【 ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠦᠮᠦᠵᠢᠯ 】 ᠾᠧ ᠫᠢᠩ ᠵᠠᠮ ᠤᠨ ᠵᠡᠭᠡᠯᠢ ᠭᠤᠳᠤᠮᠵᠢ᠄ ︽ᠭᠤᠷᠪᠠᠨ ᠠᠩᠬᠠᠷᠤᠯ︾ ᠤᠨ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2023/11/28
    ᠾᠧ ᠫᠢᠩ ᠵᠠᠮ ᠤᠨ ᠵᠡᠭᠡᠯᠢ ᠭᠤᠳᠤᠮᠵᠢ ᠶᠢᠨ ᠬᠢᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠵᠦ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ︽ᠭᠤᠷᠪᠠᠨ ᠲᠥᠪᠯᠡᠷᠡᠯ︾ ᠤᠨ ᠲᠣᠭᠤᠷᠢᠨ ᠳᠤ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃      ᠦᠵᠡᠯ ᠰᠠᠨᠠᠭᠠᠨ ᠤ ᠳᠡᠭᠡᠭᠰᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠪᠠ ᠤᠯᠠᠨ ᠲᠦᠮᠡᠨ᠂ ᠺᠠᠳ᠋ᠷ ᠪᠠ ᠤᠯᠠᠨ ᠲᠦᠮᠡᠨ ᠤ ︽ᠨᠢᠭᠲᠠᠷᠠᠯ ᠤᠨ ᠬᠦᠴᠦᠨ︾ ᠢ ᠴᠢᠩᠭᠠᠷᠠᠭᠤᠯᠤᠨ᠎ᠠ᠃ ᠣᠨᠣᠯ ᠢᠶᠠᠷ ᠵᠡᠪᠰᠡᠭᠯᠡᠬᠦ ᠶᠢ ᠢᠮᠠᠭᠲᠠ ᠲᠤᠤᠱᠯᠠᠭᠤᠯᠬᠤ ᠶᠢ ᠪᠠᠷᠢᠮᠲᠠᠯᠠᠵᠤ᠂ ︽ᠡᠾᠧ ᠫᠢᠡᠭ ᠵᠠᠮ ᠤᠨ ᠵᠡᠭᠡᠯᠢ ᠭᠤᠳᠤᠮᠵᠢ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ ᠲᠤᠬᠠᠶ ᠬᠡᠷᠡᠭᠵᠢᠭᠦᠯᠬᠦ ᠨᠠᠷᠢᠨ ᠳᠦᠷᠢᠮ ᠵᠢᠴᠢ ᠠᠵᠢᠯ ᠤᠨ ᠡᠭᠦᠷᠭᠡ ᠶᠢᠨ ᠨᠠᠷᠢᠨ ᠳᠠᠩᠰᠠ︾ ᠶᠢ ᠲᠣᠭᠲᠠᠭᠠᠵᠤ᠂ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠠᠶᠢᠭᠤᠯᠭ᠎ᠠ ᠶᠢᠨ ᠨᠠᠮ ᠤᠨ ᠡᠭᠦᠷ ᠠᠴᠠ ᠲᠦᠷᠦᠭᠦᠯᠡᠨ 3 ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ᠂ 10 ᠨᠠᠮ ᠤᠨ ᠡᠭᠦᠷ᠂ 2 ᠨᠡᠶᠢᠲᠡ ᠶᠢᠨ ᠥᠮᠴᠢᠯᠡᠯ ᠤᠨ ᠪᠤᠰᠤ ᠨᠠᠮ ᠤᠨ ᠵᠣᠬᠢᠶᠠᠨ ᠪᠠᠶᠢᠭᠤᠯᠤᠯᠲᠠ ᠶᠢᠨ 619 ᠨᠠᠮ ᠤᠨ ᠭᠡᠰᠢᠭᠦᠨ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠲᠦᠷᠦᠭᠦᠯᠡᠨ ᠰᠤᠷᠤᠯᠴᠠᠵᠤ ᠬᠠᠪᠰᠤᠷᠤᠨ ᠵᠢᠯᠣᠭᠤᠳᠬᠤ᠂ ᠲᠦᠷᠦᠭᠦᠯᠡᠨ ᠰᠤᠷᠤᠯᠴᠠᠵᠤ ᠰᠡᠳᠬᠢᠵᠦ ᠤᠶᠢᠯᠡᠳᠤᠯᠭᠡᠵᠢᠭᠦᠯᠬᠦ ᠣᠶᠢᠯᠠᠭᠠᠬᠤ᠂ ᠲᠦᠷᠦᠭᠦᠯᠡᠨ ᠪᠣᠯᠪᠠᠰᠤᠨ ᠤ ᠤᠶᠢᠯᠡᠳᠤᠯᠭᠡ ᠶᠢᠨ ︽ᠳᠥᠷᠪᠡ ᠶᠢ ᠳᠠᠭᠠᠭᠤᠯᠬᠤ︾ ᠠᠵᠢᠯᠯᠠᠭ᠎ᠠ ᠶᠢ ᠥᠷᠨᠢᠭᠦᠯᠵᠦ᠂ ᠨᠠᠰᠤᠲᠠᠨ ᠢᠶᠠᠷ ᠰᠢᠨ᠎ᠡ ᠶᠢ ᠳᠠᠶᠢᠴᠢᠯᠠᠬᠤ᠂ ᠦᠶ᠎ᠡ ᠤᠯᠠᠮᠵᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠮ ᠤᠨ ᠭᠡᠰᠢᠭᠦᠨ ᠢ ᠬᠥᠲᠥᠯᠥᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠨᠠᠮ ᠤᠨ ᠭᠡᠰᠢᠭᠦᠨ ᠤ ᠡᠭᠦᠷᠭᠡ ᠪᠠᠨ ᠭᠦᠢᠴᠠᠤᠡᠭᠡᠵᠤ᠂ ᠪᠠᠶᠢᠭᠤᠯᠭ᠎ᠠ ᠶᠢᠨ ᠨᠠᠮ ᠤᠨ ᠡᠭᠦᠷ ᠤᠨ ︽ᠲᠦᠷᠦᠭᠦᠴᠢ ᠭᠠᠯᠠᠭᠤ ᠶᠢᠨ ᠤᠶᠢᠯᠡᠳᠤᠯ︾ ᠢ ᠤᠯᠠᠮ ᠨᠢᠭᠡ ᠠᠯᠬᠤᠮ ᠪᠠᠳᠠᠷᠠᠭᠤᠯᠪᠠ᠃ ᠣᠳᠣᠬᠠᠨ ᠪᠣᠯᠲᠠᠯ᠎ᠠ᠂ ᠭᠤᠤᠯ ᠳᠤᠭᠤᠶᠢᠯᠠᠩ ᠤᠨ ᠰᠤᠷᠤᠯᠴᠠᠯᠭ᠎ᠠ᠂ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ᠂ ᠺᠠᠳ᠋ᠷ ᠤᠨ ᠨᠣᠮ ᠤᠩᠰᠢᠬᠤ ᠬᠤᠷᠠᠯ᠂ ᠨᠠᠮ ᠤᠨ ᠬᠢᠴᠢᠶᠡᠯ ᠣᠷᠣᠬᠤ᠂ ᠭᠤᠤᠯ ᠰᠡᠳᠦᠪᠲᠦ ᠬᠥᠮᠦᠵᠢᠯ ᠢ ᠠᠬᠢᠭᠤᠯᠬᠤ ᠬᠤᠷᠠᠯ ᠪᠠ ᠪᠣᠯᠪᠠᠰᠤᠷᠠᠯ ᠤᠨ ᠬᠤᠷᠠᠯ᠂ ᠭᠤᠤᠯ ᠰᠡᠳᠦᠪᠲᠦ ᠨᠠᠮ ᠤᠨ ᠡᠳᠦᠷ ᠵᠡᠷᠭᠡ ᠠᠵᠢᠯᠯᠠᠭ᠎ᠠ ᠶᠢ 74 ᠤᠳᠠᠭ᠎ᠠ ᠥᠷᠨᠢᠭᠦᠯᠵᠦ᠂ 550 ᠭᠠᠷᠤᠶ ᠢᠵᠢ ᠰᠤᠷᠤᠯᠴᠠᠬᠤ ᠮᠠᠲ᠋ᠧᠷᠢᠶᠠᠯ ᠲᠠᠷᠬᠠᠭᠠᠵᠤ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠳᠤ 30 ᠭᠠᠷᠤᠶ ᠤᠳᠠᠭ᠎ᠠ ᠰᠤᠷᠤᠯᠴᠠᠭᠤᠯᠵᠤ᠂ ᠨᠡᠭᠦᠳᠡᠯ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠰᠦᠯᠵᠢᠶᠡᠨ ᠳᠡᠭᠡᠷ᠎ᠡ 50 ᠭᠠᠷᠤᠶ ᠤᠳᠠᠭ᠎ᠠ ᠰᠤᠷᠤᠯᠴᠠᠭᠤᠯᠪᠠ᠃      ᠠᠵᠢᠯ ᠬᠢᠵᠦ ᠦᠢᠯᠡᠰ ᠪᠤᠰᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠳᠤ ᠦᠢᠯᠡᠴᠢᠯᠡᠬᠦ ︽ᠰᠡᠳᠬᠢᠯ ᠤᠨ ᠬᠤᠯᠪᠤᠭᠠᠰᠤ︾ ᠶᠢ ᠨᠢᠭᠲᠠ ᠰᠦᠯᠵᠢᠨ᠎ᠡ᠃ ᠠᠵᠢᠯ ᠬᠢᠵᠦ ᠦᠢᠯᠡᠰ ᠪᠤᠰᠬᠠᠬᠤ ᠪᠠᠷ ᠭᠠᠷᠳᠠᠴᠠ ᠪᠣᠯᠭᠠᠵᠤ᠂ ᠤᠯᠠᠨ ᠲᠦᠮᠡᠨ ᠤ ︽ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ︾ ᠪᠠᠶᠢᠭ᠎ᠠ ᠠᠰᠠᠭᠤᠳᠠᠯ ᠢ ᠣᠨᠣᠪᠴᠢᠲᠠᠢ ᠡᠷᠢᠨ ᠣᠯᠵᠤ᠂ ᠨᠢᠭᠡ ᠴᠡᠭ᠂ ᠬᠤᠶᠠᠷ ᠢ ᠲᠥᠪᠯᠡᠷᠡᠭᠦᠯᠬᠦ᠂ ᠭᠤᠷᠪᠠᠨ ᠲᠠᠪᠴᠠᠩ᠂ ᠭᠤᠷᠪᠠ ᠶᠢ ︽1233︾ ᠠᠵᠢᠯ ᠤᠨ ᠠᠷᠭ᠎ᠠ ᠶᠢ ᠬᠡᠷᠡᠭᠯᠡᠵᠦ᠂ ᠠᠷᠠᠳ ᠲᠦᠮᠡᠨ ᠳᠤ ᠦᠢᠯᠡᠴᠢᠯᠡᠬᠦ ︽ᠰᠡᠳᠬᠢᠯ ᠤᠨ ᠬᠤᠯᠪᠤᠭᠠᠰᠤ︾ ᠶᠢ ᠤᠯᠠᠮ ᠨᠢᠭᠡ ᠠᠯᠬᠤᠮ ᠨᠢᠭᠲᠠ ᠪᠠᠶᠢᠭᠤᠯᠬᠤ ᠬᠡᠷᠡᠭᠲᠡᠢ᠃ ︽ᠨᠢᠭᠡ︾ ᠴᠡᠭ᠂ ᠲᠤᠬᠠᠶᠢᠯᠠᠪᠠᠯ ᠨᠠᠮ ᠤᠨ ᠭᠡᠰᠢᠭᠦᠨ ᠢᠶᠠᠷ ᠴᠡᠭ ᠪᠣᠯᠭᠠᠨ ᠨᠥᠯᠥᠭᠡᠯᠡᠨ ᠳᠠᠶᠢᠴᠢᠯᠠᠵᠤ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠶᠢ 21 ᠪᠦᠷᠢᠯᠳᠦᠭᠦᠯᠵᠦ᠂ ᠰᠦᠯᠵᠢᠶᠡᠨ ᠤ ᠠᠵᠢᠯᠲᠠᠨ ᠰᠠᠯᠪᠤᠷᠢ ᠪᠠᠭ᠎ᠠ ᠠᠩᠭᠢ ᠶᠢᠨ ᠬᠠᠷᠢᠭᠤᠴᠠᠯᠭᠠᠲᠠᠨ ᠪᠣᠯᠵᠣ᠂ ᠡᠳᠦᠷ ᠲᠤᠲᠤᠮ ᠤᠨ ᠬᠠᠷᠢᠯᠴᠠᠵᠤ ᠰᠤᠷᠪᠤᠯᠵᠢᠯᠠᠬᠤ᠂ ᠰᠠᠭᠤᠷᠢ ᠮᠡᠳᠡᠭᠡ ᠵᠠᠩᠭᠢ ᠴᠤᠭᠯᠠᠭᠤᠯᠬᠤ᠂ ᠪᠠᠶᠢᠳᠠᠯ ᠢ ᠳᠡᠭᠡᠭᠰᠢ ᠳᠠᠮᠵᠢᠭᠤᠯᠵᠤ ᠳᠣᠷᠣᠭᠰᠢ ᠪᠠᠭᠤᠯᠭᠠᠬᠤ ᠪᠠ ᠪᠦᠯᠬᠦᠮ ᠳᠠᠭᠠᠭᠤᠯᠤᠨ ᠬᠡᠷ ᠲᠤᠨᠢ ᠬᠦᠷᠴᠦ ᠦᠶ᠋ᠯᠡᠴᠢᠯᠡᠬᠦ ᠵᠡᠷᠭᠡ ᠠᠵᠢᠯ ᠢ ᠰᠠᠶᠢᠲᠤᠷ ᠬᠢᠪᠠ᠃ ︽ᠬᠤᠶᠠᠷ︾ ᠲᠦᠪᠯᠡᠷᠡᠭᠰᠡᠨ᠂ ᠲᠤᠬᠠᠶᠢᠯᠠᠪᠠᠯ ︽ᠯᠦ ᠴᠧᠩ ᠰᠢᠶᠠᠨ︾ ᠤ ᠲᠠᠪᠴᠠᠩ ᠢᠶᠠᠷ ᠳᠠᠮᠵᠢᠭᠤᠯᠤᠨ᠂ ᠨᠡᠶᠢᠭᠡᠮ ᠲᠣᠭᠤᠷᠢᠭ ᠲᠤ ᠲᠥᠪᠯᠡᠷᠡᠭᠦᠯᠦᠨ ᠨᠡᠷ᠎ᠡ ᠮᠡᠳᠡᠭᠦᠯᠦᠭᠰᠡᠨ ᠨᠠᠮ ᠤᠨ ᠭᠡᠰᠢᠭᠦᠨ ᠺᠠᠳ᠋ᠷ 249 ᠨᠡᠷᠡᠰ ᠪᠠᠶᠢᠵᠤ᠂ ᠳ᠋ᠢᠶᠠᠩᠬᠤᠸᠠ᠂ ᠸᠢᠴᠠᠲ᠂ ︽ᠡᠭᠦᠳᠡ ᠲᠣᠭᠰᠢᠬᠤ ᠠᠵᠢᠯᠯᠠᠭ᠎ᠠ︾ ᠪᠠᠷ ᠳᠠᠮᠵᠢᠭᠤᠯᠤᠨ ᠰᠦᠯᠵᠢᠶᠡᠨ ᠤ ᠳᠣᠲᠣᠷᠠᠬᠢ ᠡᠯ᠎ᠡ ᠲᠥᠷᠥᠯ ᠤᠨ ᠬᠠᠮᠲᠤᠯᠢᠭ ᠤᠨ ᠦᠨᠳᠦᠰᠦᠨ ᠪᠠᠶᠢᠳᠠᠯ ᠪᠠ ᠪᠣᠳᠠᠲᠤ ᠬᠡᠷᠡᠭᠴᠡᠭᠡ ᠶᠢ ᠨᠠᠷᠢᠨ ᠣᠶᠢᠯᠠᠭᠠᠵᠤ᠂ ᠠᠵᠢᠯᠲᠠᠨ ᠤ ᠮᠡᠳᠡᠭᠡ ᠵᠠᠩᠭᠢ ᠶᠢᠨ ᠡᠬᠡ ᠲᠠᠩᠰᠠ ᠶᠢ 20 ᠭᠠᠷᠤᠶ ᠳᠡᠪᠲᠡᠷ ᠲᠡᠭᠦᠯᠳᠡᠷᠵᠢᠭᠦᠯᠪᠡ᠃ ︽ᠭᠤᠷᠪᠠ︾ ᠲᠠᠪᠴᠠᠩ ᠨᠢ ᠳᠠᠷᠤᠶ ᠰᠡᠳᠬᠢᠯ ᠢ ᠳᠤᠯᠠᠭᠠᠴᠠᠭᠤᠯᠬᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠠᠪᠴᠠᠩ᠂ ᠡᠭᠦᠯᠡᠨ ᠲᠠᠪᠴᠠᠩ ᠳᠤ ᠭᠠᠷᠬᠤ ᠂ ᠰᠠᠨᠠᠯ ᠬᠤᠷᠢᠶᠠᠬᠤ ᠲᠠᠪᠴᠠᠩ ᠢ ᠪᠠᠶᠢᠭᠤᠯᠵᠤ᠂ ᠡᠯ᠎ᠡ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠤᠨ 30 ᠭᠠᠷᠤᠶ ᠬᠤᠳᠠᠯᠳᠤᠭᠠᠨ ᠤ ᠡᠷᠦᠬᠡ ᠡᠬᠢ ᠪᠠᠶᠠᠯᠢᠭ ᠢ ᠬᠤᠯᠪᠣᠭᠠᠯᠠᠨ ᠬᠥᠳᠡᠯᠦᠯᠴᠡᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠬᠠᠶᠢᠴᠢᠯᠠᠮᠠᠯ᠂ ᠠᠯᠪᠠᠨ ᠵᠢᠷᠤᠮ ᠤᠨ ᠰᠡᠯᠪᠢᠨ ᠵᠠᠰᠠᠯᠲᠠ᠂ ᠦᠨ᠎ᠡ ᠨᠤᠭᠤᠯᠵᠤ ᠬᠤᠭᠤᠯᠠᠯᠠᠬᠤ ᠵᠡᠷᠭᠡ 27 ᠵᠦᠢᠯ ᠤᠨ ᠦᠢᠯᠡᠴᠢᠯᠡᠭᠡ ᠬᠠᠩᠭᠠᠬᠤ ᠶᠢᠨ ᠬᠠᠮᠲᠤ ᠣᠯᠠᠨ ᠨᠡᠶᠢᠲᠡ ᠶᠢᠨ ᠳ᠋ᠤᠭᠠᠷ ᠪᠠ 49 ᠰᠠᠭᠤᠭᠠᠯᠢ ᠠᠷᠠᠳ ᠤᠨ ᠸᠢᠴᠠᠲ ᠢᠶᠠᠷ ᠳᠠᠮᠵᠢᠭᠤᠯᠤᠨ ᠬᠠᠷᠢᠶ᠎ᠠ ᠣᠷᠣᠨ ᠤ ᠬᠥᠳᠡᠯᠦᠩᠭᠦᠶ ᠮᠡᠳᠡᠭᠡ ᠵᠠᠩᠭᠢ ᠪᠠ ᠦᠢᠯᠡᠴᠢᠯᠡᠭᠡᠨ ᠤ ᠯᠠᠪᠯᠠᠭ᠎ᠠ ᠶᠢ 300 ᠭᠠᠷᠤᠶ ᠵᠤᠷᠪᠤᠰ ᠴᠠᠭ ᠲᠤᠬᠠᠶ ᠳᠤᠨᠢ ᠬᠦᠷᠭᠡᠪᠡ︔ ᠭᠤᠤᠯ ᠰᠡᠳᠦᠪᠲᠦ ᠬᠥᠮᠦᠵᠢᠯ ᠤᠨ ᠰᠠᠨᠠᠯ ᠬᠤᠷᠢᠶᠠᠬᠤ ᠬᠠᠶᠢᠷᠴᠠᠭ 4᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠵᠥᠪᠳᠡᠯᠴᠡᠬᠦ ᠬᠤᠷᠠᠯ᠂ ᠠᠷᠠᠳ ᠤᠨ ᠪᠠᠶᠢᠳᠠᠯ ᠲᠠᠢ ᠤᠶᠠᠯᠳᠤᠭᠤᠯᠤᠨ᠂ ᠨᠡᠶᠢᠲᠡ 173 ᠵᠤᠷᠪᠤᠰ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠵᠤ᠂ ᠣᠯᠠᠨ ᠲᠦᠮᠡᠨ ᠤ ᠪᠠᠴᠢᠮ ᠬᠦᠴᠢᠷ ᠠᠰᠠᠭᠤᠳᠠᠯ ᠢ 157 ᠰᠢᠢᠳᠪᠦᠷᠢᠯᠡᠪᠡ᠃ ︽ᠭᠤᠷᠪᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠬᠠᠶᠢᠯᠠᠪᠠᠯ ᠭᠠᠭᠴᠠᠭᠠᠷ ᠰᠠᠭᠤᠭ᠎ᠠ ᠨᠠᠰᠤᠲᠠᠨ᠂ ᠵᠡᠮᠳᠡᠭᠴᠦᠳ ᠤᠨ ᠭᠡᠷ ᠪᠦᠯᠢ᠂ ᠬᠦᠴᠢᠷᠳᠡᠯᠲᠡᠶ ᠣᠯᠠᠨ ᠲᠦᠮᠡᠨ ᠵᠡᠷᠭᠡ ᠬᠠᠮᠲᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠤᠷᠢᠳ ᠬᠤᠵᠢᠳ ᠡᠷᠦᠬᠡ ᠳᠤ ᠬᠦᠷᠴᠦ ᠨᠡᠶᠢᠭᠡᠮ ᠤᠨ ᠪᠠᠲᠤᠯᠠᠭ᠎ᠠ ᠶᠢᠨ ᠭᠡᠷᠡᠴᠢᠯᠡᠯ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ᠂ ᠬᠠᠤᠯᠢ ᠴᠠᠭᠠᠵᠠ ᠶᠢᠨ ᠤᠬᠠᠭᠤᠯᠭ᠎ᠠ᠂ ᠰᠡᠳᠬᠢᠴᠡ ᠶᠢᠨ ᠵᠢᠯᠣᠭᠤᠳᠤᠯᠭ᠎ᠠ᠂ ᠵᠡᠮᠳᠡᠭᠴᠦᠳ ᠤᠨ ᠭᠡᠷ ᠪᠦᠯᠢ ᠶᠢᠨ ᠲᠣᠬᠤᠨᠢᠭᠤᠯᠤᠯ ᠵᠡᠷᠭᠡ 80 ᠭᠠᠷᠤᠶ ᠤᠳᠠᠭ᠎ᠠ ᠶᠢᠨ ᠦᠢᠯᠡᠴᠢᠯᠡᠭᠡ ᠶᠢ ᠥᠷᠨᠢᠭᠦᠯᠵᠦ᠂ 1000 ᠭᠠᠷᠤᠶ ᠰᠠᠭᠤᠭᠠᠯᠢ ᠠᠷᠠᠳ ᠲᠤ ᠠᠰᠢᠭ ᠬᠦᠷᠲᠡᠭᠡᠵᠦ᠂ ᠠᠷᠠᠳ ᠤᠨ ᠲᠥᠯᠥᠭᠡ ᠪᠣᠳᠠᠲᠠᠶ ᠠᠵᠢᠯ ᠬᠢᠬᠦ᠂ ᠠᠷᠠᠳ ᠤᠨ ᠵᠣᠪᠠᠨᠢᠯ ᠢ ᠠᠷᠢᠯᠭᠠᠬᠤ ᠪᠠᠷ ᠳᠠᠮᠵᠢᠭᠤᠯᠤᠨ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢᠶᠠᠷ ᠠᠷᠠᠳ ᠤᠨ ᠠᠮᠢᠳᠤᠷᠠᠯ ᠳᠤ ᠦᠨᠡᠨᠬᠦ ᠠᠰᠢᠭ ᠬᠦᠷᠲᠡᠭᠡᠪᠡ᠃      ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠮᠦᠵᠢᠯ ᠴᠡᠭᠴᠡᠯᠡᠯᠲᠡ ᠶᠢᠨ ︽ᠪᠣᠳᠠᠲᠤ ᠦᠷ᠎ᠡ ᠪᠦᠲᠦᠮᠵᠢ ᠤᠯᠬᠤ︾ ᠶᠢ ᠭᠦᠨᠵᠡᠭᠡᠶᠢᠷᠡᠭᠦᠯᠪᠡ᠃ ᠰᠤᠷᠤᠯᠴᠠᠬᠤ ᠶᠢᠨ ᠳᠠᠭᠠᠤ ᠬᠠᠷᠭᠤᠭᠤᠯᠵᠤ᠂ ᠪᠠᠶᠢᠴᠠᠭᠠᠨ ᠦᠵᠡᠬᠦ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠤᠤᠯ ᠰᠡᠳᠦᠪᠲᠦ ᠬᠥᠮᠦᠵᠢᠯ ᠳᠤ ᠢᠮᠠᠭᠲᠠ ᠲᠤᠭᠤᠰᠢᠯᠠᠭᠤᠯᠵᠤ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠡᠮᠬᠢᠯᠡᠬᠦ ᠪᠠᠷ ᠳᠠᠮᠵᠢᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠶᠢ ᠪᠠᠶᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠨᠠᠷᠢᠨ ᠳᠠᠩᠰᠠ ᠶᠢ ᠲᠣᠭᠲᠠᠭᠠᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠲᠠᠢ ᠤᠶᠠᠯᠳᠤᠭᠤᠯᠤᠨ᠂ ᠤᠳᠤᠷᠢᠳᠬᠤ ᠪᠠᠭ ᠤᠨ ᠪᠦᠷᠢᠯᠳᠦᠬᠦᠨ ᠨᠡᠷ ︽ᠠᠰᠠᠭᠤᠳᠠᠯ ᠤᠨ ᠨᠠᠷᠢᠨ ᠲᠠᠩᠰᠠ︾ ᠳᠤ ᠴᠢᠭᠯᠡᠭᠦᠯᠦᠨ ︽ᠠᠷᠭ᠎ᠠ ᠪᠣᠳᠣᠯᠭ᠎ᠠ ᠶᠢᠨ ᠨᠠᠷᠢᠨ ᠲᠠᠩᠰᠠ︾᠂ ︽ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠨᠠᠷᠢᠨ ᠲᠠᠩᠰᠠ︾ ᠶᠢ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠰᠠᠭᠤᠳᠠᠯ ᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠭᠤᠯᠳᠤ ᠪᠠᠷ ᠡᠴᠦᠰ ᠲᠤᠨᠢ ᠲᠤᠯᠲᠠᠯ᠎ᠠ ᠬᠢᠬᠦ᠂ ᠬᠥᠨᠳᠡᠯᠡᠨ ᠢᠶᠠᠷ ᠬᠥᠪᠡᠭᠡ ᠵᠠᠬ᠎ᠠ ᠬᠦᠷᠲᠡᠯ᠎ᠡ᠂ ᠪᠦᠲᠦᠮᠵᠢᠲᠡᠶ ︽ᠡᠪᠡᠳᠴᠢᠨ ᠳᠤᠨᠢ ᠲᠠᠭᠠᠷᠠᠭᠤᠯᠤᠨ ᠡᠮ ᠥᠭᠬᠦ︾ ᠶᠢ ᠨᠠᠶᠢᠳᠠᠪᠤᠷᠢᠵᠢᠭᠤᠯᠵᠤ᠂ ᠨᠢᠭᠡᠳ ᠨᠢᠭᠡ ᠪᠠᠷ ᠠᠬᠢᠭᠤᠯᠤᠨ ᠨᠠᠶᠢᠳᠠᠪᠤᠷᠢᠵᠢᠭᠤᠯᠪᠠ᠃ ᠣᠳᠣᠬᠠᠨ ᠪᠣᠯᠲᠠᠯ᠎ᠠ᠂ ᠨᠡᠶᠢᠲᠡ 19 ᠠᠰᠠᠭᠤᠳᠠᠯ ᠢ ᠢᠯᠡᠷᠡᠭᠦᠯᠵᠦ᠂ 14 ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠦ᠂ 5 ᠴᠡᠭᠴᠡᠯᠡᠨ ᠰᠠᠶᠢᠵᠢᠷᠠᠭᠤᠯᠬᠤ ᠶᠢ ᠶᠠᠭ ᠠᠬᠢᠭᠤᠯᠵᠤ᠂ ᠪᠡᠶᠡᠯᠡᠭᠦᠯᠦᠭᠰᠡᠨ ᠨᠣᠷᠮ᠎ᠠ ᠨᠢ 73.7% ᠪᠣᠯᠤᠨ᠎ᠠ᠃ ᠡᠯ᠎ᠡ ᠦᠨᠳᠦᠰᠦᠨ ᠱᠠᠲᠤᠨ ᠤ ᠨᠠᠮ ᠤᠨ ᠡᠭᠦᠷ ᠲᠣᠰ ᠪᠡᠶ᠎ᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠶ ᠪᠠᠶᠢᠴᠠᠭᠠᠨ ᠰᠢᠨᠵᠢᠯᠡᠵᠦ᠂ ︽ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠰᠠᠭᠤᠳᠠᠯ ᠤᠨ ᠡᠬᠡ ᠲᠠᠩᠰᠠ︾ ᠶᠢ ᠪᠠᠶᠢᠭᠤᠯᠤᠨ᠂ 5 ᠲᠠᠯ᠎ᠠ᠂ 38 ᠠᠰᠠᠭᠤᠳᠠᠯ ᠤᠨ ᠲᠣᠭᠤᠷᠢᠨ ᠳᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠵᠤ᠂ ᠠᠵᠢᠯ ᠤᠨ ᠡᠭᠦᠷᠭᠡ ᠵᠢᠴᠢ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠨᠠᠷᠢᠯᠢᠬᠵᠢᠭᠤᠯᠤᠨ ᠬᠡᠮᠵᠢᠶᠡᠵᠢᠭᠦᠯᠵᠦ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠵᠦᠢᠯ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠣᠳᠣᠬᠠᠨ ᠳᠤ ᠨᠢᠭᠡᠨᠲᠡ 30 ᠠᠰᠠᠭᠤᠳᠠᠯ ᠢ ᠴᠡᠭᠴᠡᠯᠡᠨ ᠰᠠᠶᠢᠵᠢᠷᠠᠭᠤᠯᠪᠠ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1