【 ᠦᠵᠡᠯ ᠰᠠᠨᠠᠭ᠎ᠠ ᠶᠢ ᠰᠤᠷᠤᠯᠴᠠᠵᠤ ᠨᠠᠮᠴᠢ ᠴᠢᠨᠠᠷ ᠢ ᠴᠢᠩᠭᠠᠳᠬᠠᠨ ᠦᠢᠯᠡᠳᠦᠯᠭᠡ ᠶᠢ ᠴᠢᠬᠤᠯᠠᠴᠢᠯᠠᠵᠤ ᠰᠢᠨ᠎ᠡ ᠭᠠᠪᠢᠶ᠎ᠠ ᠪᠠᠶᠢᠭᠤᠯᠬᠤ 】 ᠳ᠋ᠦᠩ ᠾᠧ ᠲᠣᠭᠤᠷᠢᠭ᠄ ᠨᠠᠮ ᠤᠨ ᠪᠠᠶᠢᠭᠤᠯᠤᠯᠲᠠ ᠪᠠᠷ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠬᠠᠭᠤᠳᠠᠰᠤ ᠶᠢ ᠵᠠᠮᠴᠢᠯᠠᠪᠠ
ᠨᠡᠶᠢᠲᠡᠯᠡᠭᠰᠡᠨ ᠴᠠᠭ᠄
2023/11/28
     ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤᠨ ᠤ ᠱᠢ ᠳ᠋ᠡ ᠬᠥ᠋ ᠲᠣᠰᠬᠤᠨ ᠳᠤ ᠬᠦᠷᠬᠦ ᠳᠤ᠂ ᠴᠠᠷᠳᠠᠮᠠᠯ ᠵᠠᠮ ᠤᠨ ᠬᠤᠶᠠᠷ ᠲᠠᠯ᠎ᠠ ᠪᠠᠷ ᠴᠡᠪᠡᠷ ᠲᠡᠭᠰᠢ ᠠᠷᠠᠳ ᠤᠨ ᠣᠷᠣᠨ ᠰᠠᠭᠤᠴᠠ ᠨᠢ ᠠᠭᠤᠯᠠ ᠤᠰᠤᠨ ᠤ ᠲᠠᠰᠤᠯᠭ᠎ᠠ ᠳᠤ ᠴᠢᠮᠡᠭ ᠯᠡᠵᠦ᠂ ᠪᠠᠶᠠᠯᠢᠭ ᠰᠠᠶᠢᠬᠠᠨ ᠦᠵᠡᠮᠵᠢ ᠶᠢᠨ ᠵᠢᠵᠢᠭ ᠪᠦᠲᠦᠭᠡᠯ ᠨᠢ ᠥᠩᠭᠡ ᠢᠯᠭᠠᠷᠠᠭᠰᠠᠨ ᠪᠣᠯᠪᠠᠰᠤᠨ ᠤ ᠪᠤᠳᠤᠭᠲᠤ ᠬᠡᠷᠡᠮ ᠨᠢ ᠭᠠᠵᠠᠷ ᠪᠣᠯᠭᠠᠨ ᠳᠤ ᠬᠠᠷᠠᠭᠳᠠᠨ᠎ᠠ᠃
     ︽ᠲᠣᠰᠬᠤᠨ ᠤ ᠣᠷᠴᠢᠨ ᠲᠣᠭᠤᠷᠢᠨ ᠳᠤ ᠮᠠᠰᠢ ᠶᠡᠭᠡ ᠬᠤᠪᠢᠷᠠᠯᠲᠠ ᠭᠠᠷᠴᠠᠢ᠂ ᠡᠳᠦᠷ ᠪᠦᠷᠢ ᠵᠠᠷᠢᠮ ᠬᠥᠮᠦᠨ ᠱᠦᠭᠦᠷᠳᠡᠨ ᠴᠡᠪᠡᠷᠯᠡᠵᠦ᠂ ᠵᠠᠮ ᠤᠨ ᠭᠠᠳᠠᠷᠭᠤ ᠪᠦᠬᠦᠨ ᠢᠶᠠᠷ ᠢᠶᠠᠨ ᠬᠠᠲᠠᠭᠤᠷᠠᠵᠤ᠂ ᠪᠣᠬᠢᠷ ᠤᠰᠤ ᠴᠤ ᠡᠳᠦᠷ ᠪᠦᠷᠢ ᠭᠠᠳᠠᠭᠰᠢ ᠤᠨᠠᠬᠤ ᠬᠡᠷᠡᠭ ᠦᠭᠡᠢ ᠪᠣᠯᠵᠠᠶ᠂ ᠬᠤᠳᠠ ᠶᠢᠨ ᠠᠰᠠᠷ ᠤᠨ ᠠᠰᠠᠷ ᠲᠠᠢ ᠶᠠᠮᠠᠷ ᠴᠤ ᠢᠯᠭᠠᠭ᠎ᠠ ᠦᠭᠡᠢ ᠁︾ ᠭᠡᠵᠦ ᠱᠢ ᠳ᠋ᠠ ᠭᠦ᠋ ᠲᠣᠰᠬᠤᠨ ᠤ ᠠᠷᠠᠳ ᠸᠠᠩ ᠯᠦᠩ ᠬᠡᠯᠡᠬᠦ ᠳᠡᠭᠡᠨ᠂ ︽ᠤᠳᠤ ᠲᠣᠰᠬᠤᠨ ᠤ ᠨᠣᠭᠤᠭᠠᠨ ᠥᠩᠭᠡ ᠤᠯᠠᠮ ᠠᠴᠠ ᠤᠯᠠᠮ ᠥᠳᠬᠡᠷᠡᠵᠦ ᠪᠠᠶᠢᠨ᠎ᠠ᠂ ᠬᠥᠳᠡᠯᠭᠡᠭᠡᠨ ᠤ ᠲᠠᠯᠠᠪᠤᠷ ᠴᠦ ᠤᠯᠠᠮ ᠠᠴᠠ ᠤᠯᠠᠮ ᠭᠤᠶᠤ ᠪᠣᠯᠵᠠᠢ︾ ᠭᠡᠪᠡ᠃      ᠱᠢ ᠳ᠋ᠠ ᠭᠦ᠋ ᠲᠣᠰᠬᠤᠨ ᠪᠣᠯᠬᠤ ᠪᠠᠷ ᠪᠠᠷᠠᠬᠤ ᠦᠭᠡᠢ᠂ ᠳ᠋ᠦᠩ ᠾᠧ ᠲᠣᠭᠤᠷᠢᠭ ᠤᠨ ᠲᠣᠰᠬᠤᠨ ᠨᠢᠭᠡᠪᠦᠷᠢ ᠶᠢᠨ ᠲᠣᠰᠬᠤᠨ ᠤ ᠳᠦᠷᠰᠦ ᠪᠠᠶᠢᠳᠠᠯ ᠨᠢ ᠴᠥᠮ ᠬᠥᠮᠦᠰ ᠢ ᠪᠠᠶᠠᠷᠯᠠᠭᠤᠯᠬᠤ ᠬᠤᠪᠢᠷᠠᠯᠲᠠ ᠭᠠᠷᠴᠤ ᠪᠠᠶᠢᠨ᠎ᠠ ᠃ ᠬᠥᠳᠡᠭᠡ ᠲᠣᠰᠬᠤᠨ ᠤ ᠪᠤᠵᠠᠷ᠂ ᠡᠮᠬᠢ ᠵᠠᠮᠪᠠᠷᠠᠭ᠎ᠠ ᠦᠭᠡᠢ᠂ ᠮᠠᠭᠤ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠵᠦ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠢᠨ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ︽ᠬᠦᠴᠢᠷ ᠠᠰᠠᠭᠤᠳᠠᠯ ᠢ ᠰᠢᠢᠳᠪᠦᠷᠢᠯᠡᠬᠦ᠂ ᠪᠣᠳᠠᠲᠠᠢ ᠶᠠᠪᠤᠳᠠᠯ ᠬᠢᠬᠦ᠂ ᠬᠥᠭᠵᠢᠯᠲᠡ ᠶᠢ ᠠᠬᠢᠭᠤᠯᠬᠤ︾ ᠠᠷᠠᠳ ᠤᠨ ᠠᠮᠢᠳᠤᠷᠠᠯ ᠤᠨ ᠲᠦᠷᠦᠯ ᠵᠦᠢᠯ ᠪᠣᠯᠭᠠᠵᠤ᠂ ᠪᠣᠬᠢᠷ ᠤᠰᠤ ᠶᠢ ᠵᠠᠰᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ᠂ ᠨᠡᠶᠢᠲᠡ ᠶᠢᠨ ᠵᠣᠷᠯᠣᠩ ᠢ ᠥᠭᠡᠷᠡᠴᠢᠯᠡᠬᠦ ᠵᠡᠷᠭᠡ ᠢᠨᠵᠧᠨᠧᠷᠢᠩ ᠢᠶᠠᠷ ᠳᠠᠮᠵᠢᠭᠤᠯᠵᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠠᠷᠠᠳ ᠤᠯᠠᠨ ᠤ ᠵᠣᠯ ᠵᠢᠷᠭᠠᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ᠠᠶᠢᠯ ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠡᠩᠨᠡᠭᠡ ᠶᠢ 200 ᠭᠠᠷᠤᠢ ᠵᠣᠬᠢᠶᠠᠨ ᠪᠠᠶᠢᠭᠤᠯᠵᠤ᠂ ᠪᠦᠬᠦ ᠵᠢᠯ ᠳᠤ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠨᠡᠶᠢᠳᠡ 4.73 ᠲᠦᠮᠡ ᠭᠠᠷᠤᠢ ᠲᠣᠨ ᠴᠡᠪᠡᠷᠯᠡᠵᠦ᠂ ᠡᠯ᠎ᠡ ᠲᠦᠷᠦᠯ ᠤᠨ ᠲᠦᠷᠦᠯ ᠵᠦᠢᠯ ᠤᠨ ᠪᠡᠯᠡ ᠮᠥᠩᠭᠦ ᠶᠢ ᠨᠡᠶᠢᠳᠡ 2000 ᠲᠦᠮᠡᠨ ᠲᠥᠭᠦᠷᠢᠭ ᠨᠡᠶᠢᠳᠬᠡᠪᠡ᠃ ᠨᠠᠮ ᠤᠨ ᠡᠭᠦᠷ ᠨᠢᠭᠡᠪᠦᠷᠢ ᠪᠣᠯ ᠨᠢᠭᠡᠨ ᠳᠠᠶᠢᠴᠢᠨ ᠪᠠᠬᠢᠯᠡᠯᠲᠡ ᠮᠥᠨ᠃ ᠳ᠋ᠦᠩ ᠾᠧ ᠲᠣᠭᠤᠷᠢᠭ ᠤᠨ ᠬᠢᠨ ᠡᠯ᠎ᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠨᠴᠠᠯᠢᠭᠳᠤ ᠳᠠᠪᠠᠭᠤᠯᠢᠭ ᠢ ᠭᠦᠢᠴᠡᠳ ᠠᠭᠤᠳᠠᠯᠵᠤ᠂ ᠨᠠᠮ ᠤᠨ ᠭᠡᠰᠢᠭᠦᠨ ᠺᠠᠳ᠋ᠷᠴᠤᠳ ᠤᠨ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠬᠦ᠂ ᠪᠡᠯᠡ ᠮᠥᠩᠭᠦ ᠴᠤᠭᠯᠠᠭᠤᠯᠬᠤ᠂ ᠤᠬᠠᠭᠤᠯᠵᠤ ᠬᠦᠳᠦᠯᠦᠨ ᠵᠢᠯᠣᠭᠤᠳᠬᠤ ᠵᠡᠷᠭᠡ ᠲᠠᠯ᠎ᠠ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ︽ᠰᠢᠶᠠᠨ ᠤ ᠱᠠᠲᠤᠨ ᠤ ᠤᠳᠤᠷᠢᠳᠤᠯᠭ᠎ᠠ ᠪᠠᠯᠭᠠᠰᠤ ᠶᠢ ᠳᠠᠭᠠᠭᠠᠴᠢᠯᠠᠬᠤ᠂ ᠰᠢᠶᠠᠩ ᠰᠠᠯᠠᠭᠠᠨ ᠲᠡᠰ ᠤᠨ ᠤᠳᠤᠷᠢᠳᠤᠯᠭ᠎ᠠ ᠬᠡᠰᠡᠭ ᠢ ᠳᠠᠭᠠᠭᠠᠴᠢᠯᠠᠬᠤ᠂ ᠪᠠᠶᠢᠭᠤᠯᠤᠯᠭ᠎ᠠ ᠶᠢᠨ ᠺᠠᠳ᠋ᠷ ᠲᠣᠰᠬᠤᠨ ᠢ ᠳᠠᠭᠠᠭᠠᠴᠢᠯᠠᠬᠤ᠂ ᠲᠣᠰᠬᠤᠨ ᠤ ᠺᠠᠳ᠋ᠷ ᠲᠣᠣᠷᠵᠢᠯ ᠢ ᠳᠠᠭᠠᠭᠠᠴᠢᠯᠠᠬᠤ᠂ ᠨᠠᠮ ᠤᠨ ᠭᠡᠰᠢᠭᠦᠨ ᠡᠷᠦᠬᠡ ᠶᠢ ᠳᠠᠭᠠᠭᠠᠴᠢᠯᠠᠬᠤ︾ ᠲᠠᠪᠤᠨ ᠱᠠᠲᠤᠨ ᠤ ᠠᠵᠢᠯ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ︽ᠵᠡᠭᠡᠯᠢ ᠭᠤᠳᠤᠮᠵᠢ ᠶᠢᠨ ᠲᠣᠣᠷᠵᠢᠯ ᠤᠨ ᠳᠠᠷᠤᠭ᠎ᠠ︾ ︽ᠲᠠᠷᠢᠶᠠᠴᠢᠨ ᠡᠷᠦᠬᠡ ᠶᠢᠨ ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ︽ᠬᠤᠭ ᠨᠣᠪᠰᠢ ᠶᠢ ᠡᠳᠦᠷ ᠲᠤ ᠴᠡᠪᠡᠷᠯᠡᠬᠦ︾ ᠵᠡᠷᠭᠡ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠦᠷᠢᠮ ᠢ ᠶᠡᠬᠡᠪᠡᠷ ᠬᠡᠷᠡᠭᠵᠢᠭᠦᠯᠵᠦ᠂ ︽ᠡᠷᠦᠬᠡ ᠶᠢ ᠲᠥᠪᠯᠡᠷᠡᠭᠦᠯᠬᠦ᠂ ᠲᠣᠰᠬᠤᠨ ᠢ ᠬᠤᠷᠢᠶᠠᠬᠤ᠂ ᠪᠠᠯᠭᠠᠰᠤ ᠶᠢ ᠵᠥᠭᠡᠭᠡᠪᠦᠷᠢᠯᠡᠬᠦ᠂ ᠲᠣᠭᠤᠷᠢᠭ ᠤᠨ ᠬᠤᠭ ᠨᠣᠪᠰᠢ ᠶᠢ ᠬᠤᠷᠢᠶᠠᠬᠤ᠂ ᠬᠠᠳᠠᠭᠠᠯᠠᠬᠤ᠂ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠢ ᠪᠠᠶᠢᠭᠤᠯᠵᠤ᠂ ︽ᠬᠦᠬᠡ ᠣᠭᠲᠠᠷᠭᠤᠢ ᠬᠥᠬᠡᠮᠳᠦᠭ ᠤᠰᠤ ᠴᠡᠪᠡᠷ ᠬᠥᠷᠥᠰᠥ︾ ᠦᠷᠭᠦᠯᠵᠢ ᠲᠣᠰᠬᠤᠨ ᠤ ᠠᠷᠠᠳ ᠤᠨ ᠳᠡᠷᠭᠡᠳᠡ ᠠᠪᠴᠢᠷᠠᠨ᠎ᠠ᠃
     ᠡᠳᠡᠭᠡᠷ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠶᠠᠰᠤ ᠴᠢᠨᠠᠷ ᠨᠢ ᠪᠠᠷᠢᠮᠵᠢᠶ᠎ᠠ ᠳᠤ ᠬᠦᠷᠦᠭᠰᠡᠨ ᠡᠰᠡᠬᠦ ︖ ᠠᠷᠢᠭᠤᠨ ᠴᠡᠪᠡᠷ ᠤᠨ ᠲᠥᠬᠦᠭᠡᠷᠦᠮᠵᠢ ᠶᠢ ᠬᠠᠮᠠᠭᠠᠯᠠᠬᠤ ᠬᠥᠮᠥᠨ ᠪᠠᠢᠨ᠎ᠠ ᠤᠤ︖ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠣᠯ ᠤᠷᠳᠤ ᠬᠤᠭᠤᠴᠠᠭᠠᠨ ᠤ ᠪᠦᠲᠦᠮᠵᠢᠲᠡᠢ ᠵᠠᠰᠠᠯᠲᠠ ᠶᠤᠮ ᠤᠤ ᠡᠰᠡᠬᠦᠯ᠎ᠡ ᠨᠢᠭᠡ ᠬᠡᠰᠡᠭ ᠰᠠᠯᠬᠢ ᠤᠤ︖ ᠲᠣᠰᠬᠤᠨ ᠤ ᠠᠷᠠᠳ ᠤᠨ ᠵᠣᠪᠠᠨᠢᠯ ᠤᠨ ᠡᠮᠦᠨ᠎ᠡ᠂ ᠳ᠋ᠦᠩ ᠾᠧ ᠲᠣᠭᠤᠷᠢᠭ ᠤᠨ ᠬᠢᠨ ᠪᠦᠬᠦ ᠶᠠᠪᠤᠴᠠ ᠶᠢ ᠮᠥᠷᠳᠡᠨ ᠬᠢᠨᠠᠨ ᠬᠠᠮᠢᠶᠠᠷᠬᠤ ᠰᠢᠰᠲ᠋ᠧᠮ ᠢ ᠪᠠᠶᠢᠭᠤᠯᠵᠤ᠂ ᠪᠠᠷᠢᠯᠭ᠎ᠠ ᠶᠢᠨ ᠠᠵᠢᠯ ᠤᠨ ᠶᠠᠪᠤᠴᠠ ᠶᠢ ᠴᠢᠩᠳᠠᠯᠠᠵᠤ᠂ ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠬᠢᠨᠠᠨ ᠪᠤᠳᠤᠬᠤ ᠵᠡᠷᠭᠡ ᠱᠠᠲᠤᠨ ᠳᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠲᠦᠷᠦᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠪᠠᠷᠢᠯᠭ᠎ᠠ ᠶᠢᠨ ᠠᠵᠢᠯ ᠤᠨ ᠵᠢᠷᠤᠮᠵᠢᠯ ᠢ ᠴᠢᠩᠭ᠎ᠠ ᠭᠦᠢᠴᠡᠳᠬᠡᠵᠦ᠂ ᠲᠦᠷᠦᠯ ᠵᠦᠢᠯ ᠢ ᠪᠠᠶᠢᠭᠤᠯᠬᠤ ᠠᠴᠠ ᠡᠮᠦᠨ᠎ᠡ ᠬᠢᠨᠠᠨ ᠵᠥᠪᠰᠢᠶᠡᠷᠡᠬᠦ ᠲᠠᠢ ᠪᠠᠶᠢᠬᠤ᠂ ᠶᠠᠪᠤᠴᠠ ᠶᠢ ᠬᠢᠨᠠᠨ ᠬᠠᠮᠢᠶᠠᠷᠤᠭᠰᠠᠨ ᠦᠷ᠎ᠡ ᠳ᠋ᠦᠩ ᠲᠠᠢ᠂ ᠪᠠᠶᠢᠭᠤᠯᠤᠭᠰᠠᠨ ᠤ ᠳᠠᠷᠠᠭ᠎ᠠ ᠬᠠᠮᠢᠶᠠᠷᠴᠤ ᠬᠠᠮᠠᠭᠠᠯᠠᠬᠤ ᠶᠢ ᠪᠠᠲᠤᠯᠠᠬᠤ ᠶᠢᠨ ᠬᠠᠮᠲᠤ ︽ᠡᠳᠦᠷ ᠲᠤ ᠰᠤᠭᠤᠴᠢᠨ ᠪᠠᠶᠢᠴᠠᠭᠠᠬᠤ᠂ ᠭᠠᠷᠠᠭ ᠲᠤ ᠮᠡᠳᠡᠭᠡᠯᠡᠬᠦ᠂ ᠤᠯᠠᠷᠢᠯ ᠳᠤ ᠠᠳᠠᠯᠢᠳᠬᠠᠨ ᠰᠢᠯᠭᠠᠷᠠᠭᠤᠯᠬᠤ︾ ᠲᠣᠭᠲᠠᠴᠠ ᠶᠢ ᠲᠣᠭᠲᠠᠭᠠᠨ ᠨᠡᠶᠢᠲᠡᠯᠡᠵᠦ᠂ ᠲᠣᠭᠲᠠᠮᠠᠯ ᠬᠤᠭᠤᠴᠠᠭᠠᠨ ᠤ᠂ ᠲᠤᠰᠬᠠᠢ ᠵᠦᠢᠯ᠂ ᠨᠢᠭᠡᠳᠦᠭᠡᠷ ᠹᠷᠣᠨᠲ ᠲᠤ ᠱᠠᠯᠠᠪᠳᠠᠭᠤᠯᠤᠨ ᠪᠠᠶᠢᠴᠠᠭᠠᠬᠤ ᠠᠷᠭ᠎ᠠ ᠬᠡᠯᠪᠡᠷᠢ ᠪᠠᠷ ᠠᠶᠢᠯ ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠶᠢ ᠶᠡᠷᠦᠩᠬᠡᠶᠢᠯᠡᠨ ᠰᠢᠯᠭᠠᠨ ᠦᠨᠡᠯᠡᠵᠦ᠂ ᠰᠢᠯᠢᠳᠡᠭ ᠢ ᠨᠢ ᠱᠠᠩᠨᠠᠵᠤ ᠮᠠᠭᠤ ᠶᠢ ᠨᠢ ᠲᠣᠷᠭᠠᠬᠤ᠂ ᠠᠷᠠᠳ ᠤᠨ ᠠᠮᠢᠳᠤᠷᠠᠯ ᠤᠨ ᠲᠦᠷᠦᠯ ᠵᠦᠢᠯ ᠨᠢᠭᠡᠪᠦᠷᠢ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠪᠠ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠨᠢᠭᠤᠷ ᠲᠠᠯ᠎ᠠ︾ ᠠᠪᠬᠤ ᠮᠥᠷᠲᠡᠭᠡᠨ ᠨᠡᠩ ᠴᠤ ︽ᠳᠣᠲᠣᠷ᠎ᠠ︾ ᠪᠠᠶᠢᠬᠤ ᠬᠡᠷᠡᠭᠲᠡᠢ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠢᠨ ᠪᠠᠰᠠ ︽ᠨᠠᠮ ᠤᠨ ᠪᠠᠶᠢᠭᠤᠯᠤᠯᠲᠠ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ︾ ᠵᠠᠭᠪᠤᠷ ᠢ ᠠᠪᠴᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠲᠠᠢ ᠤᠶᠠᠯᠳᠤᠭᠤᠯᠬᠤ ᠶᠢ ᠲᠠᠰᠤᠷᠠᠯᠲᠠ ᠦᠭᠡᠢ ᠠᠬᠢᠭᠤᠯᠵᠤ᠂ ︽ᠺᠠᠳ᠋ᠷ ᠲᠦᠷᠦᠭᠦᠯᠡᠬᠦ᠂ ᠨᠠᠮ ᠤᠨ ᠭᠡᠰᠢᠭᠦᠨ ᠵᠢᠱᠢᠶ᠎ᠡ ᠦᠵᠡᠭᠦᠯᠬᠦ᠂ ᠤᠯᠠᠨ ᠲᠦᠮᠡᠨ ᠣᠷᠣᠯᠴᠠᠬᠤ︾ ᠠᠵᠢᠯ ᠤᠨ ᠵᠠᠭᠪᠤᠷ ᠢᠶᠠᠷ ᠲᠣᠰᠬᠤᠨ ᠤ ᠠᠷᠠᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠬᠦᠷᠢᠶᠡᠨ ᠤ ᠳᠣᠲᠣᠷ᠎ᠠ ᠭᠠᠳᠠᠨᠠᠬᠢ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠭᠡᠷ ᠤᠨ ᠡᠮᠦᠨ᠎ᠡ ᠬᠤᠶᠢᠨᠠᠬᠢ ᠨᠣᠭᠤᠭᠠᠷᠠᠭᠤᠯᠤᠯᠲᠠ ᠭᠤᠶᠣᠵᠢᠭᠤᠯᠤᠯᠲᠠ ᠵᠡᠷᠭᠡ ᠠᠵᠢᠯ ᠢ ᠥᠷᠨᠢᠭᠦᠯᠪᠡ᠃ ᠡᠭᠦᠨ ᠤ ᠬᠠᠮᠲᠤ᠂ ᠲᠣᠰᠬᠤᠨ ᠤ ᠬᠢᠨ ᠪᠠᠰᠠ ︽ᠬᠠᠮᠤᠭ ᠤᠨ ᠭᠤᠶᠤ ᠭᠡᠷ ᠪᠦᠯᠢ︾ ᠶᠢ ᠰᠢᠯᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠳᠡᠷᠭᠡᠳᠡᠬᠢ ᠵᠢᠱᠢᠶᠡᠴᠢ᠂ ᠰᠠᠶᠢᠨ ᠮᠡᠳᠡᠳᠡᠭ ᠳᠠᠭᠤᠷᠢᠶᠠᠯ ᠢ ᠰᠣᠩᠭᠤᠬᠤ ᠪᠠᠷ ᠳᠠᠮᠵᠢᠭᠤᠯᠤᠨ ᠥᠷᠭᠡᠨ ᠤᠯᠠᠨ ᠲᠣᠰᠬᠤᠨ ᠤ ᠠᠷᠠᠳ ᠢ ᠪᠠᠭ᠎ᠠ ᠠᠴᠠ ᠪᠠᠨ ᠡᠬᠢᠯᠡᠨ ᠬᠢᠵᠦ᠂ ᠪᠠᠭ᠎ᠠ ᠶᠠᠪᠤᠳᠠᠯ ᠠᠴᠠ ᠡᠬᠢᠯᠡᠨ ᠥᠭᠡᠷᠡᠴᠢᠯᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠥᠷᠨᠢᠯᠲᠡ ᠶᠢ ᠪᠤᠢ ᠪᠣᠯᠭᠠᠵᠤ᠂ ︽ᠠᠶᠢᠯ ᠡᠷᠦᠬᠡ ᠵᠡᠷᠭᠡ ᠪᠠᠷ ᠲᠡᠮᠡᠴᠡᠵᠦ᠂ ᠪᠦᠬᠦ ᠲᠠᠯ᠎ᠠ ᠪᠠᠷ ᠣᠷᠣᠯᠴᠠᠵᠤ ᠬᠠᠮᠲᠤ ᠪᠠᠷ ᠵᠠᠰᠠᠬᠤ︾ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃
     ᠣᠳᠣᠬᠠᠨ ᠳᠤ᠂ ᠳ᠋ᠦᠩ ᠾᠧ ᠲᠣᠭᠤᠷᠢᠭ ᠤᠨ ᠬᠢᠨ ᠨᠢᠭᠡᠨᠲᠡ ᠪᠦᠬᠦ ᠣᠷᠣᠨ ᠤ ᠡᠯ᠎ᠡ ᠲᠣᠰᠬᠤᠨ ᠳᠤ ᠪᠣᠬᠢᠷ ᠤᠰᠤᠨ ᠤ ᠬᠤᠭᠤᠯᠠᠢ ᠲᠣᠣᠷ ᠢ 11300 ᠭᠠᠷᠤᠢ ᠮᠧᠳ᠋ᠷ ᠳᠡᠪᠢᠰᠴᠦ᠂ 302 ᠬᠤᠳᠳᠤᠭ᠂ 2 ᠭᠠᠳᠠᠭᠰᠢᠯᠠᠭᠤᠷ ᠤᠨ ᠲᠠᠲᠠᠭᠠᠯ ᠪᠠᠶᠢᠭᠤᠯᠵᠤ᠂ 10041.69 ᠲᠡᠭᠰᠢ ᠳᠥᠷᠪᠡᠯᠵᠢᠨ ᠮᠧᠳ᠋ᠷ ᠪᠧᠲ᠋ᠣᠨ ᠤ ᠵᠠᠮ ᠤᠨ ᠭᠠᠳᠠᠷᠭᠤ ᠶᠢ ᠰᠡᠯᠪᠢᠨ ᠵᠠᠰᠠᠵᠤ᠂ ᠬᠥᠳᠡᠭᠡ ᠲᠣᠰᠬᠤᠨ ᠤ ᠤᠰᠤ ᠪᠠᠷ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠶᠢ 100 ᠡᠷᠦᠬᠡ ᠬᠡᠷᠡᠭᠵᠢᠭᠦᠯᠵᠦ᠂ ᠪᠦᠬᠦ ᠵᠢᠯ ᠳᠤ ᠮᠠᠯ ᠵᠢᠭᠦᠷᠲᠡᠨ ᠤ ᠲᠡᠵᠢᠭᠡᠨ ᠦᠷᠡᠵᠢᠭᠦᠯᠬᠦ ᠪᠠᠭᠠᠰᠤᠨ ᠪᠣᠬᠢᠷᠳᠤᠯ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠤᠨ ᠲᠤᠭ᠎ᠠ ᠬᠡᠮᠵᠢᠶ᠎ᠡ ᠶᠢ 0.9 ᠲᠦᠮᠡ ᠭᠠᠷᠤᠢ ᠲᠣᠨ ᠴᠡᠪᠡᠷᠯᠡᠵᠦ᠂ ᠲᠣᠰᠬᠤᠨ ᠤ ᠳᠣᠲᠣᠷᠠᠬᠢ ᠤᠰᠤᠨ ᠴᠥᠭᠦᠷᠥᠮ ᠢ ᠴᠡᠪᠡᠷᠯᠡᠵᠦ᠂ ᠲᠣᠰᠬᠤᠨ ᠤ ᠳᠣᠲᠣᠷᠠᠬᠢ ᠭᠤᠤ ᠰᠤᠪᠠᠭ ᠢ 16.7 ᠺᠢᠯᠣᠮᠧᠳ᠋ᠷ ᠴᠡᠪᠡᠷᠯᠡᠵᠡᠶ᠃ ᠵᠣᠯ ᠵᠢᠷᠭᠠᠯ ᠤᠨ ᠳᠠᠩᠰᠠ ᠬᠠᠷ᠎ᠠ ᠨᠢ ᠵᠣᠯ ᠵᠢᠷᠭᠠᠯ ᠤᠨ ᠬᠦᠰᠡᠯ ᠢ ᠠᠴᠢᠶᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠵᠡᠰᠬᠦᠯᠡᠩᠲᠦ ᠵᠢᠷᠤᠭ ᠢ ᠵᠢᠷᠤᠭᠯᠠᠵᠤ ᠪᠠᠶᠢᠪᠠ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1