ᠳ᠋ᠦᠩ ᠾᠧ ᠲᠣᠭᠤᠷᠢᠭ ᠤᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠡᠷᠡᠭᠵᠢᠭᠦᠯᠬᠦ ᠲᠥᠰᠦᠯ | ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠵᠤ᠂ ᠲᠡᠵᠢᠭᠡᠨ | ᠦᠷᠡᠵᠢᠭᠦᠯᠬᠦ ᠭᠤᠤᠯ ᠴᠣᠭᠴᠠ ᠳᠤ ᠨᠠᠩ ᠰᠠᠶᠢᠨ ᠦᠢᠯᠡᠴᠢᠯᠡᠬᠦ ᠪᠠ ᠮᠠᠯ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠳᠤ ᠵᠣᠬᠢᠴᠠᠭᠤᠯᠤᠨ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠪᠠ ᠲᠡᠵᠢᠭᠡᠨ | ᠦᠷᠡᠵᠢᠭᠦᠯᠬᠦ ᠦᠢᠯᠡᠰ ᠤᠨ ᠡᠷᠡᠭᠦᠯ ᠪᠥᠭᠡᠳ ᠲᠣᠭᠲᠠᠭᠤᠨ ᠢᠶᠠᠷ ᠬᠥᠭᠵᠢᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ | ︽ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ | ᠲᠠᠷᠢᠶᠠᠯᠠᠩ ᠮᠠᠯ ᠠᠵᠤ ᠠᠬᠤᠶ ᠡᠮᠨᠡᠯᠭᠡ ᠲᠠᠷᠬᠠᠭᠠᠭᠰᠠᠨ ︹2021︺ 441 ᠳ᠋ᠤᠭᠡᠷ ᠲᠣᠭᠠᠲᠤ︶᠂ ︽ᠪᠤᠭᠤᠲᠤ | ᠬᠤᠲᠠ ᠶᠢᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠪᠤᠭᠤᠲᠤ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ︾ ︵ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠬᠠᠭᠠᠭᠰᠠᠨ | ︹2022︺ 32 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠣᠷᠣᠨ ᠤ ᠪᠣᠳᠠᠲᠠᠶ ᠲᠠᠢ ᠪᠠᠨ | ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠰᠡᠷᠭᠡᠶᠢᠯᠡᠬᠦ ᠪᠠᠷ ᠭᠤᠤᠯ ᠪᠣᠯᠭᠠᠬᠤ᠂ ᠰᠡᠷᠭᠡᠶᠢᠯᠡᠬᠦ ᠪᠠ ᠡᠵᠡᠮᠳᠡᠬᠦ᠂ | ᠴᠡᠪᠡᠷᠰᠢᠭᠦᠯᠬᠦ᠂ ᠤᠰᠠᠳᠬᠠᠬᠤ ᠶᠢ ᠤᠶᠠᠯᠳᠤᠭᠤᠯᠬᠤ︾ ᠴᠢᠭᠯᠡᠯᠲᠡ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ | ᠣᠨᠣᠯᠵᠢᠬᠤᠨ ᠢ ᠪᠣᠶ ᠪᠣᠯᠭᠠᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠶᠢᠨ ᠬᠥᠭᠵᠢᠯᠲᠡ ᠶᠢ ᠢᠳᠡᠪᠬᠢᠲᠡᠶ ᠬᠥᠲᠥᠯᠦᠨ ᠵᠢᠯᠣᠭᠤᠳᠴᠤ ᠲᠡᠳᠬᠦᠨ ᠳᠡᠮᠵᠢᠵᠦ᠂ ᠭᠤᠤᠯ | ᠴᠣᠭᠴᠠ ᠨᠢ ᠣᠯᠠᠨ ᠡᠰᠢᠵᠢᠭᠰᠡᠨ᠂ ᠪᠥᠬᠦ ᠲᠠᠯ᠎ᠠ ᠶᠢ ᠬᠠᠮᠤᠷᠤᠭᠰᠠᠨ᠂ ᠦᠢᠯᠡᠴᠢᠯᠡᠭᠡᠨ ᠤ ᠲᠤᠰᠬᠠᠶ ᠮᠡᠷᠭᠡᠵᠢᠯ᠂ | ᠲᠣᠭᠲᠠᠴᠠ ᠶᠢᠨ ᠣᠷᠳᠣ ᠬᠤᠭᠤᠴᠠᠭᠠᠨ ᠤ ᠪᠦᠲᠦᠮᠵᠢᠲᠡᠶ᠂ ᠠᠵᠢᠯᠯᠠᠭᠠᠨ ᠥᠨᠳᠥᠷ ᠪᠦᠲᠦᠮᠵᠢᠲᠡᠶ ᠮᠠᠯ ᠡᠮᠨᠡᠯᠭᠡ ᠶᠢᠨ | ᠦᠢᠯᠡᠴᠢᠯᠡᠭᠡᠨ ᠤ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠵᠤ᠂ ᠮᠠᠨ ᠤ ᠣᠷᠣᠨ ᠤ ᠮᠠᠯ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠶᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠨ᠎ᠡ᠃ | ︵ᠬᠤᠶᠠᠷ︶ ᠦᠨᠳᠦᠰᠦᠨ ᠵᠠᠷᠴᠢᠮ | - ᠬᠢᠵᠢᠭ ᠢ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ | ᠪᠣᠳᠠᠲᠠᠶᠢᠵᠢᠭᠤᠯᠬᠤ ᠬᠡᠷᠡᠭᠲᠡᠢ᠃ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠣᠯ ᠮᠠᠯ ᠠᠵᠤ | ᠠᠬᠤᠶ ᠶᠢᠨ ᠠᠵᠤ ᠦᠢᠯᠡᠰ ᠤᠨ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠥᠮᠦᠨ ᠮᠠᠯ ᠳᠤ ᠪᠦᠷ ᠲᠤᠰᠳᠠᠭ | ᠡᠪᠡᠳᠴᠢᠨ ᠢ ᠰᠡᠷᠭᠡᠶᠢᠯᠡᠨ ᠵᠠᠰᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠪᠣᠯᠤᠨ᠎ᠠ᠃ ᠬᠢᠵᠢᠭ ᠢ ᠰᠡᠷᠭᠡᠶᠢᠯᠡᠬᠦ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠪᠣᠯᠤᠨ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ | ᠬᠠᠷᠢᠭᠤᠴᠠᠯᠭ᠎ᠠ ᠲᠣᠳᠣᠷᠬᠠᠢ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠲᠤᠰ ᠲᠤᠰ ᠤᠨ | ᠴᠢᠳᠠᠪᠤᠷᠢ ᠪᠠᠨ ᠭᠦᠢᠴᠡᠳ ᠪᠠᠳᠠᠷᠠᠭᠤᠯᠬᠤ ᠠᠮᠢᠲᠠᠨ ᠤ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠶᠢᠨ ᠰᠢᠰᠲ᠋ᠧᠮ ᠢ | ᠪᠠᠶᠢᠭᠤᠯᠵᠤ᠂ ᠠᠮᠢᠲᠠᠨ ᠤ ᠬᠢᠵᠢᠭ ᠢ ᠰᠡᠷᠭᠡᠶᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠠᠶᠢᠭᠤᠯᠤᠨ᠎ᠠ᠃ | - ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠢᠯᠡ ᠪᠠᠷ ᠰᠢᠯᠢᠳᠡᠭ ᠢ ᠨᠢ | ᠰᠣᠩᠭᠤᠨ᠎ᠠ᠃ ᠤᠷᠢᠳᠴᠢᠯᠠᠨ ᠰᠡᠷᠭᠡᠶᠢᠯᠡᠬᠦ ᠦᠯᠦ ᠬᠠᠯᠳᠠᠭᠠᠬᠤ᠂ ᠪᠠᠶᠢᠴᠠᠭᠠᠨ ᠬᠡᠮᠵᠢᠵᠦ ᠴᠡᠪᠡᠷᠰᠢᠭᠦᠯᠬᠦ᠂ | ᠡᠪᠡᠳᠴᠢᠨ ᠤ ᠬᠥᠨᠥᠭᠡᠯ ᠲᠠᠢ ᠠᠮᠢᠲᠠᠨ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ᠂ ᠮᠡᠷᠭᠡᠵᠢᠯ ᠤᠨ ᠵᠥᠪᠯᠡᠯᠭᠡ | ᠥᠭᠬᠦ ᠵᠢᠴᠢ ᠠᠮᠢᠲᠠᠨ ᠢ ᠣᠨᠣᠰᠢᠯᠠᠨ ᠡᠮᠨᠡᠬᠦ ᠦᠢᠯᠡᠴᠢᠯᠡᠭᠡ ᠵᠡᠷᠭᠡ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠤᠨ | ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ | ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠪᠠᠳᠠᠷᠠᠭᠤᠯᠤᠨ᠂ ᠳᠠᠭᠠᠭᠠᠨ ᠠᠪᠬᠤ ᠭᠤᠣᠯ | ᠴᠣᠭᠴᠠ ᠶᠢ ᠥᠷᠢᠰᠥᠯᠳᠦᠭᠦᠯᠦᠨ ᠰᠢᠯᠢᠳᠡᠭ ᠢ ᠨᠢ ᠰᠣᠩᠭᠤᠵᠤ᠂ ᠬᠠᠩᠭᠠᠯᠭ᠎ᠠ ᠪᠠ ᠬᠡᠷᠡᠭᠴᠡᠭᠡ ᠶᠢ ᠪᠦᠲᠦᠮᠵᠢᠲᠡᠢ | ᠵᠣᠯᠭᠠᠭᠤᠯᠬᠤ ᠶᠢ ᠠᠬᠢᠭᠤᠯᠤᠨ᠎ᠠ᠃ | - ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠣᠨᠴᠠᠯᠢᠭ ᠢ ᠳᠣᠪᠤᠶᠢᠯᠭᠠᠨ᠎ᠠ᠃ | ᠣᠯᠠᠨ ᠳᠡᠰ ᠳᠠᠪᠬᠤᠷᠭ᠎ᠠ᠂ ᠣᠯᠠᠨ ᠡᠰᠢᠵᠢᠭᠰᠡᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠣᠷᠣᠨ | ᠵᠠᠶ ᠶᠢ ᠥᠷᠭᠡᠳᠬᠡᠨ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠬᠡᠵᠦ | ᠂ ᠣᠨᠴᠠᠯᠢᠭ ᠢ ᠳᠣᠪᠤᠶᠢᠯᠭᠠᠨ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠣᠭᠲᠠᠴᠠ ᠶᠢᠨ ᠰᠢᠨ᠎ᠡ ᠶᠢ | ᠡᠭᠦᠳᠬᠦ᠂ ᠡᠵᠡᠩᠨᠡᠯᠲᠡ ᠶᠢᠨ ᠪᠠᠶᠢᠳᠠᠯ ᠢ ᠳᠡᠰ ᠳᠡᠪᠰᠢᠭᠦᠯᠬᠦ ᠶᠢ ᠲᠦᠯᠬᠢᠨ ᠠᠬᠢᠭᠤᠯᠵᠤ᠂ ᠦᠢᠯᠡᠴᠢᠯᠡᠭᠡᠨ ᠤ ᠶᠠᠰᠤ | ᠴᠢᠨᠠᠷ ᠪᠣᠯᠤᠨ ᠦᠷ᠎ᠡ ᠪᠦᠲᠦᠮᠵᠢ ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠂ ᠲᠡᠵᠢᠭᠡᠨ ᠦᠷᠡᠵᠢᠭᠦᠯᠬᠦ ᠦᠢᠯᠡᠰ ᠤᠨ | ᠬᠥᠭᠵᠢᠯᠲᠡ ᠳᠤ ᠨᠡᠩ ᠰᠢᠯᠢᠳᠡᠭ ᠦᠢᠯᠡᠴᠢᠯᠡᠭᠡᠨ ᠬᠠᠩᠭᠠᠨ᠎ᠠ᠃ | - ᠲᠤᠬᠠᠢ ᠶᠢᠨ ᠭᠠᠵᠠᠷ ᠲᠤ ᠨᠢ ᠲᠣᠬᠢᠷᠠᠭᠤᠯᠵᠤ ᠡᠮᠬᠢ ᠴᠡᠭᠴᠡ ᠲᠠᠢ ᠬᠥᠭᠵᠢᠭᠦᠯᠬᠦ ᠶᠢ ᠪᠠᠷᠢᠮᠲᠠᠯᠠᠵᠤ᠃ | ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠠᠮᠢᠶᠠᠷᠤᠯᠲᠠ ᠶᠢᠨ ᠳᠦᠷᠢᠮ᠂ ᠪᠠᠷᠢᠮᠵᠢᠶ᠎ᠠ ᠶᠢᠨ | ᠱᠠᠭᠠᠷᠳᠠᠯᠭ᠎ᠠ ᠶᠢ ᠲᠣᠭᠲᠠᠭᠠᠨ ᠬᠡᠷᠡᠭᠵᠢᠭᠦᠯᠵᠦ᠂ ᠡᠮᠬᠢ ᠵᠢᠷᠤᠮ ᠲᠠᠢ ᠬᠥᠲᠥᠯᠥᠨ ᠵᠢᠯᠣᠭᠤᠳᠬᠤ ᠪᠠ ᠲᠡᠳᠬᠦᠨ᠂ ᠮᠠᠯ | ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ᠂ ᠠᠵᠢᠯᠯᠠᠭᠤᠯᠬᠤ᠂ | ᠬᠢᠨᠠᠨ ᠬᠠᠮᠢᠶᠠᠷᠬᠤ ᠵᠡᠷᠭᠡ ᠵᠠᠩᠭᠢᠯᠠᠭ᠎ᠠ ᠶᠢ ᠵᠢᠷᠤᠮᠵᠢᠭᠤᠯᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠰᠠᠮᠠᠭᠤᠷᠠᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠠᠯ ᠡᠮᠨᠡᠯᠭᠡ ᠶᠢᠨ ᠦᠢᠯᠡᠴᠢᠯᠡᠭᠡᠨ ᠤ | ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠬᠠᠮᠠᠭᠠᠯᠠᠬᠤ ᠬᠡᠷᠡᠭᠲᠡᠶ᠃ | ︵ᠭᠤᠷᠪᠠ︶ ᠬᠦᠭᠵᠢᠯᠲᠡ ᠶᠢᠨ ᠬᠠᠷᠠᠯᠲᠠ | ᠶᠡᠷᠦᠩᠬᠡᠶ ᠬᠠᠷᠠᠯᠲᠠ᠄ 2023 ᠣᠨ ᠠᠴᠠ ᠡᠬᠢᠯᠡᠨ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ | ᠦᠢᠯᠡᠴᠢᠯᠡᠭᠡ ᠶᠢ ᠪᠥᠬᠦ ᠲᠠᠯ᠎ᠠ ᠪᠠᠷ ᠠᠬᠢᠭᠤᠯᠵᠤ᠂ ᠡᠭᠡᠯᠢᠯᠡᠭᠡ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠲᠣᠭᠲᠠᠴᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠳᠡᠭᠡᠳᠦ ᠱᠠᠲᠤᠨ ᠠᠴᠠ | ᠪᠠᠭᠤᠯᠭᠠᠭᠰᠠᠨ ᠠᠮᠢᠲᠠᠨ ᠤ ᠬᠢᠵᠢᠭ ᠰᠡᠷᠭᠡᠶᠢᠯᠡᠬᠦ ᠪᠡᠯᠡ ᠮᠥᠩᠭᠦ ᠵᠢᠴᠢ ᠠᠵᠢᠯ ᠤᠨ ᠵᠠᠷᠤᠳᠠᠯ ᠢ ᠠᠰᠢᠭᠯᠠᠨ ᠮᠠᠯ | ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠢ ᠬᠡᠷᠡᠭᠵᠢᠭᠦᠯᠵᠦ᠂ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠮᠠᠯ ᠡᠮᠨᠡᠯᠭᠡ ᠶᠢᠨ ᠦᠢᠯᠡᠴᠢᠯᠡᠭᠡᠨ ᠪᠣᠯᠤᠨ ᠵᠠᠬ᠎ᠠ ᠳᠡᠯᠭᠡᠭᠦᠷ ᠢᠶᠠᠷ | ᠭᠤᠤᠯᠯᠠᠭᠤᠯᠤᠭᠰᠠᠨ ᠡᠵᠡᠩᠨᠡᠯᠲᠡ ᠶᠢᠨ ᠴᠢᠨᠠᠷᠲᠠᠶ ᠮᠠᠯ ᠡᠮᠨᠡᠯᠭᠡ ᠶᠢᠨ ᠦᠢᠯᠡᠴᠢᠯᠡᠭᠡᠨ ᠢ ᠬᠠᠷᠢᠯᠴᠠᠨ | ᠤᠶᠠᠯᠳᠤᠭᠤᠯᠤᠭᠰᠠᠨ ᠰᠢᠨ᠎ᠡ ᠪᠠᠶᠢᠳᠠᠯ ᠢ ᠪᠠᠶᠢᠭᠤᠯᠬᠤ ᠬᠡᠷᠡᠭᠲᠡᠶ᠃ | ᠬᠤᠶᠠᠷ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠡᠮᠬᠢ ᠵᠢᠷᠤᠮ ᠲᠠᠢ ᠪᠠᠷ ᠬᠥᠭᠵᠢᠬᠦ ᠶᠢ | ᠲᠦᠯᠬᠢᠨ ᠠᠬᠢᠭᠤᠯᠤᠨ᠎ᠠ | ︵ᠨᠢᠭᠡ︶ ᠦᠢᠯᠡᠴᠢᠯᠡᠭᠡᠨ ᠤ ᠭᠤᠣᠯ ᠴᠤᠭᠴᠠ ᠶᠢ ᠢᠳᠡᠪᠬᠢᠲᠡᠢ ᠪᠤᠶᠢᠵᠢᠭᠤᠯᠬᠤ | ᠲᠡᠵᠢᠭᠡᠨ ᠦᠷᠡᠵᠢᠭᠦᠯᠬᠦ ᠳᠤ ᠰᠠᠭᠤᠷᠢᠯᠠᠭᠰᠠᠨ ᠪᠦᠬᠦ ᠬᠡᠯᠬᠢᠶᠡᠨ ᠤ ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ | ᠵᠠᠰᠠᠯᠲᠠ ᠶᠢᠨ ᠴᠢᠳᠠᠪᠤᠷᠢ ᠪᠣᠯᠤᠨ ᠮᠠᠯ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ | ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠵᠦ᠂ ᠲᠤᠰᠬᠠᠶᠢᠵᠢᠭᠤᠯᠬᠤ᠂ ᠵᠠᠬ᠎ᠠ ᠳᠡᠯᠭᠡᠭᠦᠷᠴᠢᠯᠡᠬᠦ᠂ ᠤᠯᠠᠨ ᠡᠰᠢᠵᠢᠭᠦᠯᠬᠦ | ᠵᠠᠷᠴᠢᠮ ᠶᠣᠰᠣᠭᠠᠷ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ ᠶᠢ ᠢᠳᠡᠪᠬᠢᠲᠡᠢ | ᠪᠤᠶᠢᠵᠢᠭᠤᠯᠤᠨ᠎ᠠ᠃ ᠣᠳᠣ ᠪᠠᠶᠢᠭ᠎ᠠ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠬᠥᠳᠡᠭᠡ ᠲᠣᠰᠬᠤᠨ ᠤ ᠬᠢᠵᠢᠭ | ᠰᠡᠷᠭᠡᠶᠢᠯᠡᠭᠴᠢ᠂ ᠠᠵᠢᠯ ᠡᠷᠬᠢᠯᠡᠬᠦ ᠮᠠᠯ ᠤᠨ ᠡᠮᠴᠢ᠂ ᠬᠥᠳᠡᠭᠡ ᠲᠣᠰᠬᠤᠨ ᠤ ᠮᠠᠯ ᠡᠮᠨᠡᠯᠭᠡ ᠶᠢᠨ ᠦᠨᠳᠦᠰᠦᠨ | ᠱᠠᠲᠤᠨ ᠤ ᠬᠢᠵᠢᠭ ᠰᠡᠷᠭᠡᠶᠢᠯᠡᠬᠦ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠢᠲᠠᠨ ᠤ ᠬᠢᠵᠢᠭ | ᠰᠡᠷᠭᠡᠶᠢᠯᠡᠬᠦ ᠺᠣᠮᠫᠠᠨᠢ᠂ ᠮᠡᠷᠭᠡᠵᠢᠯ ᠤᠨ ᠦᠢᠯᠡᠴᠢᠯᠡᠭᠡᠨ ᠤ ᠺᠣᠮᠫᠠᠨᠢ ᠵᠡᠷᠭᠡ ᠶᠢ ᠡᠭᠦᠳᠦᠨ ᠪᠠᠶᠢᠭᠤᠯᠬᠤ ᠶᠢ ᠲᠡᠳᠬᠦᠨ | ᠳᠡᠮᠵᠢᠬᠦ ᠬᠡᠷᠡᠭᠲᠡᠶ︔ ᠲᠣᠮᠣ ᠬᠡᠯᠪᠡᠷᠢ ᠶᠢᠨ ᠲᠡᠵᠢᠭᠡᠨ ᠦᠷᠡᠵᠢᠭᠦᠯᠬᠦ ᠠᠵᠤ ᠠᠬᠤᠶᠢᠯᠠᠯ᠂ ᠮᠠᠯ ᠤᠨ ᠡᠮ ᠤᠨ ᠲᠡᠵᠢᠭᠡᠯ | ᠪᠣᠷᠳᠣᠭᠠᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ᠂ ᠬᠠᠮᠢᠶ᠎ᠠ ᠪᠦᠬᠦᠢ ᠮᠠᠯ ᠡᠮᠨᠡᠯᠭᠡ ᠶᠢᠨ | ᠪᠠᠶᠢᠴᠠᠭᠠᠨ ᠬᠡᠮᠵᠢᠬᠦ ᠪᠠᠶᠢᠭᠤᠯᠤᠮᠵᠢ᠂ ᠠᠵᠢᠯ ᠲᠦᠷᠦᠯ ᠤᠨ ᠨᠡᠶᠢᠭᠡᠮᠯᠢᠭ ᠵᠡᠷᠭᠡ ᠶᠢᠨ ᠮᠠᠯ ᠡᠮᠨᠡᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠶᠢ ᠵᠣᠷᠢᠭᠵᠢᠭᠤᠯᠵᠤ᠂ | ᠦᠢᠯᠡᠴᠢᠯᠡᠭᠡᠨ ᠤ ᠠᠭᠤᠯᠭ᠎ᠠ ᠶᠢ ᠥᠷᠭᠡᠳᠬᠡᠵᠦ᠂ ᠮᠠᠯ ᠡᠮᠨᠡᠯᠭᠡ ᠶᠢᠨ ᠣᠨᠣᠰᠢᠯᠠᠨ ᠡᠮᠨᠡᠬᠦ᠂ ᠮᠠᠯ ᠤᠨ ᠡᠮ ᠤᠨ | ᠲᠡᠵᠢᠭᠡᠯ ᠪᠣᠷᠳᠤᠭ᠎ᠠ ᠡᠵᠡᠩᠨᠡᠬᠦ ᠬᠢᠭᠡᠳ ᠬᠢᠵᠢᠭ ᠰᠡᠷᠭᠡᠶᠢᠯᠡᠬᠦ ᠶᠢ ᠨᠢᠭᠡ ᠴᠤᠭᠴᠠᠵᠢᠭᠤᠯᠤᠭᠰᠠᠨ ᠦᠢᠯᠡᠴᠢᠯᠡᠭᠡᠨ ᠤ | ᠬᠤᠯᠪᠣᠯᠳᠤᠭᠰᠠᠨ ᠮᠠᠶ᠋ᠢᠭ ᠤᠨ ᠡᠵᠡᠩᠨᠡᠯᠲᠡ ᠶᠢᠨ ᠵᠠᠭᠪᠤᠷ ᠢ ᠪᠦᠷᠢᠯᠳᠦᠭᠦᠯᠬᠦ ᠶᠢ ᠠᠬᠢᠭᠤᠯᠵᠤ᠂ ᠮᠠᠯ ᠡᠮᠨᠡᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠭᠡᠨ ᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃ | ︵ᠬᠤᠶᠠᠷ︶ ᠦᠢᠯᠡᠴᠢᠯᠡᠭᠡᠨ ᠤ ᠭᠤᠣᠯ ᠴᠣᠭᠴᠠ ᠶᠢᠨ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ | ᠴᠢᠩᠭᠠᠳᠬᠠᠨ᠎ᠠ | ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠᠨ ᠴᠢᠩᠳᠠᠯᠠᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠵᠣᠯᠭᠠᠭᠤᠯᠬᠤ ᠳᠤ ᠡᠷᠬᠡᠪᠰᠢ ︽ᠵᠠᠰᠠᠭ ᠤᠨ ᠣᠷᠳᠣᠨ ᠦᠢᠯᠡᠴᠢᠯᠡᠭᠡᠨ | ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠤᠨ ᠶᠠᠮᠤᠨ ᠵᠠᠷᠯᠢᠭ 102 ᠳ᠋ᠤᠭᠠᠷ | ᠲᠣᠭᠠᠲᠤ︶ ᠶᠢᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ᠂ ᠪᠠᠰᠠ ᠳᠣᠤᠷᠠᠬᠢ ᠨᠥᠬᠦᠴᠡᠯ ᠢ ᠪᠦᠷᠢᠯᠳᠦᠭᠦᠯᠬᠦ | ᠬᠡᠷᠡᠭᠲᠡᠶ᠄ | 1. ᠳᠠᠭᠠᠭᠠᠨ ᠠᠪᠬᠤ ᠭᠤᠤᠯ ᠴᠣᠭᠴᠠ ᠨᠢ ᠮᠠᠯ ᠵᠢᠭᠦᠷᠲᠡᠨ ᠲᠡᠵᠢᠭᠡᠨ ᠦᠷᠡᠵᠢᠭᠦᠯᠬᠦ᠂ ᠠᠮᠢᠲᠠᠨ ᠢ | ᠣᠨᠣᠰᠢᠯᠠᠨ ᠡᠮᠨᠡᠬᠦ᠂ ᠮᠠᠯ ᠤᠨ ᠡᠮ ᠤᠨ ᠲᠡᠵᠢᠭᠡᠯ ᠪᠣᠷᠳᠤᠭ᠎ᠠ ᠶᠢᠨ ᠦᠢᠯᠡᠳᠪᠦᠷᠢᠯᠡᠯ ᠡᠵᠡᠩᠨᠡᠯᠲᠡ᠂ ᠮᠠᠯ ᠡᠮᠨᠡᠯᠭᠡ ᠶᠢᠨ | ᠪᠠᠶᠢᠴᠠᠭᠠᠨ ᠬᠡᠮᠵᠢᠯᠲᠡ᠂ ᠮᠠᠯ ᠤᠨ ᠡᠮᠴᠢ ᠶᠢᠨ ᠮᠡᠷᠭᠡᠵᠢᠯ ᠤᠨ ᠦᠢᠯᠡᠴᠢᠯᠡᠭᠡ ᠵᠡᠷᠭᠡ ᠦᠢᠯᠡᠳᠪᠦᠷᠢᠯᠡᠯ | ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠬᠤ ᠮᠥᠷᠲᠡᠭᠡᠨ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ | ᠳᠠᠭᠠᠭᠠᠨ ᠡᠭᠦᠷᠭᠡᠯᠡᠬᠦ ᠴᠢᠳᠠᠪᠤᠷᠢ ᠲᠠᠢ ᠺᠣᠮᠫᠠᠨᠢ ᠪᠠᠶᠢᠵᠤ᠂ ᠢᠲᠡᠭᠡᠮᠵᠢ ᠶᠢᠨ ᠪᠠᠶᠢᠳᠠᠯ ᠰᠠᠶᠢᠨ ᠪᠠᠶᠢᠵᠤ᠂ | ᠡᠵᠡᠩᠨᠡᠯᠲᠡ ᠶᠢᠨ ᠬᠡᠪ ᠤᠨ ᠪᠤᠰᠤ ᠨᠡᠷ᠎ᠡ ᠶᠢᠨ ᠵᠢᠭᠰᠠᠭᠠᠯᠲᠠ ᠳᠤ ᠣᠷᠣᠭᠤᠯᠤᠭᠰᠠᠨ ᠦᠭᠡᠶ ᠪᠤᠶᠤ ᠬᠠᠤᠯᠢ ᠶᠢ ᠬᠦᠨᠳᠦ | ᠨᠣᠴᠢᠲᠠᠶ ᠵᠥᠷᠢᠴᠡᠭᠰᠡᠨ ᠨᠡᠷᠡᠰ ᠲᠤ ᠵᠢᠭᠰᠠᠭᠠᠭᠳᠠᠭᠰᠠᠨ ᠦᠭᠡᠶ᠃ ᠪᠦᠷᠢᠨ ᠲᠡᠭᠦᠯᠳᠡᠷ ᠳᠣᠲᠣᠭᠠᠳᠤ ᠶᠢᠨ | ᠬᠠᠮᠢᠶᠠᠷᠤᠯᠲᠠ ᠶᠢᠨ ᠳᠦᠷᠢᠮ ᠪᠠ ᠲᠤᠰᠠᠭᠠᠷ ᠲᠣᠭᠲᠠᠨᠢᠭᠰᠠᠨ᠂ ᠪᠦᠷᠢᠨ ᠲᠡᠭᠦᠯᠳᠡᠷ ᠡᠳ᠋ ᠤᠨ ᠶᠠᠪᠤᠳᠠᠯ ᠤᠨ | ᠬᠠᠮᠢᠶᠠᠷᠤᠯᠲᠠ ᠶᠢᠨ ᠳᠦᠷᠢᠮ ᠲᠠᠢ᠂ ᠲᠣᠭᠲᠠᠮᠠᠯ ᠠᠵᠢᠯᠯᠠᠬᠤ ᠭᠠᠵᠠᠷ ᠲᠠᠢ᠃ | 2. ᠦᠢᠯᠡᠴᠢᠯᠡᠭᠡ ᠬᠠᠩᠭᠠᠬᠤ ᠲᠠᠢ ᠣᠷᠣᠨ ᠪᠦᠰᠡ᠂ ᠡᠭᠦᠷᠭᠡ ᠯᠦᠭᠡ ᠲᠣᠬᠢᠷᠠᠯᠴᠠᠭᠰᠠᠨ ᠮᠠᠯ ᠡᠮᠨᠡᠯᠭᠡ ᠶᠢᠨ | ᠲᠤᠰᠬᠠᠶ ᠮᠡᠷᠭᠡᠵᠢᠯ ᠤᠨ ᠲᠣᠭᠲᠠᠮᠠᠯ ᠠᠵᠢᠯᠲᠠᠨ ᠲᠠᠢ ᠪᠠᠶᠢᠵᠤ᠂ ᠬᠥᠳᠡᠭᠡ ᠲᠣᠰᠬᠤᠨ ᠤ ᠮᠠᠯ ᠡᠮᠨᠡᠯᠭᠡ ᠶᠢᠨ | ᠳᠠᠩᠰᠠᠯᠠᠭᠤᠯᠤᠭᠰᠠᠨ ᠦᠨᠡᠮᠯᠡᠯ ᠲᠠᠢ ᠰᠤᠮᠤ ᠲᠣᠰᠬᠤᠨ ᠤ ᠱᠠᠲᠤᠨ ᠤ ᠬᠢᠵᠢᠭ ᠰᠡᠷᠭᠡᠶᠢᠯᠡᠬᠦ ᠠᠵᠢᠯᠲᠠᠨ ᠠᠳᠠᠭ ᠲᠠᠭᠠᠨ | 3 ᠨᠡᠷ᠎ᠡ ᠲᠣᠬᠢᠷᠠᠭᠤᠯᠵᠤ᠂ ᠠᠵᠢᠯ ᠡᠷᠬᠢᠯᠡᠬᠦ ᠮᠠᠯ ᠤᠨ ᠡᠮᠴᠢ ᠶᠢᠨ ᠬᠢᠷᠢ ᠬᠡᠮ ᠲᠠᠢ ᠮᠡᠷᠭᠡᠵᠢᠯ ᠤᠨ ᠠᠵᠢᠯᠲᠠᠨ | ᠲᠣᠬᠢᠷᠠᠭᠤᠯᠵᠤ᠂ ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ ᠶᠢᠨ ᠪᠠᠭᠰᠢ ᠶᠢᠨ ᠴᠢᠨᠠᠷ ᠲᠠᠢ ᠪᠠᠶᠢᠴᠠᠭᠠᠨ | ᠰᠢᠯᠭᠠᠬᠤ ᠠᠵᠢᠯᠲᠠᠨ ᠢ 2 ᠨᠡᠷ᠎ᠡ ᠲᠣᠬᠢᠷᠠᠭᠤᠯᠤᠨ᠎ᠠ᠃ | 3. ᠺᠣᠮᠫᠠᠨᠢ ᠳᠤ ᠪᠠᠷᠢᠮᠵᠢᠶᠠᠵᠢᠭᠰᠠᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠪᠠᠶᠢᠵᠤ᠂ | ᠲᠤᠷᠰᠢᠯᠲᠠ ᠶᠢᠨ ᠲᠠᠰᠤᠭ ᠤᠨ ᠲᠠᠯᠠᠪᠠᠢ ᠶᠢ 280 ᠲᠡᠭᠰᠢ ᠳᠥᠷᠪᠡᠯᠵᠢᠨ ᠮᠧᠳ᠋ᠷ ᠠᠴᠠ ᠳᠣᠣᠷ᠎ᠠ ᠪᠠᠶᠢᠯᠭᠠᠬᠤ ᠦᠭᠡᠢ | ᠪᠠᠶᠢᠵᠤ᠂ ᠡᠭᠡᠯᠢᠯᠡᠭᠡ ᠶᠢᠨ ᠠᠰᠢᠭᠯᠠᠮᠵᠢ ᠶᠢᠨ ᠡᠰᠡᠷᠭᠦ ᠴᠣᠭᠴᠠ ᠶᠢ ᠪᠠᠶᠢᠴᠠᠭᠠᠨ ᠰᠢᠯᠭᠠᠬᠤ᠂ ᠬᠢᠵᠢᠭ ᠤᠨ | ᠪᠠᠶᠢᠴᠠᠭᠠᠯᠲᠠ ᠶᠢᠨ ᠲᠤᠶᠠᠴᠢᠯᠲᠠ ᠵᠡᠷᠭᠡ ᠣᠨᠣᠰᠢᠯᠠᠬᠤ ᠦᠢᠯᠡᠴᠢᠯᠡᠭᠡ ᠥᠷᠨᠢᠭᠦᠯᠵᠦ ᠴᠢᠳᠠᠨ᠎ᠠ᠃ | 4᠂ ᠺᠣᠮᠫᠠᠨᠢ ᠠᠴᠠ ᠠᠮᠢᠲᠠᠨ ᠤ ᠸᠠᠺᠼᠢᠨ ᠲᠡᠭᠡᠭᠡᠪᠦᠷᠢᠯᠡᠬᠦ ᠲᠡᠷᠭᠡ ᠬᠥᠰᠬᠡ ᠪᠠ ᠠᠮᠢᠲᠠᠨ ᠠᠴᠠ ᠦᠯᠢᠭᠡᠷ | ᠠᠪᠬᠤ ᠲᠤᠰᠬᠠᠢ ᠲᠡᠷᠭᠡ ᠲᠣᠬᠢᠷᠠᠭᠤᠯᠬᠤ ᠬᠡᠷᠡᠭᠲᠡᠢ᠃ | 5. ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠲᠦᠷᠭᠡᠬᠡᠨ ᠬᠤᠪᠢᠷᠠᠭᠤᠯᠵᠤ᠂ ᠣᠳᠣ ᠪᠠᠶᠢᠭ᠎ᠠ ᠡᠬᠢ | ᠪᠠᠶᠠᠯᠢᠭ ᠢ ᠡᠮᠬᠢᠯᠡᠨ ᠨᠡᠶᠢᠯᠡᠭᠦᠯᠬᠦ ᠶᠢᠨ ᠲᠤᠰᠠᠳᠠ᠂ ᠠᠵᠢᠯᠲᠠᠨ ᠤ ᠬᠢᠷᠢ ᠬᠡᠮ᠂ ᠲᠤᠷᠰᠢᠯᠲᠠ ᠶᠢᠨ ᠲᠠᠰᠤᠭ ᠵᠡᠷᠭᠡ | ᠬᠠᠮᠢᠶ᠎ᠠ ᠪᠦᠬᠦᠢ ᠱᠠᠭᠠᠷᠳᠠᠯᠭ᠎ᠠ ᠶᠢᠨ ᠨᠥᠬᠦᠴᠡᠯ ᠢ ᠪᠦᠷᠢᠳᠦᠭᠦᠯᠦᠭᠰᠡᠨ ᠰᠠᠭᠤᠷᠢᠨ ᠳᠡᠭᠡᠷ᠎ᠡ᠂ ᠣᠳᠣ ᠶᠢᠨ ᠪᠠᠶᠢᠭ᠎ᠠ | ᠦᠨᠳᠦᠰᠦᠨ ᠱᠠᠲᠤᠨ ᠤ ᠬᠢᠵᠢᠭ ᠰᠡᠷᠭᠡᠶᠢᠯᠡᠬᠦ ᠠᠵᠢᠯᠲᠠᠨ ᠢ ᠡᠩ ᠲᠡᠷᠢᠭᠦᠨ ᠳᠤ ᠰᠣᠩᠭᠤᠨ ᠺᠣᠮᠫᠠᠨᠢ ᠪᠠᠶᠢᠭᠤᠯᠵᠤ ᠮᠠᠯ | ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠥᠷᠨᠢᠭᠦᠯᠬᠦ ᠬᠡᠷᠡᠭᠲᠡᠶ᠃ | ︵ᠭᠤᠷᠪᠠ︶ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠦᠷᠭᠡᠳᠭᠡᠨ᠎ᠡ | ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠮᠢᠲᠠᠨ ᠤ ᠬᠢᠵᠢᠭ ᠰᠡᠷᠭᠡᠶᠢᠯᠡᠬᠦ ᠠᠵᠢᠯ ᠤᠨ | ᠬᠡᠷᠡᠭᠴᠡᠭᠡ ᠶᠢ ᠬᠠᠩᠭᠠᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠦᠯᠦ | ᠬᠠᠯᠳᠠᠭᠠᠬᠤ᠂ ᠣᠷᠴᠢᠨ ᠲᠣᠭᠤᠷᠢᠨ ᠢ ᠠᠷᠢᠭᠤᠳᠬᠠᠬᠤ᠂ ᠦᠯᠢᠭᠡᠷ ᠠᠪᠬᠤ᠂ ᠬᠢᠵᠢᠭ ᠪᠠᠶᠢᠴᠠᠭᠠᠬᠤ ᠮᠡᠷᠭᠡᠵᠢᠯ ᠤᠨ | ᠴᠢᠨᠠᠷᠲᠠᠶ ᠲᠤᠰᠠᠯᠠᠬᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ᠂ ᠡᠪᠡᠳᠴᠢᠨ ᠢᠶᠠᠷ ᠦᠬᠦᠭᠰᠡᠨ ᠠᠮᠢᠲᠠᠨ ᠪᠠ | ᠬᠠᠶᠠᠭᠳᠠᠮᠠᠯ ᠮᠠᠯ ᠤᠨ ᠡᠮ ᠢ ᠬᠤᠤᠷ ᠥᠬᠡᠶᠢᠳᠡᠭᠦᠯᠦᠨ ᠴᠤᠭᠯᠠᠭᠤᠯᠤᠨ ᠰᠢᠶ᠋ᠳᠪᠦᠷᠢᠯᠡᠬᠦ᠂ ᠮᠡᠳᠡᠭᠡ | ᠵᠠᠩᠭᠢᠵᠢᠭᠤᠯᠤᠭᠰᠠᠨ ᠦᠢᠯᠡᠴᠢᠯᠡᠭᠡ᠂ ᠦᠷᠭᠦᠯᠵᠢᠯᠡᠭᠰᠡᠨ ᠰᠤᠷᠭᠠᠨ ᠬᠥᠮᠦᠵᠢᠯ᠂ ᠯᠠᠪᠯᠠᠯᠭ᠎ᠠ ᠨᠤᠲᠠᠯᠠᠯᠲᠠ ᠬᠢᠬᠦ᠂ ᠵᠢᠴᠢ | ᠰᠢᠨ᠎ᠡ ᠪᠠᠷ ᠨᠡᠮᠡᠭᠳᠡᠭᠰᠡᠨ ᠪᠤᠶᠤ ᠲᠦᠷ ᠴᠠᠭ ᠤᠨ ᠴᠢᠨᠠᠷᠲᠠᠶ᠂ ᠱᠠᠲᠤ ᠦ᠊ ᠡᠶ᠎ᠡ ᠶᠢᠨ ᠴᠢᠨᠠᠷᠲᠠᠶ ᠦᠢᠯᠡᠴᠢᠯᠡᠭᠡᠨ ᠤ | ᠵᠦᠢᠯᠡᠰ᠂ ᠵᠢᠱᠢᠶᠡᠯᠡᠪᠡᠯ ᠭᠡᠨᠡᠳᠲᠡ ᠡᠭᠦᠰᠦᠭᠰᠡᠨ ᠬᠢᠵᠢᠭ ᠤᠨ ᠳᠠᠷᠠᠭᠠᠬᠢ ᠲᠠᠬᠤᠯ ᠡᠪᠡᠳᠴᠢᠨ ᠤ ᠰᠤᠳᠤᠯᠤᠯ ᠤᠨ | ᠪᠠᠶᠢᠴᠠᠭᠠᠯᠲᠠ᠂ ᠬᠢᠵᠢᠭᠲᠦ ᠴᠢᠭ ᠤᠨ ᠬᠢᠵᠢᠭᠲᠦ ᠣᠷᠣᠨ ᠢ ᠠᠷᠢᠭᠤᠳᠬᠠᠬᠤ ᠵᠡᠷᠭᠡ ᠬᠦᠷᠲᠡᠯ᠎ᠡ ᠥᠷᠭᠡᠳᠬᠡᠬᠦ ᠬᠡᠷᠡᠭᠲᠡᠶ᠃ | ︽ᠵᠠᠰᠠᠭ ᠤᠨ ᠣᠷᠳᠣᠨ ᠦᠶ᠋ᠯᠡᠴᠢᠯᠡᠭᠡ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ | ᠶᠣᠰᠣᠭᠠᠷ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠪᠠ ᠬᠢᠵᠢᠭ ᠢ ᠰᠡᠷᠭᠡᠶᠢᠯᠡᠬᠦ ᠠᠵᠢᠯ ᠤᠨ ᠣᠨᠴᠠᠯᠢᠭ ᠢ | ᠦᠨᠳᠦᠰᠦᠯᠡᠨ ᠲᠣᠭᠲᠠᠭᠠᠭᠰᠠᠨ ᠨᠡᠶᠢᠭᠡᠮᠴᠢᠯᠡᠭᠰᠡᠨ ᠦᠶ᠋ᠯᠡᠴᠢᠯᠡᠭᠡ ᠶᠢ ᠬᠤᠳᠠᠯᠳᠤᠨ ᠠᠪᠬᠤ ᠵᠦᠶ᠋ᠯ ᠪᠠ ᠠᠷᠭ᠎ᠠ | ᠮᠠᠶ᠋ᠢᠭ ᠳᠤ᠂ ᠣᠷᠣᠨ ᠤ ᠵᠠᠰᠠᠭ ᠤᠨ ᠣᠷᠳᠣᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠢᠴᠢ ᠬᠠᠮᠢᠶ᠎ᠠ | ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠶ᠋ᠯᠡᠴᠢᠯᠡᠭᠡᠨ ᠤ ᠠᠵᠤ | ᠠᠬᠤᠶᠢᠯᠠᠯ ᠳᠤ ᠰᠢᠯᠭᠠᠨ ᠬᠢᠨᠠᠵᠤ ᠰᠢᠯᠭᠠᠨ ᠬᠤᠷᠢᠶᠠᠨ᠎ᠠ᠃ | ︵ᠲᠦᠷᠪᠡ︶ ᠪᠣᠳᠠᠲᠠᠢ ᠬᠡᠷᠡᠭᠵᠢᠭᠦᠯᠬᠦ ᠠᠯᠬᠤᠮ ᠳᠠᠷᠠᠭ᠎ᠠ | 1. ᠤᠬᠠᠭᠤᠯᠤᠨ ᠳᠠᠶᠢᠴᠢᠯᠠᠬᠤ ᠱᠠᠲᠤ ᠦᠶ᠎ᠡ ︵ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 2023 | ᠣᠨ ᠤ 11 ᠰᠠᠷ᠎ᠠ ᠶᠢᠨ 20 ᠤ ᠡᠳᠦᠷ︶ | ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠦᠨᠳᠦᠰᠦᠨ ᠱᠠᠲᠤᠨ ᠤ ᠬᠢᠵᠢᠭ | ᠰᠡᠷᠭᠡᠶᠢᠯᠡᠭᠴᠢ ᠶᠢ ᠵᠣᠬᠢᠶᠠᠨ ᠪᠠᠶᠢᠭᠤᠯᠤᠨ ︽ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠬᠤ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ | ᠮᠡᠳᠡᠭᠳᠡᠯ︾᠂ ︽ᠪᠤᠭᠤᠲᠤ ᠬᠤᠲᠠ ᠶᠢᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ | ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠤᠨ ᠵᠣᠷᠢᠭ ᠰᠠᠨᠠᠭ᠎ᠠ ᠶᠢ ᠤᠬᠠᠭᠤᠯᠤᠨ | ᠰᠤᠷᠤᠯᠴᠠᠭᠤᠯᠵᠤ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ᠂ ᠠᠮᠢᠲᠠᠨ ᠢ ᠣᠨᠣᠰᠢᠯᠠᠨ ᠡᠮᠨᠡᠬᠦ᠂ ᠮᠠᠯ ᠤᠨ ᠡᠮ ᠤᠨ | ᠲᠡᠵᠢᠭᠡᠯ ᠪᠣᠷᠳᠤᠭ᠎ᠠ᠂ ᠮᠠᠯ ᠡᠮᠨᠡᠯᠭᠡ ᠶᠢᠨ ᠪᠠᠶᠢᠴᠠᠭᠠᠨ ᠬᠡᠮᠵᠢᠯᠲᠡ ᠵᠡᠷᠭᠡ ᠡᠵᠡᠩᠨᠡᠭᠴᠢ ᠳᠤ ᠮᠠᠯ ᠡᠮᠨᠡᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠭᠡᠨ ᠤ ᠠᠭᠤᠯᠭ᠎ᠠ ᠶᠢ ᠤᠬᠠᠭᠤᠯᠵᠤ᠂ ᠲᠡᠳᠡᠨ ᠢ ᠳᠠᠶᠢᠴᠢᠯᠠᠨ ᠮᠠᠯ ᠡᠮᠨᠡᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠤᠯ ᠴᠣᠭᠴᠠ ᠪᠣᠯᠭᠠᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ | ᠦᠢᠯᠡᠴᠢᠯᠡᠭᠡᠨ ᠤ ᠠᠵᠢᠯ ᠢ ᠥᠷᠨᠢᠭᠦᠯᠦᠨ᠎ᠡ᠃ | 2. ᠬᠢᠨᠠᠨ ᠬᠠᠷᠭᠤᠭᠤᠯᠵᠤ ᠰᠢᠯᠭᠠᠨ ᠠᠪᠬᠤ ᠱᠠᠲᠤ ᠦᠶ᠎ᠡ ︵2023 ᠣᠨ ᠤ 11 ᠰᠠᠷ᠎ᠠ ᠶᠢᠨ 20 ᠤ | ᠡᠳᠦᠷ ᠠᠴᠠ 2023 ᠣᠨ ᠤ 12 ᠰᠠᠷ᠎ᠠ ᠶᠢᠨ 20 ᠤ ᠡᠳᠦᠷ︶ | ᠬᠢᠨᠠᠨ ᠬᠠᠷᠭᠤᠭᠤᠯᠵᠤ ᠰᠢᠯᠭᠠᠨ ᠠᠪᠬᠤ ᠳᠤᠭᠤᠶᠢᠯᠠᠩ ᠪᠠᠶᠢᠭᠤᠯᠵᠤ᠂ ᠭᠤᠶᠤᠴᠢᠯᠠᠨ ᠮᠡᠳᠡᠭᠦᠯᠦᠭᠰᠡᠨ ᠮᠠᠯ | ᠡᠮᠨᠡᠯᠭᠡ ᠶᠢᠨ ᠨᠡᠶᠢᠭᠡᠮᠴᠢᠯᠡᠭᠰᠡᠨ ᠦᠶ᠋ᠯᠡᠴᠢᠯᠡᠭᠡᠨ ᠤ ᠭᠤᠤᠯ ᠴᠣᠭᠴᠠ ᠳᠤ ᠵᠥᠪᠰᠢᠶᠡᠷᠡᠨ ᠣᠷᠣᠭᠤᠯᠬᠤ ᠨᠥᠬᠦᠴᠡᠯ | ᠶᠣᠰᠣᠭᠠᠷ ᠬᠢᠨᠠᠨ ᠬᠠᠷᠭᠤᠭᠤᠯᠵᠤ ᠰᠢᠯᠭᠠᠨ ᠠᠪᠴᠤ᠂ ᠦᠶ᠋ᠯᠡᠴᠢᠯᠡᠭᠡᠨ ᠤ ᠭᠤᠤᠯ ᠴᠣᠭᠴᠠ ᠳᠤ ᠬᠤᠪᠢ ᠲᠣᠭᠲᠠᠭᠠᠵᠤ | ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠢᠭᠡᠳ ᠬᠤᠪᠢ ᠲᠣᠭᠲᠠᠭᠠᠬᠤ ᠪᠠᠷ ᠬᠠᠮᠤᠭ ᠤᠨ | ᠥᠨᠳᠥᠷ ᠺᠣᠮᠫᠠᠨᠢ ᠳᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠶ᠋ᠯᠡᠴᠢᠯᠡᠭᠡᠨ ᠤ ᠭᠡᠷ᠎ᠡ ᠲᠣᠭᠲᠠᠭᠠᠨ᠎ᠠ᠃ | 3. ᠬᠡᠪᠰᠢᠭᠰᠡᠨ ᠬᠠᠮᠢᠶᠠᠷᠤᠯᠲᠠ ᠶᠢᠨ ᠱᠠᠲᠤ ᠦ᠊ ᠡᠶ᠎ᠡ | ᠮᠠᠯ ᠡᠮᠨᠡᠯᠭᠡ ᠶᠢᠨ ᠨᠡᠶᠢᠭᠡᠮᠴᠢᠯᠡᠭᠰᠡᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠤᠭᠤᠷᠢᠭ ᠤᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ | ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠬᠠᠪᠤᠷ ᠤᠨ ᠰᠡᠷᠭᠡᠶᠢᠯᠡᠯᠲᠡ᠂ ᠨᠠᠮᠤᠷ ᠤᠨ ᠰᠡᠷᠭᠡᠶᠢᠯᠡᠯᠲᠡ | ᠳᠠᠭᠤᠰᠤᠭᠰᠠᠨ ᠤ ᠳᠠᠷᠠᠭ᠎ᠠ᠂ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ ᠳᠤ ᠠᠮᠵᠢᠯᠲᠠ ᠪᠦᠲᠦᠮᠵᠢ ᠶᠢ | ᠰᠢᠯᠭᠠᠨ ᠬᠢᠨᠠᠵᠤ ᠦᠨᠡᠯᠡᠯᠲᠡ ᠬᠢᠵᠦ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠦᠷᠢᠶᠡᠨ ᠳᠠᠬᠢ | ᠢᠲᠡᠭᠡᠮᠵᠢ ᠶᠢᠨ ᠲᠡᠮᠳᠡᠭᠯᠡᠯ ᠪᠠ ᠪᠤᠴᠠᠭᠠᠵᠤ ᠭᠠᠷᠭᠠᠬᠤ ᠲᠣᠭᠲᠠᠴᠠ ᠶᠢ ᠪᠠᠶᠢᠭᠤᠯᠤᠨ᠎ᠠ᠃ | ᠭᠤᠷᠪᠠ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠶ | ︵ᠨᠢᠭᠡ︶ ᠦᠢᠯᠡᠴᠢᠯᠡᠬᠦ ᠠᠵᠢᠯᠯᠠᠭ᠎ᠠ ᠶᠢ ᠵᠢᠷᠤᠮᠵᠢᠭᠤᠯᠬᠤ | ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠤᠯ ᠴᠣᠭᠴᠠ ᠶᠢᠨ ᠵᠥᠪᠰᠢᠶᠡᠷᠡᠨ ᠣᠷᠣᠭᠤᠯᠬᠤ | ᠬᠠᠮᠢᠶᠠᠷᠤᠯᠲᠠ ᠶᠢ ᠴᠢᠩᠭᠠᠳᠬᠠᠨ᠂ ᠵᠥᠪᠰᠢᠶᠡᠷᠡᠨ ᠣᠷᠣᠭᠤᠯᠬᠤ ᠬᠢᠷᠢ ᠴᠢᠳᠠᠮᠵᠢ ᠶᠢᠨ ᠨᠥᠬᠦᠴᠡᠯ᠂ ᠦᠢᠯᠡᠴᠢᠯᠡᠭᠡᠨ ᠤ | ᠬᠡᠪᠴᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠦᠢᠯᠡᠴᠢᠯᠡᠭᠡᠨ ᠤ ᠪᠠᠷᠢᠮᠵᠢᠶ᠎ᠠ ᠶᠢ ᠲᠣᠳᠣᠷᠬᠠᠶᠢᠯᠠᠨ᠂ | ᠠᠵᠢᠯ ᠡᠷᠬᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ | ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢᠨ ᠨᠢᠭᠡᠳᠦᠯᠲᠡᠶ ᠳᠦᠷᠢᠮ ᠢ ᠬᠡᠷᠡᠭᠵᠢᠭᠦᠯᠦᠨ᠂ ᠵᠠᠰᠠᠭ ᠤᠨ ᠣᠷᠳᠣᠨ | ᠦᠢᠯᠡᠴᠢᠯᠡᠭᠡᠨ ᠬᠤᠳᠠᠯᠳᠤᠨ ᠠᠪᠬᠤ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ | ᠂ ᠡᠮᠬᠢ ᠵᠢᠷᠤᠮ ᠦᠭᠡᠶ ᠪᠠᠷ ᠥᠷᠢᠰᠥᠯᠳᠦᠬᠦ᠂ ᠳᠣᠤᠷ᠎ᠠ ᠬᠢᠷᠢ ᠬᠡᠮᠵᠢᠶ᠎ᠡ ᠪᠠᠷ ᠳᠠᠪᠬᠤᠷᠳᠠᠭᠤᠯᠬᠤ ᠵᠡᠷᠭᠡ ᠪᠠᠶᠢᠳᠠᠯ | ᠭᠠᠷᠬᠤ ᠠᠴᠠ ᠵᠠᠶᠢᠯᠠᠰᠬᠢᠬᠦ ᠬᠡᠷᠡᠭᠲᠡᠶ᠃ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ | ᠶᠣᠰᠣᠭᠠᠷ᠂ ᠡᠷᠬᠡ ᠲᠡᠭᠰᠢ ᠪᠠᠷ ᠥᠷᠢᠰᠥᠯᠳᠦᠨ ᠰᠢᠯᠢᠳᠡᠭ ᠢ ᠨᠢ ᠰᠣᠩᠭᠤᠬᠤ ᠠᠷᠭ᠎ᠠ ᠮᠠᠶ᠋ᠢᠭ ᠢᠶᠠᠷ ᠳᠠᠮᠵᠢᠭᠤᠯᠤᠨ | ᠵᠠᠰᠠᠭ ᠤᠨ ᠣᠷᠳᠣᠨ ᠦᠢᠯᠡᠴᠢᠯᠡᠭᠡᠨ ᠬᠤᠳᠠᠯᠳᠤᠨ ᠠᠪᠬᠤ ᠶᠢ ᠳᠠᠭᠠᠭᠠᠨ ᠠᠪᠬᠤ ᠭᠤᠤᠯ ᠴᠣᠭᠴᠠ ᠶᠢ ᠲᠣᠭᠲᠠᠭᠠᠵᠤ᠂ | ᠦᠢᠯᠡᠴᠢᠯᠡᠭᠡᠨ ᠬᠤᠳᠠᠯᠳᠤᠨ ᠠᠪᠬᠤ ᠠᠭᠤᠯᠭ᠎ᠠ᠂ ᠬᠤᠭᠤᠴᠠᠭ᠎ᠠ᠂ ᠲᠤᠭ᠎ᠠ ᠬᠡᠮᠵᠢᠶ᠎ᠡ᠂ ᠶᠠᠰᠤ ᠴᠢᠨᠠᠷ᠂ ᠦᠨ᠎ᠡ | ᠬᠠᠩᠰᠢ ᠵᠡᠷᠭᠡ ᠱᠠᠭᠠᠷᠳᠠᠯᠭ᠎ᠠ᠂ ᠵᠢᠴᠢ ᠪᠡᠯᠡ ᠮᠥᠩᠭᠦ ᠪᠠᠷ ᠳ᠋ᠦᠩᠨᠡᠨ ᠪᠣᠳᠣᠬᠤ ᠠᠷᠭ᠎ᠠ ᠮᠠᠶ᠋ᠢᠭ᠂ ᠬᠤᠶᠠᠷ ᠲᠠᠯ᠎ᠠ ᠶᠢᠨ | ᠡᠷᠬᠡ ᠠᠰᠢᠭ ᠡᠭᠦᠷᠭᠡ ᠶᠢᠨ ᠵᠦᠢᠯᠡᠰ ᠪᠠ ᠭᠡᠷ᠎ᠡ ᠠᠴᠠ ᠵᠥᠷᠢᠴᠡᠭᠰᠡᠨ ᠤ ᠬᠠᠷᠢᠭᠤᠴᠠᠯᠭ᠎ᠠ ᠵᠡᠷᠭᠡ ᠠᠭᠤᠯᠭ᠎ᠠ ᠶᠢ | ᠲᠣᠳᠣᠷᠬᠠᠶᠢᠯᠠᠬᠤ ᠬᠡᠷᠡᠭᠲᠡᠶ᠃ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠦᠷᠢᠶᠡᠨ ᠤ ᠢᠲᠡᠭᠡᠮᠵᠢ ᠶᠢᠨ | ᠲᠡᠮᠳᠡᠭᠯᠡᠬᠦ ᠪᠠ ᠪᠤᠴᠠᠭᠠᠵᠤ ᠭᠠᠷᠭᠠᠬᠤ ᠲᠣᠭᠲᠠᠴᠠ ᠶᠢ ᠪᠠᠶᠢᠭᠤᠯᠵᠤ᠂ ᠢᠲᠡᠭᠡᠮᠵᠢ ᠲᠠᠢ ᠪᠠᠶᠢᠬᠤ ᠶᠢ ᠬᠠᠮᠲᠤᠷᠠᠨ | ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠳᠦᠷᠢᠮ ᠢ | ᠨᠠᠶᠢᠳᠠᠪᠤᠷᠢᠵᠢᠭᠤᠯᠤᠨ᠎ᠠ᠃ ᠡᠳ᠋ ᠤᠨ ᠵᠠᠰᠠᠭ ᠤᠨ ᠬᠢᠨᠠᠯᠲᠠ᠂ ᠬᠢᠨᠠᠨ ᠪᠣᠳᠣᠯᠲᠤ ᠶᠢᠨ ᠬᠢᠨᠠᠯᠲᠠ ᠵᠢᠴᠢ ᠦᠢᠯᠡᠴᠢᠯᠡᠬᠦ | ᠡᠲᠡᠭᠡᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠭᠤᠷᠪᠠᠳᠠᠬᠢ ᠡᠲᠡᠭᠡᠳ᠂ ᠣᠯᠠᠨ ᠨᠡᠶᠢᠲᠡ᠂ | ᠵᠠᠭᠤᠴᠢᠯᠠᠭᠤᠷ ᠵᠡᠷᠭᠡ ᠨᠡᠶᠢᠭᠡᠮ ᠤᠨ ᠬᠢᠨᠠᠯᠲᠠ ᠲᠠᠯᠪᠢᠬᠤ ᠬᠦᠴᠦᠨ ᠢ ᠭᠦᠢᠴᠡᠳ ᠳᠠᠶᠢᠴᠢᠯᠠᠵᠤ ᠪᠠᠶᠢᠭᠠᠳ | ᠵᠠᠰᠠᠯᠲᠠ ᠳᠤ ᠬᠠᠮᠲᠤᠪᠠᠷ ᠣᠷᠣᠯᠴᠠᠭᠤᠯᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ | ᠬᠥᠭᠵᠢᠯᠲᠡ ᠳᠤ ᠵᠢᠷᠤᠮᠵᠢᠭᠰᠠᠨ ᠡᠮᠬᠢ ᠵᠢᠷᠤᠮ ᠲᠠᠢ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ᠃ | ︵ᠬᠤᠶᠠᠷ︶ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠬᠦ | ᠬᠤᠳᠠᠯᠳᠤᠨ ᠠᠪᠬᠤ ᠭᠤᠤᠯ ᠴᠣᠭᠴᠠ ᠨᠢ ᠵᠠᠰᠠᠭ ᠤᠨ ᠣᠷᠳᠣᠨ ᠦᠢᠯᠡᠴᠢᠯᠡᠭᠡᠨ ᠬᠤᠳᠠᠯᠳᠤᠨ ᠠᠪᠬᠤ | ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠬᠤᠳᠠᠯᠳᠤᠨ ᠠᠪᠬᠤ | ᠦᠢᠯᠡᠴᠢᠯᠡᠭᠡᠨ ᠢ ᠬᠡᠷᠡᠭᠵᠢᠭᠦᠯᠦᠭᠰᠡᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠠᠮᠵᠢᠯᠲᠠ ᠪᠦᠲᠦᠮᠵᠢ ᠶᠢᠨ | ᠦᠨᠡᠯᠡᠯᠲᠡ ᠬᠢᠵᠦ᠂ ᠨᠥᠬᠦᠴᠡᠯ ᠪᠦᠷᠢᠯᠳᠦᠭᠦᠯᠦᠭᠰᠡᠨ ᠲᠥᠷᠥᠯ ᠵᠦᠢᠯ ᠢ ᠭᠤᠷᠪᠠᠳᠠᠬᠢ ᠡᠲᠡᠭᠡᠳ ᠠᠴᠠ ᠦᠨᠡᠯᠡᠨ | ᠵᠢᠱᠢᠵᠦ ᠪᠣᠯᠤᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠬᠡᠷᠡᠭᠴᠡᠭᠡ ᠪᠠᠨ ᠦᠨᠳᠦᠰᠦᠯᠡᠨ᠂ ᠰᠠᠯᠠᠭ᠎ᠠ | ᠮᠥᠴᠢᠷ ᠤᠨ ᠵᠠᠰᠠᠭ ᠤᠨ ᠣᠷᠳᠣᠨ ᠦᠢᠯᠡᠴᠢᠯᠡᠭᠡᠨ ᠬᠤᠳᠠᠯᠳᠤᠨ ᠠᠪᠬᠤ ᠪᠦᠬᠦᠯᠢ ᠴᠣᠭᠴᠠ ᠶᠢᠨ ᠠᠵᠢᠯ ᠳᠤ | ᠠᠮᠵᠢᠯᠲᠠ ᠪᠦᠲᠦᠮᠵᠢ ᠶᠢᠨ ᠦᠨᠡᠯᠡᠯᠲᠡ ᠬᠢᠵᠦ ᠪᠣᠯᠤᠨ᠎ᠠ᠃ ᠬᠤᠳᠠᠯᠳᠤᠨ ᠠᠪᠬᠤ ᠭᠤᠤᠯ ᠴᠣᠭᠴᠠ ᠵᠢᠴᠢ ᠡᠳ᠋ ᠤᠨ | ᠵᠠᠰᠠᠭ ᠤᠨ ᠰᠠᠯᠠᠭ᠎ᠠ ᠮᠥᠴᠢᠷ ᠨᠢ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠳᠠᠭᠠᠭᠠᠨ ᠠᠪᠬᠤ ᠭᠤᠤᠯ | ᠴᠣᠭᠴᠠ ᠶᠢᠨ ᠰᠣᠩᠭᠤᠯᠲᠠ᠂ ᠲᠥᠰᠦᠪ ᠤᠨ ᠲᠣᠬᠢᠷᠠᠭᠤᠯᠤᠯᠲᠠ ᠪᠠ ᠲᠥᠷᠥ ᠶᠢᠨ ᠪᠣᠳᠣᠯᠭ᠎ᠠ ᠶᠢᠨ | ᠲᠣᠬᠢᠷᠠᠭᠤᠯᠤᠯᠲᠠ ᠶᠢᠨ ᠴᠢᠬᠤᠯᠠ ᠦᠨᠳᠦᠰᠦᠯᠡᠯ ᠪᠣᠯᠭᠠᠨ᠎ᠠ᠃ | ᠳᠥᠷᠪᠡ᠂ ᠠᠯᠪᠠᠳᠠᠯᠭ᠎ᠠ ᠪᠠᠷ ᠡᠭᠡᠯᠢᠯᠡᠭᠡ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠲᠣᠭᠲᠠᠴᠠ ᠶᠢᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ᠎ᠠ | ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠠᠮᠢᠲᠠᠨ ᠤ ᠬᠢᠵᠢᠭ ᠢ ᠰᠡᠷᠭᠡᠶᠢᠯᠡᠬᠦ | ᠲᠥᠷᠥ ᠶᠢᠨ ᠪᠣᠳᠣᠯᠭ᠎ᠠ ᠶᠢᠨ ᠲᠣᠭᠲᠠᠴᠠ ᠶᠢᠨ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠬᠡᠪᠴᠢᠶᠡᠲᠦ ᠲᠡᠵᠢᠭᠡᠨ | ᠦᠷᠡᠵᠢᠭᠦᠯᠬᠦ ᠲᠠᠯᠠᠪᠠᠶ ᠶᠢᠨ ᠠᠯᠪᠠᠳᠠᠯᠭ᠎ᠠ ᠪᠠᠷ ᠥᠯᠥ ᠬᠠᠯᠳᠠᠭᠠᠬᠤ ᠶᠢᠨ ︽ᠤᠷᠢᠳᠠᠪᠠᠷ ᠴᠣᠬᠢᠯᠲᠠ ᠥᠭᠴᠦ | ᠳᠠᠷᠠᠭ᠎ᠠ ᠨᠢ ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠵᠤ᠂ | ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠶᠢᠨ ᠠᠮᠢᠲᠠᠨ ᠤ ᠬᠢᠵᠢᠭ ᠢ ᠰᠡᠷᠭᠡᠶᠢᠯᠡᠬᠦ ᠭᠤᠤᠯ ᠴᠣᠭᠴᠠ ᠶᠢᠨ | ᠬᠠᠷᠢᠭᠤᠴᠠᠯᠭ᠎ᠠ ᠶᠢᠨ ᠤᠬᠠᠮᠰᠠᠷ ᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠶ᠃ 2025 ᠣᠨ ᠳᠤ᠂ | ᠵᠠᠰᠠᠭ ᠤᠨ ᠣᠷᠳᠣᠨ ᠤ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠸᠠᠺᠼᠢᠨ ᠢ ᠴᠢᠩᠭ᠎ᠠ ᠬᠡᠯᠲᠦᠷᠢᠭᠦᠯᠬᠦ ᠶᠢ | ᠠᠯᠬᠤᠮ ᠠᠯᠬᠤᠮ ᠢᠶᠠᠷ ᠪᠥᠬᠦ ᠲᠠᠯ᠎ᠠ ᠪᠠᠷ ᠬᠦᠴᠦᠨ ᠥᠬᠡᠶ ᠪᠣᠯᠭᠠᠪᠠ᠃ ︽ᠦᠢᠯᠡᠳᠪᠦᠷᠢᠯᠡᠭᠴᠢᠳ ᠤᠨ ᠬᠢᠵᠢᠭ ᠢ | ᠰᠡᠷᠭᠡᠶᠢᠯᠡᠬᠦ᠂ ᠠᠰᠢᠭ ᠬᠦᠷᠲᠡᠭᠴᠢ ᠰᠦᠢᠳᠬᠡᠯ ᠲᠤᠰᠢᠶᠠᠬᠤ︾ ᠣᠨᠣᠯᠵᠢᠬᠤᠨ ᠢ ᠪᠤᠢ ᠪᠣᠯᠭᠠᠵᠤ᠂ ᠸᠠᠺᠼᠢᠨ ᠤ | ᠡᠵᠡᠩᠨᠡᠨ ᠪᠣᠷᠣᠯᠠᠭᠤᠯᠬᠤ᠂ ᠬᠤᠳᠠᠯᠳᠤᠨ ᠠᠪᠬᠤ᠂ ᠦᠯᠦ ᠬᠠᠯᠳᠠᠭᠠᠬᠤ ᠦᠢᠯᠡᠴᠢᠯᠡᠭᠡ ᠵᠡᠷᠭᠡ ᠭᠤᠭᠴᠤᠭ᠎ᠠ ᠳᠤ ᠵᠠᠬ᠎ᠠ | ᠳᠡᠯᠭᠡᠭᠦᠷ ᠤᠨ ᠲᠣᠭᠲᠠᠴᠠ ᠶᠢᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠦᠵᠡᠭᠦᠯᠬᠦ ᠶᠢ ᠳᠡᠮᠵᠢᠵᠦ᠂ ᠠᠮᠢᠵᠢᠷᠠᠯ ᠤᠨ | ᠬᠦᠴᠦᠨ ᠢᠶᠠᠷ ᠪᠠᠶᠠᠯᠢᠭ᠂ ᠥᠨᠳᠥᠷ ᠪᠦᠲᠦᠮᠵᠢᠲᠡᠶ ᠪᠥᠭᠡᠳ ᠵᠢᠷᠤᠮᠵᠢᠭᠤᠨ᠂ ᠬᠢᠨᠠᠯᠲᠠ ᠬᠠᠮᠢᠶᠠᠷᠤᠯᠲᠠ ᠪᠠᠷ | ᠬᠦᠴᠦᠲᠡᠶ ᠡᠭᠡᠯᠢᠯᠡᠭᠡ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠣᠭᠲᠠᠴᠠ ᠶᠢ | ᠲᠦᠷᠭᠡᠳᠬᠡᠨ ᠪᠠᠶᠢᠭᠤᠯᠤᠨ᠎ᠠ᠃ ᠦᠯᠦ ᠬᠠᠯᠳᠠᠭᠠᠯᠲᠠ ᠶᠢᠨ ᠪᠠᠶᠢᠳᠠᠯ ᠢ ᠭᠠᠷᠤᠯᠲᠠ ᠶᠢᠨ ᠭᠠᠵᠠᠷ ᠤᠨ ᠬᠢᠵᠢᠭ | ᠪᠠᠶᠢᠴᠠᠭᠠᠬᠤ᠂ ᠡᠳ᠋ ᠤᠨ ᠵᠠᠰᠠᠭ ᠤᠨ ᠨᠥᠬᠦᠪᠥᠷᠢ ᠥᠭᠬᠦ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠯᠦᠭᠡ | ᠬᠤᠯᠪᠣᠭᠳᠠᠭᠤᠯᠵᠤ᠂ ᠲᠣᠭᠲᠠᠭᠠᠭᠰᠠᠨ ᠱᠠᠭᠠᠷᠳᠠᠯᠭ᠎ᠠ ᠶᠣᠰᠣᠭᠠᠷ ᠦᠯᠦ ᠬᠠᠯᠳᠠᠭᠠᠯᠲᠠ ᠶᠢᠨ ᠲᠡᠵᠢᠭᠡᠨ ᠦᠷᠡᠵᠢᠭᠦᠯᠬᠦ | ᠲᠠᠯᠠᠪᠠᠶ ᠡᠷᠦᠬᠡ ᠳᠤ ᠮᠠᠯ ᠤᠨᠤᠭ᠎ᠠ ᠲᠡᠵᠢᠭᠡᠪᠦᠷᠢ ᠵᠢᠭᠦᠷᠲᠡᠨ ᠢ ᠬᠢᠵᠢᠭ ᠪᠠᠶᠢᠴᠠᠭᠠᠬᠤ ᠶᠠᠪᠤᠴᠠ ᠳᠤ ᠬᠢᠷᠢ ᠲᠡᠩᠴᠡᠬᠦ | ᠦᠭᠡᠶ ᠪᠠᠷ ᠰᠢᠶ᠋ᠳᠪᠦᠷᠢᠯᠡᠵᠦ᠂ ᠲᠤᠰᠠᠯᠠᠮᠵᠢ ᠣᠯᠭᠤᠬᠤ ᠦᠭᠡᠶ᠂ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠶᠢ | ᠰᠢᠮᠳᠠᠭᠤᠯᠤᠨ ᠦᠯᠦ ᠬᠠᠯᠳᠠᠭᠠᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠶ᠃ | ᠲᠠᠪᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠃ ᠡᠯ᠎ᠡ ᠬᠠᠮᠢᠶ᠎ᠠ ᠪᠦᠬᠦᠢ | ᠨᠢᠭᠡᠴᠡ ᠨᠦᠭᠦᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠤᠨ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠪᠠᠨ ᠴᠢᠩᠭᠠᠳᠬᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠤᠳᠤᠯᠤᠨ᠂ ᠠᠵᠢᠯ ᠤᠨ | ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ | ᠰᠢᠮᠳᠠᠭᠤᠯᠤᠨ ᠪᠠᠶᠢᠴᠠᠭᠠᠵᠤ ᠵᠢᠯᠣᠭᠤᠳᠬᠤ ᠪᠠ ᠰᠢᠯᠭᠠᠨ ᠬᠢᠨᠠᠵᠤ ᠦᠨᠡᠯᠡᠬᠦ ᠪᠠᠨ ᠴᠢᠩᠭᠠᠳᠬᠠᠵᠤ᠂ ᠮᠠᠯ ᠡᠮᠨᠡᠯᠭᠡ ᠶᠢᠨ | ᠨᠡᠶᠢᠭᠡᠮᠴᠢᠯᠡᠨ ᠠᠬᠢᠭᠤᠯᠬᠤ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠬᠤᠭᠤᠴᠠᠭ᠎ᠠ ᠶᠣᠰᠣᠭᠠᠷ | ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠲᠣᠭᠤᠷᠢᠭ ᠤᠨ ᠵᠠᠰᠠᠭ ᠤᠨ ᠣᠷᠳᠣᠨ ᠮᠠᠯ ᠡᠮᠨᠡᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠭᠡᠨ ᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ | ᠲᠣᠭᠤᠷᠢᠭ ᠤᠨ ᠳᠡᠳ᠋ ᠳᠠᠷᠤᠭ᠎ᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠂ ᠲᠣᠭᠤᠷᠢᠭ ᠤᠨ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠭᠤᠤᠯ | ᠤᠳᠤᠷᠢᠳᠤᠯᠭ᠎ᠠ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠪᠦᠷᠢᠯᠳᠦᠬᠦᠨ ᠨᠢᠭᠡᠴᠡ ᠳᠤ | ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠾᠧ ᠳ᠋ᠦᠩ ᠪᠠᠯᠭᠠᠰᠤ᠂ | ᠰᠠᠷᠠᠴᠢᠨ ᠪᠠᠯᠭᠠᠰᠤ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠡᠪᠡᠰᠦ ᠪᠡᠯᠴᠢᠭᠡᠷ ᠤᠨ | ᠦᠢᠯᠡᠰ ᠤᠨ ᠬᠥᠭᠵᠢᠯᠲᠡ ᠶᠢᠨ ᠲᠥᠪ ᠤᠨ ᠭᠤᠤᠯ ᠤᠳᠤᠷᠢᠳᠤᠯᠭ᠎ᠠ᠂ ᠲᠣᠭᠤᠷᠢᠭ ᠤᠨ ᠡᠳ᠋ ᠤᠨ ᠵᠠᠰᠠᠭ ᠤᠨ | ᠲᠣᠪᠴᠢᠶ᠎ᠠ᠂ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢ | ᠪᠠᠭᠲᠠᠭᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ᠳᠤ ᠳᠣᠭᠢᠷᠠᠭᠤᠯᠵᠤ᠂ ᠪᠥᠬᠦ ᠣᠷᠣᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ | ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠨ᠎ᠠ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠰᠢᠯᠢᠳᠡᠭᠵᠢᠭᠦᠯᠦᠨ᠎ᠡ᠃ ᠲᠡᠳᠬᠦᠨ ᠳᠡᠮᠵᠢᠬᠦ | ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠮᠠᠯ | ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠬᠠᠪᠰᠤᠷᠤᠨ ᠰᠠᠶᠢᠲᠤᠷ ᠡᠬᠢᠯᠡᠭᠦᠯᠵᠦ | ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ᠃ ᠮᠠᠯ | ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠬᠠᠮᠢᠶ᠎ᠠ ᠪᠥᠬᠦᠶ ᠭᠠᠶᠢᠯᠢ | ᠲᠠᠲᠠᠪᠤᠷᠢ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ᠂ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ᠂ | ᠲᠡᠵᠢᠭᠡᠨ ᠦᠷᠡᠵᠢᠭᠦᠯᠬᠦ ᠦᠢᠯᠡᠰ ᠤᠨ ᠳᠠᠭᠠᠳᠬᠠᠯ ᠤᠨ ᠵᠠᠷᠤᠳᠠᠯ ᠵᠡᠷᠭᠡ ᠲᠥᠷᠥ ᠶᠢᠨ ᠪᠣᠳᠣᠯᠭ᠎ᠠ ᠶᠢ ᠬᠠᠤᠯᠢ | ᠶᠣᠰᠣᠭᠠᠷ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ᠂ ᠪᠠᠯᠭᠠᠰᠤ ᠶᠢᠨ | ᠣᠲᠣ ᠶᠢᠨ ᠪᠠᠶᠢᠭ᠎ᠠ ᠪᠡᠯᠡᠳᠬᠡᠮᠵᠢ ᠲᠥᠬᠦᠭᠡᠷᠦᠮᠵᠢ ᠶᠢ ᠭᠦᠢᠴᠡᠳ ᠠᠰᠢᠭᠯᠠᠨ᠂ ᠬᠢᠵᠢᠭ ᠢ ᠰᠡᠷᠭᠡᠶᠢᠯᠡᠬᠦ ᠳᠤ ᠬᠡᠷᠡᠭᠰᠡᠬᠦ | ᠳᠡᠮᠵᠢᠯᠭᠡ ᠦᠵᠡᠭᠦᠯᠦᠨ᠎ᠡ᠃ ᠠᠮᠢᠲᠠᠨ ᠤ ᠬᠢᠵᠢᠭ ᠰᠡᠷᠭᠡᠶᠢᠯᠡᠬᠦ ᠲᠤᠰᠠᠯᠠᠮᠵᠢ ᠶᠢᠨ ᠵᠠᠷᠤᠳᠠᠯ᠂ ᠲᠥᠪ ᠤᠨ ᠡᠳ᠋ ᠤᠨ | ᠵᠠᠰᠠᠭ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠥᠭᠵᠢᠯᠲᠡ ᠶᠢᠨ ᠪᠡᠯᠡ ᠮᠥᠩᠭᠦ᠂ ᠦᠨᠳᠦᠰᠦᠨ ᠱᠠᠲᠤᠨ ᠤ | ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠰᠢᠰᠲ᠋ᠧᠮᠵᠢ ᠬᠢᠭᠡᠳ ᠪᠦᠲᠦᠭᠡᠨ ᠪᠠᠶᠢᠭᠤᠯᠤᠯᠲᠠ ᠶᠢᠨ ᠣᠨᠴᠠ ᠤᠷᠢᠭᠰᠠᠨ | ᠠᠮᠢᠲᠠᠨ ᠤ ᠬᠢᠵᠢᠭ ᠰᠡᠷᠭᠡᠶᠢᠯᠡᠬᠦ ᠲᠤᠰᠬᠠᠶ ᠲᠤᠰᠢᠶᠠᠯᠲᠠᠨ ᠢ ᠳᠡᠮᠵᠢᠬᠦ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ | ᠠᠰᠢᠭᠯᠠᠬᠤ ᠬᠡᠷᠡᠭᠲᠡᠶ᠃ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠢ ᠵᠠᠰᠠᠭ ᠤᠨ ᠣᠷᠳᠣᠨ ᠦᠢᠯᠡᠴᠢᠯᠡᠭᠡᠨ | ᠬᠤᠳᠠᠯᠳᠤᠨ ᠠᠪᠬᠤ ᠶᠢᠨ ᠵᠢᠯᠣᠭᠤᠳᠬᠤ ᠴᠢᠨᠠᠷᠲᠠᠶ ᠭᠠᠷᠴᠠᠭ ᠲᠤ ᠣᠷᠣᠭᠤᠯᠵᠤ᠂ ᠦᠢᠯᠡᠴᠢᠯᠡᠭᠡᠨ ᠬᠤᠳᠠᠯᠳᠤᠨ | ᠠᠪᠬᠤ ᠲᠥᠷᠥᠯ ᠵᠦᠢᠯ᠂ ᠰᠢᠨᠵᠢ ᠴᠢᠨᠠᠷ ᠪᠣᠯᠤᠨ ᠠᠭᠤᠯᠭ᠎ᠠ ᠶᠢ ᠲᠣᠭᠲᠠᠭᠠᠨ᠂ ᠬᠡᠷᠡᠭᠰᠡᠬᠦ ᠵᠠᠷᠤᠯᠭ᠎ᠠ ᠶᠢ ᠵᠦᠢ | ᠵᠣᠬᠢᠰᠲᠠᠶ ᠲᠥᠰᠦᠭᠡᠯᠡᠨ ᠪᠣᠳᠣᠵᠤ ᠲᠣᠬᠢᠷᠠᠭᠤᠯᠤᠨ᠂ ᠦᠢᠯᠡᠴᠢᠯᠡᠭᠡᠨ ᠬᠤᠳᠠᠯᠳᠤᠨ ᠠᠪᠬᠤ ᠵᠠᠷᠤᠳᠠᠯ ᠤᠨ | ᠣᠷᠣᠭᠤᠯᠤᠯᠲᠠ ᠶᠢ ᠪᠠᠲᠤᠯᠠᠬᠤ ᠬᠡᠷᠡᠭᠲᠡᠶ᠃ | ︵ᠭᠤᠷᠪᠠ︶ ᠯᠠᠪᠳᠠᠭᠤᠨ ᠢᠶᠠᠷ ᠰᠢᠯᠵᠢᠬᠦ ᠶᠢ ᠪᠠᠲᠤᠯᠠᠨ᠎ᠠ᠃ ᠮᠠᠯ ᠡᠮᠨᠡᠯᠭᠡ ᠶᠢᠨ ᠨᠡᠶᠢᠭᠡᠮᠴᠢᠯᠡᠭᠰᠡᠨ | ᠦᠢᠯᠡᠴᠢᠯᠡᠭᠡᠨ ᠢ ᠲᠦᠯᠬᠢᠨ ᠠᠬᠢᠭᠤᠯᠬᠤ ᠶᠠᠪᠤᠴᠠ ᠳᠤ᠂ ᠣᠳᠣ ᠪᠠᠶᠢᠭ᠎ᠠ ᠬᠢᠵᠢᠭ ᠰᠡᠷᠭᠡᠶᠢᠯᠡᠭᠴᠢ ᠶᠢ ᠤᠷᠢᠨ | ᠬᠡᠷᠡᠭᠯᠡᠬᠦ ᠶᠢ ᠭᠦᠢᠴᠡᠳ ᠪᠦᠲᠦᠮᠵᠢᠲᠡᠶ ᠰᠠᠶᠢᠲᠤᠷ ᠵᠣᠯᠭᠠᠭᠤᠯᠵᠤ᠂ ᠲᠣᠭᠲᠠᠭᠤᠨ ᠢᠶᠠᠷ ᠰᠢᠯᠵᠢᠬᠦ ᠶᠢ ᠦᠨᠡᠨᠬᠦ | ᠪᠠᠲᠤᠯᠠᠬᠤ ᠬᠡᠷᠡᠭᠲᠡᠶ᠃ ᠬᠡᠷᠪᠡ ᠣᠳᠣ ᠪᠠᠶᠢᠭ᠎ᠠ ᠬᠢᠵᠢᠭ ᠰᠡᠷᠭᠡᠶᠢᠯᠡᠬᠦ ᠬᠥᠮᠦᠰ ᠺᠣᠮᠫᠠᠨᠢ ᠪᠠᠶᠢᠭᠤᠯᠬᠤ ᠳᠤ ᠬᠡᠷᠡᠭᠰᠡᠬᠦ | ᠨᠥᠬᠦᠴᠡᠯ ᠢ ᠪᠦᠷᠢᠯᠳᠦᠭᠦᠯᠪᠡᠯ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠡᠷ᠎ᠡ ᠶᠢ ᠤᠷᠢᠳᠠᠪᠠᠷ | ᠲᠣᠭᠲᠠᠭᠠᠵᠤ ᠪᠣᠯᠤᠨ᠎ᠠ᠃ ᠬᠥᠮᠦᠨ ᠠᠵᠢᠯ ᠢ ᠲᠠᠭᠠᠨ ᠶᠠᠪᠤᠬᠤ᠂ ᠵᠠᠷᠤᠳᠠᠯ ᠨᠢ ᠠᠵᠢᠯ ᠶᠠᠪᠤᠳᠠᠯ ᠢ ᠲᠠᠭᠠᠨ ᠰᠢᠯᠵᠢᠭᠦᠯᠬᠦ | ᠵᠠᠷᠴᠢᠮ ᠢ ᠪᠠᠷᠢᠮᠲᠠᠯᠠᠵᠤ᠂ ᠡᠳ᠋ ᠤᠨ ᠵᠠᠰᠠᠭ ᠠᠴᠠ ᠵᠣᠭᠤᠰ ᠰᠠᠯᠭᠠᠨ ᠥᠭᠴᠦ ᠬᠢᠵᠢᠭ ᠰᠡᠷᠭᠡᠶᠢᠯᠡᠭᠴᠢ ᠶᠢᠨ | ᠴᠠᠯᠢᠩ ᠤᠨ ᠴᠢᠨᠠᠷᠲᠠᠶ ᠨᠥᠬᠦᠪᠥᠷᠢ ᠵᠠᠷᠤᠳᠠᠯ ᠢ ᠦᠢᠯᠡᠴᠢᠯᠡᠭᠡᠨ ᠬᠤᠳᠠᠯᠳᠤᠨ ᠠᠪᠬᠤ ᠳᠤ ᠬᠡᠷᠡᠭᠰᠡᠬᠦ ᠵᠠᠷᠤᠯᠭ᠎ᠠ ᠳᠤ | ᠣᠷᠣᠭᠤᠯᠵᠤ᠂ ᠣᠳᠣ ᠪᠠᠶᠢᠭ᠎ᠠ ᠬᠢᠵᠢᠭ ᠰᠡᠷᠭᠡᠶᠢᠯᠡᠬᠦ ᠵᠠᠷᠤᠳᠠᠯ ᠤᠨ ᠣᠷᠣᠭᠤᠯᠤᠯᠲᠠ ᠶᠢ ᠬᠠᠰᠤᠬᠤ ᠦᠭᠡᠶ ᠪᠠᠶᠢᠬᠤ ᠶᠢ | ᠦᠨᠡᠨᠬᠦ ᠪᠠᠲᠤᠯᠠᠭᠰᠠᠨ ᠪᠠᠶᠢᠳᠠᠯ ᠤᠨ ᠳᠣᠤᠷ᠎ᠠ᠂ ᠬᠢᠵᠢᠭ ᠰᠡᠷᠭᠡᠶᠢᠯᠡᠭᠴᠢ ᠶᠢᠨ ᠨᠥᠬᠦᠪᠥᠷᠢ᠂ ᠨᠠᠰᠤᠵᠢᠯ ᠤᠨ | ᠳᠠᠭᠠᠳᠬᠠᠯ ᠵᠡᠷᠭᠡ ᠵᠠᠷᠤᠳᠠᠯ ᠢ ᠪᠦᠬᠦᠨ ᠢ ᠵᠠᠰᠠᠭ ᠤᠨ ᠣᠷᠳᠣᠨ ᠤ ᠦᠢᠯᠡᠴᠢᠯᠡᠭᠡᠨ ᠬᠤᠳᠠᠯᠳᠤᠨ ᠠᠪᠬᠤ ᠳᠤ ᠬᠡᠷᠡᠭᠰᠡᠬᠦ | ᠵᠠᠷᠤᠯᠭ᠎ᠠ ᠳᠤ ᠣᠷᠣᠭᠤᠯᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠠᠴᠠ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠤᠷᠢᠵᠤ ᠬᠡᠷᠡᠭᠯᠡᠭᠰᠡᠨ ᠬᠢᠵᠢᠭ ᠰᠡᠷᠭᠡᠶᠢᠯᠡᠭᠴᠢ ᠳᠤ | ᠬᠥᠳᠡᠯᠮᠦᠷᠢ ᠶᠢᠨ ᠬᠠᠷᠠᠮᠵᠢ᠂ ᠨᠠᠰᠤᠵᠢᠯ ᠤᠨ ᠳᠠᠭᠠᠳᠬᠠᠯ ᠵᠡᠷᠭᠡ ᠬᠠᠮᠢᠶ᠎ᠠ ᠪᠦᠬᠦᠢ ᠣᠯᠭᠤᠮᠵᠢ ᠬᠠᠩᠭᠠᠬᠤ ᠬᠡᠷᠡᠭᠲᠡᠶ᠃ | ︵ᠲᠦᠷᠪᠡ︶ ᠴᠢᠳᠠᠪᠤᠷᠢᠲᠠᠨ ᠤ ᠲᠤᠯᠭᠠᠭᠤᠷᠢᠯᠠᠯ ᠢ ᠡᠷᠴᠢᠮᠵᠢᠭᠦᠯᠵᠦ᠃ ᠰᠢᠨ᠎ᠡ ᠬᠡᠯᠪᠡᠷᠢ ᠶᠢᠨ ᠠᠵᠢᠯ | ᠮᠡᠷᠭᠡᠵᠢᠯ ᠤᠨ ᠲᠠᠷᠢᠶᠠᠴᠢᠨ ᠢ ᠬᠥᠮᠦᠵᠢᠭᠦᠯᠬᠦ ᠢᠨᠵᠧᠨᠧᠷᠢᠩ ᠪᠠ ᠬᠥᠳᠡᠭᠡ ᠲᠣᠰᠬᠤᠨ ᠤ ᠬᠡᠷᠡᠭᠯᠡᠭᠡᠨ ᠤ | ᠴᠢᠳᠠᠪᠤᠷᠢᠲᠠᠨ ᠤ ᠳᠠᠭᠠᠭᠤᠯᠤᠭᠴᠢ ᠶᠢᠨ ᠪᠣᠯᠪᠠᠰᠤᠷᠠᠭᠤᠯᠤᠯ ᠤᠨ ᠲᠥᠷᠥᠯ ᠵᠦᠢᠯ ᠳᠤ ᠲᠦᠰᠢᠭᠯᠡᠨ᠂ ᠠᠮᠢᠲᠠᠨ ᠤ | ᠬᠢᠵᠢᠭ ᠢ ᠰᠡᠷᠭᠡᠶᠢᠯᠡᠬᠦ ᠬᠤᠷᠰᠢᠶ᠎ᠠ᠂ ᠠᠮᠢᠲᠠᠨ ᠤ ᠬᠢᠵᠢᠭ ᠢ ᠰᠡᠷᠭᠡᠶᠢᠯᠡᠬᠦ ᠦᠢᠯᠡᠴᠢᠯᠡᠭᠡᠨ ᠤ ᠺᠣᠮᠫᠠᠨᠢ᠂ ᠮᠠᠯ ᠵᠢᠭᠦᠷᠲᠡᠨ | ᠲᠡᠵᠢᠭᠡᠨ ᠦᠷᠡᠵᠢᠭᠦᠯᠬᠦ ᠳᠠᠭᠠᠭᠤᠯᠤᠭᠴᠢ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ | ᠴᠣᠭᠴᠠ ᠶᠢᠨ ᠳᠠᠭᠠᠭᠤᠯᠤᠭᠴᠢ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯᠲᠠᠨ ᠢ | ᠪᠣᠯᠪᠠᠰᠤᠷᠠᠭᠤᠯᠤᠯ ᠤᠨ ᠲᠥᠯᠥᠪᠯᠡᠭᠡ ᠳᠤ ᠣᠷᠣᠭᠤᠯᠤᠨ᠎ᠠ︔ ᠬᠥᠳᠡᠭᠡ ᠲᠣᠰᠬᠤᠨ ᠤ ᠮᠠᠯ ᠡᠮᠨᠡᠯᠭᠡ ᠶᠢᠨ ᠲᠤᠰ | ᠪᠡᠶ᠎ᠡ ᠶᠢᠨ ᠲᠤᠰᠬᠠᠶ ᠮᠡᠷᠭᠡᠵᠢᠯ ᠤᠨ ᠴᠢᠳᠠᠪᠤᠷᠢ ᠪᠠᠨ ᠲᠠᠰᠤᠷᠠᠯᠲᠠ ᠤᠢᠭᠡᠢ ᠳᠡᠭᠡᠭᠰᠢᠯᠡᠭᠦᠯᠬᠦ ᠶᠢ ᠵᠣᠷᠢᠭᠵᠢᠭᠤᠯᠵᠤ᠂ | ᠠᠵᠢᠯ ᠡᠷᠬᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠳᠤ ᠣᠷᠣᠯᠴᠠᠵᠤ᠂ ᠠᠵᠢᠯ ᠡᠷᠬᠢᠯᠡᠬᠦ ᠮᠠᠯ ᠤᠨ | ᠡᠮᠴᠢ ᠶᠢᠨ ᠬᠢᠷᠢ ᠬᠡᠮ ᠣᠯᠤᠭᠰᠠᠨ ᠬᠥᠮᠦᠰ ᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠨ ᠱᠠᠲᠤᠨ ᠳᠤ | ᠣᠴᠢᠭᠤᠯᠵᠤ ᠠᠮᠢᠲᠠᠨ ᠢ ᠣᠨᠣᠰᠢᠯᠠᠨ ᠡᠮᠨᠡᠬᠦ ᠠᠵᠢᠯᠯᠠᠭ᠎ᠠ ᠬᠢᠯᠭᠡᠬᠦ ᠬᠡᠷᠡᠭᠲᠡᠶ᠃ ᠬᠠᠮᠢᠶᠠᠷᠤᠯᠲᠠ ᠶᠢᠨ ᠬᠡᠯᠪᠡᠷᠢ ᠶᠢᠨ᠂ | ᠬᠠᠮ ᠴᠢᠳᠠᠪᠤᠷᠢᠲᠠᠨ ᠢ ᠬᠥᠮᠦᠵᠢᠭᠦᠯᠦᠨ ᠬᠡᠷᠡᠭᠯᠡᠬᠦ ᠶᠢ ᠴᠢᠩᠭᠠᠳᠬᠠᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠲᠦᠷᠭᠡᠨ ᠬᠥᠭᠵᠢᠬᠦ ᠳᠤ ᠠᠰᠢᠭᠲᠠᠶ ᠨᠥᠬᠦᠴᠡᠯ ᠢ ᠪᠤᠢ ᠪᠣᠯᠭᠠᠵᠤ | ᠥᠭᠭᠦᠨ᠎ᠡ᠃ |