂ ᠨᠢᠭᠡ ᠨᠢᠭᠡ ᠠᠯᠬᠤᠮ ᠢᠶᠠᠷ ᠪᠠᠯᠠ ᠣᠷᠣᠭᠤᠯᠤᠯᠲᠠ ᠶᠢ ᠦᠶ᠋ᠯᠡᠳᠬᠦᠨ ᠤ | ᠥᠷᠲᠡᠭ᠂ ᠲᠥᠷᠥᠯ ᠵᠦᠶ᠋ᠯ ᠪᠣᠯᠭᠠᠨ ᠠᠳᠬᠤᠵᠤ᠂ ᠪᠥᠲᠥᠭᠡᠨ ᠪᠠᠶᠢᠭᠤᠯᠤᠯᠲᠠ ᠶᠢᠨ ᠨᠢᠭᠡᠴᠢ ᠠᠴᠠ ᠭᠠᠶᠢᠯᠢ | ᠲᠤᠰᠢᠶᠠᠬᠤ ᠨᠢᠭᠡᠴᠢ ᠪᠣᠯᠭᠠᠨ ᠠᠳᠬᠤᠵᠤ᠂ ᠥᠨᠥᠳᠦᠷ ᠤᠨ ᠨᠡᠮᠡᠭᠳᠡᠯ ᠤᠨ ᠬᠡᠮᠵᠢᠶ᠎ᠡ ᠶᠢ ᠮᠠᠷᠭᠠᠰᠢ ᠶᠢᠨ ᠠᠵᠤ | ᠦᠶ᠋ᠯᠡᠰ᠂ ᠢᠷᠡᠭᠡᠳᠦᠶ ᠶᠢᠨ ᠪᠣᠳᠠᠲᠤ ᠬᠦᠴᠦᠨ ᠪᠣᠯᠭᠠᠨ ᠠᠳᠬᠤᠵᠤ᠂ ᠲᠥᠷᠥᠯ ᠵᠦᠶ᠋ᠯ ᠤᠨ ᠪᠥᠲᠥᠭᠡᠨ | ᠪᠠᠶᠢᠭᠤᠯᠤᠯᠲᠠ ᠪᠠᠷ ᠳ᠋ᠦᠩ ᠾᠧ ᠲᠣᠭᠤᠷᠢᠭ ᠤᠨ ᠬᠥᠭᠵᠢᠯᠲᠡ ᠶᠢᠨ ᠶᠡᠭᠡ ᠦᠶ᠋ᠯᠡᠰ ᠢ ᠲᠤᠯᠭᠠᠭᠤᠷᠢᠯᠠᠪᠠ᠃ | ᠰᠢᠶᠠᠨ ᠤ ᠱᠠᠲᠤᠨ ᠤ ᠤᠳᠤᠷᠢᠳᠤᠯᠭ᠎ᠠ ᠴᠢᠬᠤᠯᠠ ᠶᠡᠭᠡ ᠲᠦᠷᠦᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠶᠢ | ᠠᠬᠢᠭᠤᠯᠬᠤ ᠲᠣᠭᠲᠠᠴᠠ ᠶᠢ ᠭᠦᠨᠵᠡᠭᠡᠶᠢᠷᠡᠭᠦᠯᠵᠦ᠂ ᠪᠣᠳᠠᠲᠠᠢ ᠳᠤ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠠᠴᠠ | ᠪᠠᠷᠢᠯᠭ᠎ᠠ ᠳᠠᠭᠤᠰᠴᠤ ᠨᠢᠭᠡᠳᠦᠯᠲᠡᠢ ᠪᠠᠶᠢᠯᠭᠠᠬᠤ ᠬᠦᠷᠲᠡᠯᠡᠬᠢ ᠪᠦᠬᠦ ᠶᠠᠪᠤᠴᠠ ᠶᠢ ᠪᠣᠳᠠᠲᠠᠢ ᠠᠳᠬᠤᠵᠤ᠂ ᠲᠦᠷᠦᠯ | ᠵᠦᠢᠯ ᠢ ᠦᠨᠡᠨ ᠬᠦ ᠠᠵᠤ ᠠᠬᠤᠶᠢᠯᠠᠯ ᠪᠣᠯᠭᠠᠨ ᠠᠳᠬᠤᠪᠠ᠃ ᠰᠢᠨ᠎ᠡ ᠪᠠᠷ ᠨᠡᠮᠡᠭᠳᠡᠭᠦᠯᠬᠦ︾᠂ ︽ᠪᠣᠳᠠᠲᠠᠶ | ᠠᠳᠬᠤᠬᠤ︾᠂ ︽ᠺᠠᠳ᠋ᠷ ᠤᠨ ᠴᠢᠳᠠᠪᠤᠷᠢ︾ ᠳᠤ ᠠᠩᠬᠠᠷᠤᠯ ᠢᠶᠠᠨ ᠲᠥᠪᠯᠡᠷᠡᠭᠦᠯᠵᠦ᠂ 43 ᠭᠤᠤᠯᠳᠠᠯᠭ᠎ᠠ ᠲᠠᠢ | ᠲᠥᠷᠥᠯ ᠵᠦᠢᠯ ᠨᠢ ᠲᠤᠬᠠᠶ ᠶᠢᠨ ᠵᠢᠯ ᠳᠤ 83 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ | ᠣᠷᠣᠭᠤᠯᠤᠯᠲᠠ ᠶᠢ ᠪᠡᠶᠡᠯᠡᠭᠦᠯᠵᠦ᠂ ᠰᠢᠨ᠎ᠡ ᠪᠠᠷ ᠠᠵᠢᠯ ᠡᠬᠢᠯᠡᠭᠦᠯᠦᠭᠰᠡᠨ ᠲᠥᠷᠥᠯ ᠵᠦᠢᠯ ᠤᠨ ᠭᠠᠷᠳᠠᠮ ᠢ 3 | ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠭᠦᠢᠴᠡᠳᠭᠡᠵᠦ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ 3 | ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠠᠵᠢᠯ ᠰᠡᠷᠭᠦᠭᠡᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ 4 | ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠠᠵᠢᠯ ᠡᠬᠢᠯᠡᠭᠦᠯᠦᠨ᠎ᠡ᠃ ᠵᠢᠯ ᠤᠨ ᠳᠣᠲᠣᠷ᠎ᠠ ᠳᠤᠮᠳᠠᠳᠤ ᠤᠯᠤᠰ ᠤᠨ | ᠤᠰᠤᠳᠦ᠋ᠷ ᠦᠭᠴᠢ ᠡᠨᠧᠷᠭᠢ ᠶᠢᠨ ᠰᠤᠷᠪᠤᠯᠵᠢ ᠶᠢᠨ ᠵᠢᠶᠧ ᠺᠦᠩ ᠨᠠ ᠮᠢ ᠭᠤᠷᠪᠠᠨ ᠢᠰᠦᠯᠳᠦ ᠬᠤᠶᠠᠷᠴᠢ ᠬᠥᠩᠭᠡᠨ | ᠴᠠᠭᠠᠨ ᠤ ᠳᠤᠮᠳᠠ ᠲᠤᠷᠱᠢᠨ ᠦᠢᠯᠡᠳᠪᠦᠷᠢᠯᠡᠬᠦ ᠵᠡᠷᠭᠡ 20 ᠲᠥᠷᠥᠯ ᠵᠦᠢᠯ ᠠᠱᠢᠭᠯᠠᠯᠲᠠ ᠳᠤ ᠣᠷᠣᠪᠠ᠃ | ᠶᠡᠷᠦᠩᠬᠡᠢ ᠪᠡᠯᠡ ᠣᠷᠣᠭᠤᠯᠤᠯᠲᠠ ᠨᠢ 20 ᠳ᠋ᠦᠩᠰᠢᠭᠤᠷ ᠲᠥᠭᠦᠷᠢᠭ ᠪᠣᠯᠬᠤ ᠵᠢᠶᠠᠩᠰᠦ ᠶᠢᠨ ᠠᠽᠢᠶ᠎ᠠ ᠲᠢᠪ ᠨᠣᠮᠣᠬᠠᠨ | ᠳᠠᠯᠠᠢ ᠶᠢᠨ ᠣᠷᠣᠨ ᠤ 20 ᠲᠦᠮᠡᠨ ᠲᠣᠨ ᠤ ᠬᠥᠩᠭᠡᠨ ᠴᠠᠭᠠᠨ ᠤ ᠬᠠᠶᠢᠯᠤᠰᠢ ᠶᠢᠨ ᠠᠵᠤ ᠦᠢᠯᠡᠳᠪᠦᠷᠢ ᠶᠢᠨ | ᠬᠡᠯᠪᠡᠷᠢ ᠶᠢᠨ ᠮᠠᠰᠢᠨ ᠲᠡᠷᠭᠡᠨ ᠤ ᠰᠡᠯᠪᠢᠭ ᠲᠣᠨᠤᠭ ᠵᠡᠷᠭᠡ ᠨᠥᠭᠡᠴᠡᠯᠡᠬᠦ ᠲᠥᠷᠥᠯ ᠵᠦᠢᠯ ᠤᠨ ᠬᠡᠷᠡᠭᠵᠢᠭᠦᠯᠦᠯᠲᠡ ᠶᠢ | ᠪᠦᠬᠦ ᠬᠦᠴᠦᠨ ᠢᠶᠠᠷ ᠠᠬᠢᠭᠤᠯᠵᠤ᠂ ᠵᠥᠪᠳᠡᠯᠴᠡᠵᠦ ᠪᠠᠶᠢᠭᠠᠳ ᠨᠠᠶᠢᠳᠠᠪᠤᠷᠢᠵᠢᠭᠤᠯᠬᠤ ᠶᠢ ᠲᠦᠷᠭᠡᠳᠭᠡᠨ᠎ᠡ᠃ | ᠠᠷᠭ᠎ᠠ ᠪᠦᠬᠦᠨ ᠢ ᠰᠦᠪᠡᠭᠴᠢᠯᠡᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ ᠠᠳᠬᠤᠨ᠎ᠠ᠃ | ︽ᠰᠢᠨ᠎ᠡ ᠶᠢ ᠡᠭᠦᠳᠬᠦ︾ ᠪᠠ ︽ᠰᠢᠨ᠎ᠡ ᠶᠢ ᠡᠭᠦᠳᠬᠦ︾ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠨᠠᠷᠢᠯᠢᠭ ᠰᠤᠩᠭᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ | ᠳᠡᠭᠡᠳᠦ ᠲᠠᠰ ᠤᠨ ᠳᠡᠭᠡᠳᠦ ᠰᠢᠨ᠎ᠡ ᠮᠡᠷᠭᠡᠵᠢᠯ ᠪᠠ ᠲᠣᠭᠤᠷᠢᠭ ᠪᠠᠶᠢᠭᠤᠯᠬᠤ ᠲᠣᠮᠣ ᠲᠥᠷᠥᠯ ᠵᠦᠢᠯ ᠢᠶᠠᠷ | ᠭᠤᠤᠯᠳᠠᠯᠭ᠎ᠠ ᠪᠣᠯᠭᠠᠵᠤ᠂ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ | ᠬᠤᠳᠠᠯᠳᠤᠭᠠᠴᠢᠨ ᠤᠷᠢᠬᠤ᠂ ᠲᠤᠰᠬᠠᠶ ᠮᠡᠷᠭᠡᠵᠢᠯ ᠢᠶᠠᠷ ᠬᠤᠳᠠᠯᠳᠤᠭᠠᠴᠢᠨ ᠤᠷᠢᠬᠤ ᠶᠢ ᠴᠢᠩᠭᠠᠳᠬᠠᠵᠤ᠂ | ᠬᠤᠳᠠᠯᠳᠤᠭᠠᠴᠢᠳ ᠤᠨ ᠨᠡᠶᠢᠭᠡᠮᠯᠢᠭ᠂ ᠬᠤᠳᠠᠯᠳᠤᠭᠠᠴᠢᠨ ᠤᠷᠢᠬᠤ ᠵᠥᠪᠯᠡᠭᠴᠢ ᠶᠢᠨ ᠦᠢᠯᠡᠳᠦᠯ ᠢ ᠪᠠᠳᠠᠷᠠᠭᠤᠯᠤᠨ᠂ | ᠪᠤᠭᠤᠲᠤ ᠬᠤᠲᠠ ᠳᠤ ᠲᠦᠰᠢᠭᠯᠡᠨ ︽ᠳᠡᠯᠡᠬᠡᠶ ᠶᠢᠨ ᠬᠤᠪᠣᠷ ᠰᠢᠷᠣᠶ ᠶᠢᠨ ᠬᠤᠲᠠ︾᠂ ︽ᠳᠡᠯᠡᠬᠡᠶ ᠶᠢᠨ ᠪᠣᠬᠢᠷᠲᠤᠯ | ᠥᠬᠡᠶ ᠴᠠᠬᠢᠭᠤᠷ ᠤᠨ ᠬᠤᠲᠠ︾ ᠭᠡᠬᠦ ᠬᠤᠶᠠᠷ ᠶᠡᠭᠡ ᠲᠤᠭ ᠤᠨ ᠬᠡᠯᠪᠡᠷᠢ ᠶᠢᠨ ᠠᠵᠤ ᠦᠢᠯᠡᠰ ᠤᠨ ᠰᠦᠷᠦᠭᠵᠢᠯ ᠢ | ᠪᠣᠶ ᠪᠣᠯᠭᠠᠵᠤ᠂ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠲᠦᠷᠭᠡᠳᠬᠡᠨ ᠬᠥᠭᠵᠢᠭᠦᠯᠵᠦ᠂ ᠠᠷᠭ᠎ᠠ ᠪᠦᠬᠦᠨ ᠢ | ᠰᠦᠪᠡᠭᠴᠢᠯᠡᠨ 120 ᠠᠴᠠ ᠳᠡᠭᠡᠭᠰᠢ ᠲᠥᠷᠥᠯ ᠵᠦᠢᠯ ᠢ ᠭᠡᠷ᠎ᠡ ᠲᠣᠭᠲᠠᠵᠤ᠂ ᠵᠥᠪᠯᠡᠯᠴᠡᠭᠡᠷ ᠤᠨ ᠶᠡᠷᠦᠩᠬᠡᠶ | ᠵᠣᠭᠤᠰ ᠤᠨ ᠲᠤᠭ᠎ᠠ ᠶᠢ 800 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠵᠤ᠂ ᠤᠯᠤᠰ ᠤᠨ ᠳᠣᠲᠣᠭᠠᠳᠤ ︵ | ᠣᠷᠣᠨ ᠤ ᠭᠠᠳᠠᠨᠠᠬᠢ︶ ᠶᠢᠨ ᠪᠠᠯᠠ ᠮᠥᠩᠭᠦ ᠶᠢᠨ ᠨᠡᠮᠡᠭᠳᠡᠯ ᠤᠨ ᠬᠤᠷᠳᠤᠴᠠ ᠶᠢ 15% ᠠᠴᠠ ᠳᠡᠭᠡᠭᠰᠢ | ᠣᠷᠣᠭᠤᠯᠤᠨ᠎ᠠ᠃ ᠡᠭᠦᠨ ᠤ ᠬᠠᠮᠲᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ | ᠴᠢᠭᠯᠡᠯ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠪᠠᠯᠠ ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ | ᠠᠩᠬᠠᠷᠴᠤ᠂ ᠬᠤᠲᠠ ᠶᠢᠨ ᠰᠢᠨᠡᠴᠢᠯᠡᠯᠲᠡ᠂ ᠠᠵᠤ ᠦᠢᠯᠡᠰ ᠤᠨ ᠲᠠᠰ ᠳᠡᠪᠰᠢᠬᠦ᠂ ᠣᠷᠴᠢᠨ ᠲᠣᠭᠤᠷᠢᠨ ᠤ ᠵᠠᠰᠠᠯᠲᠠ | ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠬᠦᠷᠢᠶ᠎ᠡ ᠶᠢ ᠭᠤᠤᠯᠳᠠᠯᠭ᠎ᠠ ᠲᠠᠢ ᠠᠩᠬᠠᠷᠴᠤ᠂ ᠨᠢᠭᠡ | ᠪᠦᠯᠦᠭ ᠨᠥᠯᠥᠭᠡᠯᠡᠬᠦ ᠬᠦᠴᠦᠨ ᠲᠠᠢ᠂ ᠥᠨᠳᠥᠷ ᠨᠡᠮᠡᠯᠲᠡ ᠥᠷᠲᠡᠭ ᠲᠠᠢ ᠴᠢᠨᠠᠷ ᠰᠠᠶᠢᠲᠠᠶ ᠲᠥᠷᠥᠯ ᠵᠦᠢᠯ ᠢ ᠳᠠᠬᠢᠨ | ᠨᠠᠷᠢᠨ ᠨᠢᠮᠪᠠᠶ ᠲᠥᠯᠥᠪᠵᠢᠭᠦᠯᠵᠦ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠲᠥᠷᠥ ᠶᠢᠨ ᠪᠣᠳᠣᠯᠭ᠎ᠠ᠂ | ᠪᠠᠯᠠ ᠮᠥᠩᠭᠦ ᠶᠢ ᠴᠢᠷᠮᠠᠶᠢᠨ ᠣᠯᠵᠤ᠂ ᠲᠥᠷᠥᠯ ᠵᠦᠢᠯ ᠤᠨ ᠨᠥᠭᠡᠴᠡ ᠶᠢ ᠦᠷᠭᠦᠯᠵᠢᠯᠡᠨ ᠥᠷᠭᠡᠳᠬᠡᠵᠦ᠂ | ᠪᠦᠲᠦᠮᠵᠢᠲᠡᠶ ᠪᠠᠯᠠ ᠣᠷᠣᠭᠤᠯᠤᠯᠲᠠ ᠶᠢ ᠠᠬᠢᠭᠤᠯᠵᠤ᠂ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠤᠨ᠎ᠠ᠃ | | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ︽ᠰᠦᠯᠵᠢᠶᠡᠨ | ᠳᠡᠭᠡᠷ᠎ᠡ ᠭᠦᠢᠴᠡᠳᠭᠡᠬᠦ︾᠂ ︽ᠠᠯᠠᠭᠠᠨ ᠳᠡᠭᠡᠷ᠎ᠡ ᠭᠦᠢᠴᠡᠳᠭᠡᠬᠦ︾ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ︽ | ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠲᠠᠪᠤ ᠶᠢ ᠣᠷᠣᠭᠤᠯᠬᠤ︾ ᠠᠵᠢᠯᠯᠠᠭ᠎ᠠ ᠶᠢ | ᠠᠬᠢᠭᠤᠯᠵᠤ᠂ ᠣᠷᠣᠨ ᠪᠦᠰᠡ ᠠᠯᠤᠰᠯᠠᠭᠰᠠᠨ᠂ ᠲᠠᠰ ᠳᠠᠪᠬᠤᠷᠭ᠎ᠠ ᠠᠯᠤᠰᠯᠠᠨ ᠨᠡᠶᠢᠳᠡᠮ ᠭᠦᠢᠴᠡᠳᠭᠡᠬᠦ ᠴᠢᠳᠠᠪᠤᠷᠢ ᠶᠢ | ᠳᠡᠭᠡᠭᠰᠢᠯᠡᠭᠦᠯᠦᠨ᠂ ᠠᠷᠠᠳ ᠲᠤ ᠲᠥᠬᠦᠮ ᠦᠵᠡᠭᠦᠯᠬᠦ ᠥᠨᠳᠥᠷ ᠳᠠᠪᠲᠠᠮᠵᠢᠲᠤ ᠵᠦᠢᠯᠡᠰ ᠢ ᠣᠶᠢᠷ᠎ᠠ ᠬᠠᠪᠢ ᠳᠤᠨᠢ | ᠭᠦᠢᠴᠡᠳᠭᠡᠬᠦ ᠦᠢᠯᠡᠴᠢᠯᠡᠭᠡ ᠶᠢ ᠥᠷᠭᠡᠳᠬᠡᠵᠦ᠂ ︽ᠲᠠᠨ ᠳᠤ ᠲᠠᠭᠠᠰᠢᠶᠠᠭᠳᠠᠬᠤ︾ ︽ᠲᠠ ᠰᠠᠨᠠᠭ᠎ᠠ ᠠᠮᠤᠷ ᠪᠠᠶᠢᠭ᠎ᠠ | ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ ᠲᠠᠯ᠎ᠠ ᠪᠠᠷ ᠪᠣᠶ ᠪᠣᠯᠭᠠᠨ᠎ᠠ᠃ | ︽ᠳᠠᠷᠦ᠋ᠢᠬᠠᠨ ᠬᠦᠢᠴᠡᠳᠬᠡᠬᠦ᠂ ᠬᠦᠢᠴᠡᠳᠬᠡᠬᠦ︾ ᠶᠢ ᠪᠠᠷᠢᠮᠲᠠᠯᠠᠵᠤ᠂ 12345 ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠠᠷᠠᠳ ᠲᠤ ᠲᠥᠬᠦᠮ ᠦᠵᠡᠭᠦᠯᠬᠦ ᠤᠲᠠᠰᠤᠨ ᠤ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ | ᠥᠬᠡᠶ ᠳᠡᠭᠡᠭᠰᠢᠯᠡᠭᠦᠯᠪᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠦᠬᠦ ᠠᠮᠢ ᠨᠠᠰᠤᠨ ᠤ ᠦᠶᠡᠯᠡᠯ ᠤᠨ | ᠬᠤᠭᠤᠴᠠᠭᠠᠨ ᠤ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ︽ᠭᠤᠶᠤᠴᠢᠯᠠᠬᠤ ᠦᠭᠡᠢ ᠪᠠᠷ ᠡᠳ᠋ᠯᠡᠬᠦ︾ | ᠬᠠᠮᠤᠷᠬᠤ ᠬᠡᠪᠴᠢᠶ᠎ᠡ ᠶᠢ ᠥᠷᠭᠡᠳᠬᠡᠨ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠠ | ᠪᠡᠯᠡ ᠮᠥᠩᠭᠦ ᠶᠢ ᠰᠢᠭᠤᠳ ᠲᠦᠷᠭᠡᠨ ᠡᠳ᠋ᠯᠡᠨ᠎ᠡ᠃ ︽ᠬᠤᠶᠠᠷ ᠥᠴᠥᠬᠡᠨ ᠴᠦ ᠭᠤᠶᠢᠪᠢᠰᠢ ᠦᠭᠡᠢ︾ ᠶᠢ ᠡᠷᠡᠰ | ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠢᠭᠡ ᠯᠡ ᠠᠳᠠᠯᠢ ᠪᠠᠷ | ᠬᠠᠨᠳᠤᠵᠤ᠂ ᠠᠵᠤ ᠠᠬᠤᠶᠢᠯᠠᠯ ᠢ ᠶᠡᠬᠡᠪᠡᠷ ᠬᠠᠪᠰᠤᠷᠤᠨ ᠪᠡᠯᠡ ᠲᠣᠬᠢᠷᠠᠭᠤᠯᠬᠤ ᠢᠲᠡᠭᠡᠮᠵᠢᠲᠦ ᠵᠢᠭᠡᠯᠡᠯᠭᠡ᠂ | ᠦᠢᠯᠡᠳᠬᠦᠨ ᠤ ᠡᠵᠡᠩᠨᠡᠯᠲᠡ ᠪᠣᠷᠣᠯᠠᠭᠤᠯᠤᠯᠲᠠ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠵᠡᠷᠭᠡ ᠠᠰᠠᠭᠤᠳᠠᠯ ᠢ | ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ | ᠪᠥᠬᠦ ᠵᠢᠯ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ 10% ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ︽ | ᠳᠥᠷᠪᠡ ᠶᠢ ᠳᠡᠭᠡᠭᠰᠢᠯᠡᠭᠦᠯᠬᠦ︾ ᠠᠵᠤ ᠠᠬᠤᠶᠢᠯᠠᠯ ᠵᠢᠴᠢ ᠬᠤᠪᠢ ᠬᠥᠮᠥᠨ ᠢ 100 ᠰᠢᠨ᠎ᠡ ᠪᠠᠷ ᠨᠡᠮᠡᠭᠳᠡᠭᠦᠯᠦᠨ᠎ᠡ᠃ | ︵ᠲᠦᠷᠪᠡ︶ ᠬᠡᠷᠡᠭᠯᠡᠭᠡ ᠶᠢᠨ ᠳᠡᠰ ᠳᠡᠪᠰᠢᠬᠦ ᠶᠢ ᠠᠬᠢᠭᠤᠯᠬᠤ ᠬᠠᠲᠠᠭᠤ ᠳᠠᠶᠢᠯᠠᠯᠳᠤᠭᠠᠨ ᠢ ᠰᠠᠶᠢᠲᠤᠷ ᠬᠢᠵᠦ᠂ | ᠬᠡᠷᠡᠭᠯᠡᠭᠡ ᠶᠢᠨ ᠳᠠᠯᠳᠠ ᠬᠦᠴᠦᠨ ᠢ ᠨᠡᠩ ᠰᠠᠶᠢᠲᠤᠷ ᠬᠥᠭᠵᠢᠭᠡᠬᠦ ᠲᠠᠯ᠎ᠠ ᠪᠠᠷ ᠬᠦᠴᠦᠯᠡᠬᠦ ᠬᠡᠷᠡᠭᠲᠡᠢ | ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠳᠠᠯᠳᠠ ᠬᠦᠴᠦᠨ ᠢ ᠪᠠᠳᠠᠷᠠᠭᠤᠯᠤᠶ᠎ᠠ᠃ ︽ᠠᠵᠤ | ᠦᠢᠯᠡᠰ ᠢᠶᠠᠷ ᠬᠤᠳᠠ ᠶᠢ ᠮᠠᠨᠳᠤᠭᠤᠯᠵᠤ᠂ ᠬᠤᠳᠠ ᠪᠠᠷ ᠬᠥᠮᠦᠨ ᠢ ᠲᠥᠪᠯᠡᠷᠡᠭᠦᠯᠬᠦ︾ ᠬᠥᠭᠵᠢᠯᠲᠡ ᠶᠢᠨ ᠯᠣᠭᠢᠭ ᠢ | ᠡᠵᠡᠮᠳᠡᠵᠦ᠂ ᠲᠡᠦᠬᠡ ᠰᠣᠶᠣᠯ᠂ ᠬᠤᠪᠢᠰᠬᠠᠯ ᠤᠨ ᠰᠣᠶᠣᠯ᠂ ᠪᠠᠶᠢᠭᠠᠯᠢ ᠶᠢᠨ ᠡᠬᠢ ᠪᠠᠶᠠᠯᠢᠭ ᠢ ᠭᠦᠢᠴᠡᠳ | ᠠᠭᠤᠳᠠᠯᠵᠤ᠂ ᠰᠣᠶᠣᠯ ᠤᠨ ᠠᠵᠤ ᠦᠢᠯᠡᠰ ᠪᠣᠯᠤᠨ ᠵᠤᠭᠠᠴᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ | ᠵᠢᠱᠢᠶ᠎ᠡ ᠦᠵᠡᠭᠦᠯᠬᠦ ᠣᠷᠣᠨ ᠢ ᠪᠦᠬᠦ ᠬᠦᠴᠦᠨ ᠢᠶᠠᠷ ᠢᠶᠠᠨ ᠮᠡᠳᠡᠭᠦᠯᠵᠦ᠂ ᠰᠣᠶᠣᠯ ᠵᠤᠭᠠᠴᠠᠯ ᠤᠨ ᠠᠵᠤ ᠦᠢᠯᠡᠰ ᠤᠨ | ᠭᠦᠨᠵᠡᠭᠡᠢ ᠠᠭᠤᠰᠤᠯᠴᠠᠯ ᠢ ᠲᠦᠷᠭᠡᠳᠬᠡᠵᠦ᠂ ᠤᠯᠠᠮᠵᠢᠯᠠᠯᠲᠤ ᠪᠠ ᠤᠳᠤ ᠦᠶ᠎ᠡ ᠶᠢᠨ ᠠᠭᠤᠰᠤᠯᠴᠠᠭᠰᠠᠨ ᠬᠤᠳᠠ ᠶᠢᠨ | ᠬᠡᠪ ᠨᠠᠮᠪᠠ ᠪᠠᠷ ᠬᠥᠮᠦᠰ ᠤᠨ ᠠᠩᠬᠠᠷᠤᠯ ᠢ ᠲᠠᠲᠠᠨ᠎ᠠ᠃ ᠨᠠᠨ ᠬᠠᠢ ᠵᠢᠴᠢ ᠡᠷᠬᠢᠨ ᠲᠣᠭᠤᠷᠢᠨ ᠤ ᠣᠷᠣᠨ ᠪᠦᠰᠡ ᠶᠢᠨ | ᠵᠢᠭᠤᠯᠴᠢᠯᠠᠯ ᠤᠨ ᠡᠬᠢ ᠪᠠᠶᠠᠯᠢᠭ ᠢ ᠠᠮᠢᠳᠤᠯᠢᠭᠵᠢᠭᠤᠯᠤᠨ ᠠᠰᠢᠭᠯᠠᠬᠤ ᠶᠢ ᠲᠦᠷᠭᠡᠳᠬᠡᠵᠦ᠂ ᠴᠢᠶᠣᠤ ᠵᠢᠶᠠ ᠶᠢᠨ | ᠵᠡᠭᠡᠯᠢ᠂ ᠮᠢᠶᠣᠣ ᠹᠠ ᠴᠢᠨ ᠰᠧ ᠰᠦᠮ᠎ᠡ ᠵᠡᠷᠭᠡ ᠣᠲᠣ ᠶᠢᠨ ᠪᠠᠶᠢᠭ᠎ᠠ ᠰᠣᠶᠣᠯ ᠵᠢᠭᠤᠯᠴᠢᠯᠠᠯ ᠤᠨ ᠨᠠᠷᠠᠲᠤ | ᠲᠡᠮᠳᠡᠭ ᠲᠠᠢ ᠨᠢᠭᠲᠠ ᠵᠣᠯᠭᠠᠭᠤᠯᠵᠤ᠂ ᠭᠠᠷᠠᠭ ᠤᠨ ᠰᠡᠭᠦᠯᠴᠢ ᠶᠢᠨ ᠠᠵᠤ ᠠᠬᠤᠶ᠂ ᠰᠥᠨᠢ ᠶᠢᠨ ᠠᠵᠤ ᠠᠬᠤᠶ ᠶᠢ | ᠬᠥᠭᠵᠢᠭᠦᠯᠦᠨ᠂ ᠵᠢᠪᠦᠭᠦᠯᠬᠦ ᠮᠠᠶ᠋ᠢᠭ ᠤᠨ᠂ ᠪᠡᠶᠡᠴᠢᠯᠡᠨ ᠣᠶᠢᠯᠠᠭᠠᠬᠤ ᠮᠠᠶ᠋ᠢᠭ ᠤᠨ᠂ ᠬᠠᠷᠢᠯᠴᠠᠨ ᠬᠥᠳᠡᠯᠦᠯᠴᠡᠬᠦ | ᠮᠠᠶ᠋ᠢᠭ ᠤᠨ ᠬᠡᠷᠡᠭᠯᠡᠭᠡᠨ ᠤ ᠰᠢᠨ᠎ᠡ ᠪᠠᠶᠢᠳᠠᠯ ᠢ ᠥᠷᠭᠡᠳᠬᠡᠵᠦ᠂ ᠶᠡᠷᠦᠩᠬᠡᠶᠢᠯᠡᠭᠰᠡᠨ ᠴᠢᠨᠠᠷᠲᠠᠶ ᠭᠦᠨᠵᠡᠭᠡᠶ ᠪᠡᠶᠡᠴᠢᠯᠡᠨ | ᠣᠶᠢᠯᠠᠭᠠᠬᠤ ᠠᠮᠠᠷᠠᠯᠲᠠ ᠶᠢᠨ ᠣᠷᠣᠨ ᠢ ᠪᠣᠶ ᠪᠣᠯᠭᠠᠨ᠎ᠠ᠃ ᠠᠳᠦᠯᠠᠢ ᠲᠣᠰᠬᠤᠨ ᠤ ᠬᠥᠳᠡᠭᠡ ᠲᠣᠰᠬᠤᠨ ᠤ | ᠵᠤᠭᠠᠴᠠᠯ ᠢ ᠤᠬᠠᠭᠤᠯᠤᠨ ᠲᠠᠨᠢᠯᠴᠠᠭᠤᠯᠬᠤ ᠡᠷᠴᠢᠮ ᠢ ᠴᠢᠩᠭᠠᠷᠠᠭᠤᠯᠵᠤ᠂ ᠱᠢ ᠳ᠋ᠡ ᠭᠦ᠋ ᠲᠣᠰᠬᠤᠨ ᠪᠣᠯᠤᠨ ᠲᠢᠶᠠᠨ | ᠾᠧ ᠲᠠᠷᠢᠶᠠᠯᠠᠩ ᠵᠤᠭᠠᠴᠠᠯ ᠤᠨ ᠰᠤᠳᠤᠯᠭᠠᠨ ᠤ ᠶᠡᠷᠦᠩᠬᠡᠶᠢᠯᠡᠭᠰᠡᠨ ᠴᠣᠭᠴᠠ ᠶᠢ ᠨᠢᠭᠡ ᠴᠤᠬᠴᠠᠵᠢᠭᠤᠯᠤᠨ | ᠬᠥᠭᠵᠢᠭᠦᠯᠬᠦ ᠶᠢ ᠠᠬᠢᠭᠤᠯᠵᠤ᠂ ᠨᠢᠭᠡ ᠪᠦᠯᠦᠭ ᠰᠣᠳᠣᠨ ᠠᠷᠠᠳ ᠤᠨ ᠣᠷᠣᠨ ᠰᠠᠭᠤᠴᠠ᠂ ᠤᠨᠴᠠᠯᠢᠬᠳᠤ | ᠵᠤᠭᠠᠴᠠᠯ ᠤᠨ ᠬᠤᠷᠢᠭ᠎ᠠ ᠴᠡᠭ ᠢ ᠲᠥᠰᠦᠪᠯᠡᠵᠦ᠂ ᠨᠢᠭᠡ ᠪᠦᠯᠦᠭ ︽ᠰᠠᠶᠢᠨ ᠢ ᠳᠠᠭᠤᠳᠠᠬᠤ︾ ᠪᠠᠰᠠ ︽ᠰᠠᠭᠤᠳᠠᠯ︾ | ᠭᠡᠬᠦ ᠵᠤᠭᠠᠴᠠᠯ ᠤᠨ ᠪᠦᠲᠦᠭᠡᠭᠳᠡᠬᠦᠨ ᠢ ᠡᠭᠦᠳᠴᠦ᠂ ᠰᠠᠷᠠᠴᠢᠨ ᠪᠠᠯᠭᠠᠰᠤᠨ ᠤ ᠠᠭᠤᠯᠠ ᠤᠰᠤ ᠤᠢ ᠰᠢᠭᠤᠢ | ᠲᠠᠷᠢᠶᠠᠨ ᠭᠠᠵᠠᠷ ᠤᠨ ᠴᠢᠨᠠᠷ ᠰᠠᠶᠢᠲᠠᠢ ᠡᠬᠢ ᠪᠠᠶᠠᠯᠢᠭ ᠢ ᠠᠯᠬᠤᠮ ᠠᠯᠬᠤᠮ ᠢᠶᠠᠷ ᠠᠵᠤ ᠠᠬᠤᠢ ᠶᠢᠨ ᠳᠠᠪᠠᠭᠤᠯᠢᠭ᠂ | ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃ | ᠬᠡᠷᠡᠭᠯᠡᠭᠡ ᠶᠢᠨ ᠲᠦᠷᠭᠡᠨ ᠢᠶᠠᠷ ᠰᠠᠶᠢᠵᠢᠷᠠᠬᠤ ᠶᠢ ᠠᠬᠢᠭᠤᠯᠤᠨ᠎ᠠ᠃ ᠬᠡᠷᠡᠭᠯᠡᠭᠡ ᠶᠢ ᠰᠡᠷᠭᠦᠭᠡᠬᠦ ᠪᠠ | ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠡᠷᠡᠭᠯᠡᠭᠡᠨ ᠤ ᠣᠷᠴᠢᠨ ᠲᠣᠭᠤᠷᠢᠨ ᠢ ᠬᠦᠴᠦᠯᠡᠨ | ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠬᠥᠪᠴᠢᠯᠡᠨ᠂ ᠬᠡᠷᠡᠭᠯᠡᠭᠡᠨ ᠤ ᠡᠭᠡᠭᠦᠯᠦᠨ | ᠨᠥᠬᠦᠪᠥᠷᠢᠯᠡᠬᠦ ᠪᠠ ᠳᠠᠯᠳᠠ ᠬᠦᠴᠦᠨ ᠢ ᠪᠠᠳᠠᠷᠠᠭᠤᠯᠬᠤ ᠶᠢ ᠠᠬᠢᠭᠤᠯᠤᠨ᠎ᠠ᠃ ᠬᠡᠷᠡᠭᠯᠡᠭᠡ ᠶᠢ ᠠᠬᠢᠭᠤᠯᠬᠤ | ᠪᠠᠶᠢᠩᠭᠤᠵᠢᠭᠰᠠᠨ ᠲᠣᠭᠲᠠᠴᠠ ᠶᠢ ᠲᠡᠭᠦᠯᠳᠡᠷᠵᠢᠭᠦᠯᠵᠦ᠂ ︽ᠠᠷᠠᠳ ᠲᠤ ᠠᠰᠢᠭ ᠬᠦᠷᠲᠡᠭᠡᠬᠦ ᠳ᠋ᠦᠩ ᠾᠧ︾ | ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠮᠠᠰᠢᠨ ᠲᠡᠷᠭᠡ᠂ ᠭᠡᠷ ᠤᠨ | ᠴᠠᠬᠢᠯᠭᠠᠨ ᠬᠡᠷᠡᠭᠰᠡᠯ ᠵᠡᠷᠭᠡ ᠶᠡᠭᠡ ᠬᠡᠮᠵᠢᠶᠡᠨ ᠤ ᠬᠡᠷᠡᠭᠯᠡᠭᠡ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠨ᠎ᠠ᠃ | ᠰᠢᠨ᠎ᠡ ᠬᠠᠭᠤᠴᠢᠨ ᠬᠤᠳᠠᠯᠳᠤᠭᠠᠨ ᠤ ᠲᠣᠭᠤᠷᠢᠭ ᠤᠨ ᠰᠢᠨ᠎ᠡ ᠠᠬᠤᠶ ᠪᠠᠶᠢᠳᠠᠯ ᠢ ᠨᠡᠭᠡᠭᠡᠨ ᠬᠥᠭᠵᠢᠭᠦᠯᠬᠦ᠂ ᠨᠠᠷᠠᠲᠤ | ᠲᠥᠷᠥᠯ ᠲᠡᠮᠳᠡᠭᠲᠦ ᠶᠢ ᠣᠷᠣᠭᠤᠯᠤᠨ ᠠᠪᠴᠢᠷᠠᠬᠤ ᠶᠢ ᠳᠡᠮᠵᠢᠵᠦ᠂ ᠣᠯᠠᠨ ᠡᠰᠢᠵᠢᠭᠰᠡᠨ ᠬᠡᠷᠡᠭᠯᠡᠭᠡᠨ ᠤ ᠬᠡᠷᠡᠭᠴᠡᠭᠡ | ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠨ᠎ᠠ᠃ ︽ᠬᠠᠭᠤᠴᠢᠨ ᠨᠡᠷᠡᠲᠦ ᠲᠡᠮᠳᠡᠭᠲᠦ︾ ᠶᠢᠨ ᠬᠥᠭᠵᠢᠯᠲᠡ ᠶᠢ | ᠲᠡᠳᠭᠦᠨ ᠳᠡᠮᠵᠢᠵᠦ ︽ᠥᠪᠥᠷ ᠮᠣᠩᠭᠤᠯ ᠤᠨ ᠬᠠᠭᠤᠴᠢᠨ ᠨᠡᠷᠡᠲᠦ ᠲᠡᠮᠳᠡᠭᠲᠦ︾ 2 ᠡᠷᠦᠬᠡ ᠶᠢ ᠱᠢᠨ᠎ᠡ ᠪᠠᠷ | ᠨᠡᠮᠡᠭᠳᠡᠭᠦᠯᠪᠡ᠃ ᠣᠶᠢᠷᠠᠲᠤᠯᠴᠠᠬᠤ ᠴᠢᠨᠠᠷᠲᠠᠶ ᠬᠡᠷᠡᠭᠯᠡᠭᠡ ᠶᠢ ᠴᠢᠩᠭ᠎ᠠ ᠠᠳᠬᠤᠵᠤ᠂ ᠪᠥᠭᠡᠮ ᠢᠶᠠᠷ ᠬᠤᠳᠠᠯᠳᠤᠬᠤ ᠪᠠ | ᠵᠢᠵᠢᠭᠯᠡᠨ ᠬᠤᠳᠠᠯᠳᠤᠬᠤ᠂ ᠬᠤᠭᠤᠯᠠ ᠢᠳᠡᠬᠦ ᠵᠡᠷᠭᠡ ᠠᠵᠢᠯ ᠲᠥᠷᠥᠯ ᠤᠨ ᠰᠡᠷᠭᠦᠯᠲᠡ ᠶᠢ ᠠᠬᠢᠭᠤᠯᠤᠨ᠎ᠠ᠃ ᠨᠡᠶᠢᠭᠡᠮ | ᠲᠣᠭᠤᠷᠢᠭ ᠢᠶᠠᠷ ᠭᠤᠤᠯ ᠪᠣᠯᠭᠠᠨ ᠬᠤᠳᠠᠯᠳᠤᠭᠠᠨ ᠤ ᠲᠣᠤᠷ ᠴᠡᠭ ᠤᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ | ︽ᠨᠢᠭᠡ ᠮᠦᠴᠡᠲᠤ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠡ︾ ᠶᠢ 3 ᠪᠠᠶᠢᠭᠤᠯᠵᠤ᠂ | ᠬᠤᠲᠠ ᠶᠢᠨ ᠠᠮᠢᠳᠤᠷᠠᠯ ᠢ ᠨᠠᠩ ᠲᠥᠬᠦᠮ᠂ ᠨᠠᠩ ︽ᠤᠲᠤᠭ᠎ᠠ ᠶᠢᠨ ᠭᠠᠯ︾ ᠲᠠᠢ ᠪᠣᠯᠭᠠᠨ᠎ᠠ᠃ | ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ ᠠᠬᠢᠭᠤᠯᠤᠨ᠎ᠠ᠃ ᠬᠡᠷᠡᠭᠯᠡᠭᠡ ᠶᠢᠨ ᠳᠡᠰ ᠳᠡᠪᠰᠢᠬᠦ | ᠬᠠᠨᠳᠤᠰᠢ ᠳᠤ ᠵᠣᠬᠢᠴᠠᠭᠤᠯᠤᠨ᠂ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠭᠦᠯᠬᠦ ︽ᠳᠠᠭᠠᠭᠤᠯᠤᠭᠴᠢ︾ ᠶᠢ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠶᠢ ᠥᠷᠨᠢᠭᠦᠯᠵᠦ᠂ ᠵᠠᠭᠪᠤᠷ ᠤᠨ | ᠰᠢᠨ᠎ᠡ ᠶᠢ ᠡᠭᠦᠳᠬᠦ ᠪᠠ ᠵᠠᠬ᠎ᠠ ᠳᠡᠯᠭᠡᠭᠦᠷ ᠤᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠂ ᠲᠠᠸᠠᠷ ᠤᠨ | ᠠᠷᠠᠯᠵᠢᠶ᠎ᠠ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡᠨ ᠵᠡᠷᠭᠡ | ᠴᠢᠳᠠᠮᠵᠢ ᠲᠠᠢ ᠰᠢᠨ᠎ᠡ ᠮᠠᠶ᠋ᠢᠭ ᠤᠨ ᠲᠤᠰᠬᠠᠶ ᠵᠠᠬ᠎ᠠ ᠳᠡᠯᠭᠡᠭᠦᠷ ᠤᠨ ᠰᠦᠷᠦᠭᠵᠢᠯ ᠢ ᠪᠠᠶᠢᠭᠤᠯᠤᠨ᠎ᠠ᠃ ᠱᠧᠨᠵᠧᠨ ᠤ | ᠮᠤᠤ ᠶᠢᠨ ᠦᠢᠯᠡᠰ ᠤᠨ ᠪᠤᠭᠤᠲᠤ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢ | ᠠᠬᠢᠭᠤᠯᠤᠨ ᠬᠡᠷᠡᠭᠵᠢᠭᠦᠯᠵᠦ᠂ ᠳᠤᠮᠳᠠ ᠳᠡᠭᠡᠳᠦ ᠲᠠᠰ ᠤᠨ᠂ ᠣᠯᠠᠨ ᠲᠠᠰ ᠳᠠᠪᠬᠤᠷᠭ᠎ᠠ ᠶᠢᠨ ᠬᠡᠷᠡᠭᠯᠡᠭᠡᠨ ᠤ | ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠮᠠᠨ ᠤ ᠣᠷᠣᠨ ᠳᠤ ᠥᠨᠳᠥᠷ ᠣᠳᠣᠨ ᠲᠠᠰ ᠤᠨ ᠪᠠᠭᠤᠳᠠᠯ ᠥᠬᠡᠶ | ᠲᠡᠤᠬᠡ ᠶᠢ ᠡᠴᠦᠰᠯᠡᠭᠦᠯᠦᠨ᠎ᠡ᠃ ᠡᠯ᠎ᠡ ᠲᠥᠷᠥᠯ ᠤᠨ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ | ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠪᠠ᠃ ᠪᠤᠭᠤᠲᠤ ᠶᠢᠨ ᠬᠥᠮᠦᠨ ᠤ | ᠬᠦᠴᠦᠨ ᠤ ᠬᠥᠷᠥᠩᠭᠡ ᠶᠢᠨ ᠠᠵᠤ ᠦᠢᠯᠡᠰ ᠤᠨ ᠬᠦᠷᠢᠶᠡᠯᠡᠩ ᠤᠨ ᠬᠥᠮᠦᠨ ᠤ ᠬᠦᠴᠦᠨ ᠤ ᠬᠥᠷᠥᠩᠭᠡ ᠶᠢᠨ | ᠭᠦᠨᠵᠡᠭᠡᠶ ᠨᠡᠭᠡᠭᠡᠨ ᠬᠥᠭᠵᠢᠭᠦᠯᠬᠦ ᠶᠢ ᠴᠢᠨᠠᠷ ᠰᠠᠶᠢᠲᠠᠶ ᠠᠬᠢᠭᠤᠯᠬᠤ ᠶᠢ ᠳᠡᠮᠵᠢᠵᠦ᠂ ᠡᠯᠧᠺᠳ᠋ᠷᠣᠨ ᠬᠤᠳᠠᠯᠳᠤᠭᠠᠨ ᠤ | ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠂ ᠰᠢᠨ᠎ᠡ | ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠤᠨ ᠬᠥᠭᠵᠢᠯᠲᠡ ᠶᠢ | ᠲᠦᠷᠭᠡᠳᠬᠡᠵᠦ᠂ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ᠎ᠠ᠃ ᠪᠤᠭᠤᠲᠤ ᠶᠢᠨ ︽ᠳᠡᠳ᠋ ᠬᠦᠢᠰᠦ︾ ᠨᠢᠰᠬᠡᠯ ᠤᠨ | ᠪᠠᠭᠤᠳᠠᠯ ᠤᠨ ᠪᠥᠲᠥᠭᠡᠨ ᠪᠠᠶᠢᠭᠤᠯᠤᠯᠲᠠ ᠪᠠ ᠪᠤᠭᠤᠲᠤ ᠶᠢᠨ ᠨᠢᠰᠬᠡᠯ ᠤᠨ ᠪᠠᠭᠤᠳᠠᠯ ᠤᠨ ᠪᠣᠭᠤᠮᠲᠠ ᠶᠢᠨ ᠬᠢᠨᠠᠯᠲᠠ | ᠬᠠᠮᠢᠶᠠᠷᠤᠯᠲᠠ ᠶᠢᠨ ᠬᠥᠮᠥᠷᠭᠡ ᠶᠢ ᠰᠢᠯᠭᠠᠨ ᠠᠪᠬᠤ ᠠᠵᠠ ᠲᠣᠬᠢᠶᠠᠯ ᠢ ᠡᠵᠡᠮᠳᠡᠵᠦ᠂ ᠣᠯᠠᠨ ᠤᠯᠤᠰ ᠤᠨ ᠠᠭᠠᠷ ᠤᠨ | ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠲᠥᠯᠥᠪᠵᠢᠭᠦᠯᠦᠨ ᠪᠠᠶᠢᠭᠤᠯᠵᠤ᠂ ᠡᠮᠴᠢᠯᠡᠭᠡ | ᠰᠤᠪᠢᠯᠠᠯᠲᠠ ᠶᠢ ᠤᠶᠠᠯᠳᠤᠭᠤᠯᠤᠨ ᠣᠶᠤᠨᠴᠢ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ᠂ ᠠᠮᠤ | ᠪᠤᠳᠠᠭ᠎ᠠ ᠡᠷᠡᠭᠦᠯ ᠮᠡᠨᠳᠦ ᠶᠢᠨ ᠠᠵᠤ ᠦᠢᠯᠡᠰ ᠤᠨ ᠬᠦᠷᠢᠶᠡᠯᠡᠩ᠂ ᠣᠲᠣ ᠦᠶ᠎ᠡ ᠶᠢᠨ ᠣᠶᠤᠨᠴᠢ ᠬᠦᠢᠲᠡᠨ ᠬᠡᠯᠬᠢᠶᠡᠲᠦ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ | ᠣᠶᠤᠨᠴᠢ ᠡᠷᠡᠭᠦᠯᠵᠢᠯ ᠰᠤᠪᠢᠯᠠᠯᠲᠠ᠂ ᠠᠮᠤ ᠪᠤᠳᠠᠭ᠎ᠠ ᠡᠳ᠋ᠰᠢᠭᠦᠯᠬᠦ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ | ᠭᠦᠢᠯᠭᠡᠭᠡ᠂ ᠠᠭᠠᠷ ᠤᠨ ᠠᠵᠤ ᠠᠬᠤᠶ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠰ | ᠲᠥᠪᠯᠡᠷᠡᠬᠦ᠂ ᠬᠤᠯᠪᠣᠭᠠᠯᠠᠨ ᠬᠥᠳᠡᠯᠦᠯᠴᠡᠵᠦ ᠠᠭᠤᠰᠤᠯᠴᠠᠭᠰᠠᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠵᠤ᠂ | ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠦᠷᠭᠡᠨ ᠬᠥᠭᠵᠢᠬᠦ ᠶᠢ ᠠᠬᠢᠭᠤᠯᠤᠨ᠎ᠠ᠃ | ︵ᠲᠠᠪᠤ︶ ᠬᠤᠲᠠ ᠶᠢᠨ ᠣᠷᠭᠠᠨᠢᠭ ᠰᠢᠨᠡᠴᠢᠯᠡᠯᠲᠡ ᠶᠢᠨ ᠬᠠᠲᠠᠭᠤ ᠳᠠᠶᠢᠯᠠᠯᠳᠤᠭᠠᠨ ᠢ ᠰᠠᠶᠢᠲᠤᠷ ᠬᠢᠵᠦ᠂ | ᠠᠮᠢᠵᠢᠷᠠᠯ ᠤᠨ ᠬᠦᠴᠦᠨ ᠢ ᠲᠥᠪᠯᠡᠷᠡᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠬᠦᠴᠦᠯᠡᠬᠦ ᠬᠡᠷᠡᠭᠲᠡᠢ | ᠣᠷᠣᠱᠢᠨ ᠰᠠᠭᠤᠷᠢᠱᠢᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠠᠮᠢᠵᠢᠷᠠᠯ ᠤᠨ | ᠬᠦᠴᠦᠨ ᠲᠠᠢ ᠬᠤᠢᠲᠤ ᠳᠠᠪᠠᠭ᠎ᠠ ᠶᠢ ᠪᠦᠲᠦᠭᠡᠨ ᠪᠠᠢᠭᠤᠯᠤᠶ᠎ᠠ᠃ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ | ᠵᠠᠰᠠᠭ ᠤᠨ ᠣᠷᠳᠣᠨ ᠪᠸᠢ ᠯᠢᠶᠠᠩ ᠤᠨ ᠬᠡᠰᠡᠭ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠪᠦᠬᠦ ᠬᠤᠳᠠ ᠶᠢᠨ | ᠭᠤᠣᠯᠳᠠᠯᠭ᠎ᠠ ᠲᠠᠢ ᠠᠵᠢᠯ ᠳᠤ ᠣᠷᠣᠭᠤᠯᠬᠤ ᠴᠢᠬᠤᠯᠠ ᠶᠡᠭᠡ ᠠᠵᠠ ᠲᠣᠬᠢᠶᠠᠯ ᠢ ᠠᠮᠵᠢᠵᠤ᠂ ︽ᠠᠮᠢᠳᠤᠷᠠᠯ ᠤᠨ | ᠠᠵᠤ ᠦᠢᠯᠡᠰ︾ ᠤᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠪᠸᠢ ᠯᠢᠶᠠᠩ ᠤᠨ ᠬᠡᠰᠡᠭ ᠲᠣᠭᠤᠷᠢᠭ ᠤᠨ 13 | ᠲᠡᠭᠰᠢ ᠳᠥᠷᠪᠡᠯᠵᠢᠨ ᠺᠢᠯᠣᠮᠧᠳ᠋ᠷ ᠤᠨ ᠪᠦᠳᠦᠭᠡᠨ ᠪᠠᠶᠢᠭᠤᠯᠤᠯᠲᠠ ᠶᠢᠨ ᠨᠡᠭᠡᠭᠡᠨ ᠬᠥᠭᠵᠢᠭᠦᠯᠬᠦ ᠠᠯᠬᠤᠴᠠ ᠶᠢ | ᠲᠦᠷᠭᠡᠳᠬᠡᠨ᠎ᠡ᠃ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ᠪᠸᠢ ᠯᠢᠶᠠᠩ ᠤᠨ ᠬᠡᠰᠡᠭ | ᠲᠣᠭᠤᠷᠢᠭ ᠤᠨ ᠡᠵᠡᠮᠳᠡᠯ ᠲᠣᠭᠲᠠᠭᠠᠯ ᠳᠤ ᠳᠠᠬᠢᠨ ᠵᠠᠰᠠᠪᠤᠷᠢ ᠣᠷᠣᠭᠤᠯᠬᠤ ᠠᠵᠢᠯ ᠢ ᠪᠡᠶᠡᠯᠡᠭᠦᠯᠵᠦ᠂ ᠭᠠᠵᠠᠷ | ᠰᠢᠷᠣᠶ ᠶᠢ ᠰᠢᠯᠵᠢᠭᠦᠯᠦᠨ ᠥᠭᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠢᠷᠮᠠᠶᠢᠨ ᠣᠯᠵᠤ᠂ ︽ᠬᠤᠲᠠ ᠶᠢᠨ | ᠵᠢᠷᠤᠭ ᠲᠥᠯᠥᠪᠯᠡᠭᠡ ᠶᠢ ᠰᠢᠯᠵᠢᠭᠦᠯᠦᠨ ᠥᠭᠬᠦ ᠭᠠᠵᠠᠷ ᠰᠢᠷᠣᠶ︾ ᠶᠢᠨ ᠵᠠᠭᠪᠤᠷ ᠢ ᠬᠠᠶᠢᠨ ᠰᠦᠪᠡᠭᠴᠢᠯᠡᠵᠦ᠂ | ᠬᠤᠲᠠ ᠶᠢᠨ ᠬᠡᠯᠪᠡᠷᠢ ᠪᠠᠶᠢᠳᠠᠯ᠂ ᠡᠵᠡᠩᠨᠡᠯᠲᠡ ᠶᠢᠨ ᠬᠡᠯᠪᠡᠷᠢ ᠪᠠᠶᠢᠳᠠᠯ᠂ ᠪᠢᠴᠢᠭ ᠮᠠᠲ᠋ᠧᠷᠢᠶᠠᠯ᠂ ᠠᠮᠢ ᠠᠬᠤᠶ ᠶᠢᠨ ︽ | ᠳᠥᠷᠪᠡᠨ ᠪᠠᠶᠢᠳᠠᠯ ᠢ ᠨᠢᠭᠡᠳᠬᠡᠬᠦ︾ ᠶᠢ ᠪᠦᠲᠦᠮᠵᠢᠲᠡᠶ ᠪᠠᠲᠤᠯᠠᠨ᠎ᠠ᠃ ᠨᠢᠭᠡᠳᠦᠭᠡᠷ ᠳᠤᠮᠳᠠᠳᠤ ᠰᠤᠷᠭᠠᠭᠤᠯᠢ ᠶᠢᠨ | ᠡᠷᠬᠢᠨ ᠲᠣᠭᠤᠷᠢᠨ᠂ ᠵᠢᠩ ᠺᠠᠢ ᠳᠤᠮᠳᠠᠳᠤ ᠰᠤᠷᠭᠠᠭᠤᠯᠢ ᠶᠢᠨ ᠡᠷᠬᠢᠨ ᠲᠣᠭᠤᠷᠢᠨ᠂ ᠴᠢᠶᠣᠤ ᠵᠢᠶᠠ ᠶᠢᠨ ᠵᠡᠭᠡᠯᠢ | ᠵᠡᠷᠭᠡ 3 ᠭᠤᠣᠯᠳᠠᠯᠭ᠎ᠠ ᠲᠠᠢ ᠬᠡᠰᠡᠭ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠪᠣᠳᠠᠲᠠᠢ ᠠᠳᠬᠤᠵᠤ᠂ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠠᠷᠠᠯᠵᠢᠶ᠎ᠠ | ᠬᠤᠳᠠᠯᠳᠤᠭᠠᠨ ᠤ ᠢᠵᠢ ᠪᠦᠷᠢᠳᠦᠭᠰᠡᠨ ᠴᠢᠳᠠᠪᠬᠢ ᠶᠢ ᠲᠡᠭᠦᠯᠳᠡᠷᠵᠢᠭᠦᠯᠵᠦ᠂ ᠬᠡᠰᠡᠭ ᠲᠣᠭᠤᠷᠢᠭ ᠤᠨ ᠴᠢᠳᠠᠮᠵᠢ ᠶᠢᠨ | ᠶᠠᠰᠤ ᠴᠢᠨᠠᠷ ᠪᠣᠯᠤᠨ ᠦᠢᠯᠡᠴᠢᠯᠡᠭᠡᠨ ᠤ ᠴᠢᠳᠠᠪᠤᠷᠢ ᠶᠢᠨ ᠳᠡᠰ ᠢ ᠳᠡᠭᠡᠭᠰᠢᠯᠡᠭᠦᠯᠵᠦ᠂ ᠨᠡᠩ ᠤᠯᠠᠨ ᠵᠠᠯᠠᠭᠤᠴᠤᠳ ᠤᠨ | ᠭᠡᠷ ᠪᠦᠯᠢ ᠶᠢ ᠲᠡᠳᠡᠨ ᠠᠪᠴᠢᠷᠠᠵᠤ ᠨᠤᠲᠤᠭᠰᠢᠭᠤᠯᠤᠨ᠎ᠠ᠃ ᠠᠵᠤ ᠦᠢᠯᠡᠰ ᠤᠨ ᠬᠤᠳᠠ᠂ ᠦᠵᠡᠮᠵᠢ ᠶᠢᠨ ᠬᠤᠳᠠ᠂ | ᠬᠥᠮᠦᠨ ᠬᠤᠳᠠ ᠶᠢ ᠠᠭᠤᠰᠤᠯᠴᠠᠭᠤᠯᠤᠨ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠯᠤᠭᠠᠨ | ᠭᠤᠤ ᠶᠢᠨ ᠨᠠᠢᠮᠠᠨ ᠨᠢᠷᠤᠭᠤ ᠶᠢᠨ ᠭᠠᠵᠠᠷ ᠤᠨ ᠪᠠᠶᠢᠴᠠ᠂ ᠠᠮᠢ ᠠᠬᠤᠢ ᠶᠢᠨ ᠤᠰᠤᠨ ᠰᠢᠰᠲ᠋ᠧᠮ ᠤᠨ ᠡᠬᠢ | ᠪᠠᠶᠠᠯᠢᠭ ᠢ ᠰᠠᠶᠢᠲᠤᠷ ᠠᠰᠢᠭᠯᠠᠵᠤ᠂ ᠬᠤᠳᠠ ᠶᠢᠨ ᠳᠦᠷᠰᠦ ᠪᠠᠶᠢᠳᠠᠯ ᠪᠣᠯᠤᠨ ᠪᠠᠷᠢᠯᠭ᠎ᠠ ᠶᠢᠨ ᠦᠵᠡᠮᠵᠢ ᠶᠢᠨ ᠵᠢᠷᠤᠭ | ᠲᠥᠯᠥᠪᠯᠡᠭᠡ ᠶᠢ ᠰᠢᠯᠢᠳᠡᠭᠵᠢᠭᠦᠯᠵᠦ᠂ ᠲᠡᠦᠬᠡ᠂ ᠰᠣᠶᠣᠯ᠂ ᠱᠠᠰᠢᠨ ᠰᠤᠷᠲᠠᠬᠤᠨ ᠵᠡᠷᠭᠡ ᠡᠯᠧᠮᠧᠨ᠋ᠲ ᠢ ᠨᠡᠶᠢᠳᠬᠡᠵᠦ᠂ | ᠰᠣᠶᠣᠯ ᠵᠤᠭᠠᠴᠠᠯ᠂ ᠡᠷᠡᠭᠦᠯᠵᠢᠯ ᠰᠤᠪᠢᠯᠠᠯᠲᠠ᠂ ᠰᠡᠯᠡᠭᠦᠴᠡᠯ ᠠᠮᠠᠷᠠᠯᠲᠠ ᠵᠡᠷᠭᠡ ᠲᠦᠷᠦᠯ ᠵᠦᠢᠯ ᠢ ᠲᠦᠷᠭᠡᠨ | ᠣᠷᠣᠭᠤᠯᠤᠨ ᠠᠪᠴᠢᠷᠠᠵᠤ᠂ ᠬᠥᠮᠦᠰ ᠤᠨ ᠬᠦᠷᠢᠶᠡᠯᠡᠯ ᠢ ᠣᠯᠵᠤ᠂ ᠬᠤᠳᠠᠯᠳᠤᠭᠠᠨ ᠤ ᠬᠡᠢ ᠪᠤᠯᠵᠤ᠂ ᠡᠳ᠋ ᠤᠨ | ᠵᠣᠷᠢᠭ ᠢ ᠬᠥᠭᠵᠢᠭᠡᠵᠦ᠂ ᠪᠸᠢ ᠯᠢᠶᠠᠩ ᠤᠨ ᠰᠢᠨ᠎ᠡ ᠷᠢᠳᠢ ᠰᠢᠳᠢ ᠶᠢ ᠪᠠᠳᠠᠷᠠᠭᠤᠯᠵᠤ᠂ ᠥᠪᠡᠷᠮᠢᠴᠡ ᠣᠨᠴᠠᠯᠢᠭ ᠲᠠᠢ᠂ | ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠣᠳᠣᠬᠢᠴᠢᠯᠠᠭᠰᠠᠨ ᠰᠢᠨ᠎ᠡ ᠬᠤᠳᠠ ᠶᠢ | ᠴᠣᠭᠴᠠᠯᠠᠨ ᠪᠠᠶᠢᠭᠤᠯᠤᠨ᠎ᠠ᠃ | ᠬᠤᠳᠠ ᠶᠢᠨ ᠣᠷᠭᠠᠨᠢᠭ ᠰᠢᠨᠡᠴᠢᠯᠡᠯᠲᠡ ᠶᠢ ᠭᠦᠨᠵᠡᠭᠡᠢ ᠠᠬᠢᠭᠤᠯᠤᠨ᠎ᠠ᠃ ᠣᠷᠣᠰᠢᠨ ᠰᠠᠭᠤᠬᠤ ᠳᠤ | ᠲᠣᠬᠢᠷᠠᠮᠵᠢᠲᠠᠶ ᠴᠢᠨᠠᠷ ᠪᠠ ᠬᠥᠭᠵᠢᠶᠡᠨ ᠨᠠᠷᠭᠢᠶᠠᠨ ᠢ ᠳᠡᠭᠡᠭᠰᠢᠯᠡᠭᠦᠯᠬᠦ ᠳᠤ ᠰᠠᠭᠤᠷᠢᠯᠠᠨ᠂ ᠬᠤᠲᠠ ᠶᠢᠨ ᠠᠷᠠᠳ ᠢᠶᠠᠷ | ᠦᠨᠳᠦᠰᠦ ᠪᠣᠯᠭᠠᠬᠤ ᠶᠢ ᠪᠠᠷᠢᠮᠲᠠᠯᠠᠵᠤ᠂ ︽ᠤᠷᠠᠨ ᠳᠠᠷᠬᠠᠨ ᠤ ᠵᠣᠷᠢᠭ ᠰᠠᠨᠠᠭ᠎ᠠ︾ ᠪᠠᠷ ᠡᠩᠬᠡ ᠲᠠᠶᠢᠪᠤᠩ ᠵᠠᠮ᠂ | ᠨᠠᠨ ᠭᠧ ᠳ᠋ᠦᠩ᠂ ᠲᠡᠮᠦᠷ ᠵᠠᠮ ᠤᠨ ᠪᠠᠷᠠᠭᠤᠨᠳᠡᠬᠢ ᠵᠡᠷᠭᠡ ᠭᠤᠤᠯᠳᠠᠯᠭ᠎ᠠ ᠲᠠᠢ ᠬᠡᠰᠡᠭ ᠣᠷᠣᠨ ᠤ ᠬᠤᠲᠠ ᠶᠢ | ᠣᠷᠭᠠᠨᠢᠭ ᠢᠶᠠᠷ ᠰᠢᠨᠡᠳᠬᠡᠬᠦ ᠶᠢ ᠬᠡᠷᠡᠭᠵᠢᠭᠦᠯᠵᠦ᠂ ︽ᠬᠥᠩᠭᠡᠨ ᠰᠢᠨᠡᠳᠬᠡᠬᠦ᠂ ᠪᠢᠴᠢᠯ ᠥᠭᠡᠷᠡᠴᠢᠯᠡᠯᠲᠡ︾ ᠶᠢ | ᠪᠠᠷᠢᠮᠲᠠᠯᠠᠨ᠂ ᠠᠮᠢᠳᠤᠷᠠᠯ᠂ ᠦᠢᠯᠡᠳᠪᠦᠷᠢᠯᠡᠯ᠂ ᠠᠮᠢ ᠠᠬᠤᠶ ᠶᠢᠨ ᠣᠷᠣᠨ ᠵᠠᠶ ᠶᠢ ᠵᠦᠶ ᠵᠣᠬᠢᠰᠲᠠᠶ ᠪᠠᠶᠢᠷᠢᠰᠢᠭᠤᠯᠵᠤ᠂ | ᠬᠤᠲᠠ ᠶᠢᠨ ᠶᠠᠪᠤᠳᠠᠯ ᠤᠨ ᠰᠠᠭᠤᠷᠢ ᠢᠵᠢ ᠪᠥᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠂ ᠠᠵᠤ | ᠦᠢᠯᠡᠳᠪᠦᠷᠢ ᠶᠢᠨ ᠦᠯᠡᠳᠡᠭᠳᠡᠯ᠂ ᠲᠡᠤᠬᠡ ᠰᠣᠶᠣᠯ᠂ ᠤᠨᠴᠠᠯᠢᠬᠳᠤ ᠵᠡᠭᠡᠯᠢ ᠲᠣᠭᠤᠷᠢᠭ ᠵᠡᠷᠭᠡ ᠡᠬᠢ ᠪᠠᠶᠠᠯᠢᠭ ᠢ | ᠰᠠᠶᠢᠲᠤᠷ ᠬᠡᠷᠡᠭᠯᠡᠵᠦ᠂ ︽ᠬᠠᠭᠤᠴᠢᠨ ᠢ ᠤᠷᠬᠢᠨ ᠰᠢᠨ᠎ᠡ ᠶᠢ ᠡᠭᠦᠳᠬᠦ︾ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ | ᠬᠡᠯᠪᠡᠷᠢ ᠪᠠᠶᠢᠳᠠᠯ ᠪᠠ ᠰᠣᠶᠣᠯ ᠤᠨ ᠠᠭᠤᠯᠤᠭᠳᠠᠬᠤᠨ ᠢ ︽ᠠᠵᠤ ᠦᠢᠯᠡᠰ᠂ ᠬᠤᠲᠠ᠂ ᠬᠥᠮᠦᠨ︾ ᠢ ᠭᠦᠨᠵᠡᠭᠡᠶ | ᠠᠭᠤᠰᠤᠯᠴᠠᠭᠤᠯᠤᠨ ᠬᠥᠭᠵᠢᠭᠦᠯᠬᠦ ᠰᠢᠨ᠎ᠡ ᠬᠡᠪ ᠵᠠᠭᠪᠤᠷ ᠢ ᠪᠣᠶ ᠪᠣᠯᠭᠠᠨ᠎ᠠ᠃ ᠬᠠᠭᠤᠴᠢᠨ ᠰᠠᠭᠤᠭᠠᠯᠢ ᠲᠣᠭᠤᠷᠢᠭ ᠢ | ᠥᠭᠡᠷᠡᠴᠢᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ 52 ᠬᠠᠭᠤᠴᠢᠨ | ᠰᠠᠭᠤᠭᠠᠯᠢ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠵᠤ᠂ 47.3 ᠲᠦᠮᠡᠨ ᠲᠡᠭᠰᠢ ᠳᠥᠷᠪᠡᠯᠵᠢᠨ ᠮᠧᠳ᠋ᠷ | ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠵᠤ᠂ 24.7 ᠺᠢᠯᠣᠮᠧᠳ᠋ᠷ ᠢᠯᠴᠢ ᠬᠠᠩᠭᠠᠬᠤ | ᠬᠤᠭᠤᠯᠠᠶ ᠶᠢᠨ ᠲᠣᠤᠷ ᠢ ᠥᠭᠡᠷᠡᠴᠢᠯᠡᠨ ᠰᠠᠶᠢᠵᠢᠷᠠᠭᠤᠯᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ | ᠳᠤᠲᠠᠭᠤᠳᠠᠯ ᠢ ᠨᠥᠬᠦᠪᠥᠷᠢᠯᠡᠵᠦ᠂ ᠠᠮᠤᠷ ᠲᠦᠪᠰᠢᠨ ᠡᠷᠡᠭᠦᠯ ᠮᠡᠨᠳᠦ᠂ ᠲᠥᠬᠦᠭᠡᠷᠦᠮᠵᠢ ᠪᠦᠷᠢᠨ ᠲᠡᠭᠦᠯᠳᠡᠷ᠂ | ᠬᠠᠮᠢᠶᠠᠷᠤᠯᠲᠠ ᠡᠮᠬᠢ ᠵᠢᠷᠤᠮ ᠲᠠᠢ᠂ ᠦᠢᠯᠡᠴᠢᠯᠡᠭᠡ ᠳᠥᠭᠦᠮ ᠳᠥᠲᠡ ᠪᠦᠷᠢᠨ ᠪᠦᠲᠦᠨ ᠨᠡᠶᠢᠭᠡᠮ ᠲᠣᠭᠤᠷᠢᠭ ᠢ | ᠬᠦᠴᠦᠯᠡᠨ ᠪᠠᠶᠢᠭᠤᠯᠤᠨ᠎ᠠ᠃ ︽ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠬᠢᠷᠢ ᠪᠠᠷ ᠢᠶᠠᠨ ᠬᠢᠬᠦ︾ ᠶᠢ | ᠪᠠᠷᠢᠮᠲᠠᠯᠠᠵᠤ᠂ ᠨᠠᠷᠢᠯᠢᠭ ᠣᠨᠣᠴᠠᠲᠠᠶ ᠤᠬᠠᠮᠰᠠᠷ ᠢ ᠪᠣᠶ ᠪᠣᠯᠭᠠᠵᠤ᠂ ᠡᠵᠡᠩᠨᠡᠯᠲᠡ ᠶᠢᠨ ᠣᠶᠢᠯᠠᠭᠠᠭᠳᠠᠬᠤᠨ ᠢ | ᠴᠢᠩᠭᠠᠷᠠᠭᠤᠯᠤᠨ᠂ ᠪᠠᠯᠠ ᠣᠷᠣᠭᠤᠯᠤᠯᠲᠠ ᠶᠢᠨ ᠲᠠᠩᠰᠠ ᠨᠢᠭᠡᠪᠦᠷᠢ ᠶᠢ ᠰᠠᠶᠢᠲᠤᠷ ᠪᠤᠳᠤᠵᠤ᠂ ᠮᠥᠩᠭᠦ ᠨᠢᠭᠡᠪᠦᠷᠢ ᠶᠢ | ᠰᠠᠶᠢᠲᠤᠷ ᠬᠡᠷᠡᠭᠯᠡᠵᠦ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠨᠢᠭᠡᠪᠦᠷᠢ ᠶᠢ ᠴᠥᠮ ᠭᠠᠵᠠᠷ ᠣᠷᠣᠨ ᠤ | ᠬᠥᠭᠵᠢᠯᠲᠡ ᠪᠠ ᠣᠯᠠᠨ ᠲᠦᠮᠡᠨ ᠤ ᠠᠮᠢᠳᠤᠷᠠᠯ ᠳᠤ ᠦᠨᠡᠨ ᠪᠣᠳᠠᠲᠠᠶ ᠠᠰᠢᠭ ᠬᠦᠷᠲᠡᠭᠡᠨ᠎ᠡ᠃ | ᠬᠤᠲᠠ ᠶᠢᠨ ᠰᠠᠭᠤᠷᠢ ᠲᠥᠬᠦᠭᠡᠷᠦᠮᠵᠢ ᠶᠢ ᠬᠦᠴᠦᠯᠡᠨ ᠲᠡᠭᠦᠯᠳᠡᠷᠵᠢᠭᠦᠯᠦᠨ᠎ᠡ᠃ ᠰᠠᠭᠤᠷᠢ ᠪᠡᠯᠡᠳᠬᠡᠮᠵᠢ ᠶᠢᠨ | ᠳᠤᠲᠠᠭᠤᠳᠠᠯ ᠢ ᠨᠥᠬᠦᠪᠥᠷᠢᠯᠡᠬᠦ ᠪᠠᠷ ᠭᠤᠤᠯᠳᠠᠯᠭ᠎ᠠ ᠪᠣᠯᠭᠠᠵᠤ᠂ 6.4 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ 24 ᠲᠥᠷᠥᠯ ᠵᠦᠢᠯ ᠢ ᠬᠡᠷᠡᠭᠵᠢᠭᠦᠯᠪᠡ᠃ ᠵᠠᠮ | ᠬᠠᠷᠢᠯᠴᠠᠭᠠᠨ ᠤ ᠲᠤᠤᠷ ᠢ ᠰᠢᠯᠢᠳᠡᠭᠵᠢᠭᠦᠯᠵᠦ᠂ ︽ᠲᠣᠮᠣ ᠯᠤᠭᠰᠢᠭᠤᠨ ᠰᠤᠳᠠᠯ︾ ᠢ ᠤᠯᠠᠮ ᠨᠢᠭᠡ ᠠᠯᠬᠤᠮ | ᠨᠡᠪᠲᠡᠷᠡᠭᠦᠯᠵᠦ᠂ ︽ᠪᠢᠴᠢᠯ ᠡᠷᠭᠢᠯᠲᠡ︾ ᠶᠢ ᠰᠠᠭᠠᠳ ᠦᠭᠡᠢ ᠨᠡᠪᠲᠡᠷᠡᠭᠦᠯᠵᠦ᠂ ᠳ᠋ᠦᠩ ᠾᠧ ᠲᠣᠰᠬᠤᠨ ᠤ ᠡᠮᠦᠨ᠎ᠡ | ᠵᠠᠮ ᠵᠡᠷᠭᠡ 4 ᠵᠤᠷᠪᠤᠰ ᠬᠤᠲᠠ ᠶᠢᠨ ᠲᠣᠭᠤᠷᠢᠭ ᠤᠨ ᠵᠠᠮ᠂ ᠪᠸᠢ ᠯᠢᠶᠠᠩ ᠳᠥᠷᠪᠡᠳᠦᠭᠡᠷ ᠵᠡᠭᠡᠯᠢ ᠵᠡᠷᠭᠡ 12 | ᠵᠤᠷᠪᠤᠰ ᠪᠸᠢ ᠯᠢᠶᠠᠩ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠠᠬᠢᠭᠤᠯᠵᠤ᠂ ᠠᠵᠤ | ᠦᠢᠯᠡᠳᠪᠦᠷᠢ ᠶᠢᠨ ᠲᠣᠭᠤᠷᠢᠭ ᠤᠨ ᠵᠡᠭᠦᠨ ᠵᠠᠮ ᠵᠡᠷᠭᠡ 4 ᠵᠤᠷᠪᠤᠰ ᠲᠠᠰᠤᠷᠬᠠᠶ ᠵᠠᠮ ᠢ ᠨᠡᠪᠲᠡᠷᠡᠭᠦᠯᠵᠦ᠂ ᠬᠤᠲᠠ ᠶᠢᠨ | ᠵᠠᠮ ᠨᠡᠪᠲᠡᠷᠡᠯᠭᠡ ᠶᠢᠨ ᠴᠢᠨᠠᠷ ᠢ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠵᠠᠮ ᠵᠡᠷᠭᠡ 3 ᠵᠤᠷᠪᠤᠰ ᠵᠠᠮ ᠤᠨ | ᠦᠵᠡᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠬᠡᠷᠡᠭᠵᠢᠭᠦᠯᠵᠦ᠂ ︽ᠪᠢᠴᠢᠯ ᠴᠡᠴᠡᠷᠯᠢᠭ︾ ᠢ 4 ᠰᠢᠨ᠎ᠡ ᠪᠠᠷ | ᠪᠠᠶᠢᠭᠤᠯᠵᠤ᠂ 10 ᠪᠠᠭ᠎ᠠ ᠦᠵᠡᠮᠵᠢ ᠶᠢᠨ ᠵᠠᠩᠭᠢᠯᠠᠭ᠎ᠠ ᠶᠢᠨ ᠴᠡᠭ ᠢ ᠨᠡᠮᠡᠨ ᠪᠠᠶᠢᠭᠤᠯᠵᠤ᠂ ᠤᠯᠠᠨ ᠲᠦᠮᠡᠨ ᠤ ᠰᠢᠨ᠎ᠡ | ᠰᠡᠯᠡᠭᠦᠴᠡᠯ᠂ ᠤᠳᠠᠭᠠᠨ ᠠᠮᠢᠳᠤᠷᠠᠯ᠂ ᠪᠢᠴᠢᠯ ᠠᠮᠠᠷᠠᠯᠲᠠ ᠶᠢᠨ ᠬᠠᠮᠲᠤ ᠪᠠᠷ ᠡᠳ᠋ᠯᠡᠬᠦ ᠣᠷᠣᠨ ᠵᠠᠢ ᠶᠢ ᠪᠤᠢ ᠪᠣᠯᠭᠠᠨ᠎ᠠ᠃ | | ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠨᠠᠷᠢᠯᠢᠭ ᠳᠡᠭᠡᠭᠰᠢᠯᠡᠭᠦᠯᠦᠨ᠎ᠡ᠃ ︽ᠬᠤᠸᠠᠷ | ᠬᠠᠳᠬᠤᠬᠤ︾ ᠬᠦᠴᠦ ᠣᠷᠣᠭᠤᠯᠤᠨ ᠬᠤᠲᠠ ᠶᠢ ᠬᠠᠮᠢᠶᠠᠷᠴᠤ᠂ ᠬᠤᠲᠠ ᠶᠢᠨ ᠬᠡᠷ ᠤᠨ ᠬᠡᠷᠡᠭᠰᠡᠯ ᠤᠨ ᠠᠷᠢᠭᠤᠨ | ᠴᠡᠪᠡᠷ᠂ ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ ᠢ ᠴᠡᠭᠴᠡᠯᠡᠨ ᠵᠠᠰᠠᠬᠤ᠂ ᠪᠠᠷᠢᠯᠭ᠎ᠠ ᠶᠢᠨ ᠭᠠᠳᠠᠷ ᠲᠠᠯ᠎ᠠ ᠶᠢ | ᠳᠡᠭᠡᠭᠰᠢᠯᠡᠭᠦᠯᠬᠦ ᠵᠡᠷᠭᠡ ᠠᠵᠢᠯ ᠢ ᠴᠢᠩᠭᠠᠳᠬᠠᠵᠤ᠂ ᠵᠡᠭᠡᠯᠢ ᠶᠢᠨ ᠦᠵᠡᠮᠵᠢ ᠶᠢ ᠨᠣᠭᠤᠭᠠᠷᠠᠭᠤᠯᠵᠤ ᠭᠡᠷᠡᠯᠲᠦᠭᠦᠯᠬᠦ ᠶᠢ | ᠬᠡᠷᠡᠭᠵᠢᠭᠦᠯᠦᠨ᠂ 35 ᠵᠤᠷᠪᠤᠰ ᠵᠡᠭᠡᠯᠢ ᠭᠤᠳᠤᠮᠵᠢ ᠪᠠ ᠦᠯᠡᠳᠡᠭᠡᠯ ᠲᠠᠭᠲᠠᠭ᠎ᠠ ᠶᠢᠨ ᠰᠠᠷᠠᠪᠴᠢ ᠶᠢ ᠴᠡᠭᠴᠡᠯᠡᠨ | ᠵᠠᠰᠠᠵᠤ᠂ ᠬᠠᠭᠤᠴᠢᠨ ᠬᠤᠲᠠ ᠶᠢᠨ ᠲᠣᠭᠤᠷᠢᠭ ᠤᠨ ︽ᠥᠩᠭᠡ︾ ᠶᠢ ᠳᠡᠭᠡᠭᠰᠢᠯᠡᠭᠦᠯᠦᠨ᠎ᠡ᠃ ᠬᠠᠮᠢᠶᠠᠷᠤᠭᠴᠢ ᠶᠢᠨ | ᠰᠡᠳᠬᠢᠬᠦᠶ ᠪᠠ ᠣᠯᠠᠨ ᠲᠦᠮᠡᠨ ᠤ ᠲᠥᠷᠥᠭᠳᠡᠯ ᠢ ᠥᠯᠥ ᠬᠠᠶᠢᠬᠤᠷᠬᠤ ᠳᠠᠳᠬᠠᠯ ᠠᠷᠭ᠎ᠠ ᠬᠢᠳᠡᠯ ᠢ ᠲᠠᠶᠠᠭᠳᠠᠵᠤ᠂ | ᠬᠤᠲᠠ ᠶᠢᠨ ᠬᠠᠮᠢᠶᠠᠷᠤᠯᠲᠠ ᠦᠶ᠋ᠯᠡᠴᠢᠯᠡᠭᠡᠨ ᠤ ᠠᠷᠭ᠎ᠠ ᠮᠠᠶ᠋ᠢᠭ ᠢ ᠰᠠᠶᠢᠵᠢᠷᠠᠭᠤᠯᠵᠤ᠂ ᠡᠮᠨᠡᠯᠭᠡ ᠶᠢᠨ ᠬᠤᠷᠢᠶ᠎ᠠ᠂ | ᠰᠤᠷᠭᠠᠭᠤᠯᠢ᠂ ᠬᠤᠳᠠᠯᠳᠤᠭᠠᠨ ᠤ ᠲᠣᠭᠤᠷᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ︽ᠲᠡᠷᠭᠡ | ᠵᠣᠭᠰᠣᠭᠠᠬᠤ ᠳᠤ ᠬᠦᠴᠢᠷᠲᠡᠶ︾᠂ ︽ᠲᠡᠷᠭᠡ ᠵᠣᠭᠰᠣᠭᠠᠬᠤ ᠳᠤ ᠡᠷᠦᠶ ᠬᠤᠷᠤᠶ ᠥᠬᠡᠶ ᠪᠠᠶᠢᠬᠤ︾ ᠠᠰᠠᠭᠤᠳᠠᠯ ᠢ | ᠬᠦᠴᠦᠯᠡᠨ ᠰᠢᠶ᠋ᠳᠪᠦᠷᠢᠯᠡᠵᠦ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ ᠵᠢᠷᠤᠮᠵᠢᠭᠰᠠᠨ | ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠠᠷᠠᠳ ᠢ ᠬᠤᠲᠠ ᠶᠢᠨ ᠬᠥᠮᠦᠨᠴᠢᠯᠡᠭᠰᠡᠨ ᠬᠠᠮᠢᠶᠠᠷᠤᠯᠲᠠ ᠳᠤ | ᠭᠠᠵᠠᠷ ᠥᠬᠡᠶ ᠪᠣᠯᠭᠠᠵᠤ᠂ ᠢᠯᠡ ᠲᠣᠳᠣ ᠲᠦᠷᠦᠭᠳᠡᠯ ᠲᠠᠢ ᠪᠣᠯᠭᠠᠬᠤ ᠬᠡᠷᠡᠭᠲᠡᠶ᠃ ︽ᠭᠤᠷᠪᠠ ᠶᠢ ᠥᠨᠳᠥᠷ | ᠪᠠᠶᠢᠯᠭᠠᠬᠤ︾ ᠪᠠᠷᠢᠮᠵᠢᠶ᠎ᠠ ᠶᠣᠰᠣᠭᠠᠷ ᠣᠷᠴᠢᠨ ᠲᠣᠭᠤᠷᠢᠨ ᠤ ᠠᠷᠢᠭᠤᠨ ᠴᠡᠪᠡᠷ ᠢ ᠵᠠᠬ᠎ᠠ ᠳᠡᠯᠭᠡᠭᠦᠷᠴᠢᠯᠡᠬᠦ | ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢᠨ ᠪᠥᠬᠦ ᠬᠡᠯᠬᠢᠶ᠎ᠡ ᠶᠢᠨ | ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠴᠡᠪᠡᠷ ᠴᠡᠮᠴᠡᠭᠡᠷ᠂ ᠡᠮᠬᠢ ᠵᠢᠷᠤᠮ ᠲᠠᠢ᠂ ᠭᠤᠶᠢᠳᠠ ᠰᠠᠶᠢᠬᠠᠨ | ᠬᠤᠲᠠ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠪᠣᠯᠪᠠᠰᠤᠨ ᠢ ᠬᠥᠮᠥᠵᠢᠭᠦᠯᠬᠦ᠂ ᠪᠣᠯᠪᠠᠰᠤᠨ ᠢ ᠦᠢᠯᠡᠳᠦᠯᠭᠡᠵᠢᠭᠦᠯᠬᠦ᠂ ᠪᠣᠯᠪᠠᠰᠤᠨ ᠢ ᠡᠭᠦᠳᠦᠨ ᠪᠠᠶᠢᠭᠤᠯᠬᠤ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠪᠥᠬᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ | ᠯᠦ ᠴᠧᠩ ᠬᠠᠮᠢᠶᠠᠷᠤᠭᠴᠢ︾ ᠵᠡᠭᠡᠯᠢ ᠶᠢᠨ ᠳᠠᠷᠤᠭ᠎ᠠ ᠶᠢᠨ ᠳᠦᠷᠢᠮ ᠤᠨ ᠣᠶᠤᠨᠴᠢ ᠬᠠᠮᠢᠶᠠᠷᠤᠯᠲᠠ ᠶᠢᠨ ᠲᠠᠪᠴᠠᠩ ᠢ | ᠰᠠᠢᠲᠤᠷ ᠠᠱᠢᠭᠯᠠᠵᠤ ᠬᠤᠲᠠ ᠶᠢᠨ ︽ᠣᠶᠤᠨ︾ ᠤᠨ ᠬᠢᠷᠢ ᠲᠦᠪᠱᠢᠨ ᠢ ᠦᠷᠭᠦᠯᠵᠢᠯᠡᠨ ᠳᠡᠭᠡᠭᠱᠢᠯᠡᠭᠦᠯᠦᠶᠡ᠃ ︽ | ᠬᠤᠪᠢᠰᠬᠠᠯᠲᠤ ᠠᠳᠠᠯ ᠠᠬᠤᠶ︾ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠠᠳᠠᠯ ᠠᠬᠤᠶ ᠶᠢᠨ ᠠᠵᠤ | ᠠᠬᠤᠶᠢᠯᠠᠯ ᠤᠨ ︽ᠤᠯᠠᠭᠠᠨ ᠬᠠᠷ᠎ᠠ ᠰᠠᠮᠪᠠᠷ᠎ᠠ︾ ᠶᠢᠨ ᠲᠦᠷᠢᠮ ᠢ ᠪᠠᠶᠢᠭᠤᠯᠤᠨ᠂ ᠠᠳᠠᠯ ᠠᠬᠤᠶ ᠶᠢᠨ | ᠬᠠᠮᠢᠶᠠᠷᠤᠯᠲᠠ ᠶᠢᠨ ᠦᠢᠯᠡᠴᠢᠯᠡᠭᠡ ᠶᠢ ᠢᠯᠡ ᠪᠦᠷᠬᠦᠭᠦᠯᠬᠦ ᠠᠴᠠ ᠪᠦᠲᠦᠮᠵᠢᠲᠡᠶ ᠬᠠᠮᠤᠷᠬᠤ ᠪᠣᠯᠲᠠᠯ᠎ᠠ | ᠬᠤᠪᠢᠷᠠᠭᠤᠯᠬᠤ ᠶᠢ ᠲᠦᠷᠭᠡᠳᠬᠡᠨ᠎ᠡ᠃ | ︵ᠵᠢᠷᠭᠤᠭ᠎ᠠ︶ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠠᠲᠠᠭᠤ | ᠳᠠᠶᠢᠯᠠᠯᠳᠤᠭᠠᠨ ᠢ ᠰᠠᠶᠢᠲᠤᠷ ᠬᠢᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ | ᠪᠠᠷᠢᠮᠲᠠᠯᠠᠬᠤ ᠲᠠᠯ᠎ᠠ ᠪᠠᠷ ᠬᠦᠴᠦᠯᠡᠬᠦ ᠬᠡᠷᠡᠭᠲᠡᠢ | ᠠᠮᠤ ᠪᠤᠳᠠᠭᠠᠨ ᠤ ᠠᠮᠤᠷ ᠲᠥᠪᠰᠢᠨ ᠢ ᠦᠨᠡᠨᠬᠦᠦ ᠪᠠᠲᠤᠯᠠᠵᠤ᠃ ᠠᠮᠤ ᠪᠤᠳᠠᠭᠠᠨ ᠤ ᠠᠮᠤᠷ ᠲᠦᠪᠰᠢᠨ ᠤ | ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ ᠲᠤ | ᠨᠢᠭᠡ ᠤᠳᠠᠭ᠎ᠠ ᠶᠢᠨ ᠴᠢᠨᠠᠷᠲᠠᠢ ᠨᠥᠬᠦᠪᠥᠷᠢ ᠥᠭᠬᠦ᠂ ᠲᠠᠷᠢᠶᠠᠨ ᠭᠠᠵᠠᠷ ᠤᠨ ᠬᠦᠴᠦᠨ ᠤ ᠨᠥᠬᠦᠪᠥᠷᠢ ᠥᠭᠬᠦ ᠵᠡᠷᠭᠡ | ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠲᠠᠷᠢᠬᠤ | ᠲᠠᠯᠠᠪᠠᠢ ᠶᠢ 9 ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠤᠨᠠᠯᠲᠠ ᠶᠢ 1 ᠳ᠋ᠦᠩᠰᠢᠭᠤᠷ ᠵᠢᠩ ᠠᠴᠠ | ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠬᠤᠷᠠᠮᠠᠯ ᠮᠡᠷᠭᠡᠵᠢᠯ ᠤᠨ ᠲᠤᠤᠷᠵᠢᠭᠤᠯᠤᠯᠳᠠ ᠶᠢᠨ ᠲᠡᠯᠭᠡᠷᠡᠬᠦᠯᠤᠭᠴᠢ ᠶᠢᠨ | ᠰᠢᠰᠲ᠋ᠧᠮ ᠢ ᠪᠠᠶᠢᠭᠤᠯᠵᠤ᠂ ᠨᠡᠬᠦᠷᠡᠰᠦᠳᠦ᠋ᠷᠦᠭᠴᠢ ᠶᠢᠨ ᠲᠠᠪᠬᠤᠷ ᠢᠰᠦᠯ ᠤᠨ ᠪᠤᠷᠳᠤᠭᠤᠷ᠂ ᠤᠰᠤ ᠪᠤᠷᠳᠤᠭᠤᠷ ᠢ | ᠨᠢᠭᠡ ᠴᠤᠬᠴᠠᠯᠠᠬᠤ ᠵᠡᠷᠭᠡ ᠲᠦᠪᠯᠡᠷᠡᠬᠦᠯᠤᠨ ᠢᠵᠢ ᠲᠦᠬᠦᠷᠵᠢᠬᠦᠯᠬᠦ᠂ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ | ᠬᠡᠯᠪᠡᠷᠢ ᠪᠠᠷ ᠬᠤᠯᠢᠯᠳᠤᠭᠤᠯᠤᠨ ᠲᠠᠷᠢᠬᠤ ᠵᠡᠷᠭᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠪᠤᠬᠢᠷᠳᠤᠯ ᠦᠭᠡᠢ | ᠦᠢᠯᠡᠳᠪᠦᠷᠢᠯᠡᠯ ᠤᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 4 ᠪᠠᠶᠢᠭᠤᠯᠪᠠ᠃ ᠲᠠᠷᠢᠶᠠᠯᠠᠩ ᠤᠨ | ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠢ ᠶᠢ 10 ᠲᠦᠮᠡᠨ ᠮᠦ ᠠᠴᠠ ᠳᠡᠭᠡᠭᠰᠢ ᠲᠦᠯᠬᠢᠨ ᠠᠬᠢᠭᠤᠯᠵᠤ᠂ | ᠨᠡᠶᠢᠭᠡᠮᠴᠢᠯᠡᠭᠰᠡᠨ ᠦᠢᠯᠡᠴᠢᠯᠡᠭᠡ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ | ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠪᠠᠶᠢᠬᠤ ᠶᠢ ᠠᠬᠢᠭᠤᠯᠵᠤ᠃ | ᠥᠨᠳᠥᠷ ᠪᠦᠲᠦᠮᠵᠢᠲᠡᠶ ᠪᠡᠯᠡᠳᠭᠡᠮᠵᠢᠳᠤ ᠲᠠᠷᠢᠶᠠᠯᠠᠩ ᠢ ᠲᠦᠷᠭᠡᠳᠬᠡᠨ ᠬᠥᠭᠵᠢᠭᠦᠯᠵᠦ᠂ ᠪᠡᠯᠡᠳᠭᠡᠮᠵᠢᠳᠤ | ᠲᠠᠷᠢᠶᠠᠯᠠᠩ ᠤᠨ ᠲᠠᠯᠠᠪᠠᠶ ᠶᠢ 1000 ᠮᠥ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠪᠡᠯᠡᠳᠭᠡᠮᠵᠢᠳᠤ ᠢᠳᠡᠰᠢᠨ | ᠨᠣᠭᠤᠭ᠎ᠠ ᠶᠢᠨ ᠴᠢᠨᠠᠷ ᠰᠠᠶᠢᠲᠠᠶ ᠵᠢᠱᠢᠶ᠎ᠡ ᠦᠵᠡᠭᠦᠯᠬᠦ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠪᠴᠢᠶᠡᠵᠢᠯᠲᠡ᠂ ᠪᠠᠷᠢᠮᠵᠢᠶᠠᠵᠢᠭᠤᠯᠤᠯᠲᠠ ᠶᠢᠨ ᠬᠡᠮᠵᠢᠶ᠎ᠡ ᠶᠢ | ᠳᠡᠭᠡᠭᠰᠢᠯᠡᠭᠦᠯᠦᠨ᠂ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠳ᠋ᠦᠩ ᠾᠧ ᠶᠢᠨ ᠣᠨᠴᠠᠯᠢᠭ ᠲᠠᠢ | ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠤᠨ᠎ᠠ᠃ ︽ᠠᠷᠪᠠᠨ | ᠮᠢᠩᠭᠠᠨ ᠮᠦ︾ ᠶᠢᠨ ᠤᠨᠴᠠᠯᠢᠬᠳᠤ ᠵᠢᠱᠢᠶ᠎ᠡ ᠦᠵᠡᠭᠦᠯᠬᠦ ᠲᠠᠷᠢᠮᠠᠯ ᠤᠨ ᠣᠷᠣᠨ ᠤ ᠪᠥᠲᠥᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ︽ᠱᠢ ᠳ᠋ᠡ ᠰᠲ᠋ᠣᠺ ᠬᠠᠷ᠎ᠠ ᠲᠤᠯᠠᠨ ᠤ ᠲᠠᠷᠪᠤᠰ︾ ᠤᠨ ᠨᠠᠷᠠᠲᠤ ᠲᠡᠮᠳᠡᠭᠲᠦ ᠶᠢ | ᠡᠭᠦᠳᠴᠦ᠂ ᠨᠠᠷᠠᠲᠤ ᠰᠢᠯᠢᠳᠡᠭ ᠣᠨᠴᠠ ᠰᠢᠨ᠎ᠡ ᠢᠳᠡᠰᠢᠨ ᠨᠣᠭᠤᠭ᠎ᠠ ᠭᠤᠸ᠎ᠠ ᠵᠢᠮᠢᠰ ᠤᠨ ᠲᠥᠷᠥᠯ ᠵᠦᠢᠯ ᠢ 2 ᠠᠴᠠ | ᠳᠡᠭᠡᠭᠰᠢ ᠨᠡᠮᠡᠭᠳᠡᠭᠦᠯᠦᠨ᠎ᠡ᠃ ᠲᠣᠭᠠᠴᠢᠯᠠᠭᠰᠠᠨ ᠲᠠᠷᠢᠶᠠᠯᠠᠩ ᠤᠨ ᠠᠮᠢᠳᠤᠷᠠᠯ ᠤᠨ ᠣᠷᠳᠣᠨ ᠢ ᠠᠰᠢᠭᠯᠠᠨ᠂ ᠠᠵᠤ | ᠠᠬᠤᠶᠢᠯᠠᠯ᠂ ᠬᠤᠷᠰᠢᠶ᠎ᠠ ᠶᠢ ᠵᠣᠬᠢᠶᠠᠨ ᠪᠠᠶᠢᠭᠤᠯᠤᠨ ᠲᠠᠷᠢᠶᠠᠯᠠᠩ ᠤᠨ ᠪᠦᠲᠦᠭᠡᠭᠳᠡᠬᠦᠨ ᠢ ᠰᠢᠭᠤᠳ ᠨᠡᠪᠲᠡᠷᠡᠭᠦᠯᠬᠦ | ᠪᠠᠷᠠᠭ᠎ᠠ ᠠᠪᠴᠤ ᠶᠠᠪᠤᠬᠤ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠨᠥᠯᠥᠭᠡᠯᠡᠬᠦ | ᠬᠦᠴᠦᠨ ᠢ ᠤᠯᠠᠮ ᠨᠢᠭᠡ ᠠᠯᠬᠤᠮ ᠥᠷᠭᠡᠳᠬᠡᠵᠦ᠂ ᠵᠠᠬ᠎ᠠ ᠳᠡᠯᠭᠡᠭᠦᠷ ᠢ ᠡᠵᠡᠯᠡᠬᠦ ᠨᠣᠷᠮ᠎ᠠ ᠶᠢ ᠳᠡᠭᠡᠭᠰᠢᠯᠡᠭᠦᠯᠦᠨ᠎ᠡ᠃ | ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ | ᠷᠦᠨ ᠽᠠᠢ ᠶᠢᠨ ᠬᠦᠷᠢᠶᠡᠯᠡᠩ ᠤᠨ ᠤᠯᠤᠰ ᠤᠨ ᠲᠠᠰ ᠤᠨ ᠬᠤᠷᠰᠢᠶ᠎ᠠ ᠪᠠᠷ ᠭᠤᠶᠤᠴᠢᠯᠠᠨ ᠮᠡᠳᠡᠭᠦᠯᠬᠦ ᠶᠢ ᠳᠡᠮᠵᠢᠵᠦ᠂ | ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢ | 5 ᠶᠢ ᠪᠤᠶᠢᠵᠢᠭᠤᠯᠤᠨ᠎ᠠ᠃ ᠲᠠᠷᠢᠶᠠᠯᠠᠩ ᠤᠨ ᠠᠵᠤ ᠦᠶ᠋ᠯᠡᠰᠴᠢᠯᠡᠯᠲᠡ ᠶᠢᠨ ᠬᠥᠭᠵᠢᠯᠲᠡ ᠶᠢᠨ ᠲᠣᠪᠤᠶᠢᠮ᠎ᠠ ᠬᠤᠪᠢ | ᠨᠡᠮᠡᠷᠢ ᠦᠵᠡᠭᠦᠯᠬᠦ ᠰᠢᠷᠢᠰ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠶᠢ ᠥᠷᠨᠢᠭᠦᠯᠬᠦ ᠬᠡᠷᠡᠭᠲᠡᠶ᠃ | ᠣᠷᠣᠰᠢᠨ ᠰᠠᠭᠤᠷᠢᠰᠢᠬᠤ ᠳᠤ ᠲᠣᠬᠢᠷᠡᠮᠵᠢᠳᠡᠢ ᠠᠵᠢᠯ ᠦᠢᠯᠡᠰ ᠡᠷᠬᠢᠯᠡᠬᠦ ᠳᠤ ᠲᠣᠬᠢᠷᠡᠮᠵᠢᠳᠡᠢ ᠦᠵᠡᠰᠭᠦᠯᠡᠩᠲᠦ | ᠰᠠᠶᠢᠬᠠᠨ ᠬᠦᠳᠡᠭᠡ ᠲᠣᠰᠬᠤᠨ ᠢ ᠪᠦᠳᠦᠭᠡᠨ ᠪᠠᠶᠢᠭᠤᠯᠥᠨ᠎ᠠ᠃ ᠠᠶᠢᠯ ᠲᠣᠰᠬᠤᠨ ᠤ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠶᠣᠰᠣᠲᠠᠶ ᠶᠢ ᠨᠢ ᠪᠦᠬᠦᠨ ᠢ ᠨᠠᠶᠢᠷᠠᠭᠤᠯᠤᠨ ᠵᠣᠬᠢᠶᠠᠵᠤ᠂ ᠲᠣᠰᠬᠤᠨ ᠤ ᠦᠵᠡᠮᠵᠢ | ᠰᠢᠶᠠᠩ ᠤᠨ ᠦᠨᠦᠷ ᠠᠮᠲᠠ ᠶᠢ ᠦᠯᠡᠳᠡᠭᠡᠵᠦ᠂ ᠲᠣᠰᠬᠤᠨ ᠤ ᠪᠠᠶᠢᠳᠠᠯ ᠲᠣᠰᠬᠤᠨ ᠤ ᠬᠡᠪ ᠨᠠᠮᠪᠠ ᠶᠢ ᠢᠯᠡᠷᠡᠭᠦᠯᠦᠨ᠎ᠡ | ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠢ | ᠠᠬᠢᠭᠤᠯᠵᠤ᠂ 3 ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ | ᠲᠠᠷᠢᠶᠠᠯᠠᠩ ᠤᠨ ᠦᠢᠯᠡᠳᠪᠦᠷᠢᠯᠡᠯ ᠤᠨ ᠣᠷᠭᠠᠨᠢᠭ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠰᠢᠢᠳᠪᠦᠷᠢᠯᠡᠵᠦ | ᠠᠰᠢᠭᠯᠠᠬᠤ ᠶᠢ ᠰᠠᠶᠢᠲᠤᠷ ᠠᠳᠬᠤᠵᠤ᠂ ᠮᠠᠯ ᠵᠢᠭᠦᠷᠲᠡᠨ ᠤ ᠢᠯᠭᠠᠳᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ | ᠠᠰᠢᠭᠯᠠᠬᠤ ᠨᠣᠷᠮ᠎ᠠ ᠶᠢ 95% ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠵᠢᠯ ᠳᠤ 6 ᠲᠦᠮᠡᠨ ᠲᠣᠨ ᠠᠴᠠ | ᠳᠡᠭᠡᠭᠰᠢ ᠡᠰᠢ ᠰᠦᠷᠡᠯ ᠢ ᠴᠤᠭᠯᠠᠭᠤᠯᠤᠨ ᠰᠢᠢᠳᠪᠦᠷᠢᠯᠡᠬᠦ ᠴᠢᠳᠠᠪᠤᠷᠢ ᠶᠢ 6 ᠲᠦᠮᠡᠨ ᠲᠣᠨ ᠠᠴᠠ ᠳᠡᠭᠡᠭᠰᠢ | ᠪᠠᠶᠢᠯᠭᠠᠨ᠎ᠠ᠃ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠵᠤ᠂ ᠬᠥᠳᠡᠭᠡ | ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ ᠨᠣᠷᠮ᠎ᠠ᠂ ᠲᠦᠭᠡᠭᠡᠯ ᠤᠰᠤᠨ ᠤ ᠲᠦᠭᠡᠮᠡᠯᠵᠢᠭᠦᠯᠦᠯᠲᠡ ᠶᠢᠨ | ᠨᠣᠷᠮ᠎ᠠ ᠶᠢ 100% ᠳᠤ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠶᠢ ᠴᠢᠩᠭᠠᠳᠬᠠᠵᠤ᠂ ᠳᠠᠬᠢᠨ ᠶᠠᠳᠠᠭᠤᠷᠠᠬᠤ ᠪᠠ ᠶᠠᠳᠠᠭᠤᠷᠠᠬᠤ | ᠲᠦᠭᠰᠢᠭᠦᠷᠢ ᠶᠢ ᠴᠠᠭ ᠲᠤᠬᠠᠶ ᠳᠤᠨᠢ ᠠᠷᠢᠯᠭᠠᠨ᠎ᠠ᠃ ᠬᠥᠳᠡᠭᠡ ᠲᠣᠰᠬᠤᠨ ᠤ ᠵᠠᠰᠠᠯᠲᠠ ᠶᠢ ᠴᠢᠩᠭᠠᠳᠬᠠᠨ | ᠰᠠᠶᠢᠵᠢᠷᠠᠭᠤᠯᠵᠤ᠂ ︽ᠨᠢᠭᠡ ᠪᠣᠯᠵᠣᠵᠤ ᠳᠥᠷᠪᠡᠨ ᠬᠤᠷᠠᠯ︾ ᠤᠨ ᠦᠶ᠋ᠯᠡᠳᠦᠯ ᠢ ᠭᠦᠶ᠋ᠴᠡᠳ ᠪᠠᠳᠠᠷᠠᠭᠤᠯᠤᠨ᠂ | ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠪᠤᠶᠢᠵᠢᠭᠤᠯᠵᠤ᠂ ᠬᠥᠳᠡᠭᠡ ᠲᠣᠰᠬᠤᠨ ᠤ ᠪᠣᠯᠪᠠᠰᠤᠨ ᠤ ᠰᠢᠨ᠎ᠡ | ᠠᠭᠤᠷ ᠠᠮᠢᠰᠬᠤᠯ ᠢ ᠬᠥᠭᠵᠢᠭᠡᠨ᠎ᠡ᠃ | ︵ᠳᠤᠯᠤᠭ᠎ᠠ︶ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠲᠠᠭᠤ ᠳᠠᠶᠢᠯᠠᠯᠳᠤᠭᠠᠨ ᠢ | ᠰᠠᠶᠢᠲᠤᠷ ᠬᠢᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠬᠤ | ᠲᠠᠯ᠎ᠠ ᠪᠠᠷ ᠬᠦᠴᠦᠯᠡᠬᠦ ᠬᠡᠷᠡᠭᠲᠡᠢ | ᠪᠣᠬᠢᠷᠲᠤᠯ ᠢ ᠰᠡᠷᠭᠡᠶᠢᠯᠡᠨ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠬᠦᠬᠡ ᠣᠭᠲᠠᠷᠭᠤᠢ᠂ | ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠠᠵᠤ | ᠦᠢᠯᠡᠳᠪᠦᠷᠢ ᠶᠢᠨ ᠪᠣᠬᠢᠷᠲᠤᠯ ᠤᠨ ᠡᠬᠢ ᠶᠢ ᠭᠦᠨᠵᠡᠭᠡᠢ ᠵᠠᠰᠠᠬᠤ ᠶᠢ ᠴᠢᠩᠭᠠᠳᠬᠠᠵᠤ᠂ ᠪᠠᠷᠢᠯᠭ᠎ᠠ ᠶᠢᠨ ᠭᠠᠵᠠᠷ᠂ | ᠵᠠᠮ ᠤᠨ ᠲᠣᠭᠤᠰᠣ ᠰᠢᠷᠣᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠭᠠᠷ ᠤᠨ ᠶᠠᠰᠤ ᠴᠢᠨᠠᠷ ᠤᠨ | ᠦᠷᠭᠦᠯᠵᠢᠯᠡᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ᠎ᠡ᠃ ᠭᠤᠣᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠶᠢᠨ ᠳᠦᠷᠢᠮ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ︽ | ᠲᠦᠷᠪᠡᠨ ᠳᠤᠷ᠎ᠠ ᠶᠢ ᠠᠷᠢᠯᠭᠠᠬᠤ︾ ᠶᠢ ᠪᠠᠶᠢᠩᠭᠤᠵᠢᠭᠤᠯᠤᠨ ᠥᠷᠨᠢᠭᠦᠯᠵᠦ᠂ ᠭᠤᠣᠯ ᠤᠷᠤᠭᠤ ᠪᠣᠬᠢᠷᠲᠤᠯ | ᠭᠠᠳᠠᠭᠰᠢᠯᠠᠭᠤᠯᠬᠤ ᠠᠮᠠᠰᠠᠷ ᠤᠨ ᠵᠠᠰᠠᠯᠲᠠ ᠶᠢ ᠴᠢᠩᠭᠠᠳᠬᠠᠵᠤ᠂ ᠪᠣᠬᠢᠷ ᠦᠮᠡᠬᠡᠢ ᠤᠰᠤᠨ ᠴᠣᠭᠴᠠ ᠶᠢ ᠵᠠᠰᠠᠬᠤ | ᠦᠷ᠎ᠡ ᠪᠦᠲᠦᠮᠵᠢ ᠶᠢ ᠪᠠᠬᠢᠵᠢᠭᠦᠯᠵᠦ᠂ ᠤᠯᠤᠰ ᠤᠨ ᠰᠢᠯᠭᠠᠨ ᠪᠠᠶᠢᠴᠠᠭᠠᠯᠲᠠ ᠶᠢᠨ ᠣᠭᠲᠣᠯᠤᠭᠠᠰᠤ ᠶᠢᠨ ᠤᠰᠤᠨ ᠤ | ᠴᠢᠨᠠᠷ ᠤᠨ ᠪᠠᠷᠢᠮᠵᠢᠶ᠎ᠠ ᠳᠤ ᠬᠦᠷᠬᠦ ᠶᠢ ᠪᠠᠲᠤᠯᠠᠵᠤ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ | ᠤᠰᠤᠨ ᠤ ᠴᠢᠨᠠᠷ ᠤᠨ ᠠᠮᠤᠷ ᠲᠦᠪᠰᠢᠨ ᠢ ᠪᠠᠲᠤᠯᠠᠨ᠎ᠠ᠃ ᠬᠥᠷᠥᠰᠥ ᠰᠢᠷᠣᠶ ᠶᠢᠨ ᠪᠣᠬᠢᠷᠲᠤᠯ ᠢ ᠡᠬᠢ | ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠨ᠎ᠠ᠃ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠡᠭᠦᠷᠭᠡ ᠶᠢ ᠪᠥᠬᠦ | ᠲᠠᠯ᠎ᠠ ᠪᠠᠷ ᠪᠡᠶᠡᠯᠡᠭᠦᠯᠦᠨ᠎ᠡ᠃ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ ᠠᠮᠢ ᠠᠬᠤᠶ | ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ | ᠵᠠᠳᠠᠭᠠᠶ ᠨᠡᠭᠦᠷᠡᠰᠦᠨ ᠠᠭᠤᠷᠬᠠᠶ ᠶᠢᠨ ᠨᠦᠭᠡ ᠬᠠᠭᠠᠵᠤ ᠵᠠᠰᠠᠬᠤ ᠶᠢ ᠠᠬᠢᠭᠤᠯᠤᠨ᠂ ᠡᠮᠦᠨᠡᠲᠦ ᠲᠠᠩᠭᠢᠰ ᠤᠨ ᠨᠤᠭᠤ | ᠭᠠᠵᠠᠷ ᠢ ᠬᠠᠮᠠᠭᠠᠯᠠᠨ ᠰᠡᠷᠭᠦᠭᠡᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢ ᠾᠧ | ᠭᠤᠤᠯ ᠤᠨ ᠠᠮᠢ ᠠᠬᠤᠶ ᠶᠢᠨ ᠵᠠᠰᠠᠯᠲᠠ ᠶᠢᠨ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠦᠨ᠎ᠡ᠃ ᠤᠢ ᠰᠢᠭᠤᠢ ᠶᠢᠨ | ᠳᠠᠷᠤᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠤᠨ | ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ 1.1 ᠲᠦᠮᠡᠨ ᠮᠦ ᠠᠷᠠᠴᠢᠯᠠᠨ ᠬᠠᠮᠠᠭᠠᠯᠠᠵᠤ᠂ | 1100 ᠮᠦ ᠤᠢ ᠮᠣᠳᠣ ᠲᠠᠷᠢᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ᠎ᠡ᠃ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠤᠨ᠎ᠠ᠃ | ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠪᠣᠯᠤᠨ ᠬᠦᠴᠦᠯᠡᠴᠡ ᠶᠢᠨ ᠬᠤᠤᠰ ᠡᠵᠡᠮᠳᠡᠯ ᠤᠨ ᠲᠦᠷᠢᠮ ᠢ | ᠨᠠᠶᠢᠳᠠᠪᠤᠷᠢᠵᠢᠭᠤᠯᠵᠤ᠂ ︽ᠬᠤᠶᠠᠷ ᠶᠡᠬᠡᠲᠡᠢ︾ ᠲᠥᠷᠥᠯ ᠵᠦᠢᠯ ᠢ ᠡᠷᠡᠰ ᠬᠤᠷᠢᠭᠯᠠᠨ᠎ᠠ᠃ ᠪᠣᠬᠢᠷᠲᠤᠯ ᠥᠬᠡᠶ | ᠳᠤᠤᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠤᠨ ᠲᠤᠷᠰᠢᠯᠲᠠ ᠶᠢᠨ ᠴᠡᠭ ᠤᠨ ᠪᠥᠲᠥᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠡᠨᠧᠷᠭᠢ᠂ ᠠᠵᠤ ᠦᠶ᠋ᠯᠡᠳᠪᠦᠷᠢ ᠵᠡᠷᠭᠡ ᠬᠦᠷᠢᠶ᠎ᠡ | ᠴᠠᠷᠠᠭ᠎ᠠ ᠳᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠠᠵᠤ | ᠠᠬᠤᠶᠢᠯᠠᠯ ᠤᠨ ᠪᠣᠬᠢᠷᠲᠤᠯ ᠥᠬᠡᠶ ᠴᠠᠬᠢᠯᠭᠠᠨ ᠬᠡᠷᠡᠭᠯᠡᠬᠦ ᠨᠣᠷᠮ᠎ᠠ 21% ᠳᠤ ᠬᠦᠷᠴᠦ᠂ ᠪᠤᠭᠤᠲᠤ ᠶᠢᠨ ᠬᠥᠩᠭᠡᠨ | ᠴᠠᠭᠠᠨ ᠤ ︽ᠡᠨᠧᠷᠭᠢ ᠶᠢᠨ ᠠᠰᠢᠭᠯᠠᠮᠵᠢ ᠶᠢᠨ ᠳᠠᠭᠠᠭᠤᠯᠤᠭᠴᠢ︾ ᠶᠢᠨ ᠬᠡᠪ ᠳᠠᠭᠤᠷᠢᠶᠠᠯ ᠪᠣᠯᠬᠤ ᠠᠵᠤ ᠠᠬᠤᠶᠢᠯᠠᠯ ᠢ | ᠪᠣᠶ ᠪᠣᠯᠭᠠᠬᠤ ᠶᠢ ᠳᠡᠮᠵᠢᠨ᠎ᠡ᠃ ᠬᠥᠩᠭᠡᠨ ᠴᠠᠭᠠᠨ ᠤ ᠴᠠᠬᠢᠯᠭᠠᠨ ᠤ ᠦᠢᠯᠡᠳᠪᠦᠷᠢ ᠶᠢ ᠳᠠᠭᠠᠭᠠᠴᠢᠯᠠᠬᠤ 1# ᠮᠠᠰᠢᠨ | ᠴᠣᠭᠴᠠᠯᠠᠪᠤᠷᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠨᠡᠭᠦᠷᠡᠰᠦᠲᠥ᠋ᠷᠥᠭᠴᠢ ᠶᠢᠨ ᠡᠳ᠋ ᠤᠨ ᠬᠤᠪᠢᠶᠠᠷᠢ | ᠦᠢᠯᠡᠳᠪᠦᠷᠢ ᠶᠢ ᠲᠡᠰ ᠳᠡᠪᠰᠢᠭᠦᠯᠦᠨ ᠥᠭᠡᠷᠡᠴᠢᠯᠡᠬᠦ ᠲᠦᠷᠦᠯ ᠵᠦᠢᠯ ᠢ ᠬᠡᠷᠡᠭᠵᠢᠭᠦᠯᠵᠦ᠂ ᠠᠵᠤ ᠠᠬᠤᠶᠢᠯᠠᠯ ᠤᠨ | ᠡᠨᠧᠷᠭᠢ ᠠᠷᠪᠢᠯᠠᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠢ ᠪᠠᠭᠠᠰᠬᠠᠬᠤ ᠶᠢ ᠠᠬᠢᠭᠤᠯᠤᠨ᠎ᠠ᠃ ︽ᠬᠤᠲᠠ ᠶᠢᠨ ᠠᠭᠤᠷᠬᠠᠢ ᠶᠢᠨ ᠭᠠᠷᠤᠯᠲᠠ︾ ᠶᠢᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠲᠤᠬᠠᠢ ᠶᠢᠨ ᠭᠠᠵᠠᠷ ᠲᠤᠨᠢ ᠤᠯᠠᠷᠢᠭᠤᠯᠤᠨ ᠠᠰᠢᠭᠯᠠᠬᠤ ᠨᠣᠷᠮ᠎ᠠ ᠶᠢ 85% ᠠᠴᠠ | ᠳᠡᠭᠡᠭᠰᠢ ᠳᠤ ᠬᠦᠷᠦᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠦᠢᠯᠡᠳᠪᠦᠷᠢ 2᠂ | ᠤᠯᠤᠰ ᠤᠨ ᠲᠡᠰ ᠤᠨ ᠪᠣᠬᠢᠷᠲᠤᠯ ᠦᠭᠡᠢ ᠦᠢᠯᠡᠳᠪᠦᠷᠢ 6 ᠶᠢ ᠡᠭᠦᠳᠦᠨ ᠪᠠᠶᠢᠭᠤᠯᠬᠤ ᠪᠠᠷ ᠴᠢᠷᠮᠠᠶᠢᠵᠤ᠂ | ᠬᠦᠩᠭᠡᠨᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠢ ᠤᠯᠤᠰ ᠤᠨ ᠲᠡᠰ ᠤᠨ ᠪᠣᠬᠢᠷᠲᠤᠯ ᠦᠭᠡᠢ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢᠶᠠᠷ ᠭᠤᠶᠤᠴᠢᠯᠠᠨ ᠮᠡᠳᠡᠭᠦᠯᠬᠦ ᠶᠢ ᠳᠡᠮᠵᠢᠨ᠎ᠡ᠃ ᠡᠯ᠎ᠡ ᠲᠥᠷᠥᠯ ᠤᠨ | ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠵᠤ᠂ ︽ᠲᠠᠪᠤ ᠶᠢ ᠲᠦᠢᠯᠪᠤᠷᠢᠲᠠᠢ | ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠲᠥᠷᠥᠯ ᠤᠨ ︽ | ᠳᠤᠲᠠᠭᠤ ᠳᠣᠷᠭᠤᠨ︾ ᠢᠨᠵᠧᠨᠧᠷᠢᠩ ᠢ ᠥᠷᠨᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠵᠠᠬ᠎ᠠ ᠳᠡᠯᠭᠡᠭᠦᠷᠴᠢᠯᠡᠭᠰᠡᠨ | ᠠᠷᠭ᠎ᠠ ᠪᠠᠷᠢᠯ ᠢᠶᠠᠷ ᠦᠯᠡᠳᠡᠭᠳᠡᠯ ᠲᠥᠷᠥᠯ ᠵᠦᠢᠯ᠂ ᠰᠤᠯᠠ ᠪᠠᠶᠢᠭ᠎ᠠ ᠡᠬᠢ ᠪᠠᠶᠠᠯᠢᠭ ᠢ ᠠᠮᠢᠳᠤᠯᠢᠭ ᠪᠥᠭᠡᠳ | ᠰᠠᠶᠢᠲᠤᠷ ᠬᠡᠷᠡᠭᠯᠡᠨ᠎ᠡ᠃ ᠳᠠᠬᠢᠯᠲᠠ ᠤᠰᠤᠨ ᠤ ᠬᠤᠭᠤᠯᠠᠢ ᠱᠤᠭᠤᠮ ᠢ 34.7 ᠺᠢᠯᠦᠮᠧᠳ᠋ᠷ ᠪᠦᠲᠦᠭᠡᠨ ᠪᠠᠶᠢᠭᠤᠯᠵᠤ᠂ | ᠲᠣᠭᠤᠷᠢᠭ ᠤᠨ ᠳᠤᠮᠳᠠᠬᠢ ᠤᠰᠤᠨ ᠤ ᠠᠰᠢᠭᠯᠠᠯᠲᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠦᠬᠦ ᠠᠷᠠᠳ ᠤᠨ ᠠᠵᠢᠯᠯᠠᠭ᠎ᠠ ᠶᠢ ᠬᠡᠷᠡᠭᠵᠢᠭᠦᠯᠵᠦ᠂ ᠪᠣᠬᠢᠷᠲᠤᠯ | ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠪᠴᠢᠯᠡᠨ ᠪᠤᠢ ᠪᠣᠯᠭᠠᠨ᠎ᠠ᠃ | ︵ᠨᠠᠢᠮᠠ︶ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠬᠠᠲᠠᠭᠤ ᠳᠠᠶᠢᠯᠠᠯᠳᠤᠭᠠᠨ ᠢ | ᠰᠠᠶᠢᠲᠤᠷ ᠬᠢᠵᠦ᠂ ᠠᠷᠠᠳ ᠤᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠳᠡᠭᠡᠷ᠎ᠡ ᠬᠦᠴᠦᠯᠡᠬᠦ | ᠬᠡᠷᠡᠭᠲᠡᠢ | ᠨᠡᠩ ᠳᠤᠯᠠᠭᠠᠬᠠᠨ ᠨᠡᠶᠢᠭᠡᠮ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ᠂ ᠬᠥᠯᠥᠰᠥᠨ ᠠᠵᠢᠯᠴᠢᠨ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠳᠡᠮᠵᠢᠬᠦ | ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ | ᠴᠢᠳᠠᠪᠤᠷᠢ ᠶᠢ ᠳᠡᠭᠡᠭᠰᠢᠯᠡᠭᠦᠯᠦᠨ᠂ ᠵᠢᠯ ᠤᠨ ᠳᠣᠲᠣᠷ᠎ᠠ ᠬᠤᠲᠠ ᠪᠠᠯᠭᠠᠰᠤ ᠶᠢᠨ ᠠᠵᠢᠯ ᠣᠯᠭᠤᠯᠲᠠ ᠶᠢ 1 | ᠲᠦᠮᠡ ᠠᠴᠠ ᠳᠡᠭᠡᠭᠰᠢ ᠬᠥᠮᠦᠨ ᠰᠢᠨ᠎ᠡ ᠪᠠᠷ ᠨᠡᠮᠡᠭᠳᠡᠭᠦᠯᠦᠨ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ | ᠠᠯᠳᠠᠯᠲᠠ ᠶᠢᠨ ᠨᠣᠷᠮ᠎ᠠ ᠶᠢ 3.9% ᠶᠢᠨ ᠳᠣᠲᠣᠷ᠎ᠠ ᠬᠢᠵᠠᠭᠠᠷᠯᠠᠵᠤ᠂ ᠨᠢᠭᠡ ᠴᠦ ᠠᠵᠢᠯ ᠣᠯᠤᠭᠰᠠᠨ ᠥᠬᠡᠶ ᠬᠡᠷ | ᠪᠦᠯᠢ ᠶᠢ ᠬᠥᠳᠡᠯᠦᠩᠭᠦᠶ ᠪᠠᠷ ᠦᠭᠡᠶᠢᠰᠬᠡᠬᠦ ᠶᠢ ᠪᠠᠲᠤᠯᠠᠨ᠎ᠠ᠃ ︽ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠵᠤ᠂ | ᠠᠪᠤᠷᠠᠪᠠᠰᠤ ᠵᠣᠬᠢᠬᠤ ᠶᠢ ᠨᠢ ᠴᠥᠮ ᠠᠪᠤᠷᠠᠬᠤ︾ ᠶᠢ ᠪᠠᠷᠢᠮᠲᠠᠯᠠᠨ᠂ ᠪᠥᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠦᠨᠳᠦᠰᠦᠨ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ | ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠦᠷᠢᠮ ᠢ ᠨᠠᠶᠢᠳᠠᠪᠤᠷᠢᠵᠢᠭᠤᠯᠤᠨ᠂ | ᠲᠠᠰ ᠲᠥᠷᠥᠯ ᠬᠤᠪᠢᠶᠠᠨ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ | ᠪᠦᠷᠢᠨᠰᠢᠬᠦᠯᠵᠦ᠂ ᠨᠢᠭᠦᠯᠡᠰᠦᠩᠭᠦᠶ ᠶᠢᠨ ᠦᠢᠯᠡᠰ ᠵᠡᠷᠭᠡ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠢ | ᠶᠡᠬᠡᠪᠡᠷ ᠬᠥᠭᠵᠢᠭᠦᠯᠦᠨ᠎ᠡ᠃ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠰᠢᠶ᠋ᠳᠪᠦᠷᠢᠯᠡᠬᠦ ᠶᠢ | ᠴᠢᠩᠭᠠᠳᠬᠠᠵᠤ᠂ ᠴᠠᠯᠢᠩ ᠥᠷᠢᠲᠦᠭᠰᠡᠨ ᠬᠡᠷᠡᠭ ᠢ ᠰᠢᠶ᠋ᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠨᠡᠩ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ 70 ᠬᠡᠷ | ᠪᠦᠯᠢ ᠶᠢᠨ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠶᠢ ᠪᠡᠶᠡᠯᠡᠭᠦᠯᠵᠦ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠬᠥᠳᠡᠭᠡ ᠲᠣᠰᠬᠤᠨ ᠳᠤ ᠪᠦᠷᠬᠦᠭᠦᠯᠬᠦ ᠶᠢ ᠠᠬᠢᠭᠤᠯᠤᠨ᠂ ᠬᠥᠳᠡᠭᠡ ᠲᠣᠰᠬᠤᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ 10 ᠰᠢᠨ᠎ᠡ ᠪᠠᠷ ᠪᠠᠶᠢᠭᠤᠯᠤᠨ᠎ᠠ᠃ | ᠨᠡᠩ ᠴᠢᠨᠠᠷ ᠰᠠᠶᠢᠲᠠᠢ ᠨᠡᠶᠢᠭᠡᠮ ᠤᠨ ᠦᠢᠯᠡᠰ ᠢ ᠬᠥᠭᠵᠢᠭᠦᠯᠬᠦ᠃ ᠠᠷᠠᠳ ᠲᠦᠮᠡᠨ ᠤ ᠰᠠᠨᠠᠭᠠᠨ ᠳᠤ | ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠭᠤᠣᠯ ᠬᠤᠲᠠ ᠲᠣᠭᠤᠷᠢᠭ᠂ ᠪᠸᠢ ᠯᠢᠶᠠᠩ ᠭᠠᠵᠠᠷ | ᠣᠷᠣᠨ ᠤ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠲᠦᠷᠭᠡᠳᠬᠡᠨ ᠰᠢᠯᠢᠳᠡᠭᠵᠢᠭᠦᠯᠵᠦ᠂ ᠲᠡᠮᠦᠷ ᠵᠠᠮ ᠤᠨ | ᠳᠤᠮᠳᠠᠳᠤ ᠰᠤᠷᠭᠠᠭᠤᠯᠢ᠂ ᠵᠢᠩ ᠫᠢᠩ ᠰᠤᠷᠭᠠᠭᠤᠯᠢ ᠶᠢ ᠰᠢᠨ᠎ᠡ ᠪᠠᠷ ᠪᠠᠶᠢᠭᠤᠯᠵᠤ᠂ ᠪᠧᠢ ᠯᠢᠶᠠᠩ ᠤᠨ ᠨᠢᠭᠡᠳᠦᠭᠡᠷ | ᠪᠠᠭ᠎ᠠ ᠰᠤᠷᠭᠠᠭᠤᠯᠢ᠂ ᠹᠦ᠋ ᠱᠧᠩ ᠶᠤᠸᠠᠨ ᠬᠡᠦᠬᠡᠳ ᠤᠨ ᠴᠡᠴᠡᠷᠯᠢᠭ ᠪᠠ ᠪᠠᠷᠠᠭᠤᠨ ᠣᠪᠣᠭ᠎ᠠ ᠬᠡᠦᠬᠡᠳ ᠤᠨ | ᠴᠡᠴᠡᠷᠯᠢᠭ ᠢ ᠠᠰᠢᠭᠯᠠᠯᠲᠠ ᠳᠤ ᠣᠷᠣᠭᠤᠯᠵᠤ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ | ᠡᠷᠳᠡᠮ ᠤᠨ ᠴᠣᠯᠠ ᠶᠢ ᠲᠤᠰ ᠲᠤᠰ 6480 ᠪᠠ 630 ᠰᠢᠨ᠎ᠡ ᠪᠠᠷ ᠨᠡᠮᠡᠭᠳᠡᠭᠦᠯᠪᠡ᠃ ᠰᠤᠷᠭᠠᠨ ᠬᠥᠮᠦᠵᠢᠯ ᠤᠨ | ᠥᠭᠡᠷᠡᠴᠢᠯᠡᠯᠲᠡ ᠬᠥᠭᠵᠢᠯᠲᠡ ᠶᠢ ᠢᠳᠡᠪᠬᠢᠲᠡᠶ ᠠᠬᠢᠭᠤᠯᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ | ᠬᠤᠯᠪᠣᠭᠠᠲᠤ ᠰᠤᠷᠭᠠᠭᠤᠯᠢ᠂ ᠴᠢᠨᠠᠷ ᠰᠠᠶᠢᠲᠠᠶ ᠰᠤᠷᠭᠠᠭᠤᠯᠢ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠦᠶ᠋ᠯᠡᠳᠦᠯ ᠢ | ᠪᠠᠳᠠᠷᠠᠭᠤᠯᠤᠨ᠂ ᠨᠢᠭᠡ ᠪᠦᠯᠦᠭ ᠨᠠᠷᠠᠲᠤ ᠪᠠᠭᠰᠢ ᠨᠠᠷᠠᠲᠤ ᠵᠠᠬᠢᠷᠤᠯ ᠢ ᠪᠤᠶᠢᠵᠢᠭᠤᠯᠵᠤ᠂ ᠨᠢᠭᠡ ᠪᠦᠯᠦᠭ ᠨᠠᠷᠠᠲᠤ | ᠰᠢᠯᠢᠳᠡᠭ ᠰᠤᠷᠭᠠᠭᠤᠯᠢ ᠶᠢ ᠡᠭᠦᠳᠦᠨ ᠪᠠᠶᠢᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠎ᠠ᠃ ᠡᠷᠡᠭᠦᠯ ᠡᠩᠬᠡ ᠳ᠋ᠦᠩ ᠾᠧ ᠭᠤᠣᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠶᠡᠬᠡᠪᠡᠷ ᠥᠷᠨᠢᠭᠦᠯᠵᠦ᠂ ᠤᠯᠤᠰ ᠤᠨ ᠡᠷᠡᠭᠦᠯ | ᠬᠠᠮᠠᠭᠠᠯᠠᠯ ᠤᠨ ᠬᠤᠲᠠ ᠶᠢᠨ ᠳᠥᠷᠪᠡᠳᠦᠭᠡᠷ ᠡᠭᠡᠯᠵᠢ ᠶᠢᠨ ᠳᠠᠬᠢᠨ ᠬᠢᠨᠠᠵᠤ ᠰᠢᠯᠭᠠᠨ ᠬᠤᠷᠢᠶᠠᠬᠤ ᠪᠡᠯᠡᠳᠬᠡᠯ ᠠᠵᠢᠯ ᠢ | ᠰᠠᠶᠢᠲᠤᠷ ᠬᠢᠨ᠎ᠡ᠃ ᠲᠤᠭᠤᠷᠢᠭ ᠤᠨ ᠬᠢᠲᠠᠳ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠡᠮᠴᠢᠯᠡᠭᠡᠨ ᠤ | ᠮᠡᠷᠭᠡᠵᠢᠯ ᠤᠨ ᠡᠮᠨᠡᠯᠭᠡ ᠳᠤ ᠰᠠᠭᠤᠬᠤ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠢ ᠬᠡᠷᠡᠭᠵᠢᠭᠦᠯᠵᠦ᠂ | ᠲᠤᠭᠤᠷᠢᠭ ᠤᠨ ᠬᠠᠷᠢᠶ᠎ᠠ ᠪᠦᠬᠦᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠵᠥᠭᠡᠯᠡᠨ ᠬᠠᠲᠠᠭᠤ | ᠲᠣᠨᠤᠭ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠦᠢᠯᠡᠴᠢᠯᠡᠭᠡᠨ ᠤ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠢᠨ᠎ᠡ ᠱᠠᠲᠤ ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠡᠯ᠎ᠡ ᠵᠦᠶ᠋ᠯ ᠤᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠷᠡᠭᠦᠯ ᠮᠡᠨᠳᠦ ᠶᠢ ᠪᠠᠲᠤᠯᠠᠬᠤ᠂ ᠬᠦᠨᠳᠦ | ᠡᠪᠡᠳᠴᠢᠨ ᠢ ᠰᠡᠷᠭᠡᠶᠢᠯᠡᠬᠦ ᠪᠠᠷ ᠭᠤᠤᠯᠳᠠᠯᠭ᠎ᠠ ᠪᠣᠯᠭᠠᠵᠤ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮ | ᠬᠡᠷᠡᠭᠯᠡᠬᠦ ᠶᠢ ᠦᠨᠡᠨ ᠬᠦ ᠪᠠᠲᠤᠯᠠᠵᠤ᠂ ᠨᠠᠰᠤᠲᠠᠶᠢᠴᠤᠳ ᠪᠠ ᠰᠠᠭᠤᠷᠢ ᠴᠢᠨᠠᠷᠲᠠᠶ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠠᠵᠢᠯ ᠢ ᠬᠦᠴᠦᠯᠡᠨ ᠰᠠᠶᠢᠲᠤᠷ ᠠᠳᠬᠤᠵᠤ᠂ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢ | ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠤᠨ ᠢᠶᠠᠷ ᠬᠡᠰᠡᠭ ᠭᠠᠵᠠᠷ ᠰᠢᠯᠵᠢᠬᠦ ᠶᠢ | ᠦᠨᠡᠨ ᠬᠦ ᠪᠠᠲᠤᠯᠠᠬᠤ ᠬᠡᠷᠡᠭᠲᠡᠢ᠃ ᠬᠢᠲᠠᠳ ᠡᠮ ᠡᠮᠨᠡᠯᠭᠡ ᠶᠢᠨ ᠡᠷᠡᠭᠦᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠴᠢᠨᠠᠷ ᠰᠠᠶᠢᠲᠠᠶ ᠬᠢᠲᠠᠳ ᠡᠮᠨᠡᠯᠭᠡ ᠶᠢᠨ ᠣᠷᠳᠣᠨ ᠢ ᠰᠢᠨ᠎ᠡ ᠪᠠᠷ 2 ᠪᠠᠶᠢᠭᠤᠯᠤᠨ᠎ᠠ᠃ | ᠦᠷᠡᠵᠢᠯ ᠤᠨ ᠲᠦᠬᠦᠷᠵᠢᠭᠰᠡᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠨᠢᠯᠬ᠎ᠠ ᠬᠡᠦᠬᠡᠳ ᠢ ᠬᠠᠷᠠᠭᠠᠯᠵᠠᠨ | ᠠᠰᠠᠷᠠᠬᠤ ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠬᠡᠤᠬᠡᠳ ᠰᠠᠭᠠᠲᠠᠭᠤᠯᠬᠤ ᠣᠷᠣ ᠶᠢ 1462 | ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ᠡᠮᠴᠢᠯᠡᠭᠡ ᠨᠠᠰᠤᠵᠢᠯ ᠢ ᠤᠶᠠᠯᠳᠤᠭᠤᠯᠤᠭᠰᠠᠨ ᠵᠢᠱᠢᠶ᠎ᠡ | ᠦᠵᠡᠭᠦᠯᠬᠦ ᠲᠣᠭᠤᠷᠢᠭ ᠢ ᠢᠳᠡᠪᠬᠢᠲᠡᠶ ᠡᠭᠦᠳᠦᠨ ᠪᠠᠶᠢᠭᠤᠯᠤᠨ᠎ᠠ᠃ ᠰᠣᠶᠣᠯ ᠪᠡᠶ᠎ᠡ ᠶᠢᠨ ᠲᠠᠮᠢᠷ ᠢᠶᠠᠷ ᠠᠷᠠᠳ ᠲᠤ | ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠲᠣᠮᠣ ᠬᠡᠯᠪᠡᠷᠢ ᠶᠢᠨ ᠰᠣᠳᠣᠨ ᠰᠣᠶᠣᠯ ᠤᠨ ᠠᠵᠢᠯᠯᠠᠭ᠎ᠠ ᠶᠢ | 10 ᠲᠠᠯᠠᠪᠤᠷ ᠠᠴᠠ ᠳᠡᠭᠡᠭᠰᠢ ᠡᠷᠬᠢᠯᠡᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ 400 | ᠲᠠᠯᠠᠪᠠᠢ ᠠᠴᠠ ᠳᠡᠭᠡᠭᠰᠢ᠂ ᠪᠡᠶ᠎ᠡ ᠶᠢᠨ ᠲᠠᠮᠢᠷ ᠤᠨ ᠤᠷᠤᠯᠳᠤᠭᠠᠨ ᠢ 15 ᠵᠦᠢᠯ ᠠᠴᠠ ᠳᠡᠭᠡᠭᠰᠢ ᠵᠣᠬᠢᠶᠠᠨ ᠪᠠᠶᠢᠭᠤᠯᠵᠤ | ᠂ ᠦᠵᠡᠰᠬᠦᠯᠡᠩᠲᠦ ᠰᠠᠶᠢᠬᠠᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠴᠡᠭ ᠢᠶᠠᠷ ᠰᠠᠶᠢᠨ ᠰᠠᠶᠢᠬᠠᠨ | ᠠᠮᠢᠳᠤᠷᠠᠯ ᠢ ᠭᠡᠷᠡᠯᠳᠦᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠰᠡᠯᠪᠢᠨ ᠵᠠᠰᠠᠬᠤ ᠪᠠ | ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠰᠢᠯᠢᠳᠡᠭ | ᠤᠯᠠᠮᠵᠢᠯᠠᠯᠲᠤ ᠰᠣᠶᠣᠯ ᠢ ᠪᠠᠳᠠᠷᠠᠭᠤᠯᠤᠨ᠎ᠠ᠃ | ᠨᠡᠩ ᠠᠮᠤᠷ ᠲᠦᠪᠰᠢᠨ ᠲᠥᠷᠥᠭᠳᠡᠯ ᠲᠠᠢ ᠠᠮᠤᠷ ᠲᠦᠪᠱᠢᠨ ᠳ᠋ᠦᠩ ᠾᠧ ᠬᠤᠲᠠ ᠶᠢ ᠪᠦᠲᠦᠭᠡᠨ | ᠪᠠᠢᠭᠤᠯᠤᠶ᠎ᠠ᠃ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠭᠦᠨᠵᠡᠭᠡᠢ | ᠠᠬᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠶᠡᠬᠡᠪᠡᠷ ᠪᠤᠶᠢᠵᠢᠭᠤᠯᠤᠨ ᠬᠥᠭᠵᠢᠭᠦᠯᠵᠦ᠂ ᠵᠠᠬᠢᠳᠠᠯ | ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠲᠦᠷᠭᠡᠳᠬᠡᠵᠦ᠂ ᠵᠠᠬᠢᠳᠠᠯ ᠰᠤᠷᠪᠤᠯᠵᠢᠯᠠᠭ᠎ᠠ ᠶᠢᠨ | ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ︽ᠨᠠᠢᠮᠠᠳᠤᠭᠠᠷ ᠲᠠᠪᠤᠨ | ᠵᠢᠯ︾ ᠤᠨ ᠬᠠᠤᠯᠢ ᠲᠦᠭᠡᠮᠡᠯᠵᠢᠭᠦᠯᠬᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ ᠠᠷᠠᠳ ᠤᠨ | ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠫᠢᠩ ᠠᠨ ᠳ᠋ᠦᠩ ᠾᠧ ᠭᠤᠣᠯ ᠤᠨ ᠪᠦᠲᠦᠭᠡᠨ | ᠪᠠᠶᠢᠭᠤᠯᠤᠯᠲᠠ ᠪᠠᠷ ᠬᠦᠴᠦᠯᠡᠬᠦ ᠴᠡᠭ ᠪᠣᠯᠭᠠᠵᠤ᠂ ︽ᠬᠠᠶᠢᠷ᠎ᠠ ᠰᠡᠳᠬᠢᠯᠭᠡ ᠶᠢᠨ ᠵᠢᠯᠣᠭᠤᠳᠤᠯᠭ᠎ᠠ︾ ᠶᠢ ᠨᠢᠭᠡ | ᠴᠣᠭᠴᠠᠵᠢᠭᠤᠯᠤᠭᠰᠠᠨ ᠠᠵᠢᠯᠯᠠᠭᠠᠨ ᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠬᠤᠶᠠᠷ ᠠᠩᠭᠢ | ᠨᠢᠭᠡ ᠲᠠᠰᠤᠭ︾᠂ ︽ᠪᠤᠭᠤᠲᠤ ᠶᠢᠨ ᠠᠯᠪᠠᠨ ᠵᠢᠷᠤᠮ ᠤᠨ ᠴᠠᠭᠳᠠᠭ᠎ᠠ︾᠂ ︽ᠲᠣᠣᠷ ᠰᠦᠯᠵᠢᠶ᠎ᠡ ᠲᠦᠷᠭᠡᠨ | ᠬᠦᠷᠭᠡᠬᠦ︾ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠴᠠᠬᠢᠯᠭᠠᠨ ᠲᠣᠣᠷ ᠢᠶᠠᠷ | ᠮᠡᠬᠡᠯᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ | ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠱᠠᠰᠢᠨ | ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ᠃ ᠬᠤᠶᠠᠷ ᠢ ᠬᠦᠷᠢᠶᠡᠯᠡᠵᠦ ᠬᠠᠮᠲᠤ ᠪᠠᠷ | ᠪᠠᠶᠢᠭᠤᠯᠬᠤ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ | ᠬᠢᠨ᠎ᠡ᠃ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠣᠶᠤᠨᠴᠢ ᠵᠢᠯᠣᠭᠤᠳᠬᠤ ᠲᠠᠪᠴᠠᠩ ᠤᠨ | ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠬᠦᠴᠦᠨ ᠢ ᠨᠢᠭᠡᠳᠦᠯᠲᠡᠶ ᠲᠥᠯᠥᠪᠯᠡᠨ᠂ ᠪᠣᠳᠠᠲᠤ ᠪᠠᠶᠢᠯᠳᠤᠭᠠᠨ ᠤ ᠰᠣᠷᠢᠯᠲᠠ ᠪᠠ ᠪᠠᠴᠢᠮ ᠪᠠᠶᠢᠳᠠᠯ ᠢ ᠠᠷᠭᠠᠴᠠᠬᠤ | ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡ᠂ ᠭᠡᠷ | ᠭᠠᠵᠠᠷ ᠤᠨ ᠬᠦᠷᠦᠩᠭᠡ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ | ᠵᠠᠰᠠᠭ ᠤᠨ ᠣᠷᠳᠣᠨ ᠤ ᠥᠷᠢ ᠥᠭᠴᠡᠭᠡ ᠶᠢ ᠯᠠᠪᠳᠠᠭᠤᠨ ᠢᠶᠠᠷ ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ | ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠶᠤᠯ ᠦᠭᠡᠢ ᠦᠢᠯᠡᠳᠪᠦᠷᠢᠯᠡᠯ᠂ ᠢᠳᠡᠭᠡᠨ | ᠪᠠ ᠡᠮ ᠤᠨ ᠵᠦᠢᠯ ᠤᠨ ᠠᠮᠤᠷ ᠲᠦᠪᠰᠢᠨ᠂ ᠰᠢᠲᠠᠮᠠᠬᠠᠢ ᠬᠡᠢ ᠶᠢᠨ ᠠᠮᠤᠷ ᠲᠦᠪᠰᠢᠨ ᠵᠡᠷᠭᠡ ᠳᠠᠯᠳᠠ ᠭᠡᠮ ᠢ | ᠵᠢᠭᠰᠠᠭᠠᠨ ᠪᠠᠶᠢᠴᠠᠭᠠᠵᠤ ᠠᠷᠢᠯᠭᠠᠬᠤ ᠶᠢ ᠴᠢᠩᠭᠠᠷᠠᠭᠤᠯᠤᠨ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ | ᠬᠤᠷᠢᠭᠯᠠᠬᠤ ᠬᠡᠷᠡᠭᠲᠡᠢ᠃ ᠪᠦᠬᠦ ᠤᠯᠤᠰ ᠤᠨ ᠲᠠᠪᠤᠳᠤᠭᠠᠷ ᠤᠳᠠᠭ᠎ᠠ ᠶᠢᠨ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢᠨ ᠡᠭᠦᠷᠭᠡ ᠶᠢ ᠴᠢᠨᠠᠷ ᠰᠠᠶᠢᠲᠠᠢ ᠨᠠᠶᠢᠳᠠᠪᠤᠷᠢᠵᠢᠭᠤᠯᠵᠤ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠲᠥᠯᠥᠭᠡᠯᠡᠭᠴᠢᠳ ᠡ︕ ᠪᠠᠶᠢᠳᠠᠯ ᠬᠥᠮᠦᠨ ᠢ ᠰᠢᠬᠠᠮᠳᠠᠭᠤᠯᠵᠤ᠂ ᠡᠭᠦᠷᠭᠡ ᠨᠢ ᠬᠥᠮᠦᠨ ᠢ ᠰᠢᠬᠠᠮᠳᠠᠭᠤᠯᠤᠨ᠎ᠠ | ᠂ ᠴᠠᠭ ᠨᠢ ᠨᠠᠩ ᠴᠤ ᠬᠥᠮᠦᠨ ᠢ ᠬᠦᠯᠢᠶᠡᠬᠦ ᠦᠭᠡᠢ᠃ ᠰᠢᠨ᠎ᠡ ᠠᠶᠠᠨ ᠵᠠᠮ ᠳᠤ᠂ ᠪᠢᠳᠡ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠶᠡᠷᠦᠩᠬᠡᠶᠢᠯᠡᠨ | ᠵᠢᠯᠣᠭᠤᠳᠴᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠨᠢᠭᠡ ᠰᠢᠨ᠎ᠡ ᠶᠢ ᠡᠭᠦᠳᠴᠦ᠂ ᠭᠤᠷᠪᠠ ᠶᠢ | ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠥᠭᠡᠷᠡᠴᠢᠯᠡᠯᠲᠡ | ᠬᠥᠭᠵᠢᠯᠲᠡ ᠲᠣᠭᠲᠠᠭᠤᠨ ᠤ ᠴᠠᠭ ᠦᠶ᠎ᠡ ᠶᠢᠨ ᠬᠦᠨᠳᠦ ᠡᠭᠦᠷᠭᠡ ᠶᠢ ᠡᠷᠡᠰ ᠪᠠᠲᠤ ᠡᠭᠦᠷᠭᠡᠯᠡᠵᠦ᠂ ᠵᠠᠰᠠᠭ ᠤᠨ | ᠣᠷᠳᠣᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ | ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠵᠠᠰᠠᠭ ᠤᠨ ᠣᠷᠳᠣᠨ ᠢ ᠪᠠᠶᠢᠭᠤᠯᠤᠨ᠎ᠠ᠃ | ᠨᠢᠭᠡ ᠳᠤ᠂ ᠦᠨᠡᠨᠴᠢ ᠰᠢᠳᠤᠷᠭᠤ ᠪᠠᠷ ᠵᠠᠰᠠᠭ ᠪᠣᠯᠭᠠᠬᠤ ᠶᠢ ᠪᠠᠷᠢᠮᠲᠠᠯᠠᠵᠤ᠂ ᠲᠤᠭ ᠲᠡᠮᠳᠡᠭ ᠲᠣᠳᠣᠷᠬᠠᠢ ᠪᠠᠷ | ᠤᠯᠤᠰ ᠲᠦᠷᠦ ᠶᠢ ᠡᠷᠬᠢᠮᠯᠡᠬᠦ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ | ᠪᠠᠷᠢᠮᠲᠠᠯᠠᠵᠤ᠂ ︽ᠲᠦᠷᠪᠡᠨ ᠤᠬᠠᠮᠰᠠᠷ︾ ᠢ ᠴᠢᠩᠭᠠᠳᠬᠠᠵᠤ᠂ ︽ᠬᠤᠶᠠᠷ ᠢ ᠲᠣᠭᠲᠠᠭᠠᠬᠤ︾ ᠶᠢ ᠡᠷᠡᠰ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠢᠮᠠᠭᠲᠠ ᠵᠠᠪᠠᠯ | ᠰᠤᠷᠬᠤ ᠬᠢᠴᠢᠶᠡᠯ ᠪᠣᠯᠭᠠᠵᠤ᠂ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠴᠢᠩᠭᠠᠳᠬᠠᠬᠤ ᠬᠡᠷᠡᠭᠲᠡᠢ᠃ ︽ | ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ | ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠳᠠᠭᠠᠨ ᠲᠦᠢᠯ ᠤᠨ ᠦᠨᠡᠨᠴᠢ ᠰᠢᠳᠤᠷᠭᠤ ᠪᠠᠶᠢᠬᠤ ᠶᠢ | ᠦᠢᠯᠡᠳᠦᠯᠭᠡᠵᠢᠭᠦᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠬᠤᠶᠠᠷ ᠱᠠᠲᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠠᠵᠢᠯ ᠤᠨ | ᠱᠠᠭᠠᠷᠳᠠᠯᠭ᠎ᠠ ᠶᠢ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ | ᠬᠤᠶᠠᠷ ᠲᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠡᠷᠡᠰ ᠭᠤᠶᠢᠪᠢᠰᠢ ᠦᠭᠡᠢ ᠪᠠᠷ | ᠬᠠᠤᠯᠢ ᠪᠠᠷ ᠵᠠᠰᠠᠬᠤ ᠶᠢ ᠴᠢᠩᠭᠠᠳᠬᠠᠬᠤ ᠬᠡᠷᠡᠭᠲᠡᠢ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ | ᠰᠤᠷᠬᠤ ᠲᠦᠷᠢᠮ ᠢ ᠪᠠᠷᠢᠮᠲᠠᠯᠠᠨ᠂ ᠣᠷᠣᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠲᠦᠷᠦᠭᠦᠯᠡᠨ ᠬᠠᠤᠯᠢ ᠶᠢ | ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠶᠢ ᠪᠠᠷᠢᠮᠲᠠᠯᠠᠵᠤ᠂ ᠵᠠᠰᠠᠭ ᠤᠨ | ᠣᠷᠳᠣᠨ ᠤ ᠰᠢᠰᠲ᠋ᠧᠮ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠪᠠᠷᠢᠯ ᠢ | ᠤᠬᠠᠮᠰᠠᠷ ᠠᠴᠠ ᠪᠠᠨ ᠬᠡᠷᠡᠭᠯᠡᠨ ᠠᠵᠢᠯ ᠢᠶᠠᠨ ᠠᠬᠢᠭᠤᠯᠵᠤ᠂ ᠰᠡᠳᠬᠢᠯ ᠳᠡᠭᠡᠨ ᠵᠢᠷᠦᠬᠡᠰᠢᠶᠡᠯ ᠲᠠᠢ᠂ ᠦᠢᠯᠡ | ᠠᠵᠢᠯᠯᠠᠭ᠎ᠠ ᠳᠠᠭᠠᠨ ᠬᠢᠵᠠᠭᠠᠷᠯᠠᠯ ᠲᠠᠢ ᠪᠠᠶᠢᠬᠤ ᠶᠢ ᠢᠮᠠᠭᠲᠠ ᠪᠡᠶᠡᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ | ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ | ᠲᠣᠭᠲᠠᠭᠠᠯ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠵᠥᠪᠯᠡᠯᠭᠡ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ | ᠳᠤᠷᠠᠳᠤᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠪᠡ᠃ ᠬᠢᠨᠠᠨ ᠪᠣᠳᠣᠬᠤ ᠬᠢᠨᠠᠯᠲᠠ ᠲᠠᠯᠪᠢᠯᠲᠠ᠂ ᠲᠤᠭ᠎ᠠ | ᠪᠦᠷᠢᠳᠬᠡᠯ ᠤᠨ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠨᠡᠶᠢᠭᠡᠮ ᠪᠣᠯᠤᠨ ᠶᠠᠷᠢᠶ᠎ᠠ ᠬᠡᠯᠡᠯᠴᠡᠭᠡᠨ ᠤ ᠬᠢᠨᠠᠯᠲᠠ | ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠡᠯ᠎ᠡ | ᠲᠠᠯ᠎ᠠ ᠶᠢᠨ ᠬᠢᠨ ᠤ ᠬᠢᠨᠠᠯᠲᠠ ᠲᠠᠯᠪᠢᠯᠲᠠ ᠶᠢᠨ ᠳᠣᠤᠷ᠎ᠠ ᠢᠯᠡ ᠪᠣᠯᠭᠠᠬᠤ ᠬᠡᠷᠡᠭᠲᠡᠶ᠃ ᠣᠯᠠᠨ ᠨᠡᠶᠢᠲᠡ ᠶᠢᠨ | ᠲᠥᠷᠥ ᠶᠢᠨ ᠪᠣᠳᠣᠯᠭ᠎ᠠ ᠶᠢ ᠪᠡᠶᠡᠯᠡᠭᠦᠯᠬᠦ ᠪᠠ ᠵᠠᠰᠠᠭ ᠤᠨ ᠣᠷᠳᠣᠨ ᠤ ᠭᠡᠷ᠎ᠡ ᠪᠠᠨ ᠬᠡᠷᠡᠭᠵᠢᠭᠦᠯᠵᠦ ᠠᠮᠠᠯᠠᠯᠲᠠ ᠪᠠᠨ | ᠭᠦᠢᠴᠡᠳᠭᠡᠬᠦ ᠶᠢ ᠪᠦᠬᠦ ᠲᠠᠯ᠎ᠠ ᠪᠠᠷ ᠠᠬᠢᠭᠤᠯᠵᠤ᠂ ᠵᠠᠰᠠᠭ ᠤᠨ ᠣᠷᠳᠣᠨ ᠤ ᠬᠠᠤᠯᠢ ᠶᠢ ᠰᠠᠬᠢᠵᠤ ᠦᠨᠡᠨᠴᠢ | ᠢᠲᠡᠭᠡᠮᠵᠢ ᠪᠠᠷ ᠣᠯᠠᠨ ᠲᠦᠮᠡᠨ ᠪᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠯ ᠢ ᠣᠯᠬᠤ ᠬᠡᠷᠡᠭᠲᠡᠢ᠃ | ᠭᠤᠷᠪᠠ ᠳᠤ᠂ ᠰᠡᠳᠬᠢᠯ ᠲᠠᠯᠪᠢᠨ ᠠᠵᠢᠯ ᠬᠢᠵᠦ᠂ ᠪᠠᠶᠢᠳᠠᠯ ᠢ ᠲᠣᠬᠢᠷᠠᠭᠤᠯᠤᠨ ᠰᠢᠯᠢᠳᠡᠭᠵᠢᠭᠦᠯᠵᠦ | ᠬᠥᠭᠵᠢᠯᠲᠡ ᠶᠢ ᠡᠷᠢᠯᠬᠢᠯᠡᠨ᠎ᠡ᠃ ᠣᠳᠣᠬᠠᠨ ᠳᠤ ᠳ᠋ᠦᠩ ᠾᠧ ᠲᠣᠭᠤᠷᠢᠭ ᠤᠨ ᠬᠥᠭᠵᠢᠯᠲᠡ ᠳᠤ ᠲᠤᠯᠭᠠᠷᠠᠵᠤ | ᠪᠠᠶᠢᠭ᠎ᠠ ᠪᠠᠶᠢᠳᠠᠯ᠂ ᠡᠭᠦᠷᠭᠡ ᠪᠣᠯᠣᠨ ᠱᠠᠭᠠᠷᠳᠠᠯᠭ᠎ᠠ ᠨᠢ ᠮᠠᠨ ᠤ ᠤᠷᠤᠭᠰᠢᠯᠠᠯᠲᠠ ᠶᠢᠨ ᠵᠠᠮ ᠳᠡᠭᠡᠷ᠎ᠡ ᠡᠷᠬᠡᠪᠰᠢ | ᠪᠤᠰᠤᠳ ᠠᠴᠠ ᠢᠯᠡᠭᠦᠦ ᠴᠢᠷᠮᠠᠶᠢᠵᠤ᠂ ᠥᠩᠭᠡᠷᠡᠭᠰᠡᠨ ᠤ ᠬᠢ ᠠᠴᠠ ᠨᠡᠩ ᠶᠡᠭᠡ ᠴᠢᠷᠮᠠᠶᠢᠯᠭ᠎ᠠ ᠭᠠᠷᠭᠠᠬᠤ ᠶᠢ | ᠲᠣᠭᠲᠠᠭᠠᠭᠰᠠᠨ ᠪᠠᠶᠢᠨ᠎ᠠ᠃ ᠪᠤᠰᠤᠳ ᠬᠥᠮᠦᠨ ᠶᠠᠪᠤᠵᠤ ᠪᠠᠢᠨ᠎ᠠ᠂ ᠪᠢᠳᠡ ᠭᠦᠶᠦᠨ᠎ᠡ︔ ᠪᠤᠰᠤᠳ ᠬᠥᠮᠦᠨ ᠭᠦᠶᠦᠵᠦ | ᠪᠠᠢᠨ᠎ᠠ᠂ ᠪᠢᠳᠡ ᠳᠠᠭᠠᠷᠢᠬᠤ ᠬᠡᠷᠡᠭᠲᠡᠢ᠃ ᠭᠠᠭᠴᠠ ᠬᠦ ᠢᠩᠭᠢᠪᠡᠯ ᠰᠠᠶ᠋ᠢ ᠪᠠᠭ᠎ᠠ ᠢᠯᠠᠯᠲᠠ ᠶᠢ ᠬᠤᠷᠠᠮᠳᠤᠭᠤᠯᠵᠤ ᠶᠡᠭᠡ | ᠢᠯᠠᠯᠲᠠ ᠣᠯᠵᠤ᠂ ᠨᠢᠭᠡ ᠨᠢᠭᠡ ᠠᠯᠬᠤᠮ ᠨᠢ ᠮᠢᠩᠭᠠᠨ ᠭᠠᠵᠠᠷ ᠬᠦᠷᠴᠦ᠂ ᠳ᠋ᠦᠩ ᠾᠧ ᠲᠣᠭᠤᠷᠢᠭ ᠤᠨ | ᠬᠥᠭᠵᠢᠯᠲᠡ ᠶᠢᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠲᠠᠬᠢᠨ ᠡᠭᠦᠳᠴᠦ ᠴᠢᠳᠠᠨ᠎ᠠ᠃ ᠪᠣᠳᠠᠲᠠᠢ | ᠠᠵᠢᠯᠯᠠᠬᠤ ᠶᠢᠨ ᠤᠷᠢᠲᠠᠯ ᠪᠣᠯ ᠠᠵᠢᠯ ᠢᠶᠠᠨ ᠪᠣᠳᠠᠲᠠᠢ ᠪᠥᠭᠡᠳ ᠣᠨᠣᠪᠴᠢᠲᠠᠢ ᠲᠥᠯᠥᠪᠵᠢᠭᠦᠯᠵᠦ᠂ ᠪᠤᠷᠤᠭᠤ | ᠵᠠᠮ ᠢᠶᠠᠷ ᠵᠠᠮᠨᠠᠬᠤ ᠦᠭᠡᠢ᠂ ᠲᠤᠲᠠᠭᠳᠠᠵᠤ ᠶᠠᠪᠤᠬᠤ ᠦᠭᠡᠢ ᠪᠠᠶᠢᠬᠤ ᠶᠢ ᠪᠠᠲᠤᠯᠠᠬᠤ ᠶᠠᠪᠤᠳᠠᠯ ᠪᠣᠯᠤᠨ᠎ᠠ᠃ ᠨᠢᠭᠡ | ᠭᠠᠵᠠᠷ ᠣᠷᠣᠨ ᠤ ᠬᠥᠭᠵᠢᠯᠲᠡ ᠪᠣᠯ ᠨᠢᠭᠡᠨ ᠤᠷᠲᠤ ᠬᠤᠭᠤᠴᠠᠭᠠᠨ ᠤ ᠶᠠᠪᠤᠴᠠ ᠮᠥᠨ᠂ ᠭᠡᠪᠡᠴᠦ ᠴᠢᠬᠤᠯᠠ | ᠲᠠᠯ᠎ᠠ ᠨᠢ ᠶᠡᠷᠦᠨᠢ ᠬᠡᠳᠦᠨ ᠠᠯᠬᠤᠮ ᠪᠠᠢᠳᠠᠭ᠃ ᠪᠢᠳᠡ ᠵᠠᠪᠠᠯ ᠬᠠᠷᠠᠭ᠎ᠠ ᠪᠠᠨ ᠥᠷᠭᠡᠳᠬᠡᠵᠦ᠂ ᠠᠬᠤᠶ ᠪᠠᠶᠢᠳᠠᠯ ᠢᠶᠠᠨ | ᠳᠡᠭᠡᠭᠰᠢᠯᠡᠭᠦᠯᠵᠦ᠂ ᠳ᠋ᠦᠩ ᠾᠧ ᠭᠤᠣᠯ ᠠᠴᠠ ᠭᠠᠷᠴᠤ ᠳ᠋ᠦᠩ ᠾᠧ ᠭᠤᠣᠯ ᠢ ᠦᠵᠡᠬᠦ ᠳᠡᠭᠡᠨ ᠴᠢᠳᠠᠮᠠᠭᠠᠢ ᠪᠠᠶᠢᠵᠤ᠂ | ᠤᠬᠠᠮᠰᠠᠷ ᠠᠴᠠ ᠪᠠᠨ ᠳ᠋ᠦᠩ ᠾᠧ ᠭᠤᠣᠯ ᠢ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠵᠤ | ᠲᠥᠯᠥᠪᠵᠢᠭᠦᠯᠦᠨ᠂ ᠴᠢᠨᠠᠭᠰᠢᠯᠠᠪᠠᠯ ᠨᠡᠩ ᠶᠡᠭᠡ ᠬᠡᠪᠴᠢᠶᠡᠨ ᠳᠤ ᠲᠠᠯᠪᠢᠵᠤ ᠡᠵᠡᠮᠳᠡᠬᠦ ᠬᠡᠷᠡᠭᠲᠡᠢ︔ ᠡᠷᠬᠡᠪᠰᠢ | ᠰᠢᠰᠲ᠋ᠧᠮᠲᠦ ᠰᠡᠳᠬᠢᠬᠦᠢ᠂ ᠪᠦᠬᠦ ᠲᠠᠯ᠎ᠠ ᠠᠴᠠ ᠪᠣᠳᠣᠯᠬᠢᠯᠠᠵᠤ᠂ ᠬᠡᠰᠡᠭ ᠪᠤᠰᠠᠭ ᠢᠶᠠᠷ ᠠᠵᠢᠯᠯᠠᠬᠤ ᠠᠴᠠ ᠵᠠᠶᠢᠯᠠᠰᠬᠢᠬᠦ | ᠬᠡᠷᠡᠭᠲᠡᠢ︔ ᠡᠷᠬᠡᠪᠰᠢ ᠭᠦᠨᠵᠡᠭᠡᠢ ᠪᠣᠳᠣᠯᠬᠢᠯᠠᠵᠤ᠂ ᠨᠠᠷᠢᠨ ᠬᠢᠨᠠᠮᠠᠭᠠᠢ ᠵᠠᠳᠠᠯᠵᠤ᠂ ᠦᠵᠡᠭᠳᠡᠯ ᠢ ᠨᠡᠪᠲᠡᠯᠦᠨ ᠮᠥᠨ | ᠴᠢᠨᠠᠷ ᠢ ᠦᠵᠡᠵᠦ᠂ ᠵᠢᠮ᠎ᠡ ᠶᠣᠰᠣ ᠶᠢ ᠬᠦᠨᠳᠦᠳᠬᠡᠨ ᠠᠵᠢᠯᠯᠠᠬᠤ ᠬᠡᠷᠡᠭᠲᠡᠢ︔ ᠡᠷᠬᠡᠪᠰᠢ ︽ᠰᠡᠳᠬᠢᠬᠦ ᠰᠡᠳᠬᠢᠬᠦᠢ︾ | ᠂ ︽ᠰᠢᠯᠢᠳᠡᠭ ᠰᠡᠳᠬᠢᠬᠦᠢ︾ ᠶᠢ ᠲᠣᠭᠲᠠᠭᠠᠵᠤ᠂ ᠠᠷᠭ᠎ᠠ ᠪᠤᠳᠤᠵᠤ᠂ ᠬᠦᠴᠢᠷᠳᠡᠯ ᠳᠤ ᠰᠢᠯᠲᠠᠭᠠᠨ ᠡᠷᠢᠬᠦ ᠦᠭᠡᠢ | ᠪᠠᠶᠢᠬᠤ ᠬᠡᠷᠡᠭᠲᠡᠢ᠃ | ᠲᠦᠷᠪᠡ ᠳᠤ᠂ ᠪᠣᠳᠠᠲᠠᠢ ᠠᠵᠢᠯᠯᠠᠨ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠶᠢ ᠪᠠᠷᠢᠮᠲᠠᠯᠠᠵᠤ᠂ ᠨᠢᠭᠡ | ᠰᠡᠳᠬᠢᠯ ᠨᠢᠭᠡ ᠵᠣᠷᠢᠭ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠡᠯ᠎ᠡ ᠵᠦᠶ᠋ᠯ ᠤᠨ ᠰᠢᠶ᠋ᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠶ ᠠᠵᠢᠯᠯᠠᠭ᠎ᠠ᠂ ᠪᠣᠳᠠᠲᠤ ᠦᠷ᠎ᠡ ᠪᠦᠲᠦᠮᠵᠢ᠂ ᠠᠷᠠᠳ ᠲᠦᠮᠡᠨ ᠤ | ᠠᠰᠢᠭ ᠲᠤᠰᠠ ᠪᠣᠯᠭᠠᠨ ᠬᠤᠪᠢᠷᠠᠭᠤᠯᠪᠠᠯ ᠰᠠᠶ᠋ᠢ ᠮᠠᠨ ᠤ ᠠᠵᠢᠯ ᠰᠠᠶ᠋ᠢ ᠦᠨᠡᠨ ᠬᠦ ᠨᠠᠶᠢᠳᠠᠪᠤᠷᠢᠲᠠᠶ᠂ ᠭᠡᠷ ᠢᠶᠠᠨ | ᠪᠡᠶᠡᠯᠡᠭᠦᠯᠵᠡᠶ᠃ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠠᠪᠤᠳᠠᠯ ᠢ ᠵᠠᠰᠠᠭ ᠤᠨ ᠣᠷᠳᠣᠨ ᠤ ᠠᠵᠢᠯ ᠤᠨ | ᠠᠮᠢᠨ ᠰᠤᠳᠠᠰᠤ ᠪᠣᠯᠭᠠᠵᠤ᠂ ᠬᠡᠯᠡᠭᠰᠡᠨ ᠢᠶᠠᠷ ᠢᠶᠠᠨ ᠪᠣᠳᠣᠬᠤ᠂ ᠲᠣᠭᠲᠠᠭᠠᠭᠰᠠᠨ ᠢᠶᠠᠷ ᠢᠶᠠᠨ ᠬᠢᠬᠦ᠂ ᠬᠢᠪᠡᠯ ᠵᠠᠪᠠᠯ | ᠪᠦᠲᠦᠬᠦ᠂ ᠬᠢᠪᠡᠯ ᠵᠠᠪᠠᠯ ᠪᠦᠲᠦᠬᠦ ᠶᠢ ᠪᠡᠶᠡᠯᠡᠭᠦᠯᠬᠦ ᠬᠡᠷᠡᠭᠲᠡᠶ᠃ ᠵᠠᠰᠠᠭ ᠤᠨ ᠣᠷᠳᠣᠨ ᠤ ᠰᠢᠰᠲ᠋ᠧᠮ ᠤᠨ | ᠺᠠᠳ᠋ᠷᠴᠤᠳ ᠤᠨ ᠰᠤᠷᠤᠯᠴᠠᠨ ᠰᠤᠳᠤᠯᠬᠤ ᠳᠠᠳᠬᠠᠯ ᠲᠠᠢ᠂ ᠪᠦᠬᠦ ᠲᠠᠯ᠎ᠠ ᠶᠢ ᠲᠥᠯᠥᠪᠵᠢᠭᠦᠯᠬᠦ ᠳᠠᠳᠬᠠᠯ᠂ | ᠰᠢᠰᠲ᠋ᠧᠮ ᠲᠠᠢ ᠪᠣᠳᠣᠯᠬᠢᠯᠠᠬᠤ ᠳᠠᠳᠬᠠᠯ᠂ ᠨᠠᠷᠢᠨ ᠨᠢᠮᠪᠠᠢ ᠨᠠᠶᠢᠳᠠᠪᠤᠷᠢᠵᠢᠭᠤᠯᠬᠤ ᠳᠠᠳᠬᠠᠯ ᠢ ᠪᠤᠢ ᠪᠣᠯᠭᠠᠬᠤ ᠶᠢ | ᠠᠬᠢᠭᠤᠯᠵᠤ᠂ ᠠᠵᠤ ᠠᠬᠤᠢ ᠶᠢᠨ ᠬᠠᠮᠢᠶᠠᠷᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ᠂ ᠬᠤᠳᠠ ᠶᠢᠨ ᠡᠵᠡᠩᠨᠡᠯᠲᠡ ᠶᠢᠨ ᠬᠤᠳᠠ᠂ ᠦᠨᠳᠦᠰᠦᠨ ᠱᠠᠲᠤᠨ ᠤ ᠵᠠᠰᠠᠯᠲᠠ | ᠵᠡᠷᠭᠡ ᠴᠢᠳᠠᠪᠤᠷᠢ ᠪᠠᠨ ᠳᠡᠭᠡᠭᠰᠢᠯᠡᠭᠦᠯᠵᠦ᠂ ᠲᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠶᠢᠨ ᠬᠠᠭᠤᠳᠠᠰᠤ | ᠲᠤᠰᠢᠶᠠᠬᠤ ᠤᠬᠠᠮᠰᠠᠷ᠂ ᠶᠠᠰᠤ ᠴᠢᠨᠠᠷ ᠤᠨ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ | ᠦᠵᠡᠯᠲᠡ ᠪᠠᠨ ᠦᠨᠡᠨ ᠬᠦ ᠠᠷᠭ᠎ᠠ ᠪᠠᠷᠢᠯ ᠪᠣᠯᠭᠠᠵᠤ᠂ ᠪᠤᠳᠤᠯ ᠢ ᠠᠷᠭ᠎ᠠ ᠪᠠᠷᠢᠯ ᠪᠣᠯᠭᠠᠬᠤ ᠬᠡᠷᠡᠭᠲᠡᠢ᠃ ᠵᠠᠰᠠᠭ ᠤᠨ | ᠣᠷᠳᠣᠨ ᠤ ᠰᠢᠰᠲ᠋ᠧᠮ ᠤᠨ ᠪᠦᠬᠦ ᠠᠯᠪᠠᠨ ᠲᠤᠰᠢᠶᠠᠯᠲᠠᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠬᠡᠬᠦᠳᠡᠭ | ᠳᠦᠭᠦᠷᠡᠩ ᠬᠠᠯᠠᠭᠤᠨ ᠰᠡᠳᠬᠢᠯᠭᠡ ᠪᠠᠷ ᠳ᠋ᠦᠩ ᠾᠧ ᠪᠠᠨ ᠬᠠᠶᠢᠷᠠᠯᠠᠵᠤ᠂ ᠡᠷᠡᠯᠬᠡᠭᠯᠡᠨ ᠲᠡᠮᠡᠴᠡᠵᠦ ᠬᠤᠪᠢ ᠨᠡᠮᠡᠷᠢ | ᠦᠵᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ ᠪᠦᠬᠦ ᠰᠡᠳᠬᠢᠯ ᠪᠦᠬᠦ ᠴᠢᠳᠠᠯ ᠢᠶᠠᠷ ᠢᠶᠠᠨ | ᠴᠢᠷᠮᠠᠶᠢᠭᠰᠠᠨ ᠡᠰᠡᠬᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠶᠢ ᠪᠡᠶᠡᠯᠡᠭᠦᠯᠵᠡᠢ᠂ ᠦᠨᠡᠨ ᠬᠦ ᠰᠡᠳᠬᠢᠯ ᠰᠠᠨᠠᠭ᠎ᠠ | ᠪᠠ ᠤᠶᠤᠨ ᠴᠢᠳᠠᠯ ᠢᠶᠠᠨ ᠠᠵᠢᠯ ᠶᠠᠪᠤᠳᠠᠯ ᠬᠢᠬᠦ᠂ ᠠᠵᠢᠯ ᠶᠠᠪᠤᠳᠠᠯ ᠬᠢᠬᠦ᠂ ᠠᠵᠢᠯ ᠶᠠᠪᠤᠳᠠᠯ ᠪᠦᠲᠦᠭᠡᠬᠦ ᠳᠡᠭᠡᠷ᠎ᠡ | ᠬᠡᠷᠡᠭᠯᠡᠭᠰᠡᠡ︔ ᠦᠷᠭᠦᠯᠵᠢ ᠥᠪᠡᠷ ᠢ ᠪᠠᠨ᠄ ᠡᠨᠡ ᠡᠳᠦᠷ᠂ ᠡᠨᠡ ᠨᠢᠭᠡ ᠰᠠᠷ᠎ᠠ᠂ ᠡᠨᠡ ᠨᠢᠭᠡ ᠵᠢᠯ᠂ ᠥᠪᠡᠷ ᠢᠶᠠᠨ | ᠳ᠋ᠦᠩ ᠾᠧ ᠶᠢᠨ ᠬᠥᠭᠵᠢᠯᠲᠡ ᠳᠤ ᠶᠠᠮᠠᠷ ᠶᠠᠮᠠᠷ ᠶᠠᠪᠤᠳᠠᠯ ᠪᠦᠲᠦᠭᠡᠵᠦ᠂ ᠶᠠᠮᠠᠷ ᠭᠡᠷᠡᠯ ᠭᠢᠯᠪᠠᠭ᠎ᠠ ᠨᠡᠮᠡᠷᠢᠯᠡᠭᠰᠡᠨ ᠪᠤᠢ︖ | ᠡᠳᠦᠷ ᠨᠢᠭᠡᠪᠦᠷᠢ ᠶᠢ ᠴᠢᠩᠭ᠎ᠠ ᠠᠳᠬᠤᠵᠤ᠂ ᠶᠠᠪᠤᠳᠠᠯ ᠨᠢᠭᠡᠪᠦᠷᠢ ᠶᠢ ᠰᠠᠶᠢᠲᠤᠷ ᠬᠢᠵᠦ᠂ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠵᠦ᠂ ᠬᠥᠮᠦᠨ ᠠᠵᠢᠯ ᠤᠨ ᠪᠠᠶᠢᠷᠢᠨ ᠳᠠᠭᠠᠨ ᠪᠠᠶᠢᠵᠤ᠂ ᠠᠵᠢᠯ ᠤᠨ ᠪᠠᠶᠢᠷᠢ ᠪᠠᠨ ᠰᠡᠳᠬᠢᠯ ᠳᠡᠭᠡᠨ ᠪᠤᠳᠤᠵᠤ᠂ | ᠪᠣᠳᠠᠲᠤ ᠠᠵᠢᠯᠯᠠᠭ᠎ᠠ ᠪᠠᠷ ᠢᠶᠠᠨ ᠳ᠋ᠦᠩ ᠾᠧ ᠶᠢᠨ ᠬᠥᠭᠵᠢᠯᠲᠡ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠬᠦ | ᠬᠡᠷᠡᠭᠲᠡᠢ᠃ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠲᠡᠷᠢᠭᠦᠨ ᠤ ᠬᠢ ᠶᠢ ᠲᠡᠮᠡᠴᠡᠨ ᠤᠯᠬᠤ᠂ ᠭᠠᠭᠴᠠ ᠬᠦ | ᠲᠤᠭ ᠪᠤᠯᠢᠶᠠᠯᠳᠤᠬᠤ ᠶᠢ ᠪᠠᠷᠢᠮᠲᠠᠯᠠᠵᠤ᠂ ᠲᠥᠷᠥᠯ ᠵᠦᠢᠯ ᠤᠨ ᠪᠠᠯᠠ ᠮᠥᠩᠭᠦ ᠶᠢ ᠲᠡᠮᠡᠴᠡᠨ ᠤᠯᠬᠤ᠂ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢ ᠤᠯᠬᠤ᠂ ᠲᠤᠷᠰᠢᠯᠲᠠ ᠶᠢᠨ ᠴᠢᠭ ᠢᠶᠠᠷ ᠵᠢᠱᠢᠶ᠎ᠡ ᠦᠵᠡᠭᠦᠯᠬᠦ ᠶᠢ ᠲᠡᠮᠡᠴᠡᠨ ᠣᠯᠵᠤ᠂ | ᠡᠯ᠎ᠡ ᠲᠥᠷᠥᠯ ᠤᠨ ᠢᠷᠠᠭᠤ ᠠᠯᠳᠠᠷ ᠢ ᠲᠡᠮᠡᠴᠡᠨ ᠣᠯᠵᠤ᠂ ᠪᠣᠳᠠᠲᠠᠶ ᠠᠵᠢᠯᠯᠠᠬᠤ ᠶᠢ ᠴᠢᠬᠤᠯᠠᠴᠢᠯᠠᠬᠤ᠂ | ᠵᠣᠷᠢᠭᠲᠠᠶ ᠪᠠᠷ ᠲᠡᠷᠢᠭᠦᠨ ᠤ ᠬᠢ ᠶᠢ ᠲᠡᠮᠡᠴᠡᠨ ᠤᠯᠬᠤ ᠶᠢ ᠵᠠᠰᠠᠭ ᠤᠨ ᠣᠷᠳᠣᠨ ᠤ ᠠᠵᠢᠯ ᠤᠨ ᠢᠯᠡ ᠲᠣᠳᠣ | ᠣᠨᠴᠠᠯᠢᠭ ᠪᠣᠯᠭᠠᠨ᠎ᠠ᠃ | ᠲᠠᠪᠤ ᠳᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ | ᠶᠣᠰᠣ ᠲᠦᠷᠢᠮ ᠢ ᠰᠠᠬᠢᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ | ᠠᠬᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ | ᠢᠯᠵᠢᠷᠡᠯ ᠢ ᠡᠰᠡᠷᠭᠦᠴᠡᠬᠦ ᠲᠡᠮᠡᠴᠡᠯ ᠢ ᠴᠢᠩᠭᠠᠳᠬᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ︽ᠭᠤᠷᠪᠠᠨ | ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ | ᠳᠤᠯᠤᠭ᠎ᠠ ᠶᠢ ᠲᠠᠶᠠᠭᠳᠠᠬᠤ︾ ᠶᠢ ᠴᠢᠩᠭᠠᠳᠬᠠᠵᠤ᠂ ︽ᠲᠠᠪᠤ ᠶᠢ ᠪᠤᠢ ᠪᠣᠯᠭᠠᠬᠤ︾ ᠶᠢ ᠪᠡᠶᠡᠯᠡᠭᠦᠯᠵᠦ᠂ ᠬᠡᠯᠪᠡᠷᠢᠴᠢ | ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠨ᠎ᠡ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ | ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠠᠯᠵᠠᠭᠤ ᠬᠤᠶᠢᠷᠭᠤ᠂ ᠬᠠᠷᠢᠯᠴᠠᠨ ᠲᠦᠯᠬᠢᠯᠴᠡᠵᠦ | ᠬᠠᠷᠢᠯᠴᠠᠨ ᠲᠦᠯᠬᠢᠯᠴᠡᠬᠦ ᠶᠢ ᠶᠡᠬᠡᠪᠡᠷ ᠴᠡᠭᠴᠡᠯᠡᠨ ᠵᠠᠰᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ | ᠶᠠᠪᠤᠳᠠᠯ ᠰᠢᠢᠳᠪᠦᠷᠢᠯᠡᠬᠦ ᠳᠤ ᠲᠠᠭᠠᠯᠠᠮᠵᠢᠲᠠᠶ ᠪᠥᠭᠡᠳ ᠳᠥᠭᠦᠮ ᠳᠥᠲᠡ ᠪᠣᠯᠭᠠᠨ᠎ᠠ᠃ | ᠲᠥᠯᠥᠭᠡᠯᠡᠭᠴᠢᠳ ᠡ︕ ᠵᠠᠮ ᠬᠤᠯᠠ ᠪᠣᠯᠪᠠᠴᠤ ᠶᠠᠪᠤᠪᠠᠯ ᠪᠠᠷᠢᠨ᠎ᠠ᠂ ᠦᠢᠯᠡ ᠳᠤ ᠪᠡᠷᠬᠡ ᠪᠣᠯᠪᠠᠴᠤ ᠬᠢᠪᠡᠯ | ᠪᠦᠲᠦᠨ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠥᠷᠯᠥᠭᠡ ᠦᠳᠡᠰᠢ ᠶᠢ ᠲᠡᠮᠡᠴᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠦᠨᠳᠦ | ᠡᠭᠦᠷᠭᠡ ᠶᠢ ᠡᠭᠦᠷᠭᠡᠯᠡᠨ ᠡᠷᠡᠯᠬᠡᠭᠯᠡᠨ ᠤᠷᠤᠭᠰᠢᠯᠠᠵᠤ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ︽ | ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠠᠮᠢᠳᠤᠯᠢᠭ ᠦᠢᠯᠡᠳᠦᠯᠭᠡ ᠶᠢᠨ ᠳᠤᠮᠳᠠ ᠨᠡᠩ ᠶᠡᠭᠡ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠠᠭᠤᠴᠢᠨ ᠬᠤᠳᠠ ᠶᠢᠨ ᠲᠣᠭᠤᠷᠢᠭ ᠤᠨ ᠰᠢᠨ᠎ᠡ | ᠠᠮᠢᠵᠢᠷᠠᠯ ᠤᠨ ᠬᠦᠴᠦᠨ ᠢᠶᠠᠨ ᠪᠠᠳᠠᠷᠠᠭᠤᠯᠬᠤ ᠶᠢ ᠬᠦᠴᠦᠯᠡᠨ ᠠᠬᠢᠭᠤᠯᠵᠤ᠂ ᠳ᠋ᠦᠩ ᠾᠧ ᠲᠣᠭᠤᠷᠢᠭ ᠤᠨ ᠴᠢᠨᠠᠷ | ᠰᠠᠶᠢᠲᠠᠢ ᠬᠥᠭᠵᠢᠯᠲᠡ ᠶᠢᠨ ᠭᠤᠶᠢᠳᠠ ᠰᠠᠶᠢᠬᠠᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠶ᠎ᠡ︕ |