【 ᠦᠵᠡᠯ ᠰᠠᠨᠠᠭ᠎ᠠ ᠶᠢ ᠰᠤᠷᠤᠯᠴᠠᠵᠤ ᠨᠠᠮᠴᠢ ᠴᠢᠨᠠᠷ ᠢ ᠴᠢᠩᠭᠠᠳᠬᠠᠨ ᠦᠢᠯᠡᠳᠦᠯᠭᠡ ᠶᠢ ᠴᠢᠬᠤᠯᠠᠴᠢᠯᠠᠵᠤ ᠰᠢᠨ᠎ᠡ ᠭᠠᠪᠢᠶ᠎ᠠ ᠪᠠᠶᠢᠭᠤᠯᠬᠤ 】 ᠾᠧ ᠳ᠋ᠦᠩ ᠵᠡᠭᠡᠯᠢ ᠭᠤᠳᠤᠮᠵᠢ ᠯᠠᠪᠳᠠᠭᠤᠨ ᠪᠠᠲᠤᠲᠠᠶ ᠰᠤᠷᠲᠠᠯ ᠢᠶᠠᠷ ᠠᠷᠠᠳ ᠤᠨ ᠮᠥᠨ ᠴᠢᠨᠠᠷ ᠢ ᠠᠬᠢᠭᠤᠯᠵᠤ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2023/11/28
     ︽ᠬᠡᠮᠵᠢᠯᠲᠡ ᠪᠠᠷ ᠳᠠᠮᠵᠢᠨ᠂ ᠳ᠋ᠦᠩ ᠬᠤᠤ ᠪᠠᠭ᠎ᠠ ᠲᠣᠭᠤᠷᠢᠭ ᠤᠨ ᠳᠣᠣᠷ᠎ᠠ ᠤᠷᠤᠰᠬᠠᠯ ᠤᠨ ᠬᠡᠮᠵᠢᠶ᠎ᠡ ᠶᠢ ᠥᠭᠡᠷᠡᠴᠢᠯᠡᠬᠦ ᠠᠴᠠ ᠡᠮᠦᠨ᠎ᠡ 36.5t/ ᠲᠦᠮᠡᠨ ᠺᠦᠸᠠᠳ᠋ · h ᠪᠠᠶᠢᠭᠰᠠᠨ ᠢ ᠥᠭᠡᠷᠡᠴᠢᠯᠡᠭᠡᠳ ᠥᠭᠡᠷᠡᠴᠢᠯᠡᠭᠰᠡᠨ ᠤ ᠳᠠᠷᠠᠭᠠᠬᠢ 49.6t/ ᠲᠦᠮᠡᠨ ᠺᠦᠸᠠᠳ᠋ · h ᠪᠣᠯᠭᠠᠨ ᠨᠡᠮᠡᠭᠳᠡᠭᠦᠯᠵᠦ᠂ ᠣᠳᠣᠬᠠᠨ ᠳᠤ ᠬᠡᠷᠡᠭᠯᠡᠭᠴᠢ ᠶᠢᠨ ᠭᠡᠷ ᠳᠣᠲᠣᠷᠠᠬᠢ ᠳᠤᠯᠠᠭᠠᠨ ᠤ ᠬᠡᠮᠵᠢᠶ᠎ᠡ 23 ᠭᠷᠠᠳᠦ᠋ᠰ ᠬᠦᠷᠪᠡ ᠁︾ ᠣᠶᠢᠷ᠎ᠠ ᠳᠤ᠂ ᠾᠧ ᠳ᠋ᠦᠩ ᠵᠡᠭᠡᠯᠢ ᠭᠤᠳᠤᠮᠵᠢ ᠶᠢᠨ ᠪᠢᠨ ᠰᠧ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠬᠤᠷᠠᠯᠳᠤᠭᠤᠯᠤᠭᠰᠠᠨ ᠭᠤᠤᠯ ᠰᠡᠳᠦᠪᠲᠦ ᠬᠥᠮᠦᠵᠢᠯ ᠤᠨ ᠠᠬᠢᠭᠤᠯᠬᠤ ᠬᠤᠷᠠᠯ ᠳᠡᠭᠡᠷ᠎ᠡ᠂ ᠰᠦᠯᠵᠢᠶᠡᠨ ᠤ ᠠᠵᠢᠯᠲᠠᠨ ᠯᠢ ᠶᠠᠨ ᠳ᠋ᠦᠩ ᠬᠤᠤ ᠪᠠᠭ᠎ᠠ ᠲᠣᠭᠤᠷᠢᠭ ᠤᠨ ᠢᠯᠴᠢ ᠬᠠᠩᠭᠠᠬᠤ ᠬᠤᠭᠤᠯᠠᠶ ᠶᠢᠨ ᠲᠣᠣᠷ ᠢ ᠥᠭᠡᠷᠡᠴᠢᠯᠡᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ᠂ ᠬᠡᠷᠡᠭᠯᠡᠭᠴᠢ ᠵᠡᠷᠭᠡ ᠪᠠᠶᠢᠳᠠᠯ ᠢ ᠲᠠᠨᠢᠯᠴᠠᠭᠤᠯᠪᠠ᠃ ᠭᠡᠷ ᠪᠥᠯᠢ ᠶᠢᠨ 36 ᠡᠷᠦᠬᠡ ᠶᠢᠨ ᠬᠠᠯᠠᠭᠤᠨ ᠪᠤᠰᠤ ᠠᠰᠠᠭᠤᠳᠠᠯ ᠢ ᠲᠣᠬᠢᠲᠠᠢ ᠰᠢᠢᠳᠪᠦᠷᠢᠯᠡᠪᠡ᠃      ︽ᠪᠢ ᠦᠨᠡᠬᠡᠷ ᠮᠠᠨ ᠤ ᠰᠦᠯᠵᠢᠶᠡᠨ ᠤ ᠠᠵᠢᠯᠲᠠᠨ ᠳᠤ ᠮᠠᠰᠢ ᠶᠡᠭᠡ ᠮᠠᠭᠲᠠᠭᠠᠯ ᠲᠠᠢ ᠪᠠᠶᠢᠨ᠎ᠠ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠳᠤ ᠰᠠᠶ᠋ᠢ ᠪᠢ ᠨᠠᠰᠤᠲᠠᠨ ᠲᠠᠢ ᠬᠠᠮᠲᠤ ︿ᠳᠤᠯᠠᠭᠠᠨ ᠡᠪᠦᠯ﹀ ᠲᠠᠢ ᠪᠣᠯᠵᠤ ᠪᠣᠯᠤᠨ᠎ᠠ︾ ᠭᠡᠵᠦ ᠬᠡᠯᠡᠪᠡ᠃ ᠸᠠᠩ ᠠᠨᠢᠶ᠎ᠠ ᠬᠠᠯᠠᠭᠤᠨ ᠠᠭᠤᠷ ᠪᠠᠷᠢᠵᠤ᠂ ᠪᠠᠶᠠᠷ ᠪᠠᠭ᠋ᠠᠳᠤᠯ ᠨᠢ ᠦᠭᠡ ᠬᠡᠯᠡᠬᠦ ᠳᠡᠭᠡᠨ ᠳᠡᠭᠡᠷ᠎ᠡ ᠪᠢᠯᠬᠠᠨ᠎ᠠ᠃      ᠤᠤᠯ ᠨᠢ 2023 ᠣᠨ ᠤ ᠳᠣᠣᠷ᠎ᠠ ᠬᠠᠭᠠᠰ ᠵᠢᠯ ᠳᠤ ᠪᠢᠨ ᠰᠧ ᠨᠡᠢᠭᠡᠮ ᠲᠣᠭᠤᠷᠢᠭ ᠨᠢ ᠳ᠋ᠦᠩ ᠬᠤᠣ ᠰᠠᠭᠤᠭᠠᠯᠢ ᠲᠣᠭᠤᠷᠢᠭ ᠤᠨ ᠳᠤᠯᠠᠭᠠᠯ ᠠᠭ᠎ᠠ ᠶᠢᠨ ᠬᠤᠭᠤᠯᠠᠢ ᠶᠢ ᠪᠦᠬᠦᠯᠢ ᠴᠣᠭᠴᠠ ᠪᠠᠷ ᠰᠣᠯᠢᠭᠰᠠᠨ ᠪᠠᠢᠨ᠎ᠠ᠃ ᠣᠶᠢᠷ᠎ᠠ ᠳᠤ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠯᠢ ᠶᠠᠨ ᠬᠠᠷᠢᠨ ᠵᠠᠯᠭᠠᠭ᠎ᠠ ᠪᠠᠷ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠡᠷ ᠲᠤ ᠢᠯᠴᠢ ᠬᠠᠩᠭᠠᠯᠭ᠎ᠠ ᠲᠠᠰᠤᠯᠳᠠᠭᠰᠠᠨ ᠠᠰᠠᠭᠤᠳᠠᠯ ᠢ ᠲᠤᠰᠴᠤ᠂ ᠡᠪᠦᠯ ᠤᠨ ᠤᠯᠠᠷᠢᠯ ᠤᠨ ᠢᠯᠴᠢ ᠬᠠᠩᠭᠠᠯᠭ᠎ᠠ ᠪᠣᠯ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠠᠰᠠᠭᠤᠳᠠᠯ ᠮᠥᠨ᠂ ᠡᠪᠦᠯ ᠤᠨ ᠤᠯᠠᠷᠢᠯ ᠤᠨ ᠨᠢᠭᠡ ᠡᠳᠦᠷ ᠬᠦᠷᠴᠦ ᠢᠷᠡᠭᠰᠡᠨ ᠢ ᠬᠠᠷᠠᠭᠠᠳ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠯᠢ ᠶᠠᠨ ᠢ ᠪᠠᠴᠢᠮᠳᠠᠭᠤᠯᠪᠠ᠃      ᠲᠡᠷᠡ ᠲᠡᠷᠡ ᠳᠠᠷᠤᠶ ᠳᠤᠨᠢ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠳᠤ ᠬᠠᠷᠢᠭᠤ ᠮᠡᠳᠡᠭᠦᠯᠬᠦ ᠶᠢᠨ ᠬᠠᠮᠲᠤ ᠰᠢᠢᠳᠪᠦᠷᠢᠯᠡᠬᠦ ᠠᠷᠭ᠎ᠠ ᠶᠢ ᠰᠤᠳᠤᠯᠵᠤ᠂ ᠢᠯᠴᠢ ᠬᠠᠩᠭᠠᠬᠤ ᠬᠤᠭᠤᠯᠠᠶ ᠶᠢ ᠥᠭᠡᠷᠡᠴᠢᠯᠡᠬᠦ ᠪᠠᠷᠢᠯᠭ᠎ᠠ ᠶᠢᠨ ᠲᠠᠯ᠎ᠠ ᠪᠣᠯᠤᠨ ᠢᠯᠴᠢ ᠬᠠᠩᠭᠠᠬᠤ ᠺᠣᠮᠫᠠᠨᠢ ᠲᠠᠢ ᠴᠠᠭ ᠲᠤᠬᠠᠶ ᠳᠤᠨᠢ ᠵᠣᠯᠭᠠᠭᠤᠯᠵᠤ᠂ ᠲᠤᠰᠬᠠᠶ ᠮᠡᠷᠭᠡᠵᠢᠯ ᠤᠨ ᠬᠥᠮᠦᠰ ᠢ ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠬᠤᠭᠤᠯᠠᠶ ᠶᠢ ᠲᠣᠭᠤᠷᠢᠨ ᠪᠠᠶᠢᠴᠠᠭᠠᠵᠤ ᠰᠡᠯᠪᠢᠨ ᠵᠠᠰᠠᠵᠤ᠂ ᠥᠭᠡᠷᠡᠴᠢᠯᠡᠬᠦ ᠲᠥᠰᠦᠯ ᠲᠣᠭᠲᠠᠭᠠᠨ᠂ ᠥᠭᠡᠷᠡᠴᠢᠯᠡᠬᠦ ᠲᠥᠯᠥᠪᠯᠡᠭᠡ ᠭᠠᠷᠭᠠᠵᠤ᠂ ᠵᠢᠷᠤᠭ ᠡᠯᠭᠦᠨ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠪᠠᠷᠢᠯᠭ᠎ᠠ ᠶᠢᠨ ᠠᠬᠢᠴᠠ ᠶᠢ ᠴᠢᠩᠭ᠎ᠠ ᠠᠩᠬᠠᠷᠬᠤ ᠬᠡᠷᠡᠭᠲᠡᠶ ᠁ ᠳ᠋ᠦᠩ ᠬᠤᠤ ᠰᠠᠭᠤᠭᠠᠯᠢ ᠠᠷᠠᠳ ᠤᠨ ᠲᠣᠭᠤᠷᠢᠭ ᠤᠨ ᠢᠯᠭᠤᠮ ᠳᠤᠯᠠᠭᠠᠯᠠᠯᠭ᠎ᠠ ᠬᠠᠩᠭᠠᠵᠤ ᠳᠡᠶᠢᠯᠬᠦ ᠶᠢ ᠪᠠᠲᠤᠯᠠᠬᠤ ᠶᠢᠨ ᠲᠥᠯᠥᠭᠡ᠂ ᠪᠢᠨ ᠰᠧ ᠨᠡᠶᠢᠭᠡᠮ ᠲᠣᠭᠤᠷᠢᠭ ᠲᠤ ᠪᠠᠰᠠ ᠨᠠᠮ ᠤᠨ ᠭᠡᠰᠢᠭᠦᠨ ᠤ ᠭᠠᠪᠰᠢᠭᠠᠢ ᠠᠩᠬᠢ ᠪᠠᠶᠢᠭᠤᠯᠵᠤ᠂ ᠡᠳᠦᠷ ᠳᠠᠷᠠᠭᠠᠯᠠᠨ ᠪᠠᠶᠢᠴᠠᠭᠠᠨ ᠵᠢᠭᠰᠠᠭᠠᠬᠤ ᠪᠠᠷ ᠳᠠᠮᠵᠢᠨ᠂ ᠬᠠᠮᠤᠭ ᠤᠨ ᠣᠬᠤᠷ ᠬᠤᠭᠤᠴᠠᠭᠠᠨ ᠳᠤ ᠢᠯᠴᠢ ᠬᠠᠩᠭᠠᠬᠤ ᠬᠤᠭᠤᠯᠠᠢ ᠶᠢᠨ ᠲᠣᠣᠷ ᠢ ᠬᠡᠪ ᠤᠨ ᠪᠠᠶᠢᠳᠠᠯ ᠢᠶᠠᠷ ᠰᠡᠷᠭᠦᠭᠡᠪᠡ᠃
     ︽ᠮᠠᠨ ᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠣᠯᠠᠩᠬᠢ ᠨᠢ ᠨᠠᠰᠤᠲᠠᠶᠢᠴᠤᠳ ᠪᠠᠶᠢᠵᠤ᠂ ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠦᠷᠴᠦ ᠰᠠᠶ᠋ᠢ ᠪᠣᠯᠬᠤ ᠬᠡᠷᠡᠭᠲᠡᠶ︾ ᠬᠡᠵᠡᠢ᠃ ᠨᠡᠶᠢᠭᠡᠮ ᠲᠣᠭᠤᠷᠢᠭ ᠤᠨ ᠠᠵᠢᠯ ᠤᠨ ᠬᠠᠮᠢᠶᠠᠷᠤᠯᠲᠠ ᠶᠢᠨ ᠠᠵᠢᠯᠲᠠᠨ ᠵᠠᠣ ᠪᠠᠨ ᠵᠢᠩ ᠬᠡᠯᠡᠪᠡ᠃ ᠳᠤᠯᠠᠭᠠᠯᠭ᠎ᠠ ᠶᠢᠨ ᠦᠷ᠎ᠡ ᠪᠦᠲᠦᠮᠵᠢ ᠶᠢ ᠪᠠᠲᠤᠯᠠᠬᠤ ᠶᠢᠨ ᠲᠥᠯᠥᠭᠡ᠂ ᠣᠯᠠᠨ ᠲᠦᠮᠡᠨ ᠳᠤ ᠦᠨᠡᠨ ᠬᠦ ᠦᠶ᠋ᠯᠡᠴᠢᠯᠡᠵᠦ᠂ ᠪᠢᠨ ᠰᠧ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠬᠡᠰᠡᠭ ᠰᠠᠭᠤᠭᠠᠯᠢ ᠠᠷᠠᠳ ᠤᠨ ᠬᠡᠷ ᠲᠤ ᠬᠦᠷᠴᠦ ᠰᠤᠷᠪᠤᠯᠵᠢᠯᠠᠨ᠂ ᠬᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠬᠡᠮᠵᠢᠬᠦ ᠶᠢᠨ ᠬᠠᠮᠲᠤ ᠥᠮᠴᠢᠲᠡᠨ ᠤ ᠬᠡᠷ ᠤᠨ ᠳᠤᠯᠠᠭᠠᠯᠭ᠎ᠠ ᠶᠢᠨ ᠪᠠᠶᠢᠳᠠᠯ ᠢ ᠠᠰᠠᠭᠤᠵᠤ᠂ ᠰᠠᠭᠤᠭᠠᠯᠢ ᠠᠷᠠᠳ ᠤᠨ ᠰᠠᠨᠠᠯ ᠢ ᠭᠦᠢᠴᠡᠳ ᠰᠣᠨᠣᠰᠴᠤ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠶ᠋ᠳᠪᠦᠷᠢᠯᠡᠵᠦ᠂ ᠡᠭᠦᠨ ᠤ ᠤᠯᠠᠮ ᠠᠴᠠ ᠰᠠᠭᠤᠭᠠᠯᠢ ᠠᠷᠠᠳ ᠤᠨ ᠬᠡᠷ ᠤᠨ ᠳᠤᠯᠠᠭᠠᠨ ᠤ ᠬᠡᠮᠵᠢᠶ᠎ᠡ ᠶᠢ ᠪᠠᠷᠢᠮᠵᠢᠶ᠎ᠠ ᠳᠤ ᠬᠦᠷᠭᠡᠬᠦ ᠶᠢ ᠪᠠᠲᠤᠯᠠᠪᠠ᠃
     ︽ᠭᠤᠣᠯ ᠰᠡᠳᠦᠪᠲᠦ ᠬᠦᠮᠦᠵᠢᠯ ᠢ ᠥᠷᠨᠢᠭᠦᠯᠦᠭᠰᠡᠨ ᠠᠴᠠ ᠨᠠᠰᠢ᠂ ᠪᠢᠳᠡ ︿ᠪᠢ ᠰᠤᠷᠤᠯᠴᠠᠬᠤ﹀ ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ﹀ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠵᠦ᠂ ᠭᠤᠤᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠬᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠭᠤᠤᠯ ᠰᠡᠳᠦᠪᠲᠦ ᠬᠥᠮᠦᠵᠢᠯ ᠤᠨ ᠳᠤᠮᠳᠠ ᠦᠨᠡᠨ ᠰᠡᠳᠬᠢᠯ ᠠᠴᠠ ᠪᠠᠨ ᠠᠷᠠᠳ ᠤᠨ ᠲᠥᠯᠥᠭᠡ ᠪᠣᠳᠠᠲᠠᠶ ᠠᠵᠢᠯ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠵᠦ᠂ ᠣᠲᠣ ᠪᠣᠯᠲᠠᠯ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠲᠣᠭᠤᠷᠢᠨ ᠳᠤ ᠨᠡᠶᠢᠭᠡᠮ ᠲᠣᠭᠤᠷᠢᠭ ᠲᠤ ᠭᠦᠨᠵᠡᠭᠡᠶᠢᠷᠡᠨ ︿ᠠᠷᠠᠳ ᠢ ᠰᠤᠷᠪᠤᠯᠵᠢᠯᠠᠵᠤ ᠬᠠᠯᠠᠭᠤᠨ ᠳᠤᠯᠠᠭᠠᠨ ᠢ ᠠᠰᠠᠭᠤᠬᠤ﹀ ︿ᠪᠢ ᠣᠯᠠᠨ ᠲᠦᠮᠡᠨ ᠳᠤ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ﹀ ᠵᠡᠷᠭᠡ ᠲᠤᠰᠬᠠᠶ ᠠᠵᠢᠯᠯᠠᠭ᠎ᠠ ᠶᠢ 20 ᠭᠠᠷᠤᠶ ᠤᠳᠠᠭ᠎ᠠ ᠥᠷᠨᠢᠭᠦᠯᠵᠦ᠂ ᠣᠯᠠᠨ ᠲᠦᠮᠡᠨ ᠤ ᠠᠰᠠᠭᠤᠳᠠᠯ ᠢ ᠨᠡᠶᠢᠲᠡ 70 ᠭᠠᠷᠤᠶ ᠰᠢᠢᠳᠪᠦᠷᠢᠯᠡᠪᠡ᠃ ᠬᠠᠳᠤᠩ ᠵᠡᠭᠡᠯᠢ ᠭᠤᠳᠤᠮᠵᠢ ᠶᠢᠨ ᠪᠢᠨᠳᠦᠷᠪᠠ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠤᠤᠵᠢ ᠰᠦ ᠽᠢ ᠹᠠᠨ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1