︽ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠳᠤ ᠣᠷᠣᠵᠤ᠂ ᠪᠣᠳᠠᠰ ᠤᠨ ᠪᠤᠰᠤ ᠰᠣᠶᠣᠯ ᠤᠨ ᠥᠪ ᠤᠨ ᠭᠤᠸ᠎ᠠ ᠰᠠᠶᠢᠬᠠᠨ ᠢ ᠤᠯᠠᠮᠵᠢᠯᠠᠨ ᠵᠠᠯᠭᠠᠮᠵᠢᠯᠠᠬᠤ︾ ᠤᠯᠠᠮᠵᠢᠯᠠᠯᠲᠤ ᠳ᠋ᠧᠩᠯᠦ ᠦᠢᠯᠡᠳᠬᠦ ᠠᠵᠢᠯᠯᠠᠭ᠎ᠠ
ᠨᠡᠶᠢᠲᠡᠯᠡᠭᠰᠡᠨ ᠴᠠᠭ᠄
2023/12/1
     ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠰᠤᠷᠤᠭᠴᠢᠳ ᠤᠨ ᠪᠣᠳᠠᠰ ᠤᠨ ᠪᠤᠰᠤ ᠰᠣᠶᠣᠯ ᠤᠨ ᠥᠪ ᠤᠨ ᠳᠤᠷ᠎ᠠ ᠰᠣᠨᠢᠷᠬᠠᠯ ᠢ ᠬᠥᠭᠵᠢᠭᠡᠬᠦ ᠶᠢᠨ ᠲᠥᠯᠥᠭᠡ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠲᠦᠭᠡᠮᠡᠯᠵᠢᠭᠦᠯᠬᠦ ᠪᠠ ᠤᠯᠠᠮᠵᠢᠯᠠᠨ ᠵᠠᠯᠭᠠᠮᠵᠢᠯᠠᠬᠤ ᠶᠢ ᠠᠬᠢᠭᠤᠯᠵᠤ᠂ ᠰᠤᠷᠭᠠᠭᠤᠯᠢ ᠶᠢᠨ ᠬᠦᠷᠢᠶ᠎ᠡ ᠶᠢ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠬᠤ ᠴᠢᠬᠤᠯᠠ ᠲᠠᠯᠠᠪᠤᠷ ᠪᠣᠯᠭᠠᠪᠠ᠃ 11 ᠰᠠᠷ᠎ᠠ ᠶᠢᠨ 14 ᠤ ᠡᠳᠦᠷ᠂ ᠳ᠋ᠦᠩ ᠾᠧ ᠲᠣᠭᠤᠷᠢᠭ ᠤᠨ ᠰᠣᠶᠣᠯ ᠤᠨ ᠣᠷᠳᠣᠨ ᠪᠣᠯᠤᠨ ᠲᠡᠮᠦᠷ ᠵᠠᠮ ᠤᠨ ᠵᠠᠮ ᠬᠠᠷᠢᠯᠴᠠᠭᠠᠨ ᠤ ᠡᠵᠡᠩᠨᠡᠯᠲᠡ ᠬᠠᠮᠢᠶᠠᠷᠤᠯᠲᠠ ᠶᠢᠨ ᠰᠠᠯᠪᠤᠷᠢ ᠬᠠᠮᠲᠤ ᠪᠠᠷ ︽ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠳᠤ ᠣᠷᠣᠵᠤ᠂ ᠪᠣᠳᠠᠰ ᠤᠨ ᠪᠤᠰᠤ ᠰᠣᠶᠣᠯ ᠤᠨ ᠥᠪ ᠤᠨ ᠭᠤᠸ᠎ᠠ ᠰᠠᠶᠢᠬᠠᠨ ᠢ ᠤᠯᠠᠮᠵᠢᠯᠠᠨ ᠵᠠᠯᠭᠠᠮᠵᠢᠯᠠᠬᠤ︾ ᠤᠯᠠᠮᠵᠢᠯᠠᠯᠲᠤ ᠳ᠋ᠧᠩᠯᠦ ᠦᠢᠯᠡᠳᠬᠦ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠳᠤ ᠵᠦ ᠹᠧᠩ ᠳ᠋ᠧᠩ ᠤᠨ ᠳᠥᠷᠪᠡᠳᠦᠭᠡᠷ ᠦᠶ᠎ᠡ ᠶᠢᠨ ᠤᠯᠠᠮᠵᠢᠯᠠᠭᠴᠢ ᠶᠠᠩ ᠬᠤᠩ ᠢᠦᠶ ᠪᠠᠭᠰᠢ ᠶᠢ ᠣᠨᠴᠠ ᠤᠷᠢᠵᠤ ᠲᠤᠬᠠᠶ ᠶᠢᠨ ᠲᠠᠯᠠᠪᠤᠷ ᠲᠤ ᠵᠢᠭᠠᠨ ᠰᠤᠷᠭᠠᠵᠤ᠂ ᠲᠡᠮᠦᠷ ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠰᠠᠯᠪᠤᠷᠢ ᠶᠢᠨ ᠬᠠᠪᠰᠤᠷᠤᠨ ᠵᠢᠯᠣᠭᠤᠳᠣᠭᠴᠢ ᠪᠠᠭᠰᠢ ᠪᠣᠯᠤᠨ ᠣᠯᠠᠨ ᠰᠣᠷᠣᠭᠴᠢ ᠬᠠᠮᠲᠤ ᠪᠠᠷ ᠰᠤᠷᠤᠯᠴᠠᠯᠭ᠎ᠠ ᠳᠤ ᠣᠷᠣᠯᠴᠠᠪᠠ᠃      ᠶᠠᠩ ᠬᠤᠩ ᠢᠦᠶ ᠪᠠᠭᠰᠢ ᠰᠤᠷᠤᠭᠴᠢᠳ ᠲᠤ ᠳ᠋ᠧᠩᠯᠦ ᠶᠢᠨ ᠲᠡᠤᠬᠡ᠂ ᠦᠢᠯᠡᠳᠬᠦ ᠠᠷᠭ᠎ᠠ ᠪᠣᠯᠤᠨ ᠡᠳᠦᠷ ᠲᠤᠲᠤᠮ ᠤᠨ ᠠᠮᠢᠳᠤᠷᠠᠯ ᠤᠨ ᠳᠤᠮᠳᠠᠬᠢ ᠬᠡᠷᠡᠭᠯᠡᠯᠲᠡ ᠶᠢ ᠲᠠᠨᠢᠯᠴᠠᠭᠤᠯᠪᠠ᠃ ᠳ᠋ᠧᠩᠯᠦ ᠬᠢᠬᠦ ᠤᠷ᠎ᠠ ᠮᠡᠷᠭᠡᠰᠢᠯ ᠨᠢ ᠶᠠᠷᠰᠢᠭ ᠲᠦᠪᠡᠭᠲᠡᠢ ᠪᠥᠭᠡᠳ ᠨᠠᠷᠢᠯᠢᠭ ᠪᠠᠶᠢᠵᠤ᠂ ᠤᠯᠠᠨ ᠵᠦᠢᠯ ᠤᠨ ᠶᠠᠪᠤᠴᠠ ᠶᠢ ᠥᠩᠭᠡᠷᠡᠭᠡᠬᠦ ᠬᠡᠷᠡᠭᠲᠡᠢ᠃ ᠡᠩ ᠲᠡᠷᠢᠭᠦᠨ ᠳᠤ ᠮᠠᠲ᠋ᠧᠷᠢᠶᠠᠯ ᠰᠣᠩᠭᠤᠵᠤ᠂ ᠭᠠᠷ ᠤᠷᠠᠯᠢᠭᠴᠢᠳ ᠶᠡᠷᠦ ᠳᠡᠭᠡᠨ ᠬᠤᠯᠤᠰᠤ᠂ ᠴᠠᠭᠠᠰᠤ᠂ ᠲᠣᠷᠭ᠎ᠠ ᠵᠡᠷᠭᠡ ᠪᠠᠶᠢᠭᠠᠯᠢ ᠶᠢᠨ ᠮᠠᠲ᠋ᠧᠷᠢᠶᠠᠯ ᠢ ᠰᠣᠩᠭᠤᠨ ᠬᠡᠷᠡᠭᠯᠡᠵᠦ᠂ ᠬᠤᠯᠤᠰᠤ ᠬᠡᠷᠴᠢᠬᠦ᠂ ᠮᠤᠷᠦ᠋ᠢᠯᠭᠠᠬᠤ ᠪᠠ ᠵᠠᠯᠭᠠᠯᠳᠤᠭᠤᠯᠬᠤ ᠪᠠᠷ ᠳᠠᠮᠵᠢᠨ᠂ ᠪᠣᠷᠣ ᠲᠥᠯᠥᠪ ᠢ ᠪᠦᠷᠢᠯᠳᠦᠭᠦᠯᠳᠡᠭ᠃ ᠳᠠᠷᠠᠭ᠎ᠠ ᠨᠢ ᠴᠠᠭᠠᠰᠤ ᠪᠤᠶᠤ ᠲᠣᠷᠭ᠎ᠠ ᠳᠤᠷᠳᠤᠩ ᠢ ᠵᠣᠬᠢᠰᠲᠠᠢ ᠶᠡᠭᠡ ᠪᠠᠭ᠎ᠠ ᠪᠣᠯᠭᠠᠨ ᠡᠰᠭᠡᠵᠦ᠂ ᠳ᠋ᠧᠩᠯᠦ ᠬᠢᠬᠦ ᠪᠤᠶᠤ ᠣᠶᠣᠬᠤ ᠭᠠᠳᠠᠷ ᠬᠠᠯᠢᠰᠤ ᠶᠢ ᠪᠦᠷᠢᠯᠳᠦᠭᠦᠯᠵᠡᠢ᠃ ᠬᠠᠮᠤᠭ ᠰᠡᠬᠦᠯ ᠳᠤ ᠤᠷᠠᠨ ᠳᠠᠷᠬᠠᠨ ᠤᠯᠠᠨ ᠵᠦᠢᠯ ᠤᠨ ᠠᠷᠭ᠎ᠠ ᠪᠠᠷ ᠳ᠋ᠧᠩᠯᠦ ᠲᠡᠭᠡᠷ᠎ᠡ ᠵᠢᠷᠤᠭ᠂ ᠬᠡ ᠪᠤᠶᠤ ᠦᠰᠦᠭ ᠵᠢᠷᠤᠳᠠᠭ᠃      ᠵᠠᠯᠭᠠᠭᠠᠳ ᠶᠠᠩ ᠬᠤᠩ ᠢᠦᠶ ᠪᠠᠭᠰᠢ ᠰᠤᠷᠤᠭᠴᠢᠳ ᠲᠤ ᠳ᠋ᠧᠩᠯᠦ ᠬᠡᠷᠬᠢᠨ ᠦᠢᠯᠡᠳᠬᠦ ᠲᠤᠬᠠᠶ ᠶᠠᠷᠢᠪᠠ᠃ ᠨᠢᠭᠡ ᠴᠠᠭᠠᠰᠤ ᠪᠡᠯᠡᠳᠬᠡᠵᠦ᠂ ᠴᠠᠭᠠᠰᠤᠨ ᠳᠡᠭᠡᠷ᠎ᠡ ᠠᠴᠠ ᠴᠡᠴᠡᠭ ᠤᠨ ᠬᠡᠯᠪᠡᠷᠢ ᠳᠦᠷᠰᠦ ᠶᠢ ᠨᠢ ᠬᠡᠷᠴᠢᠵᠦ᠂ ᠠᠪᠬᠤ ᠭᠡᠰᠡᠨ ᠳ᠋ᠧᠩᠯᠦ ᠶᠢᠨ ᠶᠡᠭᠡ ᠪᠠᠭ᠎ᠠ ᠶᠢ ᠦᠨᠳᠦᠰᠦᠯᠡᠨ ᠬᠠᠵᠠᠭᠤ ᠶᠢᠨ ᠤᠷᠲᠤ ᠬᠡᠮᠵᠢᠶ᠎ᠡ ᠶᠢ ᠨᠢ ᠲᠣᠭᠲᠠᠭᠠᠨ᠎ᠠ᠃ ᠴᠢᠳᠠᠬᠤ ᠶᠢᠨ ᠬᠢᠷᠢ ᠪᠠᠷ ᠬᠠᠶᠢᠴᠢᠯᠠᠵᠤ ᠲᠡᠭᠰᠢ ᠬᠡᠮ ᠲᠠᠢ ᠪᠠᠶᠢᠬᠤ ᠶᠢ ᠪᠠᠲᠤᠯᠠᠪᠠᠯ ᠳ᠋ᠧᠩᠯᠦ ᠨᠡᠩ ᠰᠠᠶᠢᠬᠠᠨ ᠬᠠᠷᠠᠭᠳᠠᠨ᠎ᠠ᠃ ᠠᠯᠬᠤᠮ ᠬᠤᠶᠠᠷ᠄ ᠴᠠᠭᠠᠰᠤ ᠴᠢᠮᠡᠭᠯᠡᠵᠦ᠂ ᠥᠩᠭᠡᠲᠦ ᠬᠡᠪᠯᠡᠯ ᠤᠨ ᠴᠠᠭᠠᠰᠤ ᠪᠤᠶᠤ ᠬᠡ ᠤᠭᠠᠯᠵᠠ ᠴᠠᠭᠠᠰᠤ ᠶᠢ ᠬᠡᠷᠡᠭᠯᠡᠨ ᠳ᠋ᠧᠩᠯᠦ ᠳᠡᠭᠡᠷ᠎ᠡ ᠴᠢᠮᠡᠭᠯᠡᠯ ᠢ ᠨᠡᠮᠡᠭᠳᠡᠭᠦᠯᠦᠨ᠎ᠡ᠃ ᠠᠯᠬᠤᠮ ᠭᠤᠷᠪᠠ᠄ ᠴᠠᠭᠠᠰᠤ ᠨᠠᠭᠠᠯᠳᠤᠵᠤ᠂ ᠴᠠᠪᠠᠤ ᠤᠰᠤ ᠪᠠᠷ ᠬᠤᠶᠠᠷ ᠲᠠᠯ᠎ᠠ ᠶᠢ ᠨᠠᠭᠠᠯᠳᠤᠭᠤᠯᠵᠤ᠂ ᠳᠠᠷᠠᠭ᠎ᠠ ᠨᠢ ᠬᠤᠶᠠᠷ ᠲᠠᠯ᠎ᠠ ᠶᠢ ᠨᠠᠭᠠᠯᠳᠤᠭᠤᠯᠤᠨ᠎ᠠ᠃ ᠢᠩᠭᠢᠪᠡᠯ ᠨᠢᠭᠡᠨ ᠪᠥᠭᠡᠷᠡᠩᠬᠡᠢ ᠪᠠᠭᠠᠨᠠᠨ ᠪᠡᠶᠡᠲᠦ ᠳ᠋ᠧᠩᠯᠦ ᠪᠦᠷᠢᠯᠳᠦᠭᠰᠡᠨ ᠪᠠᠶᠢᠨ᠎ᠠ᠃ ᠳᠠᠷᠠᠭ᠎ᠠ ᠳᠥᠷᠪᠡ ᠣᠷᠣᠶ᠂ ᠣᠷᠣᠶ᠂ ᠢᠷᠤᠭᠠᠯ ᠤᠨ ᠬᠡᠰᠡᠭ ᠢ ᠬᠢᠵᠦ᠂ ᠥᠩᠭᠡᠲᠦ ᠴᠠᠭᠠᠰᠤᠨ ᠠᠴᠠ ᠬᠤᠶᠠᠷ ᠲᠣᠭᠤᠷᠢᠭ ᠬᠡᠯᠪᠡᠷᠢ ᠲᠠᠢ ᠣᠭᠲᠣᠯᠣᠭᠠᠳ᠂ ᠳ᠋ᠧᠩᠯᠦ ᠬᠢᠬᠦ ᠣᠷᠣᠶ᠂ ᠰᠠᠭᠤᠷᠢ ᠪᠣᠯᠭᠠᠨ ᠵᠠᠷᠤᠨ᠎ᠠ᠃ ᠣᠷᠣᠶ ᠶᠢᠨ ᠪᠥᠭᠡᠷᠡᠩᠬᠡᠶ ᠳ᠋ᠢᠶᠠᠮᠧᠲᠷ ᠨᠢ ᠢᠷᠣᠭᠠᠷ ᠤᠨ ᠪᠥᠭᠡᠷᠡᠩᠬᠡᠶ ᠠᠴᠠ ᠶᠡᠭᠡ ᠪᠣᠯᠪᠠᠯ ᠳ᠋ᠧᠩᠯᠦ ᠳᠡᠭᠡᠷ᠎ᠡ ᠨᠡᠩ ᠰᠠᠶᠢᠨ ᠢᠶᠠᠷ ᠤᠭᠲᠤᠯᠵᠤ ᠪᠣᠯᠣᠨ᠎ᠠ᠃ ᠲᠠᠷᠠᠭ᠎ᠠ᠄ ᠡᠯᠭᠦᠮᠡᠯ ᠲᠤᠨᠤᠭᠯᠠᠯ᠂ ᠳ᠋ᠧᠩᠯᠦ ᠶᠢᠨ ᠲᠡᠭᠡᠪᠦᠷ ᠤᠨ ᠤᠷᠤᠢ ᠪᠤᠯᠤᠨ ᠢᠷᠤᠭᠠᠷ ᠤᠨ ᠭᠡᠰᠡᠭ ᠲᠤ ᠲᠤᠰ ᠪᠦᠷᠢ ᠨᠢᠬᠡ ᠵᠢᠵᠢᠭ ᠨᠦᠬᠡ ᠡᠷᠬᠢᠭᠦᠯᠵᠤ᠂ ᠲᠦᠷᠦᠭᠦᠦ ᠶᠢ ᠨᠢ ᠴᠣᠭᠤᠯᠵᠤ ᠵᠢᠵᠢᠭ ᠨᠦᠬᠡ ᠶᠢ ᠨᠡᠪᠳᠡᠯᠵᠤ᠂ ᠨᠢᠭᠡ ᠳ᠋ᠧᠩᠯᠦ ᠶᠢ ᠬᠢᠵᠤ ᠲᠠᠭᠤᠰᠬᠠᠪᠠ᠃ ᠰᠤᠷᠤᠭᠴᠢᠳ ᠪᠠᠭᠰᠢ ᠶᠢᠨ ᠲᠠᠶᠢᠯᠪᠤᠷᠢᠯᠠᠯᠲᠠ ᠶᠢ ᠰᠣᠨᠣᠰᠴᠤ ᠪᠠᠷᠠᠮᠠᠭᠴᠠ ᠮᠠᠲ᠋ᠧᠷᠢᠶᠠᠯ ᠠᠪᠴᠤ ᠭᠠᠷ ᠬᠥᠳᠡᠯᠦᠨ ᠦᠢᠯᠡᠳᠦᠯᠭᠡᠵᠢᠭᠦᠯᠪᠡ᠃      ᠤᠯᠠᠮᠵᠢᠯᠠᠯᠲᠤ ᠳ᠋ᠧᠩᠯᠦ ᠶᠢᠨ ᠭᠠᠷ ᠤᠷᠠᠯᠠᠯ ᠨᠢ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠬᠡᠷᠡᠭᠯᠡᠭᠡᠨ ᠤ ᠦᠨ᠎ᠡ ᠥᠷᠲᠡᠭ ᠢᠶᠠᠷ ᠪᠠᠷᠠᠬᠤ ᠦᠭᠡᠢ ᠨᠡᠩ ᠡᠯᠪᠡᠭ ᠪᠠᠶᠠᠯᠢᠭ ᠲᠡᠦᠬᠡ ᠪᠠ ᠰᠣᠶᠣᠯ ᠤᠨ ᠠᠭᠤᠯᠤᠭᠳᠠᠬᠤᠨ ᠢ ᠠᠴᠢᠶᠠᠯᠠᠵᠤ ᠪᠠᠶᠢᠳᠠᠭ᠃ ᠲᠣᠰ ᠤᠳᠠᠭᠠᠨ ᠤ ᠠᠵᠢᠯᠯᠠᠭ᠎ᠠ ᠨᠢ ᠰᠤᠷᠤᠭᠴᠢᠳ ᠲᠤ ᠤᠯᠠᠮᠵᠢᠯᠠᠯᠲᠤ ᠰᠣᠶᠣᠯ ᠢ ᠭᠦᠢᠴᠡᠳ ᠣᠶᠢᠯᠠᠭᠠᠭᠤᠯᠤᠨ ᠣᠶᠢᠯᠠᠭᠠᠭᠤᠯᠬᠤ ᠪᠠᠷ ᠪᠠᠷᠠᠬᠤ ᠥᠬᠡᠶ᠂ ᠪᠠᠰᠠ ᠰᠤᠷᠤᠭᠴᠢᠳ ᠤᠨ ᠪᠣᠳᠠᠰ ᠤᠨ ᠪᠤᠰᠤ ᠰᠣᠶᠣᠯ ᠤᠨ ᠥᠪ ᠤᠨ ᠲᠤᠬᠠᠶ ᠤᠷᠮ᠎ᠠ ᠪᠠᠬ᠎ᠠ ᠶᠢ ᠬᠥᠭᠵᠢᠭᠡᠵᠦ᠂ ᠤᠯᠠᠮᠵᠢᠯᠠᠯᠲᠤ ᠰᠣᠶᠣᠯ ᠢ ᠰᠠᠨᠠᠭᠠᠴᠢᠯᠠᠭ᠎ᠠ ᠠᠴᠠ ᠪᠠᠨ ᠬᠠᠮᠠᠭᠠᠯᠠᠨ ᠤᠯᠠᠮᠵᠢᠯᠠᠵᠤ᠂ ᠡᠨᠡ ᠬᠦ ᠡᠷᠬᠢᠮ ᠨᠠᠨᠳᠢᠨ ᠰᠣᠶᠣᠯ ᠤᠨ ᠥᠪ ᠢ ᠨᠠᠩ ᠰᠠᠶᠢᠲᠤᠷ ᠨᠠᠨᠳᠢᠩᠨᠠᠵᠤ ᠴᠢᠳᠠᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠣᠶᠣᠯ ᠲᠠᠮᠢᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1