︽ᠳ᠋ᠦᠩ ᠾᠧ ᠲᠣᠭᠤᠷᠢᠭ ᠤᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/11/29
ᠪᠦᠦ ᠳ᠋ᠦᠩ ᠵᠠᠰᠠᠭ ᠠᠯᠪᠠᠨ ᠲᠠᠷᠬᠠᠭᠠᠭᠰᠠᠨ︹2023︺ 86  ᠳ᠋ᠤᠭᠠᠷ ᠲᠣᠭᠠᠲᠤ      ᠳ᠋ᠦᠩ ᠾᠧ ᠲᠣᠭᠤᠷᠢᠭ ᠤᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠡᠷᠡᠭᠵᠢᠭᠦᠯᠬᠦ ᠲᠥᠰᠦᠯ      ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠵᠤ᠂ ᠲᠡᠵᠢᠭᠡᠨ ᠦᠷᠡᠵᠢᠭᠦᠯᠬᠦ ᠭᠤᠤᠯ ᠴᠣᠭᠴᠠ ᠳᠤ ᠨᠠᠩ ᠰᠠᠶᠢᠨ ᠦᠢᠯᠡᠴᠢᠯᠡᠬᠦ ᠪᠠ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠵᠣᠬᠢᠴᠠᠭᠤᠯᠤᠨ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠪᠠ ᠲᠡᠵᠢᠭᠡᠨ ᠦᠷᠡᠵᠢᠭᠦᠯᠬᠦ ᠦᠢᠯᠡᠰ ᠤᠨ ᠡᠷᠡᠭᠦᠯ ᠪᠥᠭᠡᠳ ᠲᠣᠭᠲᠠᠭᠤᠨ ᠢᠶᠠᠷ ᠬᠥᠭᠵᠢᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ︽ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠲᠠᠷᠢᠶᠠᠯᠠᠩ ᠮᠠᠯ ᠠᠵᠤ ᠠᠬᠤᠶ ᠡᠮᠨᠡᠯᠭᠡ ᠲᠠᠷᠬᠠᠭᠠᠭᠰᠠᠨ ︹2021︺ 441 ᠳ᠋ᠤᠭᠡᠷ ᠲᠣᠭᠠᠲᠤ︶᠂ ︽ᠪᠤᠭᠤᠲᠤ ᠬᠤᠲᠠ ᠶᠢᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠬᠠᠭᠠᠭᠰᠠᠨ ︹2022︺ 32 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠰᠡᠷᠭᠡᠶᠢᠯᠡᠬᠦ ᠪᠠᠷ ᠭᠤᠤᠯ ᠪᠣᠯᠭᠠᠬᠤ᠂ ᠰᠡᠷᠭᠡᠶᠢᠯᠡᠬᠦ ᠪᠠ ᠡᠵᠡᠮᠳᠡᠬᠦ᠂ ᠴᠡᠪᠡᠷᠰᠢᠭᠦᠯᠬᠦ᠂ ᠤᠰᠠᠳᠬᠠᠬᠤ ᠶᠢ ᠤᠶᠠᠯᠳᠤᠭᠤᠯᠬᠤ︾ ᠴᠢᠭᠯᠡᠯᠲᠡ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠣᠶ ᠪᠣᠯᠭᠠᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠢᠳᠡᠪᠬᠢᠲᠡᠶ ᠬᠥᠲᠥᠯᠦᠨ ᠵᠢᠯᠣᠭᠤᠳᠴᠤ ᠲᠡᠳᠬᠦᠨ ᠳᠡᠮᠵᠢᠵᠦ᠂ ᠭᠤᠤᠯ ᠴᠣᠭᠴᠠ ᠨᠢ ᠣᠯᠠᠨ ᠡᠰᠢᠵᠢᠭᠰᠡᠨ᠂ ᠪᠥᠬᠦ ᠲᠠᠯ᠎ᠠ ᠶᠢ ᠬᠠᠮᠤᠷᠤᠭᠰᠠᠨ᠂ ᠦᠢᠯᠡᠴᠢᠯᠡᠭᠡᠨ ᠤ ᠲᠤᠰᠬᠠᠶ ᠮᠡᠷᠭᠡᠵᠢᠯ᠂ ᠲᠣᠭᠲᠠᠴᠠ ᠶᠢᠨ ᠣᠷᠳᠣ ᠬᠤᠭᠤᠴᠠᠭᠠᠨ ᠤ ᠪᠦᠲᠦᠮᠵᠢᠲᠡᠶ᠂ ᠠᠵᠢᠯᠯᠠᠭᠠᠨ ᠥᠨᠳᠥᠷ ᠪᠦᠲᠦᠮᠵᠢᠲᠡᠶ ᠮᠠᠯ ᠡᠮᠨᠡᠯᠭᠡ ᠶᠢᠨ ᠦᠢᠯᠡᠴᠢᠯᠡᠭᠡᠨ ᠤ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠵᠤ᠂ ᠮᠠᠨ ᠤ ᠣᠷᠣᠨ ᠤ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃      ︵ᠬᠤᠶᠠᠷ︶ ᠦᠨᠳᠦᠰᠦᠨ ᠵᠠᠷᠴᠢᠮ      - ᠬᠢᠵᠢᠭ ᠢ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠣᠯ ᠮᠠᠯ ᠠᠵᠤ ᠠᠬᠤᠶ ᠶᠢᠨ ᠠᠵᠤ ᠦᠢᠯᠡᠰ ᠤᠨ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠥᠮᠦᠨ ᠮᠠᠯ ᠳᠤ ᠪᠦᠷ ᠲᠤᠰᠳᠠᠭ ᠡᠪᠡᠳᠴᠢᠨ ᠢ ᠰᠡᠷᠭᠡᠶᠢᠯᠡᠨ ᠵᠠᠰᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠪᠣᠯᠤᠨ᠎ᠠ᠃ ᠬᠢᠵᠢᠭ ᠢ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠪᠣᠯᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠲᠣᠳᠣᠷᠬᠠᠢ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠲᠤᠰ ᠲᠤᠰ ᠤᠨ ᠴᠢᠳᠠᠪᠤᠷᠢ ᠪᠠᠨ ᠭᠦᠢᠴᠡᠳ ᠪᠠᠳᠠᠷᠠᠭᠤᠯᠬᠤ ᠠᠮᠢᠲᠠᠨ ᠤ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠠᠮᠢᠲᠠᠨ ᠤ ᠬᠢᠵᠢᠭ ᠢ ᠰᠡᠷᠭᠡᠶᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠎ᠠ᠃      - ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠢᠯᠡ ᠪᠠᠷ ᠰᠢᠯᠢᠳᠡᠭ ᠢ ᠨᠢ ᠰᠣᠩᠭᠤᠨ᠎ᠠ᠃ ᠤᠷᠢᠳᠴᠢᠯᠠᠨ ᠰᠡᠷᠭᠡᠶᠢᠯᠡᠬᠦ ᠦᠯᠦ ᠬᠠᠯᠳᠠᠭᠠᠬᠤ᠂ ᠪᠠᠶᠢᠴᠠᠭᠠᠨ ᠬᠡᠮᠵᠢᠵᠦ ᠴᠡᠪᠡᠷᠰᠢᠭᠦᠯᠬᠦ᠂ ᠡᠪᠡᠳᠴᠢᠨ ᠤ ᠬᠥᠨᠥᠭᠡᠯ ᠲᠠᠢ ᠠᠮᠢᠲᠠᠨ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ᠂ ᠮᠡᠷᠭᠡᠵᠢᠯ ᠤᠨ ᠵᠥᠪᠯᠡᠯᠭᠡ ᠥᠭᠬᠦ ᠵᠢᠴᠢ ᠠᠮᠢᠲᠠᠨ ᠢ ᠣᠨᠣᠰᠢᠯᠠᠨ ᠡᠮᠨᠡᠬᠦ ᠦᠢᠯᠡᠴᠢᠯᠡᠭᠡ ᠵᠡᠷᠭᠡ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠤᠨ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠪᠠᠳᠠᠷᠠᠭᠤᠯᠤᠨ᠂ ᠳᠠᠭᠠᠭᠠᠨ ᠠᠪᠬᠤ ᠭᠤᠣᠯ ᠴᠣᠭᠴᠠ ᠶᠢ ᠥᠷᠢᠰᠥᠯᠳᠦᠭᠦᠯᠦᠨ ᠰᠢᠯᠢᠳᠡᠭ ᠢ ᠨᠢ ᠰᠣᠩᠭᠤᠵᠤ᠂ ᠬᠠᠩᠭᠠᠯᠭ᠎ᠠ ᠪᠠ ᠬᠡᠷᠡᠭᠴᠡᠭᠡ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠤᠨ᠎ᠠ᠃      - ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠣᠨᠴᠠᠯᠢᠭ ᠢ ᠳᠣᠪᠤᠶᠢᠯᠭᠠᠨ᠎ᠠ᠃ ᠣᠯᠠᠨ ᠳᠡᠰ ᠳᠠᠪᠬᠤᠷᠭ᠎ᠠ᠂ ᠣᠯᠠᠨ ᠡᠰᠢᠵᠢᠭᠰᠡᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠣᠷᠣᠨ ᠵᠠᠶ ᠶᠢ ᠥᠷᠭᠡᠳᠬᠡᠨ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠬᠡᠵᠦ ᠂ ᠣᠨᠴᠠᠯᠢᠭ ᠢ ᠳᠣᠪᠤᠶᠢᠯᠭᠠᠨ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠣᠭᠲᠠᠴᠠ ᠶᠢᠨ ᠰᠢᠨ᠎ᠡ ᠶᠢ ᠡᠭᠦᠳᠬᠦ᠂ ᠡᠵᠡᠩᠨᠡᠯᠲᠡ ᠶᠢᠨ ᠪᠠᠶᠢᠳᠠᠯ ᠢ ᠳᠡᠰ ᠳᠡᠪᠰᠢᠭᠦᠯᠬᠦ ᠶᠢ ᠲᠦᠯᠬᠢᠨ ᠠᠬᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠂ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠳᠤ ᠨᠡᠩ ᠰᠢᠯᠢᠳᠡᠭ ᠦᠢᠯᠡᠴᠢᠯᠡᠭᠡᠨ ᠬᠠᠩᠭᠠᠨ᠎ᠠ᠃      -  ᠲᠤᠬᠠᠢ ᠶᠢᠨ ᠭᠠᠵᠠᠷ ᠲᠤ ᠨᠢ ᠲᠣᠬᠢᠷᠠᠭᠤᠯᠵᠤ ᠡᠮᠬᠢ ᠴᠡᠭᠴᠡ ᠲᠠᠢ ᠬᠥᠭᠵᠢᠭᠦᠯᠬᠦ ᠶᠢ ᠪᠠᠷᠢᠮᠲᠠᠯᠠᠵᠤ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠠᠮᠢᠶᠠᠷᠤᠯᠲᠠ ᠶᠢᠨ ᠳᠦᠷᠢᠮ᠂ ᠪᠠᠷᠢᠮᠵᠢᠶ᠎ᠠ ᠶᠢᠨ ᠱᠠᠭᠠᠷᠳᠠᠯᠭ᠎ᠠ ᠶᠢ ᠲᠣᠭᠲᠠᠭᠠᠨ ᠬᠡᠷᠡᠭᠵᠢᠭᠦᠯᠵᠦ᠂ ᠡᠮᠬᠢ ᠵᠢᠷᠤᠮ ᠲᠠᠢ ᠬᠥᠲᠥᠯᠥᠨ ᠵᠢᠯᠣᠭᠤᠳᠬᠤ ᠪᠠ ᠲᠡᠳᠬᠦᠨ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ᠂ ᠠᠵᠢᠯᠯᠠᠭᠤᠯᠬᠤ᠂ ᠬᠢᠨᠠᠨ ᠬᠠᠮᠢᠶᠠᠷᠬᠤ ᠵᠡᠷᠭᠡ ᠵᠠᠩᠭᠢᠯᠠᠭ᠎ᠠ ᠶᠢ ᠵᠢᠷᠤᠮᠵᠢᠭᠤᠯᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠠᠯ ᠡᠮᠨᠡᠯᠭᠡ ᠶᠢᠨ ᠦᠢᠯᠡᠴᠢᠯᠡᠭᠡᠨ ᠤ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠬᠠᠮᠠᠭᠠᠯᠠᠬᠤ ᠬᠡᠷᠡᠭᠲᠡᠶ᠃      ︵ᠭᠤᠷᠪᠠ︶ ᠬᠦᠭᠵᠢᠯᠲᠡ ᠶᠢᠨ ᠬᠠᠷᠠᠯᠲᠠ      ᠶᠡᠷᠦᠩᠬᠡᠶ ᠬᠠᠷᠠᠯᠲᠠ᠄ 2023 ᠣᠨ ᠠᠴᠠ ᠡᠬᠢᠯᠡᠨ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠪᠥᠬᠦ ᠲᠠᠯ᠎ᠠ ᠪᠠᠷ ᠠᠬᠢᠭᠤᠯᠵᠤ᠂ ᠡᠭᠡᠯᠢᠯᠡᠭᠡ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠣᠭᠲᠠᠴᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠳᠡᠭᠡᠳᠦ ᠱᠠᠲᠤᠨ ᠠᠴᠠ ᠪᠠᠭᠤᠯᠭᠠᠭᠰᠠᠨ ᠠᠮᠢᠲᠠᠨ ᠤ ᠬᠢᠵᠢᠭ ᠰᠡᠷᠭᠡᠶᠢᠯᠡᠬᠦ ᠪᠡᠯᠡ ᠮᠥᠩᠭᠦ ᠵᠢᠴᠢ ᠠᠵᠢᠯ ᠤᠨ ᠵᠠᠷᠤᠳᠠᠯ ᠢ ᠠᠰᠢᠭᠯᠠᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠢ ᠬᠡᠷᠡᠭᠵᠢᠭᠦᠯᠵᠦ᠂ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠮᠠᠯ ᠡᠮᠨᠡᠯᠭᠡ ᠶᠢᠨ ᠦᠢᠯᠡᠴᠢᠯᠡᠭᠡᠨ ᠪᠣᠯᠤᠨ ᠵᠠᠬ᠎ᠠ ᠳᠡᠯᠭᠡᠭᠦᠷ ᠢᠶᠠᠷ ᠭᠤᠤᠯᠯᠠᠭᠤᠯᠤᠭᠰᠠᠨ ᠡᠵᠡᠩᠨᠡᠯᠲᠡ ᠶᠢᠨ ᠴᠢᠨᠠᠷᠲᠠᠶ ᠮᠠᠯ ᠡᠮᠨᠡᠯᠭᠡ ᠶᠢᠨ ᠦᠢᠯᠡᠴᠢᠯᠡᠭᠡᠨ ᠢ ᠬᠠᠷᠢᠯᠴᠠᠨ ᠤᠶᠠᠯᠳᠤᠭᠤᠯᠤᠭᠰᠠᠨ ᠰᠢᠨ᠎ᠡ ᠪᠠᠶᠢᠳᠠᠯ ᠢ ᠪᠠᠶᠢᠭᠤᠯᠬᠤ ᠬᠡᠷᠡᠭᠲᠡᠶ᠃      ᠬᠤᠶᠠᠷ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠡᠮᠬᠢ ᠵᠢᠷᠤᠮ ᠲᠠᠢ ᠪᠠᠷ ᠬᠥᠭᠵᠢᠬᠦ ᠶᠢ ᠲᠦᠯᠬᠢᠨ ᠠᠬᠢᠭᠤᠯᠤᠨ᠎ᠠ      ︵ᠨᠢᠭᠡ︶ ᠦᠢᠯᠡᠴᠢᠯᠡᠭᠡᠨ ᠤ ᠭᠤᠣᠯ ᠴᠤᠭᠴᠠ ᠶᠢ ᠢᠳᠡᠪᠬᠢᠲᠡᠢ ᠪᠤᠶᠢᠵᠢᠭᠤᠯᠬᠤ      ᠲᠡᠵᠢᠭᠡᠨ ᠦᠷᠡᠵᠢᠭᠦᠯᠬᠦ ᠳᠤ ᠰᠠᠭᠤᠷᠢᠯᠠᠭᠰᠠᠨ ᠪᠦᠬᠦ ᠬᠡᠯᠬᠢᠶᠡᠨ ᠤ ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠵᠠᠰᠠᠯᠲᠠ ᠶᠢᠨ ᠴᠢᠳᠠᠪᠤᠷᠢ ᠪᠣᠯᠤᠨ ᠮᠠᠯ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠵᠦ᠂ ᠲᠤᠰᠬᠠᠶᠢᠵᠢᠭᠤᠯᠬᠤ᠂ ᠵᠠᠬ᠎ᠠ ᠳᠡᠯᠭᠡᠭᠦᠷᠴᠢᠯᠡᠬᠦ᠂ ᠤᠯᠠᠨ ᠡᠰᠢᠵᠢᠭᠦᠯᠬᠦ ᠵᠠᠷᠴᠢᠮ ᠶᠣᠰᠣᠭᠠᠷ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ ᠶᠢ ᠢᠳᠡᠪᠬᠢᠲᠡᠢ ᠪᠤᠶᠢᠵᠢᠭᠤᠯᠤᠨ᠎ᠠ᠃ ᠣᠳᠣ ᠪᠠᠶᠢᠭ᠎ᠠ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠬᠥᠳᠡᠭᠡ ᠲᠣᠰᠬᠤᠨ ᠤ ᠬᠢᠵᠢᠭ ᠰᠡᠷᠭᠡᠶᠢᠯᠡᠭᠴᠢ᠂ ᠠᠵᠢᠯ ᠡᠷᠬᠢᠯᠡᠬᠦ ᠮᠠᠯ ᠤᠨ ᠡᠮᠴᠢ᠂ ᠬᠥᠳᠡᠭᠡ ᠲᠣᠰᠬᠤᠨ ᠤ ᠮᠠᠯ ᠡᠮᠨᠡᠯᠭᠡ ᠶᠢᠨ ᠦᠨᠳᠦᠰᠦᠨ ᠱᠠᠲᠤᠨ ᠤ ᠬᠢᠵᠢᠭ ᠰᠡᠷᠭᠡᠶᠢᠯᠡᠬᠦ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠢᠲᠠᠨ ᠤ ᠬᠢᠵᠢᠭ ᠰᠡᠷᠭᠡᠶᠢᠯᠡᠬᠦ ᠺᠣᠮᠫᠠᠨᠢ᠂ ᠮᠡᠷᠭᠡᠵᠢᠯ ᠤᠨ ᠦᠢᠯᠡᠴᠢᠯᠡᠭᠡᠨ ᠤ ᠺᠣᠮᠫᠠᠨᠢ ᠵᠡᠷᠭᠡ ᠶᠢ ᠡᠭᠦᠳᠦᠨ ᠪᠠᠶᠢᠭᠤᠯᠬᠤ ᠶᠢ ᠲᠡᠳᠬᠦᠨ ᠳᠡᠮᠵᠢᠬᠦ ᠬᠡᠷᠡᠭᠲᠡᠶ︔ ᠲᠣᠮᠣ ᠬᠡᠯᠪᠡᠷᠢ ᠶᠢᠨ ᠲᠡᠵᠢᠭᠡᠨ ᠦᠷᠡᠵᠢᠭᠦᠯᠬᠦ ᠠᠵᠤ ᠠᠬᠤᠶᠢᠯᠠᠯ᠂ ᠮᠠᠯ ᠤᠨ ᠡᠮ ᠤᠨ ᠲᠡᠵᠢᠭᠡᠯ ᠪᠣᠷᠳᠣᠭᠠᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ᠂ ᠬᠠᠮᠢᠶ᠎ᠠ ᠪᠦᠬᠦᠢ ᠮᠠᠯ ᠡᠮᠨᠡᠯᠭᠡ ᠶᠢᠨ ᠪᠠᠶᠢᠴᠠᠭᠠᠨ ᠬᠡᠮᠵᠢᠬᠦ ᠪᠠᠶᠢᠭᠤᠯᠤᠮᠵᠢ᠂ ᠠᠵᠢᠯ ᠲᠦᠷᠦᠯ ᠤᠨ ᠨᠡᠶᠢᠭᠡᠮᠯᠢᠭ ᠵᠡᠷᠭᠡ ᠶᠢᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠶᠢ ᠵᠣᠷᠢᠭᠵᠢᠭᠤᠯᠵᠤ᠂ ᠦᠢᠯᠡᠴᠢᠯᠡᠭᠡᠨ ᠤ ᠠᠭᠤᠯᠭ᠎ᠠ ᠶᠢ ᠥᠷᠭᠡᠳᠬᠡᠵᠦ᠂ ᠮᠠᠯ ᠡᠮᠨᠡᠯᠭᠡ ᠶᠢᠨ ᠣᠨᠣᠰᠢᠯᠠᠨ ᠡᠮᠨᠡᠬᠦ᠂ ᠮᠠᠯ ᠤᠨ ᠡᠮ ᠤᠨ ᠲᠡᠵᠢᠭᠡᠯ ᠪᠣᠷᠳᠤᠭ᠎ᠠ ᠡᠵᠡᠩᠨᠡᠬᠦ ᠬᠢᠭᠡᠳ ᠬᠢᠵᠢᠭ ᠰᠡᠷᠭᠡᠶᠢᠯᠡᠬᠦ ᠶᠢ ᠨᠢᠭᠡ ᠴᠤᠭᠴᠠᠵᠢᠭᠤᠯᠤᠭᠰᠠᠨ ᠦᠢᠯᠡᠴᠢᠯᠡᠭᠡᠨ ᠤ ᠬᠤᠯᠪᠣᠯᠳᠤᠭᠰᠠᠨ ᠮᠠᠶ᠋ᠢᠭ ᠤᠨ ᠡᠵᠡᠩᠨᠡᠯᠲᠡ ᠶᠢᠨ ᠵᠠᠭᠪᠤᠷ ᠢ ᠪᠦᠷᠢᠯᠳᠦᠭᠦᠯᠬᠦ ᠶᠢ ᠠᠬᠢᠭᠤᠯᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃      ︵ᠬᠤᠶᠠᠷ︶ ᠦᠢᠯᠡᠴᠢᠯᠡᠭᠡᠨ ᠤ ᠭᠤᠣᠯ ᠴᠣᠭᠴᠠ ᠶᠢᠨ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ ᠴᠢᠩᠭᠠᠳᠬᠠᠨ᠎ᠠ      ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠᠨ ᠴᠢᠩᠳᠠᠯᠠᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠵᠣᠯᠭᠠᠭᠤᠯᠬᠤ ᠳᠤ ᠡᠷᠬᠡᠪᠰᠢ ︽ᠵᠠᠰᠠᠭ ᠤᠨ ᠣᠷᠳᠣᠨ ᠦᠢᠯᠡᠴᠢᠯᠡᠭᠡᠨ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠤᠨ ᠶᠠᠮᠤᠨ ᠵᠠᠷᠯᠢᠭ 102 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ᠂ ᠪᠠᠰᠠ ᠳᠣᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄      1. ᠳᠠᠭᠠᠭᠠᠨ ᠠᠪᠬᠤ ᠭᠤᠤᠯ ᠴᠣᠭᠴᠠ ᠨᠢ ᠮᠠᠯ ᠵᠢᠭᠦᠷᠲᠡᠨ ᠲᠡᠵᠢᠭᠡᠨ ᠦᠷᠡᠵᠢᠭᠦᠯᠬᠦ᠂ ᠠᠮᠢᠲᠠᠨ ᠢ ᠣᠨᠣᠰᠢᠯᠠᠨ ᠡᠮᠨᠡᠬᠦ᠂ ᠮᠠᠯ ᠤᠨ ᠡᠮ ᠤᠨ ᠲᠡᠵᠢᠭᠡᠯ ᠪᠣᠷᠳᠤᠭ᠎ᠠ ᠶᠢᠨ ᠦᠢᠯᠡᠳᠪᠦᠷᠢᠯᠡᠯ ᠡᠵᠡᠩᠨᠡᠯᠲᠡ᠂ ᠮᠠᠯ ᠡᠮᠨᠡᠯᠭᠡ ᠶᠢᠨ ᠪᠠᠶᠢᠴᠠᠭᠠᠨ ᠬᠡᠮᠵᠢᠯᠲᠡ᠂ ᠮᠠᠯ ᠤᠨ ᠡᠮᠴᠢ ᠶᠢᠨ ᠮᠡᠷᠭᠡᠵᠢᠯ ᠤᠨ ᠦᠢᠯᠡᠴᠢᠯᠡᠭᠡ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠬᠤ ᠮᠥᠷᠲᠡᠭᠡᠨ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠨ ᠡᠭᠦᠷᠭᠡᠯᠡᠬᠦ ᠴᠢᠳᠠᠪᠤᠷᠢ ᠲᠠᠢ ᠺᠣᠮᠫᠠᠨᠢ ᠪᠠᠶᠢᠵᠤ᠂ ᠢᠲᠡᠭᠡᠮᠵᠢ ᠶᠢᠨ ᠪᠠᠶᠢᠳᠠᠯ ᠰᠠᠶᠢᠨ ᠪᠠᠶᠢᠵᠤ᠂ ᠡᠵᠡᠩᠨᠡᠯᠲᠡ ᠶᠢᠨ ᠬᠡᠪ ᠤᠨ ᠪᠤᠰᠤ ᠨᠡᠷ᠎ᠡ ᠶᠢᠨ ᠵᠢᠭᠰᠠᠭᠠᠯᠲᠠ ᠳᠤ ᠣᠷᠣᠭᠤᠯᠤᠭᠰᠠᠨ ᠦᠭᠡᠶ ᠪᠤᠶᠤ ᠬᠠᠤᠯᠢ ᠶᠢ ᠬᠦᠨᠳᠦ ᠨᠣᠴᠢᠲᠠᠶ ᠵᠥᠷᠢᠴᠡᠭᠰᠡᠨ ᠨᠡᠷᠡᠰ ᠲᠤ ᠵᠢᠭᠰᠠᠭᠠᠭᠳᠠᠭᠰᠠᠨ ᠦᠭᠡᠶ᠃ ᠪᠦᠷᠢᠨ ᠲᠡᠭᠦᠯᠳᠡᠷ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠪᠠ ᠲᠤᠰᠠᠭᠠᠷ ᠲᠣᠭᠲᠠᠨᠢᠭᠰᠠᠨ᠂ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠲᠠᠢ᠂ ᠲᠣᠭᠲᠠᠮᠠᠯ ᠠᠵᠢᠯᠯᠠᠬᠤ ᠭᠠᠵᠠᠷ ᠲᠠᠢ᠃      2. ᠦᠢᠯᠡᠴᠢᠯᠡᠭᠡ ᠬᠠᠩᠭᠠᠬᠤ ᠲᠠᠢ ᠣᠷᠣᠨ ᠪᠦᠰᠡ᠂ ᠡᠭᠦᠷᠭᠡ ᠯᠦᠭᠡ ᠲᠣᠬᠢᠷᠠᠯᠴᠠᠭᠰᠠᠨ ᠮᠠᠯ ᠡᠮᠨᠡᠯᠭᠡ ᠶᠢᠨ ᠲᠤᠰᠬᠠᠶ ᠮᠡᠷᠭᠡᠵᠢᠯ ᠤᠨ ᠲᠣᠭᠲᠠᠮᠠᠯ ᠠᠵᠢᠯᠲᠠᠨ ᠲᠠᠢ ᠪᠠᠶᠢᠵᠤ᠂ ᠬᠥᠳᠡᠭᠡ ᠲᠣᠰᠬᠤᠨ ᠤ ᠮᠠᠯ ᠡᠮᠨᠡᠯᠭᠡ ᠶᠢᠨ ᠳᠠᠩᠰᠠᠯᠠᠭᠤᠯᠤᠭᠰᠠᠨ ᠦᠨᠡᠮᠯᠡᠯ ᠲᠠᠢ ᠰᠤᠮᠤ ᠲᠣᠰᠬᠤᠨ ᠤ ᠱᠠᠲᠤᠨ ᠤ ᠬᠢᠵᠢᠭ ᠰᠡᠷᠭᠡᠶᠢᠯᠡᠬᠦ ᠠᠵᠢᠯᠲᠠᠨ ᠠᠳᠠᠭ ᠲᠠᠭᠠᠨ 3 ᠨᠡᠷ᠎ᠡ ᠲᠣᠬᠢᠷᠠᠭᠤᠯᠵᠤ᠂ ᠠᠵᠢᠯ ᠡᠷᠬᠢᠯᠡᠬᠦ ᠮᠠᠯ ᠤᠨ ᠡᠮᠴᠢ ᠶᠢᠨ ᠬᠢᠷᠢ ᠬᠡᠮ ᠲᠠᠢ ᠮᠡᠷᠭᠡᠵᠢᠯ ᠤᠨ ᠠᠵᠢᠯᠲᠠᠨ ᠲᠣᠬᠢᠷᠠᠭᠤᠯᠵᠤ᠂ ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ ᠶᠢᠨ ᠪᠠᠭᠰᠢ ᠶᠢᠨ ᠴᠢᠨᠠᠷ ᠲᠠᠢ ᠪᠠᠶᠢᠴᠠᠭᠠᠨ ᠰᠢᠯᠭᠠᠬᠤ ᠠᠵᠢᠯᠲᠠᠨ ᠢ 2 ᠨᠡᠷ᠎ᠡ ᠲᠣᠬᠢᠷᠠᠭᠤᠯᠤᠨ᠎ᠠ᠃      3. ᠺᠣᠮᠫᠠᠨᠢ ᠳᠤ ᠪᠠᠷᠢᠮᠵᠢᠶᠠᠵᠢᠭᠰᠠᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠪᠠᠶᠢᠵᠤ᠂ ᠲᠤᠷᠰᠢᠯᠲᠠ ᠶᠢᠨ ᠲᠠᠰᠤᠭ ᠤᠨ ᠲᠠᠯᠠᠪᠠᠢ ᠶᠢ 280 ᠲᠡᠭᠰᠢ ᠳᠥᠷᠪᠡᠯᠵᠢᠨ ᠮᠧᠳ᠋ᠷ ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ ᠡᠭᠡᠯᠢᠯᠡᠭᠡ ᠶᠢᠨ ᠠᠰᠢᠭᠯᠠᠮᠵᠢ ᠶᠢᠨ ᠡᠰᠡᠷᠭᠦ ᠴᠣᠭᠴᠠ ᠶᠢ ᠪᠠᠶᠢᠴᠠᠭᠠᠨ ᠰᠢᠯᠭᠠᠬᠤ᠂ ᠬᠢᠵᠢᠭ ᠤᠨ ᠪᠠᠶᠢᠴᠠᠭᠠᠯᠲᠠ ᠶᠢᠨ ᠲᠤᠶᠠᠴᠢᠯᠲᠠ ᠵᠡᠷᠭᠡ ᠣᠨᠣᠰᠢᠯᠠᠬᠤ ᠦᠢᠯᠡᠴᠢᠯᠡᠭᠡ ᠥᠷᠨᠢᠭᠦᠯᠵᠦ ᠴᠢᠳᠠᠨ᠎ᠠ᠃      4᠂ ᠺᠣᠮᠫᠠᠨᠢ ᠠᠴᠠ ᠠᠮᠢᠲᠠᠨ ᠤ ᠸᠠᠺᠼᠢᠨ ᠲᠡᠭᠡᠭᠡᠪᠦᠷᠢᠯᠡᠬᠦ ᠲᠡᠷᠭᠡ ᠬᠥᠰᠬᠡ ᠪᠠ ᠠᠮᠢᠲᠠᠨ ᠠᠴᠠ ᠦᠯᠢᠭᠡᠷ ᠠᠪᠬᠤ ᠲᠤᠰᠬᠠᠢ ᠲᠡᠷᠭᠡ ᠲᠣᠬᠢᠷᠠᠭᠤᠯᠬᠤ ᠬᠡᠷᠡᠭᠲᠡᠢ᠃      5. ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠲᠦᠷᠭᠡᠬᠡᠨ ᠬᠤᠪᠢᠷᠠᠭᠤᠯᠵᠤ᠂ ᠣᠳᠣ ᠪᠠᠶᠢᠭ᠎ᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢᠨ ᠲᠤᠰᠠᠳᠠ᠂ ᠠᠵᠢᠯᠲᠠᠨ ᠤ ᠬᠢᠷᠢ ᠬᠡᠮ᠂ ᠲᠤᠷᠰᠢᠯᠲᠠ ᠶᠢᠨ ᠲᠠᠰᠤᠭ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢᠨ ᠨᠥᠬᠦᠴᠡᠯ ᠢ ᠪᠦᠷᠢᠳᠦᠭᠦᠯᠦᠭᠰᠡᠨ ᠰᠠᠭᠤᠷᠢᠨ ᠳᠡᠭᠡᠷ᠎ᠡ᠂ ᠣᠳᠣ ᠶᠢᠨ ᠪᠠᠶᠢᠭ᠎ᠠ ᠦᠨᠳᠦᠰᠦᠨ ᠱᠠᠲᠤᠨ ᠤ ᠬᠢᠵᠢᠭ ᠰᠡᠷᠭᠡᠶᠢᠯᠡᠬᠦ ᠠᠵᠢᠯᠲᠠᠨ ᠢ ᠡᠩ ᠲᠡᠷᠢᠭᠦᠨ ᠳᠤ ᠰᠣᠩᠭᠤᠨ ᠺᠣᠮᠫᠠᠨᠢ ᠪᠠᠶᠢᠭᠤᠯᠵᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠥᠷᠨᠢᠭᠦᠯᠬᠦ ᠬᠡᠷᠡᠭᠲᠡᠶ᠃      ︵ᠭᠤᠷᠪᠠ︶ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠦᠷᠭᠡᠳᠭᠡᠨ᠎ᠡ      ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠮᠢᠲᠠᠨ ᠤ ᠬᠢᠵᠢᠭ ᠰᠡᠷᠭᠡᠶᠢᠯᠡᠬᠦ ᠠᠵᠢᠯ ᠤᠨ ᠬᠡᠷᠡᠭᠴᠡᠭᠡ ᠶᠢ ᠬᠠᠩᠭᠠᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠦᠯᠦ ᠬᠠᠯᠳᠠᠭᠠᠬᠤ᠂ ᠣᠷᠴᠢᠨ ᠲᠣᠭᠤᠷᠢᠨ ᠢ ᠠᠷᠢᠭᠤᠳᠬᠠᠬᠤ᠂ ᠦᠯᠢᠭᠡᠷ ᠠᠪᠬᠤ᠂ ᠬᠢᠵᠢᠭ ᠪᠠᠶᠢᠴᠠᠭᠠᠬᠤ ᠮᠡᠷᠭᠡᠵᠢᠯ ᠤᠨ ᠴᠢᠨᠠᠷᠲᠠᠶ ᠲᠤᠰᠠᠯᠠᠬᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ᠂ ᠡᠪᠡᠳᠴᠢᠨ ᠢᠶᠠᠷ ᠦᠬᠦᠭᠰᠡᠨ ᠠᠮᠢᠲᠠᠨ ᠪᠠ ᠬᠠᠶᠠᠭᠳᠠᠮᠠᠯ ᠮᠠᠯ ᠤᠨ ᠡᠮ ᠢ ᠬᠤᠤᠷ ᠥᠬᠡᠶᠢᠳᠡᠭᠦᠯᠦᠨ ᠴᠤᠭᠯᠠᠭᠤᠯᠤᠨ ᠰᠢᠶ᠋ᠳᠪᠦᠷᠢᠯᠡᠬᠦ᠂ ᠮᠡᠳᠡᠭᠡ ᠵᠠᠩᠭᠢᠵᠢᠭᠤᠯᠤᠭᠰᠠᠨ ᠦᠢᠯᠡᠴᠢᠯᠡᠭᠡ᠂ ᠦᠷᠭᠦᠯᠵᠢᠯᠡᠭᠰᠡᠨ ᠰᠤᠷᠭᠠᠨ ᠬᠥᠮᠦᠵᠢᠯ᠂ ᠯᠠᠪᠯᠠᠯᠭ᠎ᠠ ᠨᠤᠲᠠᠯᠠᠯᠲᠠ ᠬᠢᠬᠦ᠂ ᠵᠢᠴᠢ ᠰᠢᠨ᠎ᠡ ᠪᠠᠷ ᠨᠡᠮᠡᠭᠳᠡᠭᠰᠡᠨ ᠪᠤᠶᠤ ᠲᠦᠷ ᠴᠠᠭ ᠤᠨ ᠴᠢᠨᠠᠷᠲᠠᠶ᠂ ᠱᠠᠲᠤ ᠦ᠊ ᠡᠶ᠎ᠡ ᠶᠢᠨ ᠴᠢᠨᠠᠷᠲᠠᠶ ᠦᠢᠯᠡᠴᠢᠯᠡᠭᠡᠨ ᠤ ᠵᠦᠢᠯᠡᠰ᠂ ᠵᠢᠱᠢᠶᠡᠯᠡᠪᠡᠯ ᠭᠡᠨᠡᠳᠲᠡ ᠡᠭᠦᠰᠦᠭᠰᠡᠨ ᠬᠢᠵᠢᠭ ᠤᠨ ᠳᠠᠷᠠᠭᠠᠬᠢ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠬᠢᠵᠢᠭᠲᠦ ᠴᠢᠭ ᠤᠨ ᠬᠢᠵᠢᠭᠲᠦ ᠣᠷᠣᠨ ᠢ ᠠᠷᠢᠭᠤᠳᠬᠠᠬᠤ ᠵᠡᠷᠭᠡ ᠬᠦᠷᠲᠡᠯ᠎ᠡ ᠥᠷᠭᠡᠳᠬᠡᠬᠦ ᠬᠡᠷᠡᠭᠲᠡᠶ᠃ ︽ᠵᠠᠰᠠᠭ ᠤᠨ ᠣᠷᠳᠣᠨ ᠦᠶ᠋ᠯᠡᠴᠢᠯᠡᠭᠡ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠪᠠ ᠬᠢᠵᠢᠭ ᠢ ᠰᠡᠷᠭᠡᠶᠢᠯᠡᠬᠦ ᠠᠵᠢᠯ ᠤᠨ ᠣᠨᠴᠠᠯᠢᠭ ᠢ ᠦᠨᠳᠦᠰᠦᠯᠡᠨ ᠲᠣᠭᠲᠠᠭᠠᠭᠰᠠᠨ ᠨᠡᠶᠢᠭᠡᠮᠴᠢᠯᠡᠭᠰᠡᠨ ᠦᠶ᠋ᠯᠡᠴᠢᠯᠡᠭᠡ ᠶᠢ ᠬᠤᠳᠠᠯᠳᠤᠨ ᠠᠪᠬᠤ ᠵᠦᠶ᠋ᠯ ᠪᠠ ᠠᠷᠭ᠎ᠠ ᠮᠠᠶ᠋ᠢᠭ ᠳᠤ᠂ ᠣᠷᠣᠨ ᠤ ᠵᠠᠰᠠᠭ ᠤᠨ ᠣᠷᠳᠣᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠶ᠋ᠯᠡᠴᠢᠯᠡᠭᠡᠨ ᠤ ᠠᠵᠤ ᠠᠬᠤᠶᠢᠯᠠᠯ ᠳᠤ ᠰᠢᠯᠭᠠᠨ ᠬᠢᠨᠠᠵᠤ ᠰᠢᠯᠭᠠᠨ ᠬᠤᠷᠢᠶᠠᠨ᠎ᠠ᠃      ︵ᠲᠦᠷᠪᠡ︶ ᠪᠣᠳᠠᠲᠠᠢ ᠬᠡᠷᠡᠭᠵᠢᠭᠦᠯᠬᠦ ᠠᠯᠬᠤᠮ ᠳᠠᠷᠠᠭ᠎ᠠ      1. ᠤᠬᠠᠭᠤᠯᠤᠨ ᠳᠠᠶᠢᠴᠢᠯᠠᠬᠤ ᠱᠠᠲᠤ ᠦᠶ᠎ᠡ ︵ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 2023 ᠣᠨ ᠤ 11 ᠰᠠᠷ᠎ᠠ ᠶᠢᠨ 20 ᠤ ᠡᠳᠦᠷ︶      ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠦᠨᠳᠦᠰᠦᠨ ᠱᠠᠲᠤᠨ ᠤ ᠬᠢᠵᠢᠭ ᠰᠡᠷᠭᠡᠶᠢᠯᠡᠭᠴᠢ ᠶᠢ ᠵᠣᠬᠢᠶᠠᠨ ᠪᠠᠶᠢᠭᠤᠯᠤᠨ ︽ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠮᠡᠳᠡᠭᠳᠡᠯ︾᠂ ︽ᠪᠤᠭᠤᠲᠤ ᠬᠤᠲᠠ ᠶᠢᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠤᠨ ᠵᠣᠷᠢᠭ ᠰᠠᠨᠠᠭ᠎ᠠ ᠶᠢ ᠤᠬᠠᠭᠤᠯᠤᠨ ᠰᠤᠷᠤᠯᠴᠠᠭᠤᠯᠵᠤ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ᠂ ᠠᠮᠢᠲᠠᠨ ᠢ ᠣᠨᠣᠰᠢᠯᠠᠨ ᠡᠮᠨᠡᠬᠦ᠂ ᠮᠠᠯ ᠤᠨ ᠡᠮ ᠤᠨ ᠲᠡᠵᠢᠭᠡᠯ ᠪᠣᠷᠳᠤᠭ᠎ᠠ᠂ ᠮᠠᠯ ᠡᠮᠨᠡᠯᠭᠡ ᠶᠢᠨ ᠪᠠᠶᠢᠴᠠᠭᠠᠨ ᠬᠡᠮᠵᠢᠯᠲᠡ ᠵᠡᠷᠭᠡ ᠡᠵᠡᠩᠨᠡᠭᠴᠢ ᠳᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠭᠤᠯᠭ᠎ᠠ ᠶᠢ ᠤᠬᠠᠭᠤᠯᠵᠤ᠂ ᠲᠡᠳᠡᠨ ᠢ ᠳᠠᠶᠢᠴᠢᠯᠠᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠤᠯ ᠴᠣᠭᠴᠠ ᠪᠣᠯᠭᠠᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠥᠷᠨᠢᠭᠦᠯᠦᠨ᠎ᠡ᠃      2. ᠬᠢᠨᠠᠨ ᠬᠠᠷᠭᠤᠭᠤᠯᠵᠤ ᠰᠢᠯᠭᠠᠨ ᠠᠪᠬᠤ ᠱᠠᠲᠤ ᠦᠶ᠎ᠡ ︵2023 ᠣᠨ ᠤ 11 ᠰᠠᠷ᠎ᠠ ᠶᠢᠨ 20 ᠤ ᠡᠳᠦᠷ ᠠᠴᠠ 2023 ᠣᠨ ᠤ 12 ᠰᠠᠷ᠎ᠠ ᠶᠢᠨ 20 ᠤ ᠡᠳᠦᠷ︶      ᠬᠢᠨᠠᠨ ᠬᠠᠷᠭᠤᠭᠤᠯᠵᠤ ᠰᠢᠯᠭᠠᠨ ᠠᠪᠬᠤ ᠳᠤᠭᠤᠶᠢᠯᠠᠩ ᠪᠠᠶᠢᠭᠤᠯᠵᠤ᠂ ᠭᠤᠶᠤᠴᠢᠯᠠᠨ ᠮᠡᠳᠡᠭᠦᠯᠦᠭᠰᠡᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠶ᠋ᠯᠡᠴᠢᠯᠡᠭᠡᠨ ᠤ ᠭᠤᠤᠯ ᠴᠣᠭᠴᠠ ᠳᠤ ᠵᠥᠪᠰᠢᠶᠡᠷᠡᠨ ᠣᠷᠣᠭᠤᠯᠬᠤ ᠨᠥᠬᠦᠴᠡᠯ ᠶᠣᠰᠣᠭᠠᠷ ᠬᠢᠨᠠᠨ ᠬᠠᠷᠭᠤᠭᠤᠯᠵᠤ ᠰᠢᠯᠭᠠᠨ ᠠᠪᠴᠤ᠂ ᠦᠶ᠋ᠯᠡᠴᠢᠯᠡᠭᠡᠨ ᠤ ᠭᠤᠤᠯ ᠴᠣᠭᠴᠠ ᠳᠤ ᠬᠤᠪᠢ ᠲᠣᠭᠲᠠᠭᠠᠵᠤ ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠢᠭᠡᠳ ᠬᠤᠪᠢ ᠲᠣᠭᠲᠠᠭᠠᠬᠤ ᠪᠠᠷ ᠬᠠᠮᠤᠭ ᠤᠨ ᠥᠨᠳᠥᠷ ᠺᠣᠮᠫᠠᠨᠢ ᠳᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠶ᠋ᠯᠡᠴᠢᠯᠡᠭᠡᠨ ᠤ ᠭᠡᠷ᠎ᠡ ᠲᠣᠭᠲᠠᠭᠠᠨ᠎ᠠ᠃      3. ᠬᠡᠪᠰᠢᠭᠰᠡᠨ ᠬᠠᠮᠢᠶᠠᠷᠤᠯᠲᠠ ᠶᠢᠨ ᠱᠠᠲᠤ ᠦ᠊ ᠡᠶ᠎ᠡ      ᠮᠠᠯ ᠡᠮᠨᠡᠯᠭᠡ ᠶᠢᠨ ᠨᠡᠶᠢᠭᠡᠮᠴᠢᠯᠡᠭᠰᠡᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠬᠠᠪᠤᠷ ᠤᠨ ᠰᠡᠷᠭᠡᠶᠢᠯᠡᠯᠲᠡ᠂ ᠨᠠᠮᠤᠷ ᠤᠨ ᠰᠡᠷᠭᠡᠶᠢᠯᠡᠯᠲᠡ ᠳᠠᠭᠤᠰᠤᠭᠰᠠᠨ ᠤ ᠳᠠᠷᠠᠭ᠎ᠠ᠂ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ ᠳᠤ ᠠᠮᠵᠢᠯᠲᠠ ᠪᠦᠲᠦᠮᠵᠢ ᠶᠢ ᠰᠢᠯᠭᠠᠨ ᠬᠢᠨᠠᠵᠤ ᠦᠨᠡᠯᠡᠯᠲᠡ ᠬᠢᠵᠦ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠦᠷᠢᠶᠡᠨ ᠳᠠᠬᠢ ᠢᠲᠡᠭᠡᠮᠵᠢ ᠶᠢᠨ ᠲᠡᠮᠳᠡᠭᠯᠡᠯ ᠪᠠ ᠪᠤᠴᠠᠭᠠᠵᠤ ᠭᠠᠷᠭᠠᠬᠤ ᠲᠣᠭᠲᠠᠴᠠ ᠶᠢ ᠪᠠᠶᠢᠭᠤᠯᠤᠨ᠎ᠠ᠃      ᠭᠤᠷᠪᠠ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ      ︵ᠨᠢᠭᠡ︶ ᠦᠢᠯᠡᠴᠢᠯᠡᠬᠦ ᠠᠵᠢᠯᠯᠠᠭ᠎ᠠ ᠶᠢ ᠵᠢᠷᠤᠮᠵᠢᠭᠤᠯᠬᠤ      ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠤᠯ ᠴᠣᠭᠴᠠ ᠶᠢᠨ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ ᠴᠢᠩᠭᠠᠳᠬᠠᠨ᠂ ᠵᠥᠪᠰᠢᠶᠡᠷᠡᠨ ᠣᠷᠣᠭᠤᠯᠬᠤ ᠬᠢᠷᠢ ᠴᠢᠳᠠᠮᠵᠢ ᠶᠢᠨ ᠨᠥᠬᠦᠴᠡᠯ᠂ ᠦᠢᠯᠡᠴᠢᠯᠡᠭᠡᠨ ᠤ ᠬᠡᠪᠴᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠦᠢᠯᠡᠴᠢᠯᠡᠭᠡᠨ ᠤ ᠪᠠᠷᠢᠮᠵᠢᠶ᠎ᠠ ᠶᠢ ᠲᠣᠳᠣᠷᠬᠠᠶᠢᠯᠠᠨ᠂ ᠠᠵᠢᠯ ᠡᠷᠬᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢᠨ ᠨᠢᠭᠡᠳᠦᠯᠲᠡᠶ ᠳᠦᠷᠢᠮ ᠢ ᠬᠡᠷᠡᠭᠵᠢᠭᠦᠯᠦᠨ᠂ ᠵᠠᠰᠠᠭ ᠤᠨ ᠣᠷᠳᠣᠨ ᠦᠢᠯᠡᠴᠢᠯᠡᠭᠡᠨ ᠬᠤᠳᠠᠯᠳᠤᠨ ᠠᠪᠬᠤ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠡᠮᠬᠢ ᠵᠢᠷᠤᠮ ᠦᠭᠡᠶ ᠪᠠᠷ ᠥᠷᠢᠰᠥᠯᠳᠦᠬᠦ᠂ ᠳᠣᠤᠷ᠎ᠠ ᠬᠢᠷᠢ ᠬᠡᠮᠵᠢᠶ᠎ᠡ ᠪᠠᠷ ᠳᠠᠪᠬᠤᠷᠳᠠᠭᠤᠯᠬᠤ ᠵᠡᠷᠭᠡ ᠪᠠᠶᠢᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠶᠣᠰᠣᠭᠠᠷ᠂ ᠡᠷᠬᠡ ᠲᠡᠭᠰᠢ ᠪᠠᠷ ᠥᠷᠢᠰᠥᠯᠳᠦᠨ ᠰᠢᠯᠢᠳᠡᠭ ᠢ ᠨᠢ ᠰᠣᠩᠭᠤᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠵᠠᠰᠠᠭ ᠤᠨ ᠣᠷᠳᠣᠨ ᠦᠢᠯᠡᠴᠢᠯᠡᠭᠡᠨ ᠬᠤᠳᠠᠯᠳᠤᠨ ᠠᠪᠬᠤ ᠶᠢ ᠳᠠᠭᠠᠭᠠᠨ ᠠᠪᠬᠤ ᠭᠤᠤᠯ ᠴᠣᠭᠴᠠ ᠶᠢ ᠲᠣᠭᠲᠠᠭᠠᠵᠤ᠂ ᠦᠢᠯᠡᠴᠢᠯᠡᠭᠡᠨ ᠬᠤᠳᠠᠯᠳᠤᠨ ᠠᠪᠬᠤ ᠠᠭᠤᠯᠭ᠎ᠠ᠂ ᠬᠤᠭᠤᠴᠠᠭ᠎ᠠ᠂ ᠲᠤᠭ᠎ᠠ ᠬᠡᠮᠵᠢᠶ᠎ᠡ᠂ ᠶᠠᠰᠤ ᠴᠢᠨᠠᠷ᠂ ᠦᠨ᠎ᠡ ᠬᠠᠩᠰᠢ ᠵᠡᠷᠭᠡ ᠱᠠᠭᠠᠷᠳᠠᠯᠭ᠎ᠠ᠂ ᠵᠢᠴᠢ ᠪᠡᠯᠡ ᠮᠥᠩᠭᠦ ᠪᠠᠷ ᠳ᠋ᠦᠩᠨᠡᠨ ᠪᠣᠳᠣᠬᠤ ᠠᠷᠭ᠎ᠠ ᠮᠠᠶ᠋ᠢᠭ᠂ ᠬᠤᠶᠠᠷ ᠲᠠᠯ᠎ᠠ ᠶᠢᠨ ᠡᠷᠬᠡ ᠠᠰᠢᠭ ᠡᠭᠦᠷᠭᠡ ᠶᠢᠨ ᠵᠦᠢᠯᠡᠰ ᠪᠠ ᠭᠡᠷ᠎ᠡ ᠠᠴᠠ ᠵᠥᠷᠢᠴᠡᠭᠰᠡᠨ ᠤ ᠬᠠᠷᠢᠭᠤᠴᠠᠯᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠦᠷᠢᠶᠡᠨ ᠤ ᠢᠲᠡᠭᠡᠮᠵᠢ ᠶᠢᠨ ᠲᠡᠮᠳᠡᠭᠯᠡᠬᠦ ᠪᠠ ᠪᠤᠴᠠᠭᠠᠵᠤ ᠭᠠᠷᠭᠠᠬᠤ ᠲᠣᠭᠲᠠᠴᠠ ᠶᠢ ᠪᠠᠶᠢᠭᠤᠯᠵᠤ᠂ ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠳᠦᠷᠢᠮ ᠢ ᠨᠠᠶᠢᠳᠠᠪᠤᠷᠢᠵᠢᠭᠤᠯᠤᠨ᠎ᠠ᠃ ᠡᠳ᠋ ᠤᠨ ᠵᠠᠰᠠᠭ ᠤᠨ ᠬᠢᠨᠠᠯᠲᠠ᠂ ᠬᠢᠨᠠᠨ ᠪᠣᠳᠣᠯᠲᠤ ᠶᠢᠨ ᠬᠢᠨᠠᠯᠲᠠ ᠵᠢᠴᠢ ᠦᠢᠯᠡᠴᠢᠯᠡᠬᠦ ᠡᠲᠡᠭᠡᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠭᠤᠷᠪᠠᠳᠠᠬᠢ ᠡᠲᠡᠭᠡᠳ᠂ ᠣᠯᠠᠨ ᠨᠡᠶᠢᠲᠡ᠂ ᠵᠠᠭᠤᠴᠢᠯᠠᠭᠤᠷ ᠵᠡᠷᠭᠡ ᠨᠡᠶᠢᠭᠡᠮ ᠤᠨ ᠬᠢᠨᠠᠯᠲᠠ ᠲᠠᠯᠪᠢᠬᠤ ᠬᠦᠴᠦᠨ ᠢ ᠭᠦᠢᠴᠡᠳ ᠳᠠᠶᠢᠴᠢᠯᠠᠵᠤ ᠪᠠᠶᠢᠭᠠᠳ ᠵᠠᠰᠠᠯᠲᠠ ᠳᠤ ᠬᠠᠮᠲᠤᠪᠠᠷ ᠣᠷᠣᠯᠴᠠᠭᠤᠯᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠥᠭᠵᠢᠯᠲᠡ ᠳᠤ ᠵᠢᠷᠤᠮᠵᠢᠭᠰᠠᠨ ᠡᠮᠬᠢ ᠵᠢᠷᠤᠮ ᠲᠠᠢ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ᠃      ︵ᠬᠤᠶᠠᠷ︶ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠬᠦ      ᠬᠤᠳᠠᠯᠳᠤᠨ ᠠᠪᠬᠤ ᠭᠤᠤᠯ ᠴᠣᠭᠴᠠ ᠨᠢ ᠵᠠᠰᠠᠭ ᠤᠨ ᠣᠷᠳᠣᠨ ᠦᠢᠯᠡᠴᠢᠯᠡᠭᠡᠨ ᠬᠤᠳᠠᠯᠳᠤᠨ ᠠᠪᠬᠤ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠬᠤᠳᠠᠯᠳᠤᠨ ᠠᠪᠬᠤ ᠦᠢᠯᠡᠴᠢᠯᠡᠭᠡᠨ ᠢ ᠬᠡᠷᠡᠭᠵᠢᠭᠦᠯᠦᠭᠰᠡᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠠᠮᠵᠢᠯᠲᠠ ᠪᠦᠲᠦᠮᠵᠢ ᠶᠢᠨ ᠦᠨᠡᠯᠡᠯᠲᠡ ᠬᠢᠵᠦ᠂ ᠨᠥᠬᠦᠴᠡᠯ ᠪᠦᠷᠢᠯᠳᠦᠭᠦᠯᠦᠭᠰᠡᠨ ᠲᠥᠷᠥᠯ ᠵᠦᠢᠯ ᠢ ᠭᠤᠷᠪᠠᠳᠠᠬᠢ ᠡᠲᠡᠭᠡᠳ ᠠᠴᠠ ᠦᠨᠡᠯᠡᠨ ᠵᠢᠱᠢᠵᠦ ᠪᠣᠯᠤᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠬᠡᠷᠡᠭᠴᠡᠭᠡ ᠪᠠᠨ ᠦᠨᠳᠦᠰᠦᠯᠡᠨ᠂ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠦᠢᠯᠡᠴᠢᠯᠡᠭᠡᠨ ᠬᠤᠳᠠᠯᠳᠤᠨ ᠠᠪᠬᠤ ᠪᠦᠬᠦᠯᠢ ᠴᠣᠭᠴᠠ ᠶᠢᠨ ᠠᠵᠢᠯ ᠳᠤ ᠠᠮᠵᠢᠯᠲᠠ ᠪᠦᠲᠦᠮᠵᠢ ᠶᠢᠨ ᠦᠨᠡᠯᠡᠯᠲᠡ ᠬᠢᠵᠦ ᠪᠣᠯᠤᠨ᠎ᠠ᠃ ᠬᠤᠳᠠᠯᠳᠤᠨ ᠠᠪᠬᠤ ᠭᠤᠤᠯ ᠴᠣᠭᠴᠠ ᠵᠢᠴᠢ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠳᠠᠭᠠᠭᠠᠨ ᠠᠪᠬᠤ ᠭᠤᠤᠯ ᠴᠣᠭᠴᠠ ᠶᠢᠨ ᠰᠣᠩᠭᠤᠯᠲᠠ᠂ ᠲᠥᠰᠦᠪ ᠤᠨ ᠲᠣᠬᠢᠷᠠᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢᠨ ᠴᠢᠬᠤᠯᠠ ᠦᠨᠳᠦᠰᠦᠯᠡᠯ ᠪᠣᠯᠭᠠᠨ᠎ᠠ᠃      ᠳᠥᠷᠪᠡ᠂ ᠠᠯᠪᠠᠳᠠᠯᠭ᠎ᠠ ᠪᠠᠷ ᠡᠭᠡᠯᠢᠯᠡᠭᠡ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠣᠭᠲᠠᠴᠠ ᠶᠢᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ᠎ᠠ      ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠠᠮᠢᠲᠠᠨ ᠤ ᠬᠢᠵᠢᠭ ᠢ ᠰᠡᠷᠭᠡᠶᠢᠯᠡᠬᠦ ᠲᠥᠷᠥ ᠶᠢᠨ ᠪᠣᠳᠣᠯᠭ᠎ᠠ ᠶᠢᠨ ᠲᠣᠭᠲᠠᠴᠠ ᠶᠢᠨ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢᠨ ᠠᠯᠪᠠᠳᠠᠯᠭ᠎ᠠ ᠪᠠᠷ ᠥᠯᠥ ᠬᠠᠯᠳᠠᠭᠠᠬᠤ ᠶᠢᠨ ︽ᠤᠷᠢᠳᠠᠪᠠᠷ ᠴᠣᠬᠢᠯᠲᠠ ᠥᠭᠴᠦ ᠳᠠᠷᠠᠭ᠎ᠠ ᠨᠢ ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠵᠤ᠂ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠶᠢᠨ ᠠᠮᠢᠲᠠᠨ ᠤ ᠬᠢᠵᠢᠭ ᠢ ᠰᠡᠷᠭᠡᠶᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠶ᠃ 2025 ᠣᠨ ᠳᠤ᠂ ᠵᠠᠰᠠᠭ ᠤᠨ ᠣᠷᠳᠣᠨ ᠤ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠸᠠᠺᠼᠢᠨ ᠢ ᠴᠢᠩᠭ᠎ᠠ ᠬᠡᠯᠲᠦᠷᠢᠭᠦᠯᠬᠦ ᠶᠢ ᠠᠯᠬᠤᠮ ᠠᠯᠬᠤᠮ ᠢᠶᠠᠷ ᠪᠥᠬᠦ ᠲᠠᠯ᠎ᠠ ᠪᠠᠷ ᠬᠦᠴᠦᠨ ᠥᠬᠡᠶ ᠪᠣᠯᠭᠠᠪᠠ᠃ ︽ᠦᠢᠯᠡᠳᠪᠦᠷᠢᠯᠡᠭᠴᠢᠳ ᠤᠨ ᠬᠢᠵᠢᠭ ᠢ ᠰᠡᠷᠭᠡᠶᠢᠯᠡᠬᠦ᠂ ᠠᠰᠢᠭ ᠬᠦᠷᠲᠡᠭᠴᠢ ᠰᠦᠢᠳᠬᠡᠯ ᠲᠤᠰᠢᠶᠠᠬᠤ︾ ᠣᠨᠣᠯᠵᠢᠬᠤᠨ ᠢ ᠪᠤᠢ ᠪᠣᠯᠭᠠᠵᠤ᠂ ᠸᠠᠺᠼᠢᠨ ᠤ ᠡᠵᠡᠩᠨᠡᠨ ᠪᠣᠷᠣᠯᠠᠭᠤᠯᠬᠤ᠂ ᠬᠤᠳᠠᠯᠳᠤᠨ ᠠᠪᠬᠤ᠂ ᠦᠯᠦ ᠬᠠᠯᠳᠠᠭᠠᠬᠤ ᠦᠢᠯᠡᠴᠢᠯᠡᠭᠡ ᠵᠡᠷᠭᠡ ᠭᠤᠭᠴᠤᠭ᠎ᠠ ᠳᠤ ᠵᠠᠬ᠎ᠠ ᠳᠡᠯᠭᠡᠭᠦᠷ ᠤᠨ ᠲᠣᠭᠲᠠᠴᠠ ᠶᠢᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠦᠵᠡᠭᠦᠯᠬᠦ ᠶᠢ ᠳᠡᠮᠵᠢᠵᠦ᠂ ᠠᠮᠢᠵᠢᠷᠠᠯ ᠤᠨ ᠬᠦᠴᠦᠨ ᠢᠶᠠᠷ ᠪᠠᠶᠠᠯᠢᠭ᠂ ᠥᠨᠳᠥᠷ ᠪᠦᠲᠦᠮᠵᠢᠲᠡᠶ ᠪᠥᠭᠡᠳ ᠵᠢᠷᠤᠮᠵᠢᠭᠤᠨ᠂ ᠬᠢᠨᠠᠯᠲᠠ ᠬᠠᠮᠢᠶᠠᠷᠤᠯᠲᠠ ᠪᠠᠷ ᠬᠦᠴᠦᠲᠡᠶ ᠡᠭᠡᠯᠢᠯᠡᠭᠡ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠣᠭᠲᠠᠴᠠ ᠶᠢ ᠲᠦᠷᠭᠡᠳᠬᠡᠨ ᠪᠠᠶᠢᠭᠤᠯᠤᠨ᠎ᠠ᠃ ᠦᠯᠦ ᠬᠠᠯᠳᠠᠭᠠᠯᠲᠠ ᠶᠢᠨ ᠪᠠᠶᠢᠳᠠᠯ ᠢ ᠭᠠᠷᠤᠯᠲᠠ ᠶᠢᠨ ᠭᠠᠵᠠᠷ ᠤᠨ ᠬᠢᠵᠢᠭ ᠪᠠᠶᠢᠴᠠᠭᠠᠬᠤ᠂ ᠡᠳ᠋ ᠤᠨ ᠵᠠᠰᠠᠭ ᠤᠨ ᠨᠥᠬᠦᠪᠥᠷᠢ ᠥᠭᠬᠦ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠯᠦᠭᠡ ᠬᠤᠯᠪᠣᠭᠳᠠᠭᠤᠯᠵᠤ᠂ ᠲᠣᠭᠲᠠᠭᠠᠭᠰᠠᠨ ᠱᠠᠭᠠᠷᠳᠠᠯᠭ᠎ᠠ ᠶᠣᠰᠣᠭᠠᠷ ᠦᠯᠦ ᠬᠠᠯᠳᠠᠭᠠᠯᠲᠠ ᠶᠢᠨ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠳᠤ ᠮᠠᠯ ᠤᠨᠤᠭ᠎ᠠ ᠲᠡᠵᠢᠭᠡᠪᠦᠷᠢ ᠵᠢᠭᠦᠷᠲᠡᠨ ᠢ ᠬᠢᠵᠢᠭ ᠪᠠᠶᠢᠴᠠᠭᠠᠬᠤ ᠶᠠᠪᠤᠴᠠ ᠳᠤ ᠬᠢᠷᠢ ᠲᠡᠩᠴᠡᠬᠦ ᠦᠭᠡᠶ ᠪᠠᠷ ᠰᠢᠶ᠋ᠳᠪᠦᠷᠢᠯᠡᠵᠦ᠂ ᠲᠤᠰᠠᠯᠠᠮᠵᠢ ᠣᠯᠭᠤᠬᠤ ᠦᠭᠡᠶ᠂ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠶᠢ ᠰᠢᠮᠳᠠᠭᠤᠯᠤᠨ ᠦᠯᠦ ᠬᠠᠯᠳᠠᠭᠠᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠶ᠃      ᠲᠠᠪᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠃ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠤᠳᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠰᠢᠮᠳᠠᠭᠤᠯᠤᠨ ᠪᠠᠶᠢᠴᠠᠭᠠᠵᠤ ᠵᠢᠯᠣᠭᠤᠳᠬᠤ ᠪᠠ ᠰᠢᠯᠭᠠᠨ ᠬᠢᠨᠠᠵᠤ ᠦᠨᠡᠯᠡᠬᠦ ᠪᠠᠨ ᠴᠢᠩᠭᠠᠳᠬᠠᠵᠤ᠂ ᠮᠠᠯ ᠡᠮᠨᠡᠯᠭᠡ ᠶᠢᠨ ᠨᠡᠶᠢᠭᠡᠮᠴᠢᠯᠡᠨ ᠠᠬᠢᠭᠤᠯᠬᠤ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠲᠣᠭᠤᠷᠢᠭ ᠤᠨ ᠵᠠᠰᠠᠭ ᠤᠨ ᠣᠷᠳᠣᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠳᠡᠳ᠋ ᠳᠠᠷᠤᠭ᠎ᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠭᠤᠤᠯ ᠤᠳᠤᠷᠢᠳᠤᠯᠭ᠎ᠠ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠪᠦᠷᠢᠯᠳᠦᠬᠦᠨ ᠨᠢᠭᠡᠴᠡ ᠳᠤ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠾᠧ ᠳ᠋ᠦᠩ ᠪᠠᠯᠭᠠᠰᠤ᠂ ᠰᠠᠷᠠᠴᠢᠨ ᠪᠠᠯᠭᠠᠰᠤ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠡᠪᠡᠰᠦ ᠪᠡᠯᠴᠢᠭᠡᠷ ᠤᠨ ᠦᠢᠯᠡᠰ ᠤᠨ ᠬᠥᠭᠵᠢᠯᠲᠡ ᠶᠢᠨ ᠲᠥᠪ ᠤᠨ ᠭᠤᠤᠯ ᠤᠳᠤᠷᠢᠳᠤᠯᠭ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢ ᠪᠠᠭᠲᠠᠭᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠳᠣᠭᠢᠷᠠᠭᠤᠯᠵᠤ᠂ ᠪᠥᠬᠦ ᠣᠷᠣᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠨ᠎ᠠ᠃      ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠰᠢᠯᠢᠳᠡᠭᠵᠢᠭᠦᠯᠦᠨ᠎ᠡ᠃ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠬᠠᠪᠰᠤᠷᠤᠨ ᠰᠠᠶᠢᠲᠤᠷ ᠡᠬᠢᠯᠡᠭᠦᠯᠵᠦ ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ᠃ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠬᠠᠮᠢᠶ᠎ᠠ ᠪᠥᠬᠦᠶ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ᠂ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ᠂ ᠲᠡᠵᠢᠭᠡᠨ ᠦᠷᠡᠵᠢᠭᠦᠯᠬᠦ ᠦᠢᠯᠡᠰ ᠤᠨ ᠳᠠᠭᠠᠳᠬᠠᠯ ᠤᠨ ᠵᠠᠷᠤᠳᠠᠯ ᠵᠡᠷᠭᠡ ᠲᠥᠷᠥ ᠶᠢᠨ ᠪᠣᠳᠣᠯᠭ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ᠂ ᠪᠠᠯᠭᠠᠰᠤ ᠶᠢᠨ ᠣᠲᠣ ᠶᠢᠨ ᠪᠠᠶᠢᠭ᠎ᠠ ᠪᠡᠯᠡᠳᠬᠡᠮᠵᠢ ᠲᠥᠬᠦᠭᠡᠷᠦᠮᠵᠢ ᠶᠢ ᠭᠦᠢᠴᠡᠳ ᠠᠰᠢᠭᠯᠠᠨ᠂ ᠬᠢᠵᠢᠭ ᠢ ᠰᠡᠷᠭᠡᠶᠢᠯᠡᠬᠦ ᠳᠤ ᠬᠡᠷᠡᠭᠰᠡᠬᠦ ᠳᠡᠮᠵᠢᠯᠭᠡ ᠦᠵᠡᠭᠦᠯᠦᠨ᠎ᠡ᠃ ᠠᠮᠢᠲᠠᠨ ᠤ ᠬᠢᠵᠢᠭ ᠰᠡᠷᠭᠡᠶᠢᠯᠡᠬᠦ ᠲᠤᠰᠠᠯᠠᠮᠵᠢ ᠶᠢᠨ ᠵᠠᠷᠤᠳᠠᠯ᠂ ᠲᠥᠪ ᠤᠨ ᠡᠳ᠋ ᠤᠨ ᠵᠠᠰᠠᠭ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠥᠭᠵᠢᠯᠲᠡ ᠶᠢᠨ ᠪᠡᠯᠡ ᠮᠥᠩᠭᠦ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠰᠢᠰᠲ᠋ᠧᠮᠵᠢ ᠬᠢᠭᠡᠳ ᠪᠦᠲᠦᠭᠡᠨ ᠪᠠᠶᠢᠭᠤᠯᠤᠯᠲᠠ ᠶᠢᠨ ᠣᠨᠴᠠ ᠤᠷᠢᠭᠰᠠᠨ ᠠᠮᠢᠲᠠᠨ ᠤ ᠬᠢᠵᠢᠭ ᠰᠡᠷᠭᠡᠶᠢᠯᠡᠬᠦ ᠲᠤᠰᠬᠠᠶ ᠲᠤᠰᠢᠶᠠᠯᠲᠠᠨ ᠢ ᠳᠡᠮᠵᠢᠬᠦ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠠᠰᠢᠭᠯᠠᠬᠤ ᠬᠡᠷᠡᠭᠲᠡᠶ᠃ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠢ ᠵᠠᠰᠠᠭ ᠤᠨ ᠣᠷᠳᠣᠨ ᠦᠢᠯᠡᠴᠢᠯᠡᠭᠡᠨ ᠬᠤᠳᠠᠯᠳᠤᠨ ᠠᠪᠬᠤ ᠶᠢᠨ ᠵᠢᠯᠣᠭᠤᠳᠬᠤ ᠴᠢᠨᠠᠷᠲᠠᠶ ᠭᠠᠷᠴᠠᠭ ᠲᠤ ᠣᠷᠣᠭᠤᠯᠵᠤ᠂ ᠦᠢᠯᠡᠴᠢᠯᠡᠭᠡᠨ ᠬᠤᠳᠠᠯᠳᠤᠨ ᠠᠪᠬᠤ ᠲᠥᠷᠥᠯ ᠵᠦᠢᠯ᠂ ᠰᠢᠨᠵᠢ ᠴᠢᠨᠠᠷ ᠪᠣᠯᠤᠨ ᠠᠭᠤᠯᠭ᠎ᠠ ᠶᠢ ᠲᠣᠭᠲᠠᠭᠠᠨ᠂ ᠬᠡᠷᠡᠭᠰᠡᠬᠦ ᠵᠠᠷᠤᠯᠭ᠎ᠠ ᠶᠢ ᠵᠦᠢ ᠵᠣᠬᠢᠰᠲᠠᠶ ᠲᠥᠰᠦᠭᠡᠯᠡᠨ ᠪᠣᠳᠣᠵᠤ ᠲᠣᠬᠢᠷᠠᠭᠤᠯᠤᠨ᠂ ᠦᠢᠯᠡᠴᠢᠯᠡᠭᠡᠨ ᠬᠤᠳᠠᠯᠳᠤᠨ ᠠᠪᠬᠤ ᠵᠠᠷᠤᠳᠠᠯ ᠤᠨ ᠣᠷᠣᠭᠤᠯᠤᠯᠲᠠ ᠶᠢ ᠪᠠᠲᠤᠯᠠᠬᠤ ᠬᠡᠷᠡᠭᠲᠡᠶ᠃      ︵ᠭᠤᠷᠪᠠ︶ ᠯᠠᠪᠳᠠᠭᠤᠨ ᠢᠶᠠᠷ ᠰᠢᠯᠵᠢᠬᠦ ᠶᠢ ᠪᠠᠲᠤᠯᠠᠨ᠎ᠠ᠃ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠢ ᠲᠦᠯᠬᠢᠨ ᠠᠬᠢᠭᠤᠯᠬᠤ ᠶᠠᠪᠤᠴᠠ ᠳᠤ᠂ ᠣᠳᠣ ᠪᠠᠶᠢᠭ᠎ᠠ ᠬᠢᠵᠢᠭ ᠰᠡᠷᠭᠡᠶᠢᠯᠡᠭᠴᠢ ᠶᠢ ᠤᠷᠢᠨ ᠬᠡᠷᠡᠭᠯᠡᠬᠦ ᠶᠢ ᠭᠦᠢᠴᠡᠳ ᠪᠦᠲᠦᠮᠵᠢᠲᠡᠶ ᠰᠠᠶᠢᠲᠤᠷ ᠵᠣᠯᠭᠠᠭᠤᠯᠵᠤ᠂ ᠲᠣᠭᠲᠠᠭᠤᠨ ᠢᠶᠠᠷ ᠰᠢᠯᠵᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠡᠷᠪᠡ ᠣᠳᠣ ᠪᠠᠶᠢᠭ᠎ᠠ ᠬᠢᠵᠢᠭ ᠰᠡᠷᠭᠡᠶᠢᠯᠡᠬᠦ ᠬᠥᠮᠦᠰ ᠺᠣᠮᠫᠠᠨᠢ ᠪᠠᠶᠢᠭᠤᠯᠬᠤ ᠳᠤ ᠬᠡᠷᠡᠭᠰᠡᠬᠦ ᠨᠥᠬᠦᠴᠡᠯ ᠢ ᠪᠦᠷᠢᠯᠳᠦᠭᠦᠯᠪᠡᠯ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠡᠷ᠎ᠡ ᠶᠢ ᠤᠷᠢᠳᠠᠪᠠᠷ ᠲᠣᠭᠲᠠᠭᠠᠵᠤ ᠪᠣᠯᠤᠨ᠎ᠠ᠃ ᠬᠥᠮᠦᠨ ᠠᠵᠢᠯ ᠢ ᠲᠠᠭᠠᠨ ᠶᠠᠪᠤᠬᠤ᠂ ᠵᠠᠷᠤᠳᠠᠯ ᠨᠢ ᠠᠵᠢᠯ ᠶᠠᠪᠤᠳᠠᠯ ᠢ ᠲᠠᠭᠠᠨ ᠰᠢᠯᠵᠢᠭᠦᠯᠬᠦ ᠵᠠᠷᠴᠢᠮ ᠢ ᠪᠠᠷᠢᠮᠲᠠᠯᠠᠵᠤ᠂ ᠡᠳ᠋ ᠤᠨ ᠵᠠᠰᠠᠭ ᠠᠴᠠ ᠵᠣᠭᠤᠰ ᠰᠠᠯᠭᠠᠨ ᠥᠭᠴᠦ ᠬᠢᠵᠢᠭ ᠰᠡᠷᠭᠡᠶᠢᠯᠡᠭᠴᠢ ᠶᠢᠨ ᠴᠠᠯᠢᠩ ᠤᠨ ᠴᠢᠨᠠᠷᠲᠠᠶ ᠨᠥᠬᠦᠪᠥᠷᠢ ᠵᠠᠷᠤᠳᠠᠯ ᠢ ᠦᠢᠯᠡᠴᠢᠯᠡᠭᠡᠨ ᠬᠤᠳᠠᠯᠳᠤᠨ ᠠᠪᠬᠤ ᠳᠤ ᠬᠡᠷᠡᠭᠰᠡᠬᠦ ᠵᠠᠷᠤᠯᠭ᠎ᠠ ᠳᠤ ᠣᠷᠣᠭᠤᠯᠵᠤ᠂ ᠣᠳᠣ ᠪᠠᠶᠢᠭ᠎ᠠ ᠬᠢᠵᠢᠭ ᠰᠡᠷᠭᠡᠶᠢᠯᠡᠬᠦ ᠵᠠᠷᠤᠳᠠᠯ ᠤᠨ ᠣᠷᠣᠭᠤᠯᠤᠯᠲᠠ ᠶᠢ ᠬᠠᠰᠤᠬᠤ ᠦᠭᠡᠶ ᠪᠠᠶᠢᠬᠤ ᠶᠢ ᠦᠨᠡᠨᠬᠦ ᠪᠠᠲᠤᠯᠠᠭᠰᠠᠨ ᠪᠠᠶᠢᠳᠠᠯ ᠤᠨ ᠳᠣᠤᠷ᠎ᠠ᠂ ᠬᠢᠵᠢᠭ ᠰᠡᠷᠭᠡᠶᠢᠯᠡᠭᠴᠢ ᠶᠢᠨ ᠨᠥᠬᠦᠪᠥᠷᠢ᠂ ᠨᠠᠰᠤᠵᠢᠯ ᠤᠨ ᠳᠠᠭᠠᠳᠬᠠᠯ ᠵᠡᠷᠭᠡ ᠵᠠᠷᠤᠳᠠᠯ ᠢ ᠪᠦᠬᠦᠨ ᠢ ᠵᠠᠰᠠᠭ ᠤᠨ ᠣᠷᠳᠣᠨ ᠤ ᠦᠢᠯᠡᠴᠢᠯᠡᠭᠡᠨ ᠬᠤᠳᠠᠯᠳᠤᠨ ᠠᠪᠬᠤ ᠳᠤ ᠬᠡᠷᠡᠭᠰᠡᠬᠦ ᠵᠠᠷᠤᠯᠭ᠎ᠠ ᠳᠤ ᠣᠷᠣᠭᠤᠯᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠠᠴᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠤᠷᠢᠵᠤ ᠬᠡᠷᠡᠭᠯᠡᠭᠰᠡᠨ ᠬᠢᠵᠢᠭ ᠰᠡᠷᠭᠡᠶᠢᠯᠡᠭᠴᠢ ᠳᠤ ᠬᠥᠳᠡᠯᠮᠦᠷᠢ ᠶᠢᠨ ᠬᠠᠷᠠᠮᠵᠢ᠂ ᠨᠠᠰᠤᠵᠢᠯ ᠤᠨ ᠳᠠᠭᠠᠳᠬᠠᠯ ᠵᠡᠷᠭᠡ ᠬᠠᠮᠢᠶ᠎ᠠ ᠪᠦᠬᠦᠢ ᠣᠯᠭᠤᠮᠵᠢ ᠬᠠᠩᠭᠠᠬᠤ ᠬᠡᠷᠡᠭᠲᠡᠶ᠃      ︵ᠲᠦᠷᠪᠡ︶ ᠴᠢᠳᠠᠪᠤᠷᠢᠲᠠᠨ ᠤ ᠲᠤᠯᠭᠠᠭᠤᠷᠢᠯᠠᠯ ᠢ ᠡᠷᠴᠢᠮᠵᠢᠭᠦᠯᠵᠦ᠃ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠲᠠᠷᠢᠶᠠᠴᠢᠨ ᠢ ᠬᠥᠮᠦᠵᠢᠭᠦᠯᠬᠦ ᠢᠨᠵᠧᠨᠧᠷᠢᠩ ᠪᠠ ᠬᠥᠳᠡᠭᠡ ᠲᠣᠰᠬᠤᠨ ᠤ ᠬᠡᠷᠡᠭᠯᠡᠭᠡᠨ ᠤ ᠴᠢᠳᠠᠪᠤᠷᠢᠲᠠᠨ ᠤ ᠳᠠᠭᠠᠭᠤᠯᠤᠭᠴᠢ ᠶᠢᠨ ᠪᠣᠯᠪᠠᠰᠤᠷᠠᠭᠤᠯᠤᠯ ᠤᠨ ᠲᠥᠷᠥᠯ ᠵᠦᠢᠯ ᠳᠤ ᠲᠦᠰᠢᠭᠯᠡᠨ᠂ ᠠᠮᠢᠲᠠᠨ ᠤ ᠬᠢᠵᠢᠭ ᠢ ᠰᠡᠷᠭᠡᠶᠢᠯᠡᠬᠦ ᠬᠤᠷᠰᠢᠶ᠎ᠠ᠂ ᠠᠮᠢᠲᠠᠨ ᠤ ᠬᠢᠵᠢᠭ ᠢ ᠰᠡᠷᠭᠡᠶᠢᠯᠡᠬᠦ ᠦᠢᠯᠡᠴᠢᠯᠡᠭᠡᠨ ᠤ ᠺᠣᠮᠫᠠᠨᠢ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠳᠠᠭᠠᠭᠤᠯᠤᠭᠴᠢ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠳᠠᠭᠠᠭᠤᠯᠤᠭᠴᠢ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯᠲᠠᠨ ᠢ ᠪᠣᠯᠪᠠᠰᠤᠷᠠᠭᠤᠯᠤᠯ ᠤᠨ ᠲᠥᠯᠥᠪᠯᠡᠭᠡ ᠳᠤ ᠣᠷᠣᠭᠤᠯᠤᠨ᠎ᠠ︔ ᠬᠥᠳᠡᠭᠡ ᠲᠣᠰᠬᠤᠨ ᠤ ᠮᠠᠯ ᠡᠮᠨᠡᠯᠭᠡ ᠶᠢᠨ ᠲᠤᠰ ᠪᠡᠶ᠎ᠡ ᠶᠢᠨ ᠲᠤᠰᠬᠠᠶ ᠮᠡᠷᠭᠡᠵᠢᠯ ᠤᠨ ᠴᠢᠳᠠᠪᠤᠷᠢ ᠪᠠᠨ ᠲᠠᠰᠤᠷᠠᠯᠲᠠ ᠤᠢᠭᠡᠢ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠠᠵᠢᠯ ᠡᠷᠬᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠳᠤ ᠣᠷᠣᠯᠴᠠᠵᠤ᠂ ᠠᠵᠢᠯ ᠡᠷᠬᠢᠯᠡᠬᠦ ᠮᠠᠯ ᠤᠨ ᠡᠮᠴᠢ ᠶᠢᠨ ᠬᠢᠷᠢ ᠬᠡᠮ ᠣᠯᠤᠭᠰᠠᠨ ᠬᠥᠮᠦᠰ ᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠨ ᠱᠠᠲᠤᠨ ᠳᠤ ᠣᠴᠢᠭᠤᠯᠵᠤ ᠠᠮᠢᠲᠠᠨ ᠢ ᠣᠨᠣᠰᠢᠯᠠᠨ ᠡᠮᠨᠡᠬᠦ ᠠᠵᠢᠯᠯᠠᠭ᠎ᠠ ᠬᠢᠯᠭᠡᠬᠦ ᠬᠡᠷᠡᠭᠲᠡᠶ᠃ ᠬᠠᠮᠢᠶᠠᠷᠤᠯᠲᠠ ᠶᠢᠨ ᠬᠡᠯᠪᠡᠷᠢ ᠶᠢᠨ᠂ ᠬᠠᠮ ᠴᠢᠳᠠᠪᠤᠷᠢᠲᠠᠨ ᠢ ᠬᠥᠮᠦᠵᠢᠭᠦᠯᠦᠨ ᠬᠡᠷᠡᠭᠯᠡᠬᠦ ᠶᠢ ᠴᠢᠩᠭᠠᠳᠬᠠᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠲᠦᠷᠭᠡᠨ ᠬᠥᠭᠵᠢᠬᠦ ᠳᠤ ᠠᠰᠢᠭᠲᠠᠶ ᠨᠥᠬᠦᠴᠡᠯ ᠢ ᠪᠤᠢ ᠪᠣᠯᠭᠠᠵᠤ ᠥᠭᠭᠦᠨ᠎ᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1