【 ᠳ᠋ᠦᠩ ᠾᠧ ᠴᠠᠭ ᠤᠨ ᠪᠠᠶᠢᠳᠠᠯ ᠤᠨ ᠮᠡᠳᠡᠭᠡᠯᠡᠯ 】 ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ ᠵᠣᠯ ᠵᠢᠷᠭᠠᠯ ᠤᠨ ᠬᠠᠯᠠᠭᠤᠨ ᠢ ᠳᠠᠮᠵᠢᠭᠤᠯᠤᠨ᠎ᠠ
ᠨᠡᠶᠢᠲᠡᠯᠡᠭᠰᠡᠨ ᠴᠠᠭ᠄
2023/12/1
     ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ      ᠳ᠋ᠦᠩ ᠾᠧ ᠲᠣᠭᠤᠷᠢᠭ ᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠠᠷᠠᠳ ᠤᠨ ᠡᠶᠡᠳᠡᠭᠦᠯᠬᠦ ᠠᠵᠢᠯ ᠤᠨ ᠲᠠᠰᠤᠭ ᠪᠠᠶᠢᠭᠤᠯᠪᠠ      ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠠᠷᠠᠳ ᠤᠨ ᠡᠶᠡᠳᠡᠭᠦᠯᠬᠦ ᠠᠵᠢᠯ ᠢ ᠪᠦᠲᠦᠮᠵᠢᠲᠡᠶ ᠥᠷᠨᠢᠭᠦᠯᠬᠦ ᠶᠢ ᠦᠨᠡᠨ ᠬᠦ ᠪᠠᠲᠤᠯᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠵᠥᠷᠢᠴᠡᠯ ᠵᠢᠭᠤᠷᠠᠯᠳᠤᠭᠠᠨ ᠢ ᠦᠨᠡᠨ ᠬᠦ ᠠᠷᠢᠯᠭᠠᠵᠤ᠂ ᠠᠵᠢᠯ ᠲᠥᠷᠥᠯ ᠤᠨ ᠴᠢᠨᠠᠷᠲᠠᠶ᠂ ᠲᠤᠰᠬᠠᠶ ᠮᠡᠷᠭᠡᠵᠢᠯ ᠤᠨ ᠴᠢᠨᠠᠷᠲᠠᠶ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠳᠤᠮᠳᠠᠬᠢ ᠨᠡᠶᠢᠭᠡᠮ ᠤᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠳᠤ᠂ ᠳ᠋ᠦᠩ ᠾᠧ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠠᠵᠢᠯ ᠤᠨ ᠲᠠᠰᠤᠭ ᠫᠠᠶᠢᠰᠠ ᠡᠯᠭᠦᠨ ᠪᠠᠶᠢᠭᠤᠯᠤᠭᠳᠠᠪᠠ᠃
     ᠳ᠋ᠦᠩ ᠾᠧ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠠᠵᠢᠯ ᠤᠨ ᠲᠠᠰᠤᠭ ᠪᠠᠶᠢᠭᠤᠯᠤᠭᠳᠠᠭᠰᠠᠨ ᠨᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ︽ᠶᠡᠭᠡ ᠬᠠᠮᠠᠭᠠᠯᠠᠯᠲᠠ︾᠎ ᠶᠢᠨ ᠠᠵᠢᠯ ᠤᠨ ᠪᠠᠶᠢᠷᠢᠰᠢᠯ ᠢ ᠪᠠᠶᠢᠭᠤᠯᠵᠤ᠂ ᠠᠷᠠᠳ ᠤᠨ ᠡᠶᠡᠳᠡᠭᠦᠯᠭᠡ ᠬᠢᠭᠡᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ᠂ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠵᠠᠪᠰᠠᠷ ᠦᠭᠡᠢ ᠵᠣᠯᠭᠠᠭᠤᠯᠬᠤ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠠᠬᠢᠭᠤᠯᠤᠨ᠎ᠠ᠃      ᠳᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠠᠵᠢᠯ ᠤᠨ ᠲᠠᠰᠤᠭ ᠨᠢ ᠶᠣᠰᠣ ᠬᠡᠯᠡᠬᠦ ᠮᠠᠶ᠋ᠢᠭ ᠤᠨ᠂ ᠦᠢᠯᠡᠴᠢᠯᠡᠭᠡᠨ ᠤ ᠮᠠᠶ᠋ᠢᠭ ᠤᠨ ᠣᠨᠣᠯᠵᠢᠬᠤᠨ ᠢᠶᠠᠷ ᠵᠢᠭᠤᠷᠠᠯᠳᠤᠭᠠᠨ ᠢ ᠡᠶᠡᠳᠡᠭᠦᠯᠬᠦ ᠠᠵᠢᠯ ᠢ ᠭᠦᠢᠴᠡᠳ ᠦᠷᠨᠢᠭᠦᠯᠵᠦ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠬᠠᠤᠯᠢ ᠴᠠᠭᠠᠵᠠ ᠶᠢᠨ ᠬᠠᠮᠠᠭᠠᠯᠠᠯᠲᠠ ᠵᠡᠷᠭᠡ ᠣᠯᠠᠨ ᠵᠦᠢᠯ ᠤᠨ ᠠᠷᠭ᠎ᠠ ᠵᠠᠮ ᠢ ᠶᠡᠷᠦᠩᠬᠡᠶᠢᠯᠡᠨ ᠬᠡᠷᠡᠭᠯᠡᠵᠦ᠂ ᠠᠷᠠᠳ ᠤᠨ ᠡᠶᠡᠳᠡᠭᠦᠯᠭᠡ ᠶᠢᠨ ᠳᠠᠪᠠᠭᠤᠯᠢᠭ ᠢ ᠪᠠᠳᠠᠷᠠᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠥᠷᠢᠴᠡᠯ ᠵᠢᠭᠤᠷᠠᠯᠳᠤᠭᠠᠨ ᠢ ᠢᠳᠡᠪᠬᠢᠲᠡᠢ ᠰᠡᠷᠭᠡᠶᠢᠯᠡᠬᠦ ᠪᠠ ᠠᠷᠢᠯᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠦᠨᠳᠦᠳᠬᠡᠬᠦ᠂ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂ ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠪᠦᠬᠦ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃      ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ      ᠴᠠᠰᠤ ᠠᠷᠢᠯᠭᠠᠬᠤ ᠪᠠ ᠮᠥᠰᠥ ᠠᠷᠢᠯᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ      ᠳᠣᠣᠷ᠎ᠠ ᠳᠤᠯᠠᠭᠠᠨ ᠪᠣᠷᠣᠭᠠᠨ ᠴᠠᠰᠤ ᠮᠥᠰᠥᠲᠦᠯᠭᠡ ᠶᠢᠨ ᠴᠠᠭ ᠠᠭᠤᠷ ᠨᠢ ᠬᠤᠲᠠ ᠶᠢᠨ ᠲᠣᠭᠤᠷᠢᠭ ᠤᠨ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠳᠥᠭᠦᠮ ᠦᠭᠡᠢ ᠪᠣᠯᠬᠤ ᠶᠢ ᠰᠡᠷᠭᠡᠢᠯᠡᠵᠦ᠂ ᠴᠠᠰᠤ ᠣᠷᠣᠬᠤ ᠬᠤᠭᠤᠴᠠᠭᠠᠨ ᠳᠠᠬᠢ ᠴᠠᠰᠤ ᠮᠥᠰᠥ ᠶᠢ ᠠᠷᠢᠯᠭᠠᠬᠤ ᠪᠠᠴᠢᠮ ᠪᠠᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠱᠢᠯᠡᠭᠦᠯᠦᠨ᠂ ᠶᠡᠭᠡ ᠴᠠᠰᠤ ᠢᠷᠡᠬᠦ ᠦᠶ᠎ᠡ ᠳᠤ ᠴᠠᠰᠤ ᠠᠷᠢᠯᠭᠠᠬᠤ ᠠᠵᠢᠯ ᠤᠨ ᠵᠣᠬᠢᠶᠠᠨ ᠪᠠᠢᠭᠤᠯᠤᠯᠲᠠ ᠨᠢ ᠬᠦᠴᠦᠲᠡᠢ᠂ ᠲᠣᠬᠢᠷᠠᠭᠤᠯᠤᠯᠲᠠ ᠡᠮᠬᠢ ᠵᠢᠷᠤᠮ ᠲᠠᠢ ᠪᠠᠢᠬᠤ ᠶᠢ ᠪᠠᠲᠤᠯᠠᠬᠤ ᠶᠢᠨ ᠲᠥᠯᠥᠭᠡ᠂ ᠲᠦᠷᠦᠭᠦᠬᠡᠨ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠴᠠᠰᠤ ᠮᠥᠰᠥ ᠶᠢ ᠠᠷᠢᠯᠭᠠᠬᠤ ᠪᠠᠴᠢᠮ ᠪᠠᠢᠳᠠᠯ ᠢ ᠠᠷᠭᠠᠴᠠᠬᠤ ᠰᠣᠷᠢᠯᠲᠠ ᠬᠢᠵᠡᠢ᠃
     ᠲᠣᠰ ᠤᠳᠠᠭᠠᠨ ᠤ ᠰᠣᠷᠢᠯᠲᠠ ᠳᠤ ᠴᠠᠰᠤ ᠠᠷᠢᠯᠭᠠᠬᠤ ᠲᠡᠷᠭᠡ᠂ ᠰᠠᠪ ᠮᠠᠰᠢᠨ᠂ ᠴᠠᠰᠤᠨ ᠬᠤᠰᠤᠭᠤᠷ ᠲᠡᠷᠭᠡ ᠂ ᠭᠠᠷ ᠲᠦᠰᠢᠯᠭᠡᠲᠦ ᠴᠠᠰᠤ ᠠᠷᠢᠯᠭᠠᠬᠤ ᠮᠠᠰᠢᠨ ᠵᠡᠷᠭᠡ ᠣᠯᠠᠨ ᠴᠢᠳᠠᠪᠤᠷᠢᠲᠤ ᠲᠥᠬᠦᠭᠡᠷᠦᠮᠵᠢ ᠶᠢ ᠴᠤᠭᠯᠠᠭᠤᠯᠵᠠᠶ᠃ ᠰᠣᠷᠢᠯᠲᠠ ᠳᠤ᠂ ᠠᠵᠢᠯᠲᠠᠳ ︽ᠤᠷᠢᠳᠠᠪᠠᠷ ᠡᠵᠡᠨ ᠮᠡᠳᠡᠵᠦ ᠳᠠᠷᠠᠭ᠎ᠠ ᠨᠢ ᠲᠡᠭᠰᠢᠯᠡᠬᠦ᠂ ᠤᠷᠢᠳᠠᠪᠠᠷ ᠡᠭᠴᠡ ᠳᠠᠷᠠᠭ᠎ᠠ ᠨᠢ ᠲᠡᠭᠰᠢᠯᠡᠬᠦ᠂ ᠤᠷᠢᠳᠠᠪᠠᠷ ᠳᠣᠲᠣᠷ᠎ᠠ ᠭᠠᠳᠠᠨ᠎ᠠ ᠠᠴᠠ ᠳᠠᠷᠠᠭ᠎ᠠ ᠨᠢ ᠲᠤᠰᠠᠭᠠᠷᠯᠠᠬᠤ︾ ᠲᠠᠰ ᠳᠠᠷᠠᠭᠠᠯᠠᠯ ᠢᠶᠠᠷ ᠵᠠᠮ ᠤᠨ ᠳᠤᠮᠳᠠ ᠠᠴᠠ ᠬᠤᠶᠠᠷ ᠲᠠᠯ᠎ᠠ ᠲᠡᠶᠢᠰᠢ ᠴᠡᠪᠡᠷᠯᠡᠵᠦ᠂ ᠤᠷᠢᠳᠠᠪᠠᠷ ᠣᠯᠠᠨ ᠴᠢᠳᠠᠮᠵᠢ ᠲᠠᠢ ᠴᠠᠰᠤ ᠠᠷᠢᠯᠭᠠᠬᠤ ᠲᠡᠷᠭᠡ ᠪᠠ ᠴᠠᠰᠤ ᠬᠠᠶᠢᠯᠠᠭᠤᠯᠬᠤ ᠡᠳ᠋ ᠰᠠᠴᠤᠬᠤ ᠮᠠᠰᠢᠨ ᠠᠴᠠ ᠭᠤᠤᠯ ᠵᠠᠮ ᠳᠤ ᠴᠠᠰᠤ ᠬᠠᠶᠢᠯᠠᠭᠤᠯᠬᠤ ᠡᠳ᠋ ᠢ ᠲᠠᠰᠤᠯᠳᠠᠭᠤᠯᠬᠤ ᠥᠬᠡᠶ ᠰᠠᠴᠤᠬᠤ ᠶᠢᠨ ᠬᠠᠮᠲᠤ ᠴᠠᠰᠤ ᠬᠠᠶᠢᠯᠠᠭᠤᠯᠬᠤ ᠲᠡᠷᠭᠡ ᠪᠤᠶᠤ ᠲᠣᠮᠣ ᠤᠳᠬᠤᠭᠤᠷ ᠲᠡᠷᠭᠡ ᠶᠢ ᠪᠥᠬᠦ ᠲᠠᠯ᠎ᠠ ᠪᠠᠷ ᠴᠡᠪᠡᠷᠯᠡᠵᠦ᠂ ᠬᠠᠮᠤᠭ ᠰᠡᠭᠦᠯ ᠳᠤ ᠨᠢ ᠴᠠᠰᠤ ᠤᠳᠬᠤᠭᠤᠷ ᠲᠡᠷᠭᠡ ᠪᠤᠶᠤ ᠲᠣᠮᠣ ᠤᠳᠬᠤᠭᠤᠷ ᠲᠡᠷᠭᠡ ᠶᠢ ᠴᠢᠩᠭ᠎ᠠ ᠨᠢᠭᠲᠠ ᠨᠠᠭᠠᠯᠳᠤᠭᠤᠯᠵᠤ ᠬᠤᠷᠠᠭᠰᠠᠨ ᠴᠠᠰᠤ ᠶᠢ ᠠᠷᠢᠯᠭᠠᠪᠠ᠃      ᠲᠣᠰ ᠤᠳᠠᠭᠠᠨ ᠤ ᠰᠣᠷᠢᠯᠲᠠ ᠳᠤ ᠬᠥᠮᠦᠨ ᠪᠠ ᠮᠠᠰᠢᠨ ᠤ ᠤᠶᠠᠯᠳᠤᠯ᠂ ᠮᠠᠰᠢᠨ ᠪᠠ ᠮᠠᠰᠢᠨ ᠤ ᠬᠤᠭᠤᠷᠣᠨᠳᠣᠬᠢ ᠬᠠᠮᠵᠢᠯᠴᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠲᠥᠬᠦᠭᠡᠷᠦᠮᠵᠢ ᠶᠢᠨ ᠴᠠᠰᠤ ᠤᠷᠤᠭᠰᠠᠨ ᠪᠠᠶᠢᠳᠠᠯ ᠭᠠᠷᠬᠤ ᠦᠶ᠎ᠡ ᠳᠤ ︽ᠲᠠᠲᠠᠵᠤ ᠳᠡᠶᠢᠯᠬᠦ᠂ ᠬᠡᠷᠡᠭᠯᠡᠵᠦ ᠳᠡᠶᠢᠯᠬᠦ᠂ ᠦᠢᠯᠡᠳᠦᠯ ᠦᠵᠡᠭᠦᠯᠬᠦ︾᠎ ᠶᠢ ᠦᠨᠡᠨ ᠬᠦ ᠪᠠᠲᠤᠯᠠᠪᠠ᠃      ᠾᠧᠳᠥ᠋ᠩ ᠪᠠᠯᠭᠠᠰᠤ      ︽ᠬᠠᠶᠢᠷ᠎ᠠ ᠬᠠᠯᠠᠮᠵᠢ ᠶᠢᠨ ᠰᠠᠭᠤᠳᠠᠯ︾ ᠰᠠᠭᠤᠭᠠᠯᠢ ᠠᠷᠠᠳ ᠲᠤ ᠵᠣᠯ ᠵᠢᠷᠭᠠᠯ ᠡᠳ᠋ᠯᠡᠭᠦᠯᠪᠡ      ᠣᠶᠢᠷ᠎ᠠ ᠳᠤ᠂ ᠾᠧ ᠳ᠋ᠦᠩ ᠪᠠᠯᠭᠠᠰᠤᠨ ᠤ ᠪᠦᠦ ᠯᠢ ᠨᠡᠶᠢᠭᠡᠮ ᠲᠣᠭᠤᠷᠢᠭ ᠤᠨ ᠬᠠᠷᠢᠶ᠎ᠠ ᠰᠠᠭᠤᠭᠠᠯᠢ ᠠᠷᠠᠳ ᠤᠨ ᠲᠤᠰᠬᠠᠭᠰᠠᠨ ᠢᠶᠠᠷ᠂ ᠨᠠᠰᠤᠲᠠᠶᠢᠴᠤᠳ ᠨᠣᠭᠤᠭ᠎ᠠ ᠬᠤᠳᠠᠯᠳᠤᠨ ᠠᠪᠴᠤ ᠰᠡᠯᠡᠭᠦᠴᠡᠨ ᠠᠯᠬᠤᠵᠤ᠂ ᠬᠡᠤᠬᠡᠳ ᠢ ᠲᠤᠰᠴᠤ ᠬᠦᠷᠭᠡᠨ᠂ ᠠᠰᠠᠷ ᠳᠣᠤᠷ᠎ᠠ ᠨᠠᠷᠠᠨ ᠳᠤ ᠡᠭᠡᠭᠡᠬᠦ᠂ ᠬᠥᠯ ᠢᠶᠠᠨ ᠠᠮᠠᠷᠠᠭᠤᠯᠬᠤ᠂ ᠵᠣᠭᠤᠭᠳᠠᠬᠤ ᠰᠠᠨᠠᠭ᠎ᠠ ᠲᠠᠢ᠂ ᠭᠡᠪᠡᠴᠦ ᠰᠠᠭᠤᠭᠠᠯᠢ ᠠᠷᠠᠳ ᠤᠨ ᠲᠣᠭᠤᠷᠢᠭ ᠲᠤ ᠠᠮᠠᠷᠠᠯᠲᠠ ᠶᠢᠨ ᠲᠠᠯᠠᠪᠤᠷ ᠬᠢᠵᠠᠭᠠᠷᠲᠠᠶ᠂ ᠨᠡᠶᠢᠭᠡᠮ ᠲᠣᠭᠤᠷᠢᠭ ᠤᠨ ᠬᠢᠨ ᠠᠰᠠᠷ ᠤᠨ ᠬᠠᠵᠠᠭᠤ ᠳᠤ ᠠᠮᠠᠷᠠᠯᠲᠠ ᠶᠢᠨ ᠰᠠᠨᠳᠠᠯᠢ ᠤᠭᠰᠠᠷᠠᠬᠤ ᠶᠢ ᠬᠦᠰᠡᠵᠦ ᠪᠠᠶᠢᠨ᠎ᠠ᠃      ᠰᠠᠭᠤᠭᠠᠯᠢ ᠠᠷᠠᠳ ᠤᠨ ᠡᠳᠦᠷ ᠲᠤᠲᠤᠮ ᠤᠨ ᠬᠡᠷᠡᠭᠴᠡᠭᠡ ᠶᠢ ᠬᠠᠩᠭᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠶᠢᠨ ᠲᠥᠯᠥᠭᠡ᠂ ᠪᠦᠦ ᠯᠢ ᠨᠡᠶᠢᠭᠡᠮ ᠲᠣᠭᠤᠷᠢᠭ ᠤᠨ ᠨᠠᠮ ᠤᠨ ᠡᠭᠦᠷ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠳᠠᠭᠠᠭᠠᠴᠢᠯᠠᠨ ᠬᠤᠯᠪᠣᠭᠠᠯᠠᠬᠤ ᠨᠢᠭᠡᠴᠡ ᠲᠠᠢ ᠨᠡᠪᠲᠡᠷᠡᠯᠴᠡᠨ ᠬᠠᠷᠢᠯᠴᠠᠵᠤ᠂ ᠨᠡᠶᠢᠭᠡᠮ ᠲᠣᠭᠤᠷᠢᠭ ᠲᠤ 10 ᠭᠡᠷ ᠤᠨ ᠭᠠᠳᠠᠨᠠᠬᠢ ᠤᠷᠲᠤ ᠰᠠᠨᠳᠠᠯᠢ ᠬᠠᠨᠳᠢᠪᠯᠠᠵᠤ᠂ ᠨᠡᠶᠢᠭᠡᠮ ᠲᠣᠭᠤᠷᠢᠭ ᠤᠨ ᠰᠡᠯᠡᠭᠦᠴᠡᠯ ᠤᠨ ᠰᠠᠭᠤᠳᠠᠯ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠪᠡ᠃      ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠲᠥᠯᠥᠭᠡ ᠰᠠᠨᠠᠭᠠᠴᠢᠯᠠᠭ᠎ᠠ ᠠᠴᠠ ᠪᠠᠨ ᠬᠦᠴᠢᠷᠳᠡᠯ ᠢ ᠰᠢᠢᠳᠪᠦᠷᠢᠯᠡᠵᠦ ᠥᠭᠭᠦᠨ᠎ᠡ᠃ ᠳᠠᠷᠠᠭᠠᠴᠢ ᠶᠢᠨ ᠠᠯᠬᠤᠮ ᠳᠤ᠂ ᠪᠣᠣ ᠯᠢ ᠨᠡᠶᠢᠭᠡᠮ ᠲᠣᠭᠤᠷᠢᠭ ᠦᠷᠭᠦᠯᠵᠢᠯᠡᠨ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠬᠠᠷᠢᠶ᠎ᠠ ᠣᠷᠣᠨ ᠤ ᠤᠯᠠᠨ ᠲᠦᠮᠡᠨ ᠳᠤ ᠪᠣᠳᠠᠲᠠᠢ ᠶᠠᠪᠤᠳᠠᠯ᠂ ᠰᠠᠶᠢᠨ ᠶᠠᠪᠤᠳᠠᠯ ᠬᠢᠵᠦ᠂ ᠤᠯᠠᠨ ᠲᠦᠮᠡᠨ ᠤ ᠬᠦᠴᠢᠷᠳᠡᠯ ᠲᠠᠢ ᠶᠠᠪᠤᠳᠠᠯ᠂ ᠪᠤᠬᠢᠨᠢᠳᠤᠯ ᠲᠠᠢ ᠶᠠᠪᠤᠳᠠᠯ᠂ ᠠᠷᠰᠠᠷ ᠶᠠᠪᠤᠳᠠᠯ ᠢ ᠬᠦᠴᠦᠯᠡᠨ ᠰᠢᠢᠳᠪᠦᠷᠢᠯᠡᠨ᠎ᠡ᠃
 
ᠢᠷᠡᠯᠲᠡ᠄ ᠥᠨᠥᠳᠦᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1