【 ᠦᠵᠡᠯ ᠰᠠᠨᠠᠭ᠎ᠠ ᠶᠢ ᠰᠤᠷᠤᠯᠴᠠᠵᠤ ᠨᠠᠮᠴᠢ ᠴᠢᠨᠠᠷ ᠢ ᠴᠢᠩᠭᠠᠳᠬᠠᠨ ᠦᠢᠯᠡᠳᠦᠯᠭᠡ ᠶᠢ ᠴᠢᠬᠤᠯᠠᠴᠢᠯᠠᠵᠤ ᠰᠢᠨ᠎ᠡ ᠭᠠᠪᠢᠶ᠎ᠠ ᠪᠠᠶᠢᠭᠤᠯᠬᠤ 】 ᠶᠠᠩ ᠭᠧ ᠯᠧᠩ ᠵᠡᠭᠡᠯᠢ ᠭᠤᠳᠤᠮᠵᠢ᠄ ᠰᠠᠨᠠᠭᠠᠴᠢᠯᠠᠭ᠎ᠠ ᠠᠴᠠ ᠪᠠᠨ ᠪᠣᠳᠠᠲᠤ ᠶᠠᠪᠤᠳᠠᠯ ᠬᠢᠵᠦ ᠨᠢᠭᠡ ᠰᠡᠳᠬᠢᠯ ᠨᠢᠭᠡ ᠵᠣᠷᠢᠭ ᠢᠶᠠᠷ ᠠᠷᠠᠳ ᠤᠨ ᠵᠣᠪᠠᠨᠢᠯ ᠢ ᠠᠷᠢᠯᠭᠠᠪᠠ
ᠨᠡᠶᠢᠲᠡᠯᠡᠭᠰᠡᠨ ᠴᠠᠭ᠄
2023/11/28
    ︽ᠮᠠᠨ ᠤ ᠭᠡᠷ ᠤᠨ ᠤᠰᠤ ᠪᠥᠭᠯᠡᠷᠡᠪᠡ᠂ ᠬᠡᠰᠡᠭ ᠬᠡᠰᠡᠭ ᠤᠰᠤ ᠪᠥᠭᠯᠡᠷᠡᠵᠦ ᠳᠡᠶᠢᠯᠬᠦ ᠦᠭᠡᠢ ᠪᠣᠯᠴᠢᠬᠠᠭᠰᠠᠨ᠂ ᠵᠣᠷᠯᠣᠩ ᠢ ᠵᠠᠰᠠᠵᠤ ᠳᠡᠶᠢᠯᠬᠦ ᠦᠭᠡᠢ ᠪᠣᠯ ᠪᠣᠯᠴᠢᠬᠠᠨ᠎ᠠ᠂ ᠪᠠᠰᠠ ᠬᠡᠵᠢᠶᠡᠳᠡ ᠪᠣᠬᠢᠷ ᠤᠰᠤ ᠶᠢ ᠡᠰᠡᠷᠭᠦᠴᠡᠵᠦ ᠦᠮᠡᠬᠡᠶ ᠦᠨᠦᠷ ᠬᠠᠩᠬᠤᠯᠵᠤ᠂ ᠭᠡᠷ ᠤᠨ ᠢᠶᠠᠨ ᠦᠮᠡᠬᠡᠶ ᠦᠨᠦᠷ ᠦᠨᠦᠷᠲᠦᠵᠦ᠂ ᠮᠠᠨ ᠤ ᠬᠡᠪ ᠤᠨ ᠠᠮᠢᠳᠤᠷᠠᠯ ᠢ ᠬᠦᠨᠳᠦ ᠨᠣᠴᠢᠲᠠᠶ ᠨᠥᠯᠥᠭᠡᠯᠡᠭᠰᠡᠨ ᠪᠠᠶᠢᠨ᠎ᠠ᠂ ᠡᠨᠡ ᠨᠡᠶᠢᠭᠡᠮ ᠲᠣᠭᠤᠷᠢᠭ ᠣᠳᠣ ᠶᠠᠭ ᠰᠢᠢᠳᠪᠦᠷᠢᠯᠡᠵᠦ ᠳᠡᠶᠢᠯᠬᠦ ᠦᠭᠡᠢ ᠶᠤᠮ ︾᠃ ᠶᠠᠩ ᠭᠧ ᠯᠧᠩ ᠵᠡᠭᠡᠯᠢ ᠭᠤᠳᠤᠮᠵᠢ ᠶᠢᠨ ᠬᠤᠶᠢᠲᠤ ᠵᠢᠷᠭᠤᠳᠤᠭᠠᠷ ᠲᠣᠭᠤᠷᠢᠭ ᠤᠨ 14 ᠳ᠋ᠤᠭᠡᠷ ᠠᠰᠠᠷ ᠤᠨ ᠵᠤᠤ ᠶᠢᠨ ᠪᠦᠦ ᠶᠧ ᠪᠠᠷᠢᠯᠭ᠎ᠠ ᠶᠢᠨ ᠠᠵᠢᠯ ᠢ ᠦᠵᠡᠵᠦ ᠪᠠᠶᠢᠪᠠ᠃      ᠣᠶᠢᠷ᠎ᠠ ᠳᠤ᠂ ᠶᠠᠩ ᠭᠧ ᠯᠧᠩ ᠵᠡᠭᠡᠯᠢ ᠭᠤᠳᠤᠮᠵᠢ ᠶᠢᠨ ᠵᠡᠭᠦᠨ ᠣᠪᠣᠭ᠎ᠠ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠸᠠᠩ ᠵᠢᠩ ᠰᠤᠷᠪᠤᠯᠵᠢᠯᠠᠬᠤ ᠳᠤᠮᠳᠠ ᠪᠠᠨ ᠣᠯᠵᠤ ᠮᠡᠳᠡᠭᠰᠡᠨ ᠨᠢ᠂ ᠤᠮᠠᠷᠠᠲᠤ ᠵᠢᠷᠭᠤᠳᠤᠭᠠᠷ ᠲᠣᠭᠤᠷᠢᠭ ᠤᠨ ᠤᠰᠤᠨ ᠤ ᠬᠤᠭᠤᠯᠠᠶ ᠨᠠᠷᠢᠨ ᠪᠣᠯᠵᠣ᠂ ᠡᠭᠦᠨ ᠤ ᠳᠡᠭᠡᠷ᠎ᠡ ᠡᠷᠬᠢᠨ ᠲᠣᠭᠤᠷᠢᠨ ᠤ ᠢᠷᠣᠭᠠᠷ ᠤᠨ ᠳᠡᠯᠭᠡᠭᠦᠷ ᠲᠤ ᠣᠷᠳᠣ ᠬᠤᠭᠤᠴᠠᠭ᠎ᠠ ᠪᠠᠷ ᠲᠣᠰᠣ ᠪᠣᠬᠢᠷ ᠪᠣᠳᠠᠰ ᠭᠠᠳᠠᠭᠰᠢᠯᠠᠭᠤᠯᠤᠭᠰᠠᠨ ᠠᠴᠠ ᠪᠣᠯᠵᠣ ᠬᠤᠭᠤᠯᠠᠶ ᠪᠥᠭᠯᠡᠷᠡᠵᠦ᠂ ᠳᠣᠤᠷ᠎ᠠ ᠲᠠᠯ᠎ᠠ ᠶᠢᠨ ᠳᠡᠯᠭᠡᠭᠦᠷ ᠤᠨ ᠤᠰᠤᠨ ᠤ ᠬᠤᠭᠤᠯᠠᠶ ᠶᠢ ᠪᠦᠬᠦᠨ ᠢ ᠰᠡᠯᠪᠢᠨ ᠵᠠᠰᠠᠬᠤ ᠴᠢᠬᠤᠯᠠᠲᠠᠶ ᠪᠠᠶᠢᠵᠤ᠂ ᠳᠠᠷᠠᠭ᠎ᠠ ᠨᠢ ᠠᠳᠠᠯ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠰᠡᠯᠪᠢᠨ ᠵᠠᠰᠠᠬᠤ ᠠᠵᠢᠯᠲᠠᠨ ᠢ ᠵᠣᠬᠢᠴᠠᠭᠤᠯᠵᠤ ᠰᠠᠭᠤᠭᠠᠯᠢ ᠠᠷᠠᠳ ᠲᠤ ᠤᠰᠤᠨ ᠬᠤᠭᠤᠯᠠᠶ ᠶᠢ ᠨᠡᠪᠲᠡᠷᠡᠭᠦᠯᠬᠦ ᠬᠡᠷᠡᠭᠲᠡᠶ ᠪᠥᠭᠡᠳ ᠵᠡᠭᠡᠯᠢ ᠳᠠᠭᠠᠤ ᠶᠢᠨ ᠰᠠᠭᠤᠷᠢ ᠳᠡᠯᠭᠡᠭᠦᠷ ᠲᠤ ᠲᠣᠰᠣ ᠪᠣᠬᠢᠷ ᠪᠤᠷᠲᠠᠭᠲᠤ ᠱᠦᠭᠦᠭᠦᠷ ᠤᠭᠰᠠᠷᠠᠵᠤ᠂ ᠰᠠᠭᠤᠭᠠᠯᠢ ᠠᠷᠠᠳ ᠢ ᠭᠠᠴᠢᠭᠳᠠᠭᠤᠯᠬᠤ ᠡᠨᠡ ᠬᠦ ᠬᠦᠴᠢᠷ ᠠᠰᠠᠭᠤᠳᠠᠯ ᠢ ᠰᠢᠶ᠋ᠳᠪᠦᠷᠢᠯᠡᠬᠦ ᠶᠢ ᠱᠠᠭᠠᠷᠳᠠᠪᠠ᠃
     ︽ᠠᠪᠣᠭ᠎ᠠ  ᠡ᠂ ᠬᠤᠵᠢᠮ ᠪᠠᠰᠠ ᠢᠮᠦ ᠪᠠᠢᠳᠠᠯ ᠭᠠᠷᠪᠠᠯ ᠲᠠ ᠳᠠᠷᠤᠢ ᠬᠡᠵᠢᠶᠡᠨᠡᠢ ᠨᠠᠳᠠ ᠲᠠᠢ ᠬᠠᠷᠢᠯᠴᠠᠵᠤ᠂ ᠪᠢᠳᠡ ᠠᠷᠭ᠎ᠠ ᠪᠥᠬᠦᠨ ᠢ ᠰᠥᠪᠡᠭᠴᠢᠯᠡᠨ ᠲᠠᠨ ᠳᠤ ᠠᠰᠠᠭᠤᠳᠠᠯ ᠢ ᠰᠢᠢᠳᠪᠦᠷᠢᠯᠡᠵᠦ ᠥᠭᠭᠦᠶ᠎ᠡ︾ ᠭᠡᠪᠡ᠃ ᠰᠡᠯᠪᠢᠨ ᠵᠠᠰᠠᠬᠤ ᠠᠵᠢᠯ ᠢᠶᠠᠨ ᠳᠠᠭᠤᠰᠬᠠᠭᠰᠠᠨ ᠤ ᠳᠠᠷᠠᠭ᠎ᠠ᠂ ᠸᠠᠩ ᠵᠢᠩ ᠦᠷᠭᠦᠯᠵᠢᠯᠡᠨ ᠵᠣᠤ ᠨᠣᠶᠠᠨ ᠲᠠᠢ ᠵᠣᠭᠤᠭᠳᠠᠵᠤ᠂ ᠡᠪᠦᠭᠡ ᠶᠢᠨ ᠬᠦᠰᠡᠵᠦ ᠰᠠᠨᠠᠭᠰᠠᠨ ᠵᠦᠢᠯ ᠢ ᠣᠶᠢᠯᠠᠭᠠᠪᠠ᠃      ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠰᠠᠯᠠᠭ᠎ᠠ ᠨᠠᠮᠠᠭ᠎ᠠ ᠨᠢ ᠬᠠᠶᠢᠷ᠎ᠠ ᠰᠡᠳᠬᠢᠯᠭᠡ ᠲᠠᠢ ᠬᠤᠯᠪᠤᠭᠳᠠᠨ᠎ᠠ᠃ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠶᠠᠩ ᠭᠧ ᠯᠢᠶᠠᠩ ᠵᠡᠭᠡᠯᠢ ᠭᠤᠳᠤᠮᠵᠢ ᠢᠮᠠᠭᠲᠠ ᠣᠯᠠᠨ ᠲᠦᠮᠡᠨ ᠤ ᠳᠡᠷᠭᠡᠳᠡᠬᠢ ︽ᠪᠠᠴᠢᠮ ᠪᠡᠷᠬᠡ ᠵᠣᠪᠠᠨᠢᠯ︾ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠯ᠎ᠡ ᠬᠦᠷᠢᠶᠡᠨ ᠤ ᠨᠠᠮ ᠤᠨ ᠭᠡᠰᠢᠭᠦᠨ ᠪᠣᠯᠤᠨ ᠣᠯᠠᠨ ᠲᠦᠮᠡᠨ ᠤ ᠬᠦᠴᠦᠨ ᠢ ᠳᠠᠶᠢᠴᠢᠯᠠᠵᠤ᠂ ᠬᠠᠮᠲᠤ ᠪᠠᠷ ᠵᠠᠰᠠᠬᠤ ᠪᠠᠷ ᠬᠠᠮᠲᠤ ᠪᠠᠷ ᠡᠳ᠋ᠯᠡᠬᠦ ᠶᠢ ᠠᠬᠢᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠤᠤᠯ ᠰᠡᠳᠦᠪᠲᠦ ᠬᠥᠮᠦᠵᠢᠯ ᠤᠨ ᠠᠮᠵᠢᠯᠲᠠ ᠪᠦᠲᠦᠮᠵᠢ ᠣᠯᠬᠤ ᠶᠢ ᠠᠬᠢᠭᠤᠯᠪᠠ᠃
    ᠶᠠᠩ ᠭᠧ ᠯᠢᠶᠠᠩ ᠵᠡᠭᠡᠯᠢ ᠭᠤᠳᠤᠮᠵᠢ ᠶᠢᠨ ᠡᠯ᠎ᠡ ᠨᠡᠶᠢᠭᠡᠮ ᠲᠣᠭᠤᠷᠢᠭ ᠲᠣᠤᠷᠵᠢᠭᠤᠯᠤᠭᠰᠠᠨ ᠵᠠᠰᠠᠯᠲᠠ ᠪᠠ ︽ᠬᠤᠪᠢᠰᠬᠠᠯᠲᠤ ᠠᠳᠠᠯ ᠠᠬᠤᠶ︾ ᠶᠢ ᠡᠭᠦᠳᠦᠨ ᠪᠠᠶᠢᠭᠤᠯᠬᠤ ᠪᠠᠷ ᠠᠴᠢᠶᠠᠯᠠᠪᠤᠷᠢ ᠪᠣᠯᠭᠠᠵᠤ᠂ ᠵᠢᠵᠢᠭ ᠲᠣᠭᠤᠷᠢᠭ ᠤᠨ ᠭᠤᠷᠪᠠᠨ ᠲᠠᠯ᠎ᠠ ᠶᠢᠨ ᠬᠤᠯᠪᠣᠭᠠᠯᠠᠨ ᠵᠥᠪᠳᠡᠯᠴᠡᠵᠦ ᠬᠡᠷᠡᠭ ᠵᠥᠪᠯᠡᠬᠦ ᠲᠠᠪᠴᠠᠩ ᠢ ᠪᠠᠶᠢᠭᠤᠯᠵᠤ᠂ ᠣᠯᠠᠨ ᠲᠦᠮᠡᠨ ᠤ ︽ᠡᠵᠡᠨ ᠬᠥᠮᠦᠨ︾ ᠤ ᠦᠢᠯᠡᠳᠦᠯ ᠢ ᠭᠦᠢᠴᠡᠳ ᠪᠠᠳᠠᠷᠠᠭᠤᠯᠤᠨ᠂ ︽ᠵᠢᠶᠠ ᠶᠤᠸᠠᠨ︾ ᠠᠷᠠᠳ ᠣᠯᠠᠨ ᠤ ᠡᠶᠡᠳᠡᠭᠦᠯᠭᠡ ᠶᠢᠨ ᠠᠩᠭᠢ ᠶᠢ ᠵᠣᠬᠢᠶᠠᠨ ᠪᠠᠶᠢᠭᠤᠯᠵᠤ᠂ ︽ᠤᠯᠠᠭᠠᠨ ᠳᠤᠷᠠᠨᠳᠠᠭᠤᠷ ᠳᠣᠣᠷᠠᠬᠢ ᠠᠷᠠᠳ ᠤᠨ ᠪᠠᠶᠢᠳᠠᠯ ᠢ ᠶᠠᠷᠢᠯᠴᠠᠬᠤ ᠬᠤᠷᠠᠯ ᠢ ᠪᠠᠶᠢᠭᠤᠯᠵᠤ᠂ ᠣᠯᠠᠨ ᠲᠦᠮᠡᠨ ᠢ ︽ᠰᠦᠯᠵᠢᠶᠡᠨ ᠤ ᠳᠣᠲᠣᠷ᠎ᠠ︾᠂ ︽ᠵᠢᠵᠢᠭ ᠲᠣᠭᠤᠷᠢᠭ︾ ᠂ ︽ᠬᠡᠷ ᠤᠨ ᠡᠭᠦᠳᠡ︾ ᠶᠢᠨ ᠬᠡᠷᠡᠭ ᠶᠠᠪᠤᠳᠠᠯ ᠳᠤ ᠨᠠᠩ ᠣᠯᠠᠨ ᠦᠭᠡ ᠬᠡᠯᠡᠬᠦ ᠡᠷᠬᠡ ᠣᠯᠭᠤᠵᠤ᠂ ︽ᠨᠢᠭᠡ ᠲᠠᠯ᠎ᠠ ᠪᠠᠷ ᠦᠵᠡ︾ ᠠᠴᠠ ︽ᠬᠠᠮᠲᠤ ᠪᠠᠷ ᠰᠡᠳᠬᠢᠬᠦ︾ ᠪᠣᠯᠭᠠᠨ ᠬᠤᠪᠢᠷᠠᠭᠤᠯᠪᠠ᠃ ᠰᠠᠭᠤᠭᠠᠯᠢ ᠠᠷᠠᠳ ᠤᠨ ᠪᠠᠴᠢᠮ ᠬᠡᠷᠡᠭᠰᠡᠬᠦ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠸᠢ ᠯᠢᠦ A ᠲᠣᠭᠤᠷᠢᠭ ᠤᠨ 33 ᠡᠷᠦᠬᠡ ᠰᠠᠭᠤᠭᠠᠯᠢ ᠠᠷᠠᠳ ᠤᠨ ᠭᠠᠵᠠᠷ ᠴᠥᠮᠥᠷᠡᠬᠦ᠂ ᠤᠮᠠᠷᠠᠲᠤ ᠶᠢᠨ ᠳᠣᠯᠣᠳᠤᠭᠠᠷ ᠲᠣᠭᠤᠷᠢᠭ ᠤᠨ 196 ᠡᠷᠦᠬᠡ ᠰᠠᠭᠤᠭᠠᠯᠢ ᠠᠷᠠᠳ ᠤᠨ ᠭᠡᠷ ᠪᠠᠶᠢᠰᠢᠩ ᠨᠤᠷᠠᠵᠤ ᠡᠪᠳᠡᠷᠡᠭᠰᠡᠨ ᠵᠢᠴᠢ ᠵᠠᠮ ᠡᠪᠳᠡᠭᠳᠡᠭᠰᠡᠨ᠂ ᠬᠤᠶᠢᠲᠤ ᠲᠠᠪᠤᠳᠤᠭᠠᠷ ᠲᠣᠭᠤᠷᠢᠭ ᠤᠨ 180 ᠡᠷᠦᠬᠡ ᠰᠠᠭᠤᠭᠠᠯᠢ ᠠᠷᠠᠳ ᠤᠨ ᠳᠤᠯᠠᠭᠠᠨ ᠢᠯᠴᠢ ᠢᠯᠴᠢ ᠦᠭᠡᠢ ᠵᠡᠷᠭᠡ ᠠᠰᠠᠭᠤᠳᠠᠯ ᠢ 83 ᠵᠦᠢᠯ ᠤᠨ ᠰᠢᠢᠳᠪᠦᠷᠢᠯᠡᠵᠦ᠂ ᠵᠥᠷᠢᠴᠡᠯ ᠢ 79 ᠤᠳᠠᠭ᠎ᠠ ᠡᠶᠡᠳᠡᠭᠦᠯᠵᠦ᠂ ᠰᠠᠭᠤᠭᠠᠯᠢ ᠠᠷᠠᠳ ᠤᠨ ᠵᠥᠷᠢᠴᠡᠯ ᠢ ᠡᠶᠡᠳᠡᠭᠦᠯᠬᠦ ᠨᠤᠷᠮ᠎ᠠ ᠪᠠ ᠬᠠᠨᠤᠮᠵᠢ ᠶᠢᠨ ᠨᠤᠷᠮ᠎ᠠ 100% ᠳᠤ ᠬᠦᠷᠴᠡᠢ᠃ ᠡᠭᠦᠨ ᠠᠴᠠ ᠭᠠᠳᠠᠨ᠎ᠠ᠂ ᠶᠠᠩ ᠭᠧ ᠳ᠋ᠦᠩ ᠵᠡᠭᠡᠯᠢ ᠭᠤᠳᠤᠮᠵᠢ ᠶᠢᠨ ᠬᠢᠨ ᠲᠦᠭᠡᠮᠡᠯ ᠬᠠᠷᠠᠭᠠᠯᠵᠠᠯ ᠤᠨ ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠶᠡᠬᠡᠪᠡᠷ ᠬᠥᠭᠵᠢᠭᠦᠯᠵᠦ᠂ ᠡᠷᠡᠭᠦᠯ ᠮᠡᠨᠳᠦ ᠶᠢᠨ ᠰᠤᠪᠢᠯᠠᠯᠲᠠ ᠶᠢᠨ ᠦᠢᠯᠡᠴᠢᠯᠡᠭᠡᠨ ᠤ ᠲᠥᠪ᠂ ᠵᠢᠶᠠ ᠹᠦ᠋ ᠵᠢᠤᠢ ᠡᠷᠡᠭᠦᠯᠵᠢᠯ ᠰᠤᠪᠢᠯᠠᠯᠲᠠ ᠶᠢᠨ ᠬᠤᠭᠤᠯᠠᠨ ᠬᠡᠷ ᠢ ᠪᠠᠶᠢᠭᠤᠯᠵᠤ᠂ ︽ᠪᠠᠩᠬᠢ ᠶᠢᠨ ᠵᠠᠮᠴᠢᠯᠠᠭ᠎ᠠ︾ ᠬᠤᠭᠤᠯᠠᠯᠠᠬᠤ ᠲᠥᠷᠥᠯ ᠵᠦᠢᠯ ᠢ ᠨᠡᠮᠡᠵᠦ ᠪᠠᠶᠢᠭᠤᠯᠵᠤ᠂ ᠬᠠᠷᠢᠶᠠᠲᠤ ᠣᠷᠣᠨ ᠤ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠦᠨ᠎ᠡ ᠲᠥᠯᠥᠪᠦᠷᠢ ᠦᠭᠡᠢ ᠪᠠᠷ ᠬᠤᠭᠤᠯᠠ ᠬᠦᠷᠭᠡᠬᠦ ᠦᠢᠯᠡᠴᠢᠯᠡᠭᠡ ᠬᠠᠩᠭᠠᠬᠤ ᠶᠢᠨ ᠬᠠᠮᠲᠤ ᠪᠠᠰᠠ ᠲᠣᠯᠣᠭᠠᠢ ᠤᠬᠢᠶᠠᠵᠤ ᠪᠡᠶ᠎ᠡ ᠤᠬᠢᠶᠠᠬᠤ᠂ ᠡᠷᠡᠭᠦᠯᠵᠢᠭᠦᠯᠬᠦ ᠰᠤᠪᠢᠯᠠᠯᠲᠠ ᠵᠡᠷᠭᠡ ᠣᠯᠠᠨ ᠵᠦᠢᠯ ᠤᠨ ᠵᠥᠷᠢᠶᠡᠲᠦ ᠦᠢᠯᠡᠴᠢᠯᠡᠭᠡᠨ ᠤ ᠲᠥᠷᠥᠯ ᠵᠦᠢᠯ ᠢ ᠬᠠᠩᠭᠠᠵᠤ᠂ ᠨᠡᠶᠢᠭᠡᠮ ᠲᠣᠭᠤᠷᠢᠭ ᠢ ᠦᠨᠡᠨ ᠬᠦ ᠥᠲᠡᠯᠪᠡᠯ ᠠᠰᠠᠷᠠᠮᠵᠢ ᠲᠠᠢ᠂ ᠥᠲᠡᠯᠪᠡᠯ ᠡᠮᠨᠡᠯᠭᠡ ᠲᠠᠢ᠂ ᠥᠲᠡᠯᠪᠡᠯ ᠰᠤᠷᠭᠠᠭᠤᠯᠢ ᠲᠠᠢ᠂ ᠪᠠᠶᠠᠷ ᠪᠠᠶᠠᠰᠬᠤᠯᠠᠩ ᠲᠠᠢ ᠬᠠᠯᠠᠭᠤᠨ ᠳᠤᠯᠠᠭᠠᠨ ᠬᠡᠷ ᠣᠷᠣᠨ ᠪᠣᠯᠭᠠᠪᠠ᠃      ᠶᠠᠩ ᠭᠧ ᠯᠧᠩ ᠵᠡᠭᠡᠯᠢ ᠭᠤᠳᠤᠮᠵᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠫᠢᠩ᠄ ︽ᠲᠠᠷᠠᠭᠠᠴᠢ ᠶᠢᠨ ᠠᠯᠬᠤᠮ ᠳᠤ᠂ ᠶᠠᠩ ᠭᠧ ᠯᠧᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠭᠤᠤᠯ ᠰᠡᠳᠦᠪᠲᠦ ᠬᠥᠮᠦᠵᠢᠯ ᠤᠨ ᠳᠤᠮᠳᠠ ᠪᠣᠳᠠᠲᠠᠶ ᠶᠢ ᠡᠷᠬᠢᠮᠯᠡᠨ ᠠᠷᠠᠳ ᠤᠨ ᠲᠥᠯᠥᠭᠡ ᠠᠵᠢᠯᠯᠠᠬᠤ ᠰᠤᠷᠲᠠᠯ ᠢᠶᠠᠨ ᠦᠷᠭᠦᠯᠵᠢᠯᠡᠨ ᠳᠠᠪᠲᠠᠨ ᠪᠣᠯᠪᠠᠰᠤᠷᠠᠭᠤᠯᠵᠤ᠂ ᠣᠯᠠᠨ ᠲᠦᠮᠡᠨ ᠤ ᠳᠤᠮᠳᠠ ᠭᠦᠨᠵᠡᠭᠡᠶᠢᠷᠡᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠠᠩ ᠣᠯᠠᠨ ᠠᠷᠠᠳ ᠣᠯᠠᠨ ᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠦᠨᠡᠨ ᠪᠣᠳᠠᠲᠠᠶ ᠰᠠᠶᠢᠲᠤᠷ ᠰᠢᠢᠳᠪᠦᠷᠢᠯᠡᠵᠦ᠂ ᠠᠷᠠᠳ ᠣᠯᠠᠨ ᠳᠤ ᠨᠠᠩ ᠣᠯᠠᠨ ᠬᠦᠷᠲᠡᠮᠵᠢ ᠶᠢᠨ ᠲᠥᠷᠥᠭᠳᠡᠯ ᠣᠯᠭᠤᠬᠤ ᠪᠠᠷ ᠴᠢᠷᠮᠠᠶᠢᠨ᠎ᠠ︾ ᠭᠡᠵᠦ ᠬᠡᠯᠡᠪᠡ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1