【 ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠦᠮᠦᠵᠢᠯ 】 ᠳ᠋ᠦᠩ ᠾᠧ ᠲᠣᠭᠤᠷᠢᠭ᠄ ︽ᠭᠤᠷᠪᠠᠨ ᠠᠵᠢᠯ︾ ᠢ ᠰᠠᠶᠢᠲᠤᠷ ᠬᠢᠵᠦ ︽ᠳᠡᠷᠭᠡᠳᠡᠬᠢ ᠳᠠᠭᠤᠷᠢᠶᠠᠯ︾ ᠤᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/11/23
      ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠳ᠋ᠦᠩ ᠾᠧ ᠲᠣᠭᠤᠷᠢᠭ ᠬᠠᠷᠠᠯᠲᠠ ᠱᠠᠭᠠᠷᠳᠠᠯᠭ᠎ᠠ ᠪᠠᠨ ᠲᠣᠭᠲᠠᠭᠠᠵᠤ᠂ ︽ᠳᠡᠷᠭᠡᠳᠡᠬᠢ ᠥᠯᠢᠭᠡᠷ ᠳᠠᠭᠤᠷᠢᠶᠠᠯ︾ ᠤᠨ ᠠᠵᠢᠯᠯᠠᠭ᠎ᠠ ᠶᠢ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠴᠢᠬᠤᠯᠠ ᠠᠴᠢᠶᠠᠯᠠᠪᠤᠷᠢ ᠪᠠ ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠵᠤ᠂ ︽ᠳᠡᠷᠭᠡᠳᠡᠬᠢ ᠥᠯᠢᠭᠡᠷ ᠳᠠᠭᠤᠷᠢᠶᠠᠯ︾ ᠤᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠲᠡᠷᠢᠭᠦᠨ ᠤ ᠬᠢ ᠶᠢ ᠡᠷᠬᠢᠮᠯᠡᠬᠦ᠂ ᠠᠳᠠᠯᠢᠳᠬᠠᠬᠤ ᠰᠤᠷᠬᠤ ᠬᠥᠭᠡᠭᠡᠵᠦ ᠭᠦᠢᠴᠡᠬᠦ ᠳᠠᠪᠠᠵᠤ ᠭᠠᠷᠬᠤ᠂ ᠬᠤᠰᠢᠭᠤᠴᠢ ᠪᠣᠯᠬᠤ ᠪᠠᠷ ᠴᠢᠷᠮᠠᠶᠢᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠭᠦᠢᠴᠡᠳ ᠬᠥᠭᠵᠢᠭᠡᠵᠦ᠂ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠤᠨ ᠴᠢᠨᠠᠷ ᠰᠠᠶᠢᠲᠠᠶ ᠶᠠᠪᠤᠭᠳᠠᠬᠤ ᠳᠤ ᠬᠦᠴᠦᠨ ᠨᠡᠮᠡᠷᠢᠯᠡᠪᠡ᠃      ︽ᠰᠣᠩᠭᠤᠬᠤ︾ ᠶᠢ ᠴᠢᠩᠭ᠎ᠠ ᠪᠥᠭᠡᠳ ᠪᠣᠳᠠᠲᠠᠶ ᠪᠠᠷ ᠬᠢᠵᠦ᠂ ︽ᠠᠭᠤᠳᠠᠯᠤᠨ ᠰᠣᠩᠭᠤᠵᠤ ᠪᠣᠶ ᠪᠣᠯᠭᠠᠬᠤ︾ ᠠᠵᠢᠯ ᠢ ᠰᠠᠶᠢᠲᠤᠷ ᠬᠢᠨ᠎ᠠ᠃ ᠪᠠᠷᠢᠮᠵᠢᠶ᠎ᠠ ᠶᠢ ᠴᠢᠩᠭ᠎ᠠ ᠰᠤᠩᠭᠤᠵᠦ᠂ ︽ᠬᠤᠶᠠᠷ ᠰᠢᠯᠢᠳᠡᠭ᠂ ᠨᠢᠭᠡ ᠲᠡᠷᠢᠭᠦᠨ︾᠂ ︽ᠬᠠᠮᠤᠭ ᠤᠨ ᠭᠤᠶᠤ ᠳ᠋ᠦᠩ ᠾᠧ ᠶᠢᠨ ᠬᠥᠮᠦᠨ︾ ᠵᠡᠷᠭᠡ ᠰᠢᠯᠭᠠᠷᠠᠭᠤᠯᠬᠤ ᠠᠵᠢᠯᠯᠠᠭ᠎ᠠ ᠶᠢᠨ ᠲᠥᠰᠦᠯ ᠢ ᠲᠣᠭᠲᠠᠭᠠᠵᠤ᠂ ᠲᠠᠨᠢᠯᠴᠠᠭᠤᠯᠬᠤ ᠪᠠᠷᠢᠮᠵᠢᠶ᠎ᠠ᠂ ᠲᠠᠨᠢᠯᠴᠠᠭᠤᠯᠬᠤ ᠳᠡᠰ ᠳᠠᠷᠠᠭᠠᠯᠠᠯ᠂ ᠲᠠᠨᠢᠯᠴᠠᠭᠤᠯᠬᠤ ᠱᠠᠭᠠᠷᠳᠠᠯᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ︽ᠳᠡᠷᠭᠡᠳᠡᠬᠢ ᠳᠠᠭᠤᠷᠢᠶᠠᠯ︾ ᠢᠶᠠᠷ ᠨᠠᠷᠢᠯᠢᠭ ᠣᠨᠣᠴᠠᠲᠠᠶ ︽ᠵᠢᠷᠤᠭ︾ ᠪᠣᠯᠭᠠᠨ᠎ᠠ︔ ᠥᠷᠭᠡᠨ ᠢᠶᠠᠷ ᠵᠣᠬᠢᠶᠠᠨ ᠪᠠᠶᠢᠭᠤᠯᠤᠨ ᠳᠠᠶᠢᠴᠢᠯᠠᠵᠤ᠂ ᠡᠯ᠎ᠡ ᠨᠢᠭᠡᠴᠡ ᠰᠠᠯᠠᠭ᠎ᠠ ᠮᠥᠴᠢᠷ ᠢ ᠢᠳᠡᠪᠬᠢᠲᠡᠶ ᠪᠠᠷ ᠳᠠᠶᠢᠴᠢᠯᠠᠨ ᠥᠯᠢᠭᠡᠷ ᠳᠠᠭᠤᠷᠢᠶᠠᠯ ᠡᠯᠰᠡᠬᠦ ᠠᠵᠢᠯᠯᠠᠭ᠎ᠠ ᠳᠤ ᠣᠷᠣᠯᠴᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ ᠦᠨᠳᠦᠰᠦᠨ ᠱᠠᠲᠤᠨ ᠤ ᠵᠠᠰᠠᠯᠲᠠ ᠵᠡᠷᠭᠡ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠳᠣᠲᠣᠷᠠᠬᠢ ᠦᠢᠯᠡ ᠶᠠᠪᠤᠳᠠᠯ ᠨᠢ ᠲᠣᠪᠤᠶᠢᠮ᠎ᠠ ᠲᠡᠷᠢᠭᠦᠨ ᠤ ᠨᠡᠶᠢᠲᠡᠯᠢᠭ ᠵᠢᠱᠢᠶ᠎ᠡ ᠶᠢ ᠭᠦᠨᠵᠡᠭᠡᠶ ᠠᠭᠤᠳᠠᠯᠤᠨ᠎ᠠ︔ ᠬᠢᠨᠠᠨ ᠬᠠᠷᠭᠤᠭᠤᠯᠵᠤ ᠪᠣᠭᠤᠮᠲᠠ ᠶᠢ ᠴᠢᠩᠭ᠎ᠠ ᠰᠠᠬᠢᠵᠤ᠂ ᠰᠠᠶᠢᠨ ᠳᠤᠷ᠎ᠠ ᠠᠴᠠ ᠪᠠᠨ ᠮᠡᠳᠡᠭᠦᠯᠬᠦ᠂ ᠱᠠᠲᠤ ᠱᠠᠲᠤ ᠪᠠᠷ ᠲᠠᠨᠢᠯᠴᠠᠭᠤᠯᠬᠤ᠂ ᠮᠠᠲ᠋ᠧᠷᠢᠶᠠᠯ ᠢ ᠬᠢᠨᠠᠨ ᠦᠵᠡᠬᠦ᠂ ᠰᠠᠨᠠᠯ ᠬᠤᠷᠢᠶᠠᠬᠤ᠂ ᠢᠯᠡ ᠪᠠᠷ ᠨᠡᠶᠢᠲᠡᠯᠡᠬᠦ ᠵᠡᠷᠭᠡ ᠭᠤᠭᠴᠤᠭ᠎ᠠ ᠶᠢᠨ ᠲᠠᠰ ᠳᠠᠷᠠᠭᠠᠯᠠᠯ ᠶᠣᠰᠣᠭᠠᠷ᠂ ᠳᠡᠷᠭᠡᠳᠡᠬᠢ ᠥᠯᠢᠭᠡᠷ ᠳᠠᠭᠤᠷᠢᠶᠠᠯ ᠢᠶᠠᠷ ᠵᠢᠱᠢᠭᠳᠡᠭᠴᠢ ᠶᠢ ᠲᠦᠯᠬᠢᠨ ᠭᠠᠷᠭᠠᠵᠤ ᠳᠡᠶᠢᠯᠬᠦ᠂ ᠲᠣᠭᠲᠠᠵᠤ ᠳᠡᠶᠢᠯᠬᠦ ᠶᠢ ᠦᠨᠡᠨᠬᠦ ᠪᠠᠲᠤᠯᠠᠨ᠎ᠠ᠃ ᠤᠷᠢᠳ ᠬᠤᠵᠢᠳ ᠡᠭᠦᠷᠢᠳᠡ ᠵᠤᠬᠰᠤᠰᠢ ᠦᠭᠡᠢ ᠠᠵᠢᠯ ᠤᠨ ᠪᠠᠶᠢᠷᠢ ᠳᠡᠭᠡᠷᠡᠬᠢ ︽ᠳᠠᠭᠠᠭᠤᠯᠤᠭᠴᠢ︾ ᠼᠤᠤ ᠵᠧᠩ᠂ ᠳ᠋ᠦᠩ ᠾᠧ ᠦᠵᠡᠮᠵᠢ ᠶᠢᠨ ᠣᠷᠣᠨ ᠤ ︽ᠰᠠᠬᠢᠨ ᠬᠠᠮᠠᠭᠠᠯᠠᠭᠴᠢ︾ ᠶᠠᠩ ᠽᠢ ᠶᠣᠣ᠂ ᠲᠣᠰᠬᠤᠨ ᠤ ᠠᠷᠠᠳ ᠤᠨ ᠠᠮᠠᠨ ᠳᠠᠬᠢ ︽ᠸᠠᠩ ᠰᠠᠶᠢᠨ ᠬᠥᠮᠦᠨ︾ ᠸᠠᠩ ᠹᠧᠩ᠂ ᠤᠭ ᠰᠠᠨᠠᠭ᠎ᠠ ᠪᠠᠨ ᠰᠠᠬᠢᠨ ᠬᠠᠮᠠᠭᠠᠯᠠᠵᠤ 30 ᠵᠢᠯ ᠪᠣᠯᠤᠭᠰᠠᠨ ᠮᠢᠶᠣᠣ ᠴᠦᠨ ᠯᠢᠨ᠂ ᠨᠢᠳᠤᠷᠭᠠᠨ ᠡᠷᠳᠡᠮ ᠢᠶᠠᠷ ᠨᠠᠮ ᠢᠶᠠᠨ ᠬᠠᠶᠢᠷᠠᠯᠠᠵᠤ ᠴᠢᠩ ᠦᠨᠡᠨᠴᠢ ᠰᠡᠳᠬᠢᠯ ᠲᠠᠢ ᠠᠬᠠᠮᠠᠳ ᠨᠠᠮ ᠤᠨ ᠭᠡᠰᠢᠭᠦᠨ ᠯᠢᠦ ᠮᠢᠨ ᠵᠡᠷᠭᠡ ᠨᠢᠭᠡ ᠪᠦᠯᠦᠭ ᠳᠡᠷᠭᠡᠳᠡᠬᠢ ᠳᠠᠭᠤᠷᠢᠶᠠᠯ ᠬᠥᠮᠦᠰ ᠴᠣᠯᠭᠤᠷᠠᠨ ᠭᠠᠷᠪᠠ      ᠡᠯᠪᠡᠭ ᠪᠠᠶᠠᠯᠢᠭ ᠬᠡᠯᠪᠡᠷᠢ ᠶᠢ ︽ᠠᠬᠢᠭᠤᠯᠵᠤ︾᠂ ︽ᠤᠬᠠᠭᠤᠯᠭ᠎ᠠ ᠰᠤᠷᠤᠯᠴᠠᠯᠭ᠎ᠠ︾ ᠶᠢᠨ ᠠᠵᠢᠯ ᠢ ᠰᠠᠶᠢᠲᠤᠷ ᠬᠢᠨ᠎ᠡ᠃ ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠶᠢ ᠴᠢᠩᠭᠠᠳᠬᠠᠵᠤ᠂ ᠦᠯᠢᠭᠡᠷ ᠳᠠᠭᠤᠷᠢᠶᠠᠯ ᠤᠨ ᠬᠦᠴᠦᠨ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠤᠷᠢᠳ ᠬᠤᠵᠢᠳ ᠬᠤᠶᠠᠳᠤᠭᠠᠷ ᠬᠤᠭᠤᠴᠠᠭᠠᠨ ᠤ ︽ᠬᠠᠮᠤᠭ ᠤᠨ ᠭᠤᠶᠤ ᠳ᠋ᠦᠩ ᠾᠧ ᠶᠢᠨ ᠬᠥᠮᠥᠨ︾᠂ ᠬᠤᠶᠠᠳᠤᠭᠠᠷ ᠬᠤᠭᠤᠴᠠᠭᠠᠨ ᠤ ︽ᠰᠠᠶᠢᠨ ᠪᠡᠷᠢ︾᠂ ︽ᠰᠠᠶᠢᠨ ᠬᠠᠳᠠᠮ ᠡᠵᠢ︾᠂ ︽ᠰᠠᠶᠢᠨ ᠦᠷ᠎ᠡ ᠬᠡᠦᠬᠡᠳ︾᠂ ︽ᠰᠠᠶᠢᠨ ᠬᠥᠷᠰᠢ ᠰᠠᠭᠠᠬᠠᠯᠲᠠ︾ ᠵᠡᠷᠭᠡ 10 ᠬᠥᠮᠥᠨ᠂ ᠠᠩᠬᠠᠳᠤᠭᠠᠷ ᠬᠤᠭᠤᠴᠠᠭᠠᠨ ᠤ ᠬᠠᠮᠤᠭ ᠤᠨ ᠭᠤᠶᠤ ᠠᠷᠠᠳ ᠤᠨ ᠴᠠᠭᠳᠠᠭ᠎ᠠ 10 ᠬᠥᠮᠥᠨ ᠢ ᠨᠡᠷᠡᠶᠢᠳᠦᠨ ᠬᠥᠬᠢᠭᠦᠯᠦᠨ ᠰᠠᠶᠢᠰᠢᠶᠠᠵᠤ᠂ ︽ᠳ᠋ᠦᠩ ᠾᠧ ᠶᠢᠨ ᠬᠦᠴᠦᠨ︾ ᠤ 2023 ᠣᠨ ᠤ ᠬᠥᠮᠥᠰ ᠤᠨ ᠱᠠᠩᠨᠠᠯ ᠣᠯᠭᠤᠬᠤ ᠶᠣᠰᠣᠯᠠᠯ ᠢ ᠵᠣᠬᠢᠶᠠᠨ ᠪᠠᠶᠢᠭᠤᠯᠤᠨ ᠥᠷᠨᠢᠭᠦᠯᠦᠭᠰᠡᠨ ᠪᠥᠭᠡᠳ ︽ᠥᠨᠥᠳᠦᠷ ᠤᠨ ᠳ᠋ᠦᠩ ᠾᠧ︾ ᠨᠡᠶᠢᠲᠡ ᠶᠢᠨ ᠳ᠋ᠤᠭᠠᠷ ᠲᠤ ︽ᠳᠡᠷᠭᠡᠳᠡᠬᠢ ᠳᠠᠭᠤᠷᠢᠶᠠᠯ︾ ᠭᠡᠬᠦ ᠲᠤᠰᠬᠠᠢ ᠪᠤᠯᠤᠩ ᠭᠠᠷᠭᠠᠵᠤ᠂ ᠦᠯᠢᠭᠡᠷ ᠳᠠᠭᠤᠷᠢᠶᠠᠯ ᠤᠨ ᠦᠯᠢᠭᠡᠷ ᠢ ᠬᠤᠭᠤᠴᠠᠭ᠎ᠠ ᠪᠦᠯᠦᠭ ᠬᠤᠪᠢᠶᠠᠨ ᠳᠡᠯᠭᠡᠨ ᠦᠵᠡᠭᠦᠯᠵᠦ ᠨᠡᠪᠲᠡᠷᠡᠭᠦᠯᠪᠡ᠃ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ︽︿ᠳᠡᠷᠭᠡᠳᠡᠬᠢ ᠦᠯᠢᠭᠡᠷ ᠳᠠᠭᠤᠷᠢᠶᠠᠯ﹀ ᠤᠨ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾ ᠢ ᠲᠣᠭᠲᠠᠭᠠᠨ ᠲᠠᠷᠬᠠᠭᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠳᠦᠷ ᠳᠤᠳᠤᠮ ᠤᠨ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠲᠠᠢ ᠤᠶᠠᠯᠳᠤᠭᠤᠯᠵᠤ᠂ ᠦᠢᠯᠡ ᠶᠠᠪᠤᠳᠠᠯ ᠢ ᠤᠬᠠᠭᠤᠯᠤᠨ ᠲᠠᠶᠢᠯᠪᠤᠷᠢᠯᠠᠬᠤ᠂ ᠶᠠᠷᠢᠯᠴᠠᠨ ᠰᠣᠯᠢᠯᠴᠠᠬᠤ᠂ ᠨᠠᠮ ᠤᠨ ᠬᠢᠴᠢᠶᠡᠯ ᠵᠢᠭᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ︽ᠳᠡᠷᠭᠡᠳᠡᠬᠢ ᠳᠠᠭᠤᠷᠢᠶᠠᠯ︾ ᠤᠨ ᠦᠢᠯᠡ ᠠᠵᠢᠯᠯᠠᠭ᠎ᠠ ᠶᠢ ᠲᠠᠨᠢᠯᠴᠠᠭᠤᠯᠪᠠ᠃ ᠡᠨᠡ ᠵᠢᠯ ᠠᠴᠠ ᠨᠠᠰᠢ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠰᠤᠷᠤᠯᠴᠠᠯᠭ᠎ᠠ ᠶᠢᠨ ᠳᠡᠷᠭᠡᠳᠡᠬᠢ ᠳᠠᠭᠤᠷᠢᠶᠠᠯ︾ ᠤᠨ ᠲᠣᠭᠤᠷᠢᠨ ᠳᠤ ᠨᠡᠶᠢᠳᠡ 500 ᠭᠠᠷᠤᠢ ᠤᠳᠠᠭ᠎ᠠ ᠰᠤᠷᠤᠯᠴᠠᠨ ᠰᠣᠯᠢᠯᠴᠠᠵᠤ ᠰᠤᠳᠤᠯᠤᠨ ᠶᠠᠷᠢᠯᠴᠠᠵᠤ᠂ 6500 ᠭᠠᠷᠤᠢ ᠨᠠᠮ ᠤᠨ ᠭᠡᠰᠢᠭᠦᠨ ᠢ ᠬᠠᠮᠤᠷᠪᠠ᠃
     ᠪᠠᠷᠢᠮᠵᠢᠶᠠᠯᠠᠨ ᠬᠠᠷᠭᠤᠭᠤᠯᠵᠤ ︽ᠠᠵᠢᠯᠯᠠᠬᠤ︾ ᠶᠢ ᠬᠠᠷᠭᠤᠭᠤᠯᠵᠤ᠂ ︽ᠰᠤᠷᠤᠯᠴᠠᠬᠤ ᠪᠠ ᠬᠢᠬᠦ ᠶᠢ ᠤᠶᠠᠯᠳᠤᠭᠤᠯᠬᠤ︾ ᠠᠵᠢᠯ ᠢ ᠰᠠᠶᠢᠲᠤᠷ ᠬᠢᠨ᠎ᠠ᠃ ︽ᠳᠡᠷᠭᠡᠳᠡᠬᠢ ᠥᠯᠢᠭᠡᠷ ᠳᠠᠭᠤᠷᠢᠶᠠᠯ︾ ᠤᠨ ᠠᠵᠢᠯᠯᠠᠭ᠎ᠠ ᠶᠢ ᠠᠵᠢᠯ ᠢᠶᠠᠨ ᠠᠬᠢᠭᠤᠯᠬᠤ᠂ ᠠᠰᠠᠭᠤᠳᠠᠯ ᠢ ᠰᠢᠢᠳᠪᠦᠷᠢᠯᠡᠬᠦ ᠲᠠᠢ ᠤᠶᠠᠯᠳᠤᠭᠤᠯᠵᠤ᠂ ᠦᠢᠯᠡᠳᠦᠯᠭᠡ ᠶᠢᠨ ᠳᠤᠮᠳᠠ ᠨᠠᠮ ᠤᠨ ᠭᠡᠰᠢᠭᠦᠨ ᠤ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠬᠡᠷᠡᠭᠲᠡᠢ᠃ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾᠂ ︽ᠯᠦ ᠴᠧᠩ ᠤᠨ ᠬᠤᠰᠢᠭᠤᠴᠢ︾ ᠪᠠᠷ ᠠᠴᠢᠶᠠᠯᠠᠪᠤᠷᠢ ᠪᠣᠯᠭᠠᠵᠤ ᠂ ︽ᠶᠡᠬᠡᠪᠡᠷ ᠪᠠᠶᠢᠴᠠᠭᠠᠨ ᠰᠤᠳᠤᠯᠤᠯᠲᠠ ᠬᠢᠬᠦ︾᠂ ︽ᠬᠤᠶᠠᠷ ᠢ ᠦᠢᠯᠡᠴᠢᠯᠡᠵᠦ ᠬᠤᠶᠠᠷ ᠢ ᠮᠡᠳᠡᠭᠦᠯᠬᠦ︾᠂ ︽ᠪᠠᠲᠤ ᠴᠢᠩᠭ᠎ᠠ ᠪᠠᠬᠢᠯᠡᠯᠲᠡ ︿ᠵᠢᠱᠢᠶᠡᠴᠢ﹀ ᠶᠢᠨ ᠨᠠᠮ ᠤᠨ ᠡᠭᠦᠷ ᠢ ᠡᠭᠦᠳᠦᠨ ᠪᠠᠶᠢᠭᠤᠯᠬᠤ︾ ᠵᠡᠷᠭᠡ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠦᠯᠢᠭᠡᠷ ᠳᠠᠭᠤᠷᠢᠶᠠᠯ ᠲᠠᠢ ᠨᠢᠭᠡᠳᠦᠯᠲᠡᠢ ᠪᠠᠶᠢᠯᠭᠠᠵᠤ᠂ ᠨᠠᠮ ᠤᠨ ᠭᠡᠰᠢᠭᠦᠨ ᠤ ᠰᠦᠯᠳᠡ ᠲᠡᠮᠳᠡᠭ ᠵᠡᠭᠦᠬᠦ᠂ ᠠᠵᠢᠯ ᠳᠤ ᠪᠠᠶᠢᠭ᠎ᠠ ᠨᠠᠮ ᠤᠨ ᠭᠡᠰᠢᠭᠦᠨ ᠤ ᠡᠷᠦᠭᠡ ᠶᠢᠨ ᠢᠯᠡᠳᠬᠡᠮᠵᠢ ᠫᠠᠶᠢᠰᠠ ᠡᠯᠭᠦᠬᠦ᠂ ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ ᠭᠠᠷᠭᠠᠬᠤ᠂ ᠨᠠᠮ ᠤᠨ ᠭᠡᠰᠢᠭᠦᠨ ᠤ ᠬᠠᠷᠢᠭᠤᠴᠠᠯᠭ᠎ᠠ ᠶᠢᠨ ᠲᠣᠭᠤᠷᠢᠭ ᠬᠤᠪᠢᠶᠠᠬᠤ ᠵᠡᠷᠭᠡ ᠠᠷᠭ᠎ᠠ ᠬᠢᠳᠡᠯ ᠢᠶᠠᠷ ᠳᠠᠮᠵᠢᠭᠤᠯᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠬᠦᠷᠴᠦ ᠠᠷᠠᠳ ᠤᠨ ᠰᠠᠨᠠᠯ ᠢ ᠰᠣᠨᠣᠰᠬᠤ᠂ ᠠᠷᠠᠳ ᠤᠨ ᠪᠠᠶᠢᠳᠠᠯ ᠢ ᠪᠠᠶᠢᠴᠠᠭᠠᠬᠤ᠂ ᠠᠷᠠᠳ ᠤᠨ ᠵᠣᠪᠠᠭᠤᠷᠢ ᠶᠢ ᠰᠢᠢᠳᠪᠦᠷᠢᠯᠡᠬᠦ ᠵᠡᠷᠭᠡ ᠠᠵᠢᠯᠯᠠᠭ᠎ᠠ ᠶᠢ ᠪᠠᠶᠢᠩᠭᠤᠵᠢᠭᠤᠯᠪᠠ᠃ ᠡᠨᠡ ᠵᠢᠯ ᠠᠴᠠ ᠨᠠᠰᠢ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠠᠪᠰᠤᠷᠤᠨ ᠲᠡᠳᠬᠦᠵᠦ ᠲᠣᠬᠤᠨᠢᠭᠤᠯᠬᠤ᠂ ᠣᠷᠴᠢᠨ ᠲᠣᠭᠤᠷᠢᠨ ᠤ ᠵᠠᠰᠠᠯᠲᠠ᠂ ᠵᠠᠬᠢᠳᠠᠯ ᠰᠤᠷᠪᠤᠯᠵᠢᠯᠠᠭ᠎ᠠ ᠪᠠᠷ ᠡᠶᠡᠳᠡᠭᠦᠯᠬᠦ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠶᠢ ᠨᠡᠶᠢᠳᠡ 4500 ᠭᠠᠷᠤᠢ ᠤᠳᠠᠭ᠎ᠠ ᠥᠷᠨᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ 700 ᠭᠠᠷᠤᠢ ᠰᠢᠢᠳᠪᠦᠷᠢᠯᠡᠪᠡ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1