【 ᠦᠵᠡᠯ ᠰᠠᠨᠠᠭ᠎ᠠ ᠶᠢ ᠰᠤᠷᠤᠯᠴᠠᠵᠤ ᠨᠠᠮᠴᠢ ᠴᠢᠨᠠᠷ ᠢ ᠴᠢᠩᠭᠠᠳᠬᠠᠨ ᠦᠢᠯᠡᠳᠦᠯᠭᠡ ᠶᠢ ᠴᠢᠬᠤᠯᠠᠴᠢᠯᠠᠵᠤ ᠰᠢᠨ᠎ᠡ ᠭᠠᠪᠢᠶ᠎ᠠ ᠪᠠᠶᠢᠭᠤᠯᠬᠤ 】 ᠥᠴᠦᠬᠡᠨ ᠬᠦᠰᠡᠯ ᠢ ᠭᠡᠷᠡᠯᠲᠦᠭᠦᠯᠬᠦ ᠦᠢᠯᠡᠴᠢᠯᠡᠭᠡ
ᠨᠡᠶᠢᠲᠡᠯᠡᠭᠰᠡᠨ ᠴᠠᠭ᠄
2023/11/23
      ᠰᠢ ᠨᠣᠪᠦ  ᠵᠡᠭᠡᠯᠢ ᠭᠤᠲᠤᠮᠵᠢ      ᠬᠠᠶᠢᠷ᠎ᠠ ᠬᠠᠯᠠᠮᠵᠢ ᠬᠦᠷᠭᠡᠬᠦ ᠰᠠᠨᠳᠠᠯᠢ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ      ︽ᠡᠨᠡ ᠬᠡᠳᠦᠨ ᠤᠷᠲᠤ ᠰᠠᠨᠳᠠᠯᠢ ᠪᠠᠢᠭᠰᠠᠨ ᠴᠢᠨᠢ ᠶᠠᠳᠠᠷᠠᠭᠠᠳ ᠬᠥᠯ ᠢᠶᠠᠨ ᠠᠮᠠᠷᠠᠭᠤᠯᠵᠤ᠂ ᠬᠥᠷᠰᠢ ᠠᠢᠯ ᠤᠨ ᠬᠢᠨ ᠪᠠᠰᠠ ᠰᠠᠭᠤᠵᠤ ᠵᠣᠭᠤᠭᠳᠠᠨ᠎ᠠ︾ ᠭᠡᠪᠡ᠃ ᠪᠠᠷᠠᠭᠤᠨ ᠣᠪᠣᠭ᠎ᠠ ᠵᠡᠭᠡᠯᠢ ᠶᠢᠨ ᠰᠧ ᠰᠦᠯᠢᠶᠣᠣ ᠪᠠᠭ᠎ᠠ ᠲᠣᠭᠤᠷᠢᠭ ᠤᠨ ᠠᠷᠠᠳ ᠯᠢᠦ ᠢᠦᠢ ᠯᠠᠨ ᠪᠠᠶᠠᠷᠲᠠᠢ ᠪᠠᠷ ᠬᠡᠯᠡᠪᠡ᠃
     ᠰᠧ ᠰᠦᠯᠢᠶᠣᠣ ᠶᠢᠨ ᠰᠠᠭᠤᠭᠠᠯᠢ ᠲᠣᠭᠤᠷᠢᠭ ᠪᠣᠯ ᠨᠢᠭᠡᠨ ᠬᠠᠭᠤᠴᠢᠨ ᠰᠠᠭᠤᠭᠠᠯᠢ ᠲᠣᠭᠤᠷᠢᠭ ᠮᠥᠨ᠂ ᠨᠠᠰᠤᠲᠠᠶᠢᠴᠤᠳ ᠣᠯᠠᠨ ᠪᠠᠶᠢᠳᠠᠭ᠂ ᠭᠡᠪᠡᠴᠦ ᠵᠢᠵᠢᠭ ᠲᠣᠭᠤᠷᠢᠭ ᠲᠤ ᠰᠠᠭᠤᠭᠠᠯᠢ ᠠᠷᠠᠳ ᠲᠤ ᠲᠦᠷ ᠠᠮᠠᠷᠠᠬᠤ ᠭᠠᠵᠠᠷ ᠨᠡᠯᠢᠶᠡᠳ ᠴᠥᠭᠡᠨ᠂ ᠨᠠᠰᠤᠲᠠᠶᠢᠴᠤᠳ ᠡᠩ ᠤᠨ ᠦᠶ᠎ᠡ ᠳᠤ ᠵᠣᠭᠤᠭᠳᠠᠬᠤ ᠶᠢᠨ ᠲᠥᠯᠥᠭᠡ ᠦᠷᠭᠦᠯᠵᠢ ᠬᠠᠶᠠᠭᠳᠠᠮᠠᠯ ᠱᠠᠹᠠ᠂ ᠬᠠᠶᠠᠭᠳᠠᠮᠠᠯ ᠰᠠᠨᠳᠠᠯᠢ ᠶᠢ ᠠᠰᠠᠷ ᠤᠨ ᠡᠮᠦᠨ᠎ᠡ ᠲᠠᠯᠪᠢᠵᠤ᠂ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠢ ᠨᠥᠯᠥᠭᠡᠯᠡᠬᠦ ᠮᠥᠷᠲᠡᠭᠡᠨ ᠪᠠᠰᠠ ᠨᠡᠯᠢᠶᠡᠳ ᠶᠡᠭᠡ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠳᠠᠭ᠃ ᠡᠨᠡᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠵᠡᠭᠡᠯᠢ ᠭᠤᠳᠤᠮᠵᠢ ᠶᠢᠨ ᠬᠢᠨ ᠨᠠᠮ ᠤᠨ ᠭᠡᠰᠢᠭᠦᠨ ᠤ ︽ᠬᠤᠣᠰ ᠨᠡᠷ᠎ᠡ ᠮᠡᠳᠡᠭᠦᠯᠬᠦ᠂ ᠬᠤᠣᠰ ᠦᠢᠯᠡᠴᠢᠯᠡᠭᠡ᠂ ᠬᠤᠣᠰ ᠮᠡᠳᠡᠭᠦᠯᠦᠯᠲᠡ︾ ᠪᠠᠷ ᠠᠵᠠ ᠲᠣᠬᠢᠶᠠᠯ ᠪᠣᠯᠭᠠᠵᠤ᠂ ︽ᠯᠦ ᠴᠧᠩ ᠰᠢᠶᠠᠨ︾ ᠤ ᠵᠢᠵᠢᠭ ᠵᠢᠷᠤᠮ ᠤᠨ ᠲᠠᠯ᠎ᠠ ᠪᠠᠷ ᠡᠭᠦᠷᠭᠡ ᠪᠠᠨ ᠨᠡᠶᠢᠲᠡᠯᠡᠵᠦ᠂ ᠬᠠᠷᠢᠶ᠎ᠠ ᠣᠷᠣᠨ ᠤ ᠠᠵᠢᠯ ᠳᠤ ᠪᠠᠶᠢᠭ᠎ᠠ ᠨᠠᠮ ᠤᠨ ᠭᠡᠰᠢᠭᠦᠨ ᠢᠳᠡᠪᠬᠢᠲᠡᠢ ᠪᠠᠷ ᠣᠷᠣᠯᠴᠠᠵᠤ᠂ ᠪᠤᠭᠤᠲᠤ ᠬᠤᠳᠠ ᠶᠢᠨ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠨᠠᠷ ᠲᠦᠷᠪᠡᠨ ᠰᠦᠯᠢᠶᠣᠣ ᠲᠣᠭᠤᠷᠢᠭ ᠲᠤ ᠬᠤᠶᠠᠷ ᠤᠷᠳᠤ ᠰᠠᠨᠳᠠᠯᠢ ᠬᠠᠨᠳᠢᠪᠯᠠᠵᠤ᠂ ᠰᠠᠭᠤᠭᠠᠯᠢ ᠠᠷᠠᠳ ᠲᠤ ᠨᠢᠭᠡ ᠠᠮᠠᠷᠠᠵᠤ ᠵᠣᠭᠤᠭᠳᠠᠬᠤ ᠰᠠᠶᠢᠬᠠᠨ ᠭᠠᠵᠠᠷ ᠬᠠᠩᠭᠠᠵᠠᠢ᠃      ᠲᠠᠷᠠᠭᠠᠴᠢ ᠶᠢᠨ ᠠᠯᠬᠤᠮ ᠳᠤ᠂ ᠪᠠᠷᠠᠭᠤᠨ ᠣᠪᠣᠭ᠎ᠠ ᠵᠡᠭᠡᠯᠢ ᠭᠤᠳᠤᠮᠵᠢ ᠶᠢᠨ ᠬᠢᠨ ᠭᠤᠤᠯ ᠰᠡᠳᠦᠪᠲᠦ ᠬᠥᠮᠦᠵᠢᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠰᠡᠳᠬᠢᠯ ᠠᠴᠠ ᠪᠠᠨ ᠦᠢᠯᠡᠴᠢᠯᠡᠵᠦ᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠂ ᠦᠨᠡᠨ ᠰᠡᠳᠬᠢᠯ ᠠᠴᠠ ᠪᠠᠨ ᠰᠠᠭᠤᠭᠠᠯᠢ ᠠᠷᠠᠳ ᠤᠨ ︽ᠳᠣᠲᠣᠨᠣ ᠬᠥᠮᠦᠨ︾ ᠪᠣᠯᠵᠤ᠂ ᠵᠣᠯ ᠵᠢᠷᠭᠠᠯᠲᠤ ᠡᠶ᠎ᠡ ᠵᠣᠬᠢᠴᠠᠩᠭᠤᠶ ᠨᠡᠶᠢᠭᠡᠮ ᠲᠣᠭᠤᠷᠢᠭ ᠢ ᠬᠦᠴᠦᠯᠡᠨ ᠪᠠᠶᠢᠭᠤᠯᠤᠨ᠎ᠠ᠃      ᠨᠠᠨ ᠭᠧ ᠯᠧᠩ ᠵᠡᠭᠡᠯᠢ ᠭᠤᠳᠤᠮᠵᠢ      ᠳᠤᠯᠠᠭᠠᠮᠵᠢ ᠬᠤᠭᠤᠯᠠᠢ ᠰᠡᠯᠪᠢᠨ ᠵᠠᠰᠠᠬᠤ ᠨᠢ ᠬᠥᠮᠦᠨ ᠤ ᠰᠡᠳᠭᠢᠯ ᠢ ᠨᠡᠩ ᠳᠤᠯᠠᠭᠠᠴᠠᠭ ᠤᠯᠤᠨ᠎ᠠ      ᠣᠶᠢᠷ᠎ᠠ ᠳᠤ᠂ ᠨᠠᠨ ᠭᠧ ᠳ᠋ᠦᠩ ᠵᠡᠭᠡᠯᠢ ᠭᠤᠳᠤᠮᠵᠢ ᠶᠢᠨ ᠴᠢᠯᠥᠭᠡᠯᠡᠯᠲᠡ ᠵᠠᠮ ᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠬᠡᠷ ᠳᠣᠲᠣᠷᠠᠬᠢ ᠳᠤᠯᠠᠭᠠᠮᠵᠢ ᠮᠥᠰᠥ ᠲᠠᠢ ᠰᠡᠷᠢᠭᠦᠨ ᠪᠠᠶᠢᠬᠤ ᠶᠢ ᠲᠤᠰᠬᠠᠵᠤ᠂ ᠬᠡᠷ ᠳᠣᠲᠣᠷᠠᠬᠢ ᠳᠤᠯᠠᠭᠠᠨ ᠤ ᠬᠡᠮᠵᠢᠶ᠎ᠡ ᠪᠠᠷᠢᠮᠵᠢᠶ᠎ᠠ ᠳᠤ ᠬᠦᠷᠬᠦ ᠥᠬᠡᠶ ᠪᠠᠶᠢᠬᠤ ᠶᠢ ᠲᠤᠰᠬᠠᠪᠠ᠃
     ᠨᠡᠶᠢᠭᠡᠮ ᠲᠣᠭᠤᠷᠢᠭ ᠠᠴᠠ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠠᠳᠠᠯ ᠠᠬᠤᠶ ᠶᠢᠨ ᠺᠣᠮᠫᠠᠨᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠢᠴᠢ ᠳᠤᠯᠠᠭᠠᠯᠠᠭ᠎ᠠ ᠬᠠᠩᠭᠠᠬᠤ ᠺᠣᠮᠫᠠᠨᠢ ᠶᠢ ᠲᠡᠷᠡ ᠳᠠᠷᠤᠶ ᠳᠤᠨᠢ ᠵᠣᠬᠢᠴᠠᠭᠤᠯᠵᠤ᠂ ᠰᠡᠯᠪᠢᠨ ᠵᠠᠰᠠᠬᠤ ᠲᠥᠰᠦᠯ ᠲᠣᠭᠲᠠᠭᠠᠨ᠂ ᠡᠪᠳᠡᠷᠡᠵᠦ ᠰᠦᠢᠳᠦᠭᠰᠡᠨ ᠬᠤᠭᠤᠯᠠᠶ ᠶᠢ ᠰᠡᠯᠪᠢᠨ ᠵᠠᠰᠠᠬᠤ ᠶᠢᠨ ᠬᠠᠮᠲᠤ ᠰᠠᠭᠤᠭᠠᠯᠢ ᠠᠷᠠᠳ ᠲᠤ ᠰᠡᠯᠪᠢᠨ ᠵᠠᠰᠠᠬᠤ ᠠᠬᠢᠴᠠ ᠪᠠᠨ ᠴᠠᠭ ᠲᠤᠬᠠᠶ ᠳᠤᠨᠢ ᠬᠠᠷᠢᠭᠤ ᠲᠤᠰᠬᠠᠵᠤ᠂ ᠰᠠᠭᠤᠭᠠᠯᠢ ᠠᠷᠠᠳ ᠬᠤᠭᠤᠯᠠᠶ ᠶᠢ ᠰᠡᠯᠪᠢᠨ ᠵᠠᠰᠠᠭᠰᠠᠨ ᠪᠠᠶᠢᠳᠠᠯ ᠢᠶᠠᠨ ᠲᠡᠷᠡ ᠳᠠᠷᠤᠶ ᠳᠤᠨᠢ ᠮᠡᠳᠡᠬᠦ ᠵᠢᠴᠢ ᠳᠤᠯᠠᠭᠠᠯᠠᠭ᠎ᠠ ᠬᠠᠩᠭᠠᠬᠤ ᠠᠬᠢᠴᠠ ᠪᠠᠨ ᠰᠡᠷᠭᠦᠭᠡᠬᠦ ᠶᠢ ᠦᠨᠡᠨᠬᠦ ᠪᠠᠲᠤᠯᠠᠵᠤ᠂ ᠰᠠᠭᠤᠭᠠᠯᠢ ᠠᠷᠠᠳ ᠤᠨ ᠵᠣᠪᠠᠨᠢᠯ ᠢ ᠠᠷᠢᠯᠭᠠᠨ᠎ᠠ᠃ ᠬᠡᠳᠦᠨ ᠡᠳᠦᠷ ᠤᠨ ᠰᠡᠯᠪᠢᠨ ᠵᠠᠰᠠᠯᠲᠠ ᠪᠠᠷ ᠰᠠᠭᠤᠭᠠᠯᠢ ᠠᠷᠠᠳ ᠤᠨ ᠲᠣᠭᠤᠷᠢᠭ ᠤᠨ ᠬᠡᠪ ᠤᠨ ᠳᠤᠯᠠᠭᠠᠯᠠᠭ᠎ᠠ ᠬᠠᠩᠭᠠᠭᠰᠠᠨ ᠢ ᠰᠡᠷᠭᠦᠭᠡᠪᠡ᠃      ᠲᠠᠷᠠᠭᠠᠴᠢ ᠶᠢᠨ ᠠᠯᠬᠤᠮ ᠳᠤ᠂ ᠨᠠᠨ ᠭᠧ ᠳ᠋ᠦᠩ ᠵᠡᠭᠡᠯᠢ ᠭᠤᠳᠤᠮᠵᠢ ᠭᠤᠤᠯ ᠰᠡᠳᠦᠪᠲᠦ ᠬᠥᠮᠦᠵᠢᠯ ᠤᠨ ᠳᠤᠮᠳᠠᠳᠤ ᠰᠤᠷᠭᠠᠭᠤᠯᠢ ᠶᠢᠨ ᠦᠵᠡᠯ ᠰᠠᠨᠠᠭ᠎ᠠ᠂ ᠦᠢᠯᠡ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢ ᠪᠠᠷᠢᠮᠲᠠᠯᠠᠵᠤ᠂ ᠲᠣᠤᠷᠵᠢᠭᠤᠯᠤᠭᠰᠠᠨ ᠨᠠᠷᠢᠯᠢᠭ ᠣᠨᠣᠴᠠᠲᠠᠶ ᠪᠠᠷ ᠪᠠᠶᠢᠴᠠᠭᠠᠨ ᠵᠢᠭᠰᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠠᠭᠤᠭᠠᠯᠢ ᠠᠷᠠᠳ ᠤᠨ ᠬᠦᠴᠢᠷᠳᠡᠯ ᠤᠨ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠨ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠨᠡᠶᠢᠭᠡᠮ ᠲᠣᠭᠤᠷᠢᠭ ᠢ ᠪᠠᠶᠢᠭᠤᠯᠬᠤ ᠳᠤ ᠰᠠᠶᠢᠨ ᠰᠠᠭᠤᠷᠢ ᠲᠠᠯᠪᠢᠵᠤ ᠥᠭᠭᠦᠨ᠎ᠡ᠃      ᠲᠢᠶᠠᠨᠵᠢᠶᠣᠣ ᠵᠡᠭᠡᠯᠢ ᠭᠤᠳᠤᠮᠵᠢ      ︽ᠨᠠᠪᠴᠢ ᠵᠣᠯᠭᠠᠷᠠᠭᠰᠠᠨ ᠦᠵᠡᠰᠬᠦᠯᠡᠩᠲᠦ ᠰᠠᠶᠢᠬᠠᠨ ᠬᠡᠷ ᠣᠷᠣᠨ ᠢ ᠠᠷᠢᠯᠭᠠᠬᠤ︾ ᠰᠠᠶᠢᠨ ᠳᠤᠷ᠎ᠠ ᠶᠢᠨ ᠠᠵᠢᠯᠯᠠᠭ᠎ᠠ ᠥᠷᠨᠢᠭᠦᠯᠪᠡ      ᠡᠪᠦᠯ ᠤᠨ ᠤᠯᠠᠷᠢᠯ ᠳᠤ᠂ ᠨᠠᠪᠴᠢ ᠵᠤᠯᠭᠠᠷᠠᠬᠤ ᠭᠠᠵᠠᠷ ᠣᠪᠣᠭᠠᠯᠠᠵᠤ᠂ ᠭᠠᠯ ᠤᠨ ᠠᠶᠤᠯ ᠤᠨ ᠠᠮᠤᠷ ᠲᠦᠪᠰᠢᠨ ᠤ ᠳᠠᠯᠳᠠ ᠭᠡᠮ ᠢ ᠪᠠᠭᠠᠰᠬᠠᠵᠤ᠂ ᠰᠠᠭᠤᠭᠠᠯᠢ ᠠᠷᠠᠳ ᠲᠤ ᠴᠡᠪᠡᠷ ᠲᠡᠭᠰᠢ ᠡᠮᠬᠢ ᠳᠢᠭᠯᠢᠮ ᠲᠠᠢ ᠠᠮᠢᠳᠤᠷᠠᠯ ᠤᠨ ᠣᠷᠴᠢᠨ ᠲᠣᠭᠤᠷᠢᠨ ᠢ ᠡᠭᠦᠳᠴᠦ ᠥᠭᠬᠦ ᠶᠢᠨ ᠲᠥᠯᠥᠭᠡ᠂ ᠣᠶᠢᠷ᠎ᠠ ᠳᠤ᠂ ᠲᠢᠶᠠᠨ ᠵᠢᠶᠤᠤ ᠵᠡᠭᠡᠯᠢ ᠭᠤᠳᠤᠮᠵᠢ ᠶᠢᠨ ᠠᠷᠠᠳ ᠤᠨ ᠠᠭᠠᠷ ᠤᠨ ᠲᠡᠭᠡᠭᠡᠪᠦᠷᠢ ᠶᠢᠨ ᠳ᠋ᠦᠩ ᠨᠡᠶᠢᠭᠡᠮ ᠲᠣᠭᠤᠷᠢᠭ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠵᠢᠴᠢ ᠨᠠᠮ ᠤᠨ ᠭᠡᠰᠢᠭᠦᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠵᠢᠴᠢ ᠨᠠᠮ ᠤᠨ ᠭᠡᠰᠢᠭᠦᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠭᠦᠢᠴᠡᠳ ᠪᠠᠳᠠᠷᠠᠭᠤᠯᠵᠤ᠂ ︽ᠨᠠᠪᠴᠢ ᠵᠤᠯᠭᠠᠷᠠᠬᠤ ᠦᠵᠡᠰᠬᠦᠯᠡᠩᠲᠦ ᠰᠠᠶᠢᠬᠠᠨ ᠬᠡᠷ ᠣᠷᠣᠨ︾ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠢ ᠭᠤᠶᠣᠯᠠᠬᠤ ᠳᠤ ᠬᠦᠴᠦᠨ ᠴᠢᠳᠠᠯ ᠢᠶᠠᠨ ᠡᠷᠭᠦᠪᠡ᠃
     ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠬᠦᠴᠢᠷ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠠᠵᠢᠯ ᠬᠤᠪᠢᠶᠠᠷᠢᠯᠠᠨ ᠬᠠᠮᠵᠢᠯᠴᠠᠵᠤ᠂ ᠬᠠᠷᠢᠯᠴᠠᠨ ᠬᠠᠮᠵᠢᠯᠴᠠᠵᠤ᠂ ᠣᠯᠠᠨ ᠢᠶᠠᠷ ᠢᠶᠠᠨ ᠱᠦᠭᠦᠷ᠂ ᠳᠡᠪᠢᠭᠦᠷ ᠵᠡᠷᠭᠡ ᠴᠡᠪᠡᠷᠯᠡᠬᠦ ᠪᠠᠭᠠᠵᠢ ᠬᠡᠷᠡᠭᠰᠡᠯ ᠢᠶᠠᠨ ᠠᠪᠴᠤ᠂ ᠬᠤᠪᠠᠭ᠋ᠠᠶᠢᠷᠠᠭᠰᠠᠨ ᠨᠠᠪᠴᠢ ᠶᠢ ᠡᠮᠬᠢ ᠵᠠᠮᠪᠠᠷᠠᠭ᠎ᠠ ᠲᠠᠢ ᠪᠠᠷ ᠴᠡᠪᠡᠷᠯᠡᠵᠦ᠂ ᠤᠭᠤᠲᠠᠨ ᠳᠤ ᠰᠠᠪᠠᠯᠠᠵᠤ᠂ ᠳᠠᠬᠢᠨ ᠲᠡᠷᠭᠡᠨ ᠳᠤ ᠲᠡᠭᠡᠭᠡᠵᠦ ᠶᠠᠪᠤᠵᠤ᠂ ᠥᠨᠴᠥᠭ ᠪᠤᠯᠤᠩ ᠦᠯᠡᠳᠡᠵᠦ᠂ ᠬᠤᠪᠠᠭ᠋ᠠᠶᠢᠷᠠᠭᠰᠠᠨ ᠨᠠᠪᠴᠢ ᠶᠢ ᠴᠡᠪᠡᠷᠯᠡᠪᠡ᠃ ᠣᠯᠠᠨ ᠤ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠬᠠᠷᠢᠶ᠎ᠠ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠮᠠᠰᠢ ᠶᠡᠭᠡ ᠰᠠᠶᠢᠵᠢᠷᠠᠵᠤ᠂ ᠰᠠᠭᠤᠭᠠᠯᠢ ᠠᠷᠠᠳ ᠤᠨ ᠮᠠᠭᠲᠠᠭᠠᠯ ᠰᠠᠶᠢᠰᠢᠶᠠᠯ ᠢ ᠤᠯᠪᠠ᠃ ᠳᠠᠷᠠᠭᠠᠴᠢ ᠶᠢᠨ ᠠᠯᠬᠤᠮ ᠳᠤ᠂ ᠲᠢᠶᠠᠨ ᠵᠢᠶᠤᠤ ᠵᠡᠭᠡᠯᠢ ᠭᠤᠳᠤᠮᠵᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠳᠤᠯᠠᠭᠠᠨ ᠢᠶᠠᠷ ᠭᠤᠣᠯ ᠰᠡᠳᠦᠪᠲᠦ ᠬᠥᠮᠦᠵᠢᠯ ᠤᠨ ᠭᠦᠨᠴᠡ ᠶᠢ ᠰᠢᠯᠭᠠᠨ ᠪᠠᠶᠢᠴᠠᠭᠠᠬᠤ ᠪᠣᠯᠤᠨ᠎ᠠ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1