【 ᠦᠵᠡᠯ ᠰᠠᠨᠠᠭ᠎ᠠ ᠶᠢ ᠰᠤᠷᠤᠯᠴᠠᠵᠤ ᠨᠠᠮᠴᠢ ᠴᠢᠨᠠᠷ ᠢ ᠴᠢᠩᠭᠠᠳᠬᠠᠨ ᠦᠢᠯᠡᠳᠦᠯᠭᠡ ᠶᠢ ᠴᠢᠬᠤᠯᠠᠴᠢᠯᠠᠵᠤ ᠰᠢᠨ᠎ᠡ ᠭᠠᠪᠢᠶ᠎ᠠ ᠪᠠᠶᠢᠭᠤᠯᠬᠤ 】 ᠾᠧ ᠳ᠋ᠦᠩ ᠵᠡᠭᠡᠯᠢ ᠭᠤᠳᠤᠮᠵᠢ ᠶᠢᠨ ᠬᠢᠨ ︽ᠠᠷᠠᠳ ᠤᠨ ᠠᠮᠢᠳᠤᠷᠠᠯ ᠤᠨ ᠨᠠᠷᠢᠨ ᠲᠠᠩᠰᠠ︾ ᠶᠢ ︽ᠵᠣᠯ ᠵᠢᠷᠭᠠᠯ ᠤᠨ ᠲᠠᠩᠰᠠ︾ ᠪᠣᠯᠭᠠᠨ ᠬᠤᠪᠢᠷᠠᠭᠤᠯᠪᠠ
ᠨᠡᠶᠢᠲᠡᠯᠡᠭᠰᠡᠨ ᠴᠠᠭ᠄
2023/11/28
     ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠳ᠋ᠦᠩ ᠾᠧ ᠲᠣᠭᠤᠷᠢᠭ ᠤᠨ ᠾᠧ ᠳ᠋ᠦᠩ ᠵᠡᠭᠡᠯᠢ ᠭᠤᠳᠤᠮᠵᠢ ᠭᠤᠤᠯ ᠰᠡᠳᠦᠪᠲᠦ ᠬᠥᠮᠦᠵᠢᠯ ᠢ ᠠᠬᠢᠭᠤᠯᠬᠤ ᠲᠠᠢ ᠤᠶᠠᠯᠳᠤᠭᠤᠯᠵᠤ᠂ ᠪᠣᠳᠠᠲᠠᠶ ᠠᠰᠠᠭᠤᠳᠠᠯ ᠢ ᠰᠢᠶ᠋ᠳᠪᠦᠷᠢᠯᠡᠬᠦ ᠲᠠᠢ ᠤᠶᠠᠯᠳᠤᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠢ ᠤᠶᠠᠯᠳᠤᠭᠤᠯᠵᠤ᠂ ︽ᠶᠢᠰᠦᠨ ᠪᠡᠶ᠎ᠡ ᠪᠠᠷ ᠢᠶᠠᠨ︾ ᠪᠠ ︽ᠠᠵᠢᠯ ᠤᠨ ᠬᠤᠷᠢᠨ ᠵᠤᠷᠪᠤᠰ︾ ᠢ ᠭᠦᠨᠵᠡᠭᠡᠶ ᠦᠶ᠋ᠯᠡᠳᠦᠯᠭᠡᠵᠢᠭᠦᠯᠵᠦ᠂ 57 ᠵᠡᠭᠡᠯᠢ ᠭᠤᠳᠤᠮᠵᠢ ᠶᠢᠨ ᠳᠡᠰ ᠳᠠᠪᠬᠤᠷᠭ᠎ᠠ᠂ 274 ᠬᠤᠪᠢ ᠨᠡᠶᠢᠭᠡᠮ ᠲᠣᠭᠤᠷᠢᠭ ᠤᠨ ᠳᠠᠪᠬᠤᠷᠭ᠎ᠠ ᠶᠢᠨ ᠪᠣᠳᠠᠲᠤ ᠶᠠᠪᠤᠳᠠᠯ ᠤᠨ ᠨᠠᠷᠢᠨ ᠳᠠᠩᠰᠠ ᠶᠢ ᠡᠮᠬᠢᠯᠡᠨ ᠬᠤᠷᠢᠶᠠᠩᠭᠤᠶᠢᠯᠠᠵᠤ᠂ ᠲᠣᠭᠲᠠᠭᠠᠭᠰᠠᠨ ᠪᠣᠳᠠᠲᠤ ᠶᠠᠪᠤᠳᠠᠯ ᠢ ᠬᠠᠪᠰᠤᠷᠤᠨ ᠭᠦᠶ᠋ᠴᠡᠳᠬᠡᠬᠦ ᠳᠤ ᠠᠵᠢᠯ ᠤᠨ ᠡᠬᠡ ᠳᠠᠩᠰᠠ ᠪᠠᠶᠢᠭᠤᠯᠵᠤ᠂ ᠳ᠋ᠤᠭᠠᠷ ᠬᠠᠰᠤᠬᠤ ᠬᠠᠮᠢᠶᠠᠷᠤᠯᠲᠠ ᠶᠢ ᠬᠡᠷᠡᠭᠵᠢᠭᠦᠯᠵᠦ᠂ ᠨᠢᠭᠡ ᠵᠦᠶ᠋ᠯ ᠤᠨ ︽ᠠᠷᠠᠳ ᠤᠨ ᠠᠮᠢᠳᠤᠷᠠᠯ ᠤᠨ ᠨᠠᠷᠢᠨ ᠳᠠᠩᠰᠠ︾ ᠶᠢ ︽ᠠᠷᠠᠳ ᠤᠨ ᠠᠮᠢᠳᠤᠷᠠᠯ ᠤᠨ ᠨᠠᠷᠢᠨ ᠳᠠᠩᠰᠠ︾ ᠪᠣᠯᠭᠠᠬᠤ ᠪᠠᠷ ᠴᠢᠷᠮᠠᠶᠢᠨ᠎ᠠ᠃      ᠨᠠᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠨᠡᠶᠢᠯᠡᠮᠡᠯ ᠬᠦᠴᠦᠨ      ᠳ᠋ᠦᠩ ᠳ᠋ᠦᠩ︕ ︽ᠠᠪᠤ ᠡ᠂ ᠪᠢᠳᠡ ᠪᠣᠯ ᠰᠡᠳᠬᠢᠯ ᠳᠤᠯᠠᠭᠠᠴᠠᠭᠤᠯᠬᠤ ᠦᠢᠯᠡᠴᠢᠯᠡᠭᠡᠨ ᠤ ᠠᠩᠭᠢ ᠰᠢᠤ᠂ ᠪᠠᠰᠠ ᠲᠠᠨ ᠢ ᠦᠵᠡᠬᠦ ᠪᠠᠷ ᠢᠷᠡᠯ᠎ᠡ︾ ᠾᠧ ᠳ᠋ᠦᠩ ᠵᠡᠭᠡᠯᠢ ᠭᠤᠳᠤᠮᠵᠢ ᠳᠤ᠂ ᠡᠶᠢᠮᠦ ᠨᠢᠭᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠪᠠᠶᠢᠵᠤ᠂ ᠲᠡᠳᠡ ᠡᠯ᠎ᠡ ᠰᠠᠭᠤᠭᠠᠯᠢ ᠠᠷᠠᠳ ᠤᠨ ᠲᠣᠭᠤᠷᠢᠭ ᠤᠨ ᠠᠰᠠᠷ ᠲᠤ ᠰᠦᠯᠵᠢᠯᠳᠦᠵᠦ᠂ ᠤᠯᠠᠨ ᠲᠦᠮᠡᠨ ᠤ ᠶᠡᠭᠡ ᠶᠠᠪᠤᠳᠠᠯ ᠢ ᠪᠠᠭ᠎ᠠ ᠪᠠᠷ ᠰᠢᠢᠳᠪᠤᠷᠢᠯᠡᠵᠦ ᠥᠭᠪᠡ᠃      ︽ᠮᠠᠨ ᠤ ᠪᠠᠭ᠎ᠠ ᠠᠩᠭᠢ ᠪᠣᠯ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ᠂ ᠠᠰᠠᠷ ᠤᠨ ᠳᠠᠷᠤᠭ᠎ᠠ᠂ ᠠᠵᠢᠯ ᠤᠨ ᠪᠠᠶᠢᠷᠢ ᠳᠤ ᠪᠠᠶᠢᠭ᠎ᠠ ᠨᠠᠮ ᠤᠨ ᠭᠡᠰᠢᠭᠦᠨ ᠪᠠ ᠰᠠᠶᠢᠨ ᠳᠤᠷ᠎ᠠ ᠶᠢᠨ ᠦᠢᠯᠡᠴᠢᠯᠡᠭᠴᠢ ᠪᠠᠷ ᠪᠦᠷᠢᠯᠳᠦᠭᠰᠡᠨ ᠶᠤᠮ᠂ ᠡᠨᠡ ᠨᠢ ᠮᠠᠨ ᠤ ᠰᠢᠭ ︿ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ﹀ 64 ᠪᠠᠶᠢᠨ᠎ᠠ︾᠃ ᠪᠢᠨ ᠢ ᠨᠡᠢᠭᠡᠮ ᠲᠣᠭᠤᠷᠢᠭ ᠤᠨ ᠨᠢᠭᠡᠳᠦᠭᠡᠷ ᠲᠣᠣᠷ ᠰᠦᠯᠵᠢᠶᠡᠨ ᠤ ᠰᠡᠳᠭᠢᠯ ᠢ ᠳᠤᠯᠠᠭᠠᠴᠠᠭ ᠤᠯᠬᠤ ᠦᠢᠯᠡᠴᠢᠯᠡᠭᠡᠨ ᠤ ᠪᠠᠭ᠎ᠠ ᠠᠩᠭᠢ ᠶᠢᠨ ᠳᠠᠷᠤᠭ᠎ᠠ ᠵᠣᠣ ᠵᠢᠩ᠃ ︽ᠬᠥᠨᠳᠡᠯᠡᠨ ᠢᠶᠠᠷ ᠵᠠᠬ᠎ᠠ ᠬᠢᠵᠠᠭᠠᠷ ᠲᠤ ᠬᠦᠷᠬᠦ᠂ ᠭᠤᠯᠳᠤ ᠪᠠᠷ ᠡᠴᠦᠰ ᠲᠤᠨᠢ ᠲᠤᠯᠲᠠᠯ᠎ᠠ ᠬᠢᠬᠦ᠂ ᠳᠡᠭᠡᠳᠦ ᠳᠣᠣᠷᠠᠳᠤ ᠱᠠᠲᠤ ᠶᠢ ᠨᠡᠪᠲᠡᠷᠡᠯᠴᠡᠭᠦᠯᠬᠦ᠂ ᠬᠡᠷᠡᠭᠵᠢᠭᠦᠯᠬᠦ ᠶᠢ ᠡᠷᠴᠢᠮᠲᠡᠢ︾ ᠰᠢᠯᠢᠳᠡᠭ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠪᠠᠲᠤ ᠪᠠᠬᠢ ᠪᠠᠶᠢᠭᠤᠯᠬᠤ ᠶᠢᠨ ᠲᠥᠯᠥᠭᠡ᠂ ᠾᠧ ᠳ᠋ᠦᠩ ᠵᠡᠭᠡᠯᠢ ᠭᠤᠳᠤᠮᠵᠢ ᠶᠢᠨ ᠬᠢᠨ ᠨᠠᠮ ᠤᠨ ᠪᠠᠶᠢᠭᠤᠯᠤᠯᠲᠠ ᠶᠢ ᠦᠨᠳᠦᠰᠦᠨ ᠱᠠᠲᠤᠨ ᠤ ᠵᠠᠰᠠᠯᠲᠠ ᠲᠠᠢ ᠭᠦᠨᠵᠡᠭᠡᠢ ᠠᠭᠤᠰᠤᠯᠴᠠᠭᠤᠯᠬᠤ᠂ ᠵᠡᠷᠭᠡᠪᠡᠷ ᠤᠷᠤᠭᠰᠢᠯᠠᠬᠤ ᠶᠢ ᠠᠬᠢᠭᠤᠯᠪᠠ᠃ ᠣᠲᠣ ᠪᠣᠯᠲᠠᠯ᠎ᠠ᠂ ︽ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠪᠠᠭ᠎ᠠ ᠠᠩᠭᠢ︾ ᠨᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠵᠢᠭᠤᠷᠠᠯᠳᠤᠭᠠᠨ ᠢ ᠡᠶᠡᠳᠡᠭᠦᠯᠬᠦ ᠵᠡᠷᠭᠡ ᠦᠢᠯᠡᠴᠢᠯᠡᠭᠡ ᠶᠢ 1000 ᠭᠠᠷᠤᠶ ᠤᠳᠠᠭ᠎ᠠ ᠬᠠᠩᠭᠠᠵᠤ ᠪᠠᠶᠢᠨ᠎ᠠ᠃      ᠡᠭᠦᠨ ᠤ ᠬᠠᠮᠲᠤ᠂ ᠾᠧ ᠳ᠋ᠦᠩ ᠵᠡᠭᠡᠯᠢ ᠭᠤᠳᠤᠮᠵᠢ ᠶᠢᠨ ᠬᠢᠨ ᠪᠠᠰᠠ ᠨᠠᠮ ᠤᠨ ᠪᠠᠶᠢᠭᠤᠯᠤᠯᠲᠠ ᠬᠢᠭᠡᠳ ᠠᠳᠠᠯ ᠠᠬᠤᠢ ᠶᠢᠨ ᠭᠦᠨᠵᠡᠭᠡᠢ ᠠᠭᠤᠰᠤᠯᠴᠠᠯ ᠢ ᠢᠳᠡᠪᠬᠢᠲᠡᠢ ᠠᠬᠢᠭᠤᠯᠵᠤ᠂ ᠬᠠᠷᠢᠯᠴᠠᠨ ᠠᠬᠢᠭᠤᠯᠵᠤ᠂ ᠠᠳᠠᠯ ᠠᠬᠤᠢ ᠶᠢᠨ ᠺᠣᠮᠫᠠᠨᠢ ᠬᠢᠭᠡᠳ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠤ ︽ᠬᠤᠣᠰ ᠴᠢᠭᠯᠡᠯ ᠢᠶᠠᠷ ᠣᠷᠣᠵᠤ᠂ ᠰᠣᠯᠪᠢᠴᠠᠨ ᠲᠤᠰᠢᠶᠠᠯ ᠡᠭᠦᠷᠭᠡᠯᠡᠬᠦ︾ ᠶᠢ ᠬᠡᠷᠡᠭᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ᠂ ᠵᠢᠵᠢᠭ ᠲᠣᠭᠤᠷᠢᠭ ᠤᠨ ᠲᠣᠭᠤᠷᠢᠭ ᠰᠢᠷᠡᠭᠡᠨ ᠤ ᠬᠡᠯᠡᠯᠴᠡᠭᠡ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠵᠢᠵᠢᠭ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠰᠡᠯᠪᠢᠨ ᠵᠠᠰᠠᠬᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠰᠠᠷᠠᠪᠴᠢ ᠶᠢ ᠰᠢᠨ᠎ᠡ ᠪᠠᠷ ᠨᠡᠮᠡᠭᠳᠡᠭᠦᠯᠬᠦ᠂ ᠠᠳᠠᠯ ᠠᠬᠤᠢ ᠶᠢᠨ ᠬᠠᠮᠢᠶᠠᠷᠤᠯᠲᠠ ᠶᠢ ᠰᠢᠯᠢᠳᠡᠭᠵᠢᠭᠦᠯᠬᠦ ᠵᠡᠷᠭᠡ ᠰᠠᠭᠤᠭᠠᠯᠢ ᠠᠷᠠᠳ ᠤᠨ ᠪᠤᠬᠢᠨᠢᠳᠤᠵᠤ ᠪᠠᠶᠢᠭ᠎ᠠ ᠶᠠᠪᠤᠳᠠᠯ ᠢ 65 ᠵᠦᠢᠯ ᠢ ᠬᠦᠴᠦᠲᠡᠢ ᠰᠢᠢᠳᠪᠦᠷᠢᠯᠡᠪᠡ᠃ 8 ᠬᠤᠪᠢᠰᠬᠠᠯ ᠤᠨ ᠡᠨᠧᠷᠭᠢ ᠬᠠᠳᠠᠭᠠᠯᠠᠬᠤ ᠥᠷᠲᠡᠭᠡ ᠶᠢ ᠪᠠᠶᠢᠭᠤᠯᠵᠤ᠂ ᠦᠨ᠎ᠡ ᠲᠥᠯᠥᠪᠦᠷᠢ ᠦᠭᠡᠢ ᠪᠠᠷ ᠭᠠᠳᠠᠨ᠎ᠠ ᠠᠴᠠ ᠬᠤᠳᠠᠯᠳᠤᠬᠤ ᠠᠬ᠎ᠠ ᠳᠡᠭᠦᠤ᠂ ᠲᠦᠷᠭᠡᠨ ᠬᠦᠷᠭᠡᠭᠴᠢ ᠵᠡᠷᠭᠡ ᠰᠢᠨ᠎ᠡ ᠪᠠᠷ ᠠᠵᠢᠯ ᠣᠯᠤᠭᠰᠠᠨ ᠬᠥᠮᠦᠰ ᠲᠤ ᠤᠰᠤ ᠬᠠᠯᠠᠭᠤᠨ ᠬᠤᠭᠤᠯᠠ ᠢᠳᠡᠬᠦ᠂ ᠵᠣᠷᠯᠣᠩ ᠢᠶᠠᠷ ᠠᠮᠠᠷᠠᠬᠤ᠂ ᠴᠠᠬᠢᠯᠭᠠᠨ ᠴᠡᠨᠡᠭᠯᠡᠬᠦ ᠵᠡᠷᠭᠡ ᠳᠥᠭᠦᠮ ᠳᠥᠲᠡ ᠦᠶ᠋ᠯᠡᠴᠢᠯᠡᠭᠡ ᠬᠠᠩᠭᠠᠵᠤ᠂ ᠨᠠᠮ ᠤᠨ ᠪᠠᠶᠢᠭᠤᠯᠤᠯᠲᠠ ᠪᠠᠷ ︽ᠬᠠᠮ ᠠᠷᠭ᠎ᠠ ᠬᠡᠮᠵᠢᠶ᠎ᠡ︾ ᠶᠢ ᠬᠥᠲᠥᠯᠥᠨ ᠳᠠᠭᠠᠭᠤᠯᠵᠤ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠬᠦᠴᠢᠷ ᠠᠰᠠᠭᠤᠳᠠᠯ ᠢ ᠰᠢᠶ᠋ᠳᠪᠦᠷᠢᠯᠡᠪᠡ᠃      ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨ ᠰᠡᠳᠬᠢᠯ ᠠᠴᠠ ᠪᠠᠨ ᠰᠣᠨᠣᠰᠬᠤ      ︽ᠡᠶᠢᠮᠦ ᠤᠯᠠᠨ ᠵᠢᠯ ᠬᠦᠯᠢᠶᠡᠪᠡ᠂ ᠡᠴᠦᠰ ᠲᠡᠭᠡᠨ ᠡᠨᠡ ᠡᠳᠦᠷ ᠢ ᠬᠦᠯᠢᠶᠡᠪᠡ᠂ ᠵᠠᠰᠠᠭ ᠤᠨ ᠣᠷᠳᠣᠨ ᠠᠴᠠ ᠮᠠᠨ ᠤ ᠥᠮᠴᠢᠲᠡᠨ ᠳᠤ ᠦᠵᠡᠭᠦᠯᠦᠭᠰᠡᠨ ᠬᠠᠪᠰᠤᠷᠤᠯᠭ᠎ᠠ ᠳᠤ ᠲᠠᠯᠠᠷᠬᠠᠵᠤ ᠪᠠᠶᠢᠨ᠎ᠠ᠂ ᠲᠠ ᠨᠠᠷ ᠪᠠᠶᠢᠬᠤ ᠦᠭᠡᠢ᠂ ᠪᠢᠳᠡ ᠬᠡᠵᠢᠶ᠎ᠡ ᠰᠠᠶ᠋ᠢ ᠰᠢᠨ᠎ᠡ ᠭᠡᠷ ᠲᠤ ᠣᠷᠣᠬᠤ ᠶᠢ ᠮᠡᠳᠡᠬᠦ ᠦᠭᠡᠢ︕︾ ᠭᠡᠵᠡᠢ᠃ ᠹᠦ᠋ ᠶᠤᠸᠠᠢ ᠴᠧᠩ ᠰᠠᠭᠤᠭᠠᠯᠢ ᠠᠷᠠᠳ ᠤᠨ ᠲᠣᠭᠤᠷᠢᠭ ᠤᠨ ᠥᠮᠴᠢᠲᠡᠨ ᠤ ᠲᠥᠯᠥᠭᠡᠯᠡᠭᠴᠢ ᠵᠠᠩ ᠠᠪᠠᠭ᠋ᠠᠶ ᠬᠡᠮᠡᠷᠯᠢᠭ ᠲᠤᠭ ᠢᠶᠠᠨ ᠠᠪᠴᠤ ᠾᠧ ᠳ᠋ᠦᠩ ᠵᠡᠭᠡᠯᠢ ᠭᠤᠳᠤᠮᠵᠢ ᠳᠤ ᠬᠦᠷᠴᠦ ᠲᠠᠯᠠᠷᠬᠠᠯ ᠤᠨ ᠰᠡᠳᠬᠢᠯᠭᠡ ᠪᠠᠨ ᠢᠯᠡᠳᠬᠡᠪᠡ᠃      ᠹᠦ ᠶᠤᠸᠠᠢ ᠴᠧᠩ ᠰᠠᠭᠤᠭᠠᠯᠢ ᠠᠷᠠᠳ ᠤᠨ ᠲᠣᠭᠤᠷᠢᠭ ᠲᠡᠦᠬᠡ ᠶᠢᠨ ᠦᠯᠡᠳᠡᠭᠳᠡᠯ ᠠᠰᠠᠭᠤᠳᠠᠯ ᠠᠴᠠ ᠪᠣᠯᠵᠤ ᠨᠡᠭᠡᠭᠡᠨ ᠬᠥᠭᠵᠢᠭᠦᠯᠬᠦ ᠬᠤᠳᠠᠯᠳᠤᠭᠠᠴᠢᠳ ᠲᠣᠭᠲᠠᠭᠰᠠᠨ ᠬᠤᠭᠤᠴᠠᠭᠠᠨ ᠳᠤ ᠥᠮᠴᠢᠲᠡᠨ ᠳᠤ ᠭᠡᠷ ᠪᠠᠢᠱᠢᠩ ᠲᠤᠱᠢᠶᠠᠭᠰᠠᠨ ᠥᠬᠡᠢ᠃ ᠤᠢᠢᠷ᠎ᠠ ᠶᠢᠨ ᠵᠢᠯ ᠠᠴᠠ᠂ ᠳ᠋ᠦᠩ ᠾᠧ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠵᠢᠯᠤᠭᠤᠳᠤᠯᠭ᠎ᠠ ᠳᠡᠮᠵᠢᠯᠭᠡ ᠳᠣᠣᠷ᠎ᠠ᠂ ᠾᠧ ᠳ᠋ᠦᠩ ᠵᠡᠭᠡᠯᠢ ᠭᠤᠳᠤᠮᠵᠢ ᠶᠢᠨ ᠪᠠ ᠡᠯ ᠨᠡᠶᠢᠭᠡᠮ ᠲᠣᠭᠤᠷᠢᠭ ᠲᠠᠢ ᠬᠤᠯᠪᠣᠭᠠᠯᠠᠨ ᠨᠡᠭᠡᠭᠡᠨ ᠬᠥᠭᠵᠢᠭᠦᠯᠬᠦ ᠠᠷᠠᠯᠵᠢᠶᠠᠴᠢᠨ ᠵᠡᠷᠭᠡ ᠬᠤᠯᠪᠣᠭᠳᠠᠯ ᠪᠦᠬᠦᠢ ᠨᠢᠭᠡᠴᠢ ᠲᠠᠢ ᠤᠯᠠᠨ ᠤᠳᠠᠭ᠎ᠠ ᠵᠣᠬᠢᠴᠠᠭᠤᠯᠵᠤ᠂ ᠰᠢᠢᠳᠪᠦᠷᠢᠯᠡᠬᠦ ᠲᠥᠰᠦᠯ ᠢ ᠵᠥᠪᠳᠡᠯᠴᠡᠪᠡ᠃ ᠡᠨᠡ ᠵᠢᠯ ᠤᠨ 10 ᠰᠠᠷ᠎ᠠ ᠳᠤ᠂ ᠹᠦ᠋ ᠶᠤᠸᠠᠢ ᠴᠧᠩ ᠬᠠᠮᠤᠭ ᠰᠡᠭᠦᠯᠴᠢ ᠶᠢᠨ ᠨᠢᠭᠡ ᠰᠠᠭᠤᠷᠢ ᠲᠤᠰᠢᠶᠠᠭᠠᠳᠤᠢ ᠠᠰᠠᠷ ᠢ ᠲᠤᠰᠢᠶᠠᠨ ᠥᠭᠴᠦ ᠳᠠᠭᠤᠰᠬᠠᠪᠠ᠃      ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠰᠠᠯᠠᠭ᠎ᠠ ᠨᠠᠮᠠᠭ᠎ᠠ ᠨᠢ ᠬᠠᠶᠢᠷ᠎ᠠ ᠰᠡᠳᠬᠢᠯᠭᠡ ᠲᠠᠢ ᠬᠤᠯᠪᠤᠭᠳᠠᠨ᠎ᠠ᠃ ᠾᠧ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ︽ᠠᠷᠠᠳ ᠲᠤ ᠪᠤᠶᠠᠨ ᠦᠢᠯᠡᠳᠬᠦ ᠪᠠᠷ ᠵᠣᠷᠢᠯᠲᠠ ᠪᠠᠨ ᠪᠣᠯᠭᠠᠬᠤ︾ ᠡᠭᠦᠷᠭᠡ ᠬᠠᠷᠠᠯᠲᠠ ᠶᠢ ᠲᠣᠭᠲᠠᠭᠠᠵᠤ᠂ ᠠᠷᠠᠳ ᠤᠨ ᠰᠠᠨᠠᠭ᠎ᠠ ᠶᠢ ᠢᠯᠡᠳᠬᠡᠬᠦ ᠠᠷᠭ᠎ᠠ ᠵᠠᠮ ᠢ ᠰᠢᠯᠤᠭᠤᠳᠬᠠᠨ᠎ᠠ᠃ ᠡᠯ᠎ᠡ ᠨᠡᠶᠢᠭᠡᠮ ᠲᠣᠭᠤᠷᠢᠭ ᠲᠤ ︽ᠲᠣᠭᠲᠠᠮᠠᠯ ᠰᠢᠯᠵᠢᠬᠦ︾ ᠠᠷᠠᠳᠴᠢᠯᠠᠯ ᠢᠶᠠᠷ ᠵᠥᠪᠳᠡᠯᠴᠡᠨ ᠬᠡᠷᠡᠭ ᠵᠥᠪᠯᠡᠬᠦ ᠵᠢᠭᠰᠠᠭᠠᠯ ᠤᠨ ᠭᠠᠵᠠᠷ ᠢ ᠪᠠᠶᠢᠭᠤᠯᠵᠤ᠂ ᠬᠠᠷᠢᠶᠠᠲᠤ ᠣᠷᠣᠨ ᠳᠤ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠨᠢᠭᠡ ᠲᠢᠩᠬᠢᠮ ᠳᠤ ᠴᠤᠭᠯᠠᠷᠠᠭᠤᠯᠵᠤ᠂ ᠳᠡᠷᠭᠡᠳᠡᠬᠢ ᠶᠠᠪᠤᠳᠠᠯ ᠢ ᠨᠡᠶᠢᠲᠡ 39 ᠤᠳᠠᠭ᠎ᠠ ᠵᠥᠪᠳᠡᠯᠴᠡᠵᠦ᠂ ᠬᠤᠳᠠᠯᠳᠤᠭᠠᠨ ᠤ ᠬᠤᠳᠠ ᠶᠢᠨ ᠲᠣᠭᠤᠷᠢᠭ ᠤᠨ ᠢᠯᠴᠢ ᠬᠠᠩᠭᠠᠬᠤ ᠪᠠ ᠤᠰᠤᠨ ᠳᠤ ᠣᠷᠣᠬᠤ ᠭᠠᠵᠠᠷ ᠳᠣᠣᠷᠠᠬᠢ ᠬᠤᠭᠤᠯᠠᠢ ᠲᠣᠣᠷ ᠢ ᠥᠭᠡᠷᠡᠴᠢᠯᠡᠬᠦ᠂ ᠱᠠᠨ ᠱᠦᠢ ᠵᠢᠶᠠ ᠶᠤᠸᠠᠨ ᠪᠠᠭ᠎ᠠ ᠲᠣᠭᠤᠷᠢᠭ ᠤᠨ ᠰᠠᠭᠤᠭᠠᠯᠢ ᠠᠷᠠᠳ ᠤᠨ ᠭᠡᠷ ᠤᠨ ᠣᠷᠣᠢ ᠳᠤ ᠪᠣᠷᠣᠭᠠᠨ ᠭᠤᠭᠤᠵᠢᠬᠤ᠂ ᠲᠤᠤ ᠶᠤᠸᠠᠨ ᠰᠢᠨ᠎ᠡ ᠲᠣᠰᠬᠤᠨ ᠤ ᠡᠮᠦᠨ᠎ᠡ ᠡᠭᠦᠳᠡᠨ ᠤ ᠭᠤᠷᠪᠠᠳᠤᠭᠠᠷ ᠡᠮᠨᠡᠯᠭᠡ ᠶᠢᠨ ᠬᠤᠷᠢᠶᠠᠨ ᠤ ᠠᠷᠤ ᠡᠭᠦᠳᠡ ᠶᠢᠨ ᠵᠠᠮ ᠱᠤᠭᠤᠮ ᠢ ᠥᠭᠡᠷᠡᠴᠢᠯᠡᠬᠦ ᠵᠡᠷᠭᠡ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠡᠶᠢᠳᠡ 118 ᠰᠢᠢᠳᠪᠦᠷᠢᠯᠡᠵᠦ᠂ ᠠᠷᠠᠳ ᠤᠨ ᠲᠥᠯᠥᠭᠡ ᠬᠦᠴᠢᠷ ᠵᠣᠪᠠᠭᠤᠷᠢ ᠶᠢ ᠰᠢᠢᠳᠪᠦᠷᠢᠯᠡᠬᠦ ︽ᠰᠡᠳᠬᠢᠯ ᠤᠨ ᠬᠥᠭᠦᠷᠭᠡ︾ ᠶᠢ ᠴᠢᠷᠮᠠᠶᠢᠨ ᠪᠠᠶᠢᠭᠤᠯᠪᠠ᠃      ᠰᠠᠨᠠᠭᠠᠴᠢᠯᠠᠭ᠎ᠠ ᠠᠴᠠ ᠪᠠᠨ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ      ︽ᠠᠳᠡᠬᠢ ᠦᠢᠯᠡᠴᠢᠯᠡᠭᠡ ᠦᠨᠡᠨ ᠰᠡᠳᠬᠢᠯ ᠠᠴᠠ ᠪᠠᠨ ᠤᠯᠠᠨ ᠲᠦᠮᠡᠨ ᠢ ᠭᠡᠷ ᠤᠨ ᠬᠥᠮᠦᠰ ᠢᠶᠠᠨ ᠪᠣᠯᠭᠠᠵᠤ ᠪᠠᠶᠢᠨ᠎ᠠ︾᠃ ᠰᠠᠭᠤᠭᠠᠯᠢ ᠠᠷᠠᠳ ᠯᠢ ᠡᠮᠡᠭᠡ ᠬᠡᠷᠡᠭ ᠤᠨ ᠳᠠᠷᠠᠭ᠎ᠠ ᠾᠧ ᠳ᠋ᠦᠩ ᠵᠡᠭᠡᠯᠢ ᠭᠤᠳᠤᠮᠵᠢ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠤᠨ ᠦᠢᠯᠡᠴᠢᠯᠡᠭᠡ ᠶᠢ ᠮᠠᠭᠲᠠᠨ ᠰᠠᠶᠢᠰᠢᠶᠠᠪᠠ᠃      ᠾᠧ ᠳ᠋ᠦᠩ ᠵᠡᠭᠡᠯᠢ ᠭᠤᠳᠤᠮᠵᠢ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠨᠢ ︽N71︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠵᠢᠯ ᠤᠨ ᠠᠷᠭ᠎ᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠡᠷᠡᠭ ᠤᠨ ᠡᠮᠦᠨ᠎ᠡ ︽N︾ ᠵᠦᠢᠯ ᠤᠨ ᠤᠬᠠᠭᠤᠯᠭ᠎ᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠷᠭ᠎ᠠ ᠵᠠᠮ ᠢ ᠪᠠᠶᠠᠯᠢᠭᠵᠢᠭᠤᠯᠵᠤ᠂ ᠲᠤᠬᠠᠶᠢᠯᠠᠭᠰᠠᠨ ᠠᠵᠢᠯ ᠢ ᠢᠯᠡ ᠪᠣᠯᠭᠠᠬᠤ ᠶᠢ ︽ᠪᠦᠬᠦᠨ ᠢ ᠬᠠᠮᠤᠷᠬᠤ︾ ᠶᠢ ᠪᠡᠶᠡᠯᠡᠭᠦᠯᠪᠡ︔ ᠬᠡᠷᠡᠭ ᠤᠨ ᠳᠤᠮᠳᠠ ᠤᠷᠢᠳᠴᠢᠯᠠᠨ ᠭᠦᠢᠴᠡᠳᠬᠡᠬᠦ᠂ ᠬᠠᠪᠰᠤᠷᠤᠨ ᠭᠦᠢᠴᠡᠳᠬᠡᠬᠦ᠂ ᠬᠡᠷ ᠲᠤᠨᠢ ᠬᠦᠷᠴᠦ ᠭᠦᠢᠴᠡᠳᠬᠡᠬᠦ᠂ ᠥᠪᠡᠰᠦᠪᠡᠨ ᠭᠦᠢᠴᠡᠳᠬᠡᠬᠦ᠂ ᠣᠶᠢᠷ᠎ᠠ ᠬᠠᠪᠢ ᠳᠤᠨᠢ ᠭᠦᠢᠴᠡᠳᠬᠡᠬᠦ᠂ ᠣᠷᠣᠯᠠᠨ ᠭᠦᠢᠴᠡᠳᠬᠡᠬᠦ ︽ᠳᠣᠯᠤᠭ᠎ᠠ ᠶᠢ ᠭᠦᠢᠴᠡᠳᠬᠡᠬᠦ︾ ᠦᠢᠯᠡᠴᠢᠯᠡᠭᠡᠨ ᠤ ᠵᠠᠭᠪᠤᠷ ᠢᠶᠠᠷ ᠳᠠᠮᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠥᠷᠭᠡᠨ ᠬᠡᠪᠴᠢᠶ᠎ᠡ︾ ᠶᠢ ᠥᠷᠭᠡᠳᠬᠡᠪᠡ︔ ᠬᠡᠷᠡᠭ ᠤᠨ ᠳᠠᠷᠠᠭ᠎ᠠ ︽ᠡᠴᠦᠰ ᠲᠤᠨᠢ ᠲᠤᠯᠲᠠᠯ᠎ᠠ ᠭᠦᠢᠴᠡᠳᠬᠡᠬᠦ︾ ᠮᠥᠷᠳᠡᠨ ᠦᠢᠯᠡᠴᠢᠯᠡᠬᠦ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠤ ︽ᠬᠠᠨᠤᠮᠵᠢ ᠶᠢᠨ ᠬᠡᠮᠵᠢᠶ᠎ᠡ︾ ᠶᠢ ᠳᠡᠭᠡᠭᠰᠢᠯᠡᠭᠦᠯᠪᠡ᠃      ᠡᠳᠦᠭᠡ᠂ ᠨᠡᠶᠢᠭᠡᠮ ᠲᠣᠭᠤᠷᠢᠭ ᠤᠨ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠥᠪ᠂ ︽ᠨᠢᠭᠡ ᠥᠷᠲᠡᠭᠡ ᠬᠤᠶᠠᠷ ᠲᠣᠬᠢᠷᠠᠭᠤᠯᠤᠨ ᠬᠦᠷᠭᠡᠬᠦ︾ ᠪᠠ ᠹᠦ᠋ ᠨᠡᠶᠢᠭᠡᠮ ᠲᠣᠭᠤᠷᠢᠭ ᠤᠨ ᠡᠳᠦᠷ ᠲᠤᠲᠤᠮ ᠤᠨ ᠠᠰᠠᠷᠠᠨ ᠬᠠᠷᠠᠭᠠᠯᠵᠠᠬᠤ ᠬᠤᠭᠤᠯᠠᠨ ᠬᠡᠷ ᠵᠢᠩᠬᠢᠨᠢ ᠪᠠᠷ ᠡᠵᠡᠩᠨᠡᠵᠦ᠂ ᠬᠤᠲᠠ ᠶᠢᠨ ᠥᠨᠴᠥᠭ ᠪᠤᠯᠤᠩ ᠳᠤ ᠰᠤᠯᠠ ᠪᠠᠶᠢᠬᠤ ᠰᠤᠯᠠ ᠪᠠᠶᠢᠬᠤ ᠭᠠᠵᠠᠷ ᠢ ᠠᠰᠢᠭᠯᠠᠨ ᠣᠷᠣᠭᠤᠯᠤᠨ ᠠᠪᠴᠢᠷᠠᠭᠰᠠᠨ ᠳᠤᠮᠳᠠᠳᠤ ᠤᠯᠤᠰ ᠤᠨ ᠠᠨᠾᠦ᠋ᠢ ᠵᠧᠦ ᠬᠤᠸ᠋ᠨ ᠴᠠᠢ ᠶᠢᠨ ᠪᠠᠷᠠᠭᠤᠨ ᠬᠤᠶᠢᠲᠤ ᠣᠷᠣᠨ ᠤ ᠰᠢᠭᠤᠳ ᠡᠵᠡᠩᠨᠡᠬᠦ ᠲᠥᠪ᠂ ᠨᠡᠶᠢᠭᠡᠮ ᠲᠣᠭᠤᠷᠢᠭ ᠤᠨ ᠤᠶᠤᠨᠲᠤ ᠳᠠᠪᠲᠠᠯᠭ᠎ᠠ ᠶᠢᠨ ᠲᠠᠰᠤᠭ᠂ ᠰᠢᠤᠸᠠᠨ ᠳ᠋ᠧ ᠰᠢᠷᠠᠮᠠᠯ ᠵᠢᠵᠢᠭ ᠬᠦᠷᠢᠶ᠎ᠡ ᠪᠠᠶᠢᠵᠤ᠂ ︽ᠨᠦᠢᠷᠰᠣᠭᠠᠬᠤ ᠡᠬᠢ ᠪᠠᠶᠠᠯᠢᠭ︾ ᠢ ᠰᠡᠷᠭᠦᠭᠡᠵᠦ᠂ ᠰᠠᠭᠤᠭᠠᠯᠢ ᠠᠷᠠᠳ ᠤᠨ ᠠᠮᠢᠳᠤᠷᠠᠯ ᠳᠤ ᠲᠥᠬᠦᠮ ᠦᠵᠡᠭᠦᠯᠪᠡ ᠁ ᠾᠧ ᠳ᠋ᠦᠩ ᠵᠡᠭᠡᠯᠢ ᠭᠤᠳᠤᠮᠵᠢ ᠳᠤ᠂ ︽ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠬᠦ︾ ᠠᠷᠠᠳ ᠤᠨ ᠠᠮᠢᠳᠤᠷᠠᠯ ᠤᠨ ᠲᠦᠷᠦᠯ ᠵᠦᠢᠯ ᠬᠦᠷ ᠬᠥᠭᠵᠢᠶᠡᠨ ᠲᠠᠢ ᠶᠠᠪᠤᠭᠳᠠᠪᠠ᠃      ᠳᠠᠷᠠᠭᠠᠴᠢ ᠶᠢᠨ ᠠᠯᠬᠤᠮ ᠳᠤ᠂ ᠾᠧ ᠳ᠋ᠦᠩ ᠵᠡᠭᠡᠯᠢ ᠭᠤᠳᠤᠮᠵᠢ ᠶᠢᠨ ᠬᠢᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠦᠷᠭᠦᠯᠵᠢᠯᠡᠨ ᠰᠠᠭᠤᠷᠢᠯᠠᠵᠤ᠂ ᠤᠯᠠᠨ ᠲᠦᠮᠡᠨ ᠤ ᠲᠤᠰᠬᠠᠭᠰᠠᠨ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠴᠠᠭ ᠲᠤᠬᠠᠢ ᠳᠤᠨᠢ ᠪᠠᠶᠢᠴᠠᠭᠠᠨ ᠣᠶᠢᠯᠠᠭᠠᠵᠤ᠂ ᠤᠯᠠᠨ ᠲᠦᠮᠡᠨ ᠳᠤ ᠲᠠᠰᠤᠷᠠᠯᠲᠠ ᠦᠭᠡᠢ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠡᠳᠬᠢᠯ ᠳᠤᠯᠠᠭᠠᠴᠠᠭᠤᠯᠬᠤ ᠦᠢᠯᠡᠴᠢᠯᠡᠭᠡ ᠶᠢ ᠤᠯᠠᠨ ᠲᠦᠮᠡᠨ ᠤ ᠳᠡᠷᠭᠡᠳᠡ ᠬᠦᠷᠭᠡᠬᠦ ᠪᠣᠯᠤᠨ᠎ᠠ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1