︽ᠪᠤᠭᠤᠲᠤ ᠶᠢᠨ ᠡᠳᠦᠷ ᠤᠨ ᠰᠣᠨᠢᠨ︾ ᠳᠤ ᠸᠠᠩ ᠷᠦᠢ ᠱᠦᠵᠢ ᠤ  ᠪᠢᠴᠢᠭᠰᠡᠨ ᠵᠣᠬᠢᠶᠠᠯ ᠢ ᠨᠡᠶᠢᠲᠡᠯᠡᠪᠡ ᠄ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ ᠦᠨᠡᠨ ᠬᠦ ᠠᠳᠬᠤᠵᠤ ᠪᠣᠳᠠᠲᠠᠶ ᠠᠵᠢᠯᠯᠠᠵᠦ ᠭᠤᠤᠯ ᠰᠡᠳᠦᠪᠲᠦ ᠰᠤᠷᠭᠠᠨ ᠬᠥᠮᠦᠵᠢᠯ ᠤᠨ ᠠᠮᠵᠢᠯᠲᠠ ᠪᠦᠲᠦᠮᠵᠢ ᠣᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/11/28
     ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ ᠦᠨᠡᠨᠬᠦ ᠠᠳᠬᠤᠵᠤ ᠪᠣᠳᠠᠲᠠᠢ ᠠᠵᠢᠯᠯᠠᠵᠤ ᠭᠤᠣᠯ ᠰᠡᠳᠦᠪᠲᠦ ᠬᠥᠮᠦᠵᠢᠯ ᠤᠨ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ      ᠳ᠋ᠦᠩ ᠾᠧ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ      ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠳᠡᠭᠡᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠵᠦ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠪᠠᠷ ᠦᠨᠳᠦᠰᠦ ᠰᠠᠭᠤᠷᠢ ᠪᠠᠨ ᠪᠠᠬᠢᠵᠢᠭᠦᠯᠵᠦ ᠂ ︽ᠰᠡᠳᠬᠢᠬᠦᠶ ᠪᠠᠨ ᠵᠠᠳᠠᠯᠬᠤ︾ ᠬᠦᠴᠢᠷ ᠠᠰᠠᠭᠤᠳᠠᠯ ᠢ ᠰᠢᠶ᠋ᠳᠪᠦᠷᠢᠯᠡᠵᠦ᠂ ᠬᠠᠲᠠᠭᠤ ᠴᠢᠩᠭ᠎ᠠ ᠰᠤᠷᠲᠠᠯ ᠢᠶᠠᠷ ᠬᠥᠭᠵᠢᠯᠲᠡ ᠶᠢ ᠠᠬᠢᠭᠤᠯᠵᠤ᠂ ᠭᠤᠤᠯ ᠰᠡᠳᠦᠪᠲᠦ ᠬᠥᠮᠦᠵᠢᠯ ᠤᠨ ᠠᠮᠵᠢᠯᠲᠠ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ᠃      ᠰᠤᠷᠤᠯᠴᠠᠬᠤ ᠦᠵᠡᠯ ᠰᠠᠨᠠᠭ᠎ᠠ ᠶᠢ ᠪᠠᠷᠢᠮᠲᠠᠯᠠᠵᠤ᠂ ᠦᠨᠳᠦᠰᠦ ᠪᠠᠨ ᠪᠠᠬᠢᠵᠢᠭᠦᠯᠵᠦ᠃ ᠤᠨᠤᠯ ᠰᠤᠷᠤᠯᠴᠠᠬᠤ ᠭᠤᠣᠯ ᠳᠤᠭᠤᠶᠢᠯᠠᠩ᠂ ᠨᠣᠮ ᠤᠩᠰᠢᠬᠤ ᠠᠩᠬᠢ᠂ ᠨᠠᠮ ᠤᠨ ᠡᠭᠦᠷ ᠤᠨ ︽ᠭᠤᠷᠪᠠᠨ ᠬᠤᠷᠠᠯ ᠨᠢᠭᠡ ᠬᠢᠴᠢᠶᠡᠯ︾ ᠢ ᠰᠤᠷᠤᠯᠴᠠᠨ ᠰᠤᠳᠤᠯᠤᠨ ᠶᠠᠷᠢᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠪᠤᠭᠤᠲᠤ ᠳᠤ ᠲᠠᠯᠪᠢᠭᠰᠠᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠨᠠᠷᠢᠨ ᠤᠩᠰᠢᠵᠤ ᠨᠠᠷᠢᠨ ᠰᠤᠳᠤᠯᠵᠤ᠂ ᠭᠦᠨᠵᠡᠭᠡᠶᠢᠷᠡᠭᠦᠯᠬᠦ᠂ ᠳᠣᠲᠣᠭᠠᠳᠤᠬᠢ ᠪᠠ ᠤᠯᠠᠷᠢᠭᠤᠯᠤᠨ ᠬᠤᠪᠢᠷᠠᠭᠤᠯᠬᠤ ᠳᠡᠭᠡᠷ᠎ᠡ ᠬᠦᠴᠦ ᠲᠠᠯᠪᠢᠬᠤ ᠪᠠᠷ ᠴᠢᠷᠮᠠᠶᠢᠵᠤ᠂ ᠨᠠᠮ ᠤᠨ ᠰᠢᠨ᠎ᠡ ᠶᠢ ᠡᠭᠦᠳᠬᠦ ᠤᠨᠤᠯ ᠳᠤ ᠠᠭᠤᠯᠤᠭᠳᠠᠵᠤ ᠪᠠᠶᠢᠭ᠎ᠠ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠢ ᠰᠠᠶᠢᠲᠤᠷ ᠡᠵᠡᠮᠳᠡᠵᠦ᠂ ᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠬᠡᠷᠡᠭᠯᠡᠵᠦ᠂ ᠰᠠᠶᠢᠲᠤᠷ ᠬᠡᠷᠡᠭᠯᠡᠵᠦ᠂ ᠬᠠᠷᠢᠭᠤᠴᠠᠯᠭ᠎ᠠ ᠡᠭᠦᠷᠭᠡᠯᠡᠯ ᠢ ᠴᠢᠷᠮᠠᠶᠢᠨ ᠰᠤᠷᠤᠯᠴᠠᠵᠤ᠂ ︽ᠳ᠋ᠦᠩ ᠾᠧ ᠶᠢᠨ ᠰᠦᠷ ᠵᠢᠪᠬᠤᠯᠠᠩᠲᠤ ᠰᠤᠷᠲᠠᠯ ᠢ ᠲᠠᠬᠢᠨ ᠪᠠᠳᠠᠷᠠᠭᠤᠯᠵᠤ᠂ ᠥᠩᠭᠡᠷᠡᠭᠰᠡᠨ ᠤ ᠬᠥᠭᠵᠢᠶᠡᠨ ᠨᠠᠷᠭᠢᠶᠠᠨ ᠢ ᠲᠠᠬᠢᠨ ᠢᠯᠡᠷᠡᠭᠦᠯᠬᠦ︾ ᠠᠤᠭ᠎ᠠ ᠰᠠᠨᠠᠭ᠎ᠠ ᠠᠤᠭ᠎ᠠ ᠵᠣᠷᠢᠭ ᠢ ᠪᠤᠢ ᠪᠣᠯᠭᠠᠬᠤ ᠬᠡᠷᠡᠭᠲᠡᠢ᠃      ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠨ᠎ᠠ᠃ ︽ᠲᠠᠪᠤᠨ ᠶᠡᠭᠡ ᠡᠭᠦᠷᠭᠡ︾᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠵᠤ᠂ ︽ᠨᠡᠮᠡᠭᠳᠡᠯ ᠤᠨ ᠤᠬᠠᠮᠰᠠᠷ︾ ᠢ ᠴᠢᠩᠭᠠᠳᠬᠠᠵᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ︽ᠰᠠᠨᠠᠯ︾ ᠤᠨ ᠴᠢᠬᠤᠯᠠ ᠶᠡᠭᠡ ᠠᠵᠠ ᠲᠣᠬᠢᠶᠠᠯ ᠢ ᠠᠳᠬᠤᠵᠤ᠂ 5 ᠠᠵᠢᠯ ᠤᠨ ᠲᠤᠰᠬᠠᠶ ᠠᠩᠭᠢ ᠶᠢᠨ ᠦᠢᠯᠡᠳᠦᠯ ᠢ ᠪᠠᠳᠠᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠭᠯᠡᠯ ᠢ ᠲᠣᠳᠣᠷᠬᠠᠶᠢᠯᠠᠵᠤ᠂ ᠬᠦᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ᠂ ᠬᠤᠪᠣᠷ ᠰᠢᠷᠣᠢ ᠪᠠ ᠴᠠᠬᠢᠭᠤᠷ ᠢ ᠢᠵᠢ ᠪᠦᠷᠢᠳᠦᠭᠦᠯᠬᠦ᠂ ᠤᠰᠤᠲᠥ᠋ᠷᠥᠭᠴᠢ ᠡᠨᠧᠷᠭᠢ ᠬᠠᠳᠠᠭᠠᠯᠠᠬᠤ᠂ ᠬᠤᠲᠠ ᠶᠢᠨ ᠠᠭᠤᠷᠬᠠᠢ ᠶᠢᠨ ᠭᠠᠷᠤᠯᠲᠠ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠤᠨ ᠲᠥᠷᠥᠯ ᠵᠦᠢᠯ ᠢ ᠶᠡᠬᠡᠪᠡᠷ ᠣᠷᠣᠭᠤᠯᠤᠨ ᠠᠪᠴᠢᠷᠠᠵᠤ᠂ ᠬᠥᠩᠭᠡᠨ ᠴᠠᠭᠠᠨ ᠤ ᠨᠠᠷᠢᠯᠢᠭ ᠡᠳ᠋ᠰᠢᠭᠦᠯᠬᠦ ᠲᠤᠭ ᠲᠡᠮᠳᠡᠭ ᠬᠡᠯᠪᠡᠷᠢ ᠶᠢᠨ ᠠᠵᠤ ᠦᠢᠯᠡᠰ ᠤᠨ ᠪᠦᠯᠦᠭᠵᠢᠯ ᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠤᠨ᠎ᠠ︔ ᠪᠤᠭᠤᠲᠤ ᠶᠢᠨ ᠵᠢᠨᠵᠡᠭᠡᠯᠢ᠂ ᠪᠤᠭᠤᠲᠤ ᠶᠢᠨ ᠤᠯᠠᠭᠠᠨ ᠵᠡᠭᠡᠯᠢ ᠶᠢᠨ ᠤᠷᠤᠰᠬᠠᠯ ᠳᠠᠭᠠᠭᠤᠯᠬᠤ ᠦᠢᠯᠡᠳᠦᠯ ᠢ ᠦᠷᠭᠦᠯᠵᠢᠯᠡᠨ ᠪᠠᠬᠢᠵᠢᠭᠦᠯᠵᠦ᠂ ᠬᠤᠲᠠ ᠶᠢᠨ ᠠᠵᠤ ᠠᠬᠤᠢ ᠶᠢ ᠲᠠᠰᠤᠷᠠᠯᠲᠠ ᠦᠭᠡᠢ ᠴᠡᠴᠡᠭᠯᠡᠭᠦᠯᠦᠨ ᠬᠥᠭᠵᠢᠭᠦᠯᠵᠦ᠂ ᠲᠡᠦᠬᠡ ᠶᠢᠨ ᠬᠠᠮᠤᠭ ᠤᠨ ᠥᠨᠳᠥᠷ ᠬᠢᠷᠢ ᠲᠦᠪᠰᠢᠨ ᠳᠤ ᠪᠤᠴᠠᠵᠤ ᠢᠷᠡᠬᠦ᠂ ᠪᠤᠭᠤᠲᠤ ᠶᠢᠨ ᠰᠦᠷ ᠵᠢᠪᠬᠤᠯᠠᠩᠲᠤ ᠠᠬᠢᠴᠠ ᠶᠢ ᠳᠠᠬᠢᠨ ᠰᠡᠷᠭᠦᠭᠡᠬᠦ ᠶᠠᠪᠤᠴᠠ ᠳᠤ ᠳ᠋ᠦᠩ ᠾᠧ ᠲᠣᠭᠤᠷᠢᠭ ᠤᠨ ᠡᠭᠦᠷᠭᠡᠯᠡᠯ ᠪᠠ ᠵᠢᠳᠬᠦᠯ ᠴᠢᠷᠮᠠᠶᠢᠯᠭ᠎ᠠ ᠶᠢ ᠨᠡᠩ ᠰᠠᠶᠢᠨ ᠢᠯᠡᠷᠡᠭᠦᠯᠦᠨ᠎ᠡ᠃      ᠬᠢᠵᠠᠭᠠᠷ ᠱᠤᠭᠤᠮ ᠢ ᠰᠠᠬᠢᠵᠤ ᠠᠷᠠᠳ ᠤᠨ ᠠᠮᠢᠳᠤᠷᠠᠯ ᠢ ᠬᠠᠷᠠᠭᠠᠯᠵᠠᠬᠤ ᠶᠢ ᠪᠠᠷᠢᠮᠲᠠᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠬᠡᠤᠬᠡᠳ ᠰᠠᠭᠠᠲᠠᠭᠤᠯᠬᠤ ᠵᠡᠷᠭᠡ ᠨᠡᠶᠢᠭᠡᠮ ᠤᠨ ᠦᠢᠯᠡᠰ ᠢ ᠰᠠᠶᠢᠲᠤᠷ ᠡᠷᠭᠢᠯᠡᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠭᠦᠨᠵᠡᠭᠡᠶ ᠠᠬᠢᠭᠤᠯᠵᠤ᠂ ︽ᠮᠤᠬᠤᠷ ᠵᠠᠮ︾ ᠢ ᠨᠡᠪᠲᠡᠷᠡᠭᠦᠯᠦᠨ᠂ ︽ᠰᠡᠳᠬᠢᠯ ᠵᠢᠷᠦᠬᠡ ᠪᠠᠨ ᠬᠤᠯᠢᠯᠳᠤᠭᠤᠯᠤᠭᠰᠠᠨ ᠬᠡᠷ ᠪᠠᠶᠢᠰᠢᠩ︾ ᠢ ᠥᠭᠡᠷᠡᠴᠢᠯᠡᠨ ᠰᠠᠶᠢᠵᠢᠷᠠᠭᠤᠯᠬᠤ᠂ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠵᠡᠷᠭᠡ ᠠᠵᠢᠯ ᠢ ᠭᠦᠨᠵᠡᠭᠡᠶ ᠠᠬᠢᠭᠤᠯᠵᠤ᠂ ᠪᠸᠢ ᠯᠢᠶᠠᠩ ᠤᠨ ᠳᠥᠭᠦᠮ ᠪᠦᠳᠦᠭᠦᠯᠢᠭ ᠣᠷᠣᠨ ᠰᠠᠭᠤᠴᠠ ᠶᠢᠨ ᠥᠭᠡᠷᠡᠴᠢᠯᠡᠯᠲᠡ ᠶᠢᠨ ᠦᠯᠡᠳᠡᠭᠳᠡᠯ ᠠᠰᠠᠭᠤᠳᠠᠯ ᠢ ᠴᠡᠭᠴᠡᠯᠡᠨ ᠵᠠᠰᠠᠬᠤ ᠶᠢ ᠡᠷᠡᠰ ᠪᠡᠶᠡᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠰᠠᠶᠢᠲᠤᠷ ᠬᠡᠷᠡᠭᠯᠡᠵᠦ᠂ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠡᠶᠡᠳᠡᠭᠦᠯᠦᠨ ᠰᠢᠢᠳᠪᠦᠷᠢᠯᠡᠬᠦ ᠲᠥᠪ ᠤᠨ ᠦᠢᠯᠡᠳᠦᠯ ᠢ ᠪᠠᠳᠠᠷᠠᠭᠤᠯᠤᠨ᠂ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ ᠰᠡᠳᠬᠢᠯ ᠲᠠᠯᠪᠢᠨ ᠬᠦᠴᠦ ᠲᠠᠯᠪᠢᠨ ᠰᠢᠢᠳᠪᠦᠷᠢᠯᠡᠵᠦ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠥᠷᠢ ᠥᠭᠴᠡᠭᠡ ᠶᠢ ᠠᠷᠢᠯᠭᠠᠬᠤ᠂ ᠠᠶᠤᠯᠭᠦᠶ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠨ᠎ᠠ᠃      ᠪᠠᠶᠢᠴᠠᠭᠠᠨ ᠦᠵᠡᠬᠦ ᠶᠢ ᠠᠳᠬᠤᠬᠤ᠂ ᠣᠪᠣᠷ ᠰᠤᠷᠲᠠᠯ ᠢᠶᠠᠨ ᠴᠢᠩᠭᠠᠳᠬᠠᠬᠤ ᠶᠢ ᠪᠠᠷᠢᠮᠲᠠᠯᠠᠨ᠎ᠠ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠪᠡᠷ ᠢ ᠪᠠᠨ ᠪᠠᠭᠲᠠᠭᠠᠵᠤ᠂ ᠡᠭᠦᠷᠭᠡ ᠬᠠᠷᠢᠭᠤᠴᠠᠯᠭ᠎ᠠ ᠪᠠᠨ ᠣᠷᠣᠭᠤᠯᠵᠤ᠂ ᠠᠵᠢᠯ ᠢᠶᠠᠨ ᠣᠷᠣᠭᠤᠯᠵᠤ᠂ ᠦᠵᠡᠯ ᠰᠠᠨᠠᠭ᠎ᠠ᠂ ᠤᠯᠤᠰ ᠲᠦᠷᠦ᠂ ᠰᠤᠷᠲᠠᠯ᠂ ᠴᠢᠳᠠᠪᠤᠷᠢ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠪᠠᠶᠢᠴᠠᠭᠠᠨ ᠦᠵᠡᠵᠦ᠂ ᠲᠦᠷᠦᠯ ᠬᠤᠪᠢᠶᠠᠨ ᠴᠡᠭᠴᠡᠯᠡᠨ ᠰᠠᠶᠢᠵᠢᠷᠠᠭᠤᠯᠬᠤ ᠪᠠ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠤᠶᠠᠯᠳᠤᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ︽ᠵᠢᠷᠤᠮᠵᠢᠭᠤᠯᠬᠤ᠂ ᠪᠠᠭᠠᠰᠬᠠᠬᠤ᠂ ᠬᠤᠷᠳᠤᠴᠠ ᠶᠢ ᠲᠦᠷᠭᠡᠳᠬᠡᠬᠦ︾ ᠶᠢ ᠦᠷᠭᠦᠯᠵᠢᠯᠡᠨ ᠠᠬᠢᠭᠤᠯᠵᠤ᠂ ᠦᠨᠳᠦᠰᠦᠨ ᠱᠠᠲᠤᠨ ᠤ ᠬᠠᠮᠢᠶᠠᠷᠤᠯᠲᠠ ᠶᠢᠨ ᠪᠠᠶᠢᠭᠤᠯᠤᠯ ᠪᠠ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠰᠠᠶᠢᠲᠤᠷ ᠬᠢᠵᠦ᠂ ᠥᠷᠭᠡᠨ ᠤᠯᠠᠨ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠪᠤᠭᠤᠲᠤ ᠶᠢ ᠬᠠᠶᠢᠷᠠᠯᠠᠵᠤ᠂ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1