ᠠᠷᠠᠳ ᠲᠦᠮᠡᠨ ᠤ ᠰᠡᠳᠬᠢᠯ ᠵᠢᠷᠦᠬᠡᠨ ᠳᠤ ᠳᠤᠯᠠᠭᠠᠴᠠᠬᠤ ᠺᠠᠳ᠋ᠷ ᠠᠷᠠᠳ ᠲᠦᠮᠡᠨ ᠤ ᠲᠥᠯᠥᠭᠡ ᠦᠨᠳᠦᠰᠦᠨ ᠱᠠᠲᠤᠨ ᠳᠤ ᠪᠠᠭᠤᠵᠤ
ᠨᠡᠶᠢᠲᠡᠯᠡᠭᠰᠡᠨ ᠴᠠᠭ᠄
2023/12/13
    ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠣᠯ ᠤᠯᠠᠨ ᠲᠦᠮᠡᠨ ᠲᠠᠢ ᠨᠢᠭᠲᠠ ᠬᠠᠷᠢᠯᠴᠠᠬᠤ ᠴᠢᠬᠤᠯᠠ ᠶᠡᠭᠡ ᠡᠭᠦᠳᠦᠯᠲᠡ ᠮᠥᠨ᠂ ᠠᠷᠠᠳ ᠲᠦᠮᠡᠨ ᠢ ᠳᠡᠭᠡᠳᠦᠯᠡᠬᠦ ᠠᠮᠢᠳᠤᠯᠢᠭ ᠵᠢᠷᠤᠭᠯᠠᠯ ᠮᠥᠨ᠂ ᠳᠣᠣᠷᠠᠬᠢ ᠦᠨᠳᠦᠰᠦᠨ ᠱᠠᠳᠤ ᠪᠣᠯ ᠠᠷᠠᠳ ᠤᠨ ᠰᠡᠳᠬᠢᠯ ᠢ ᠬᠦᠷᠬᠡᠬᠦ ᠶᠠᠪᠤᠳᠠᠯ ᠮᠥᠨ᠃ 12 ᠰᠠᠷ᠎ᠠ ᠶᠢᠨ 4᠎ ᠤ ᠡᠳᠦᠷ᠂ ᠦᠳᠡ ᠶᠢᠨ ᠡᠮᠦᠨ᠎ᠡ ᠼᠠᠢ ᠱᠧᠨ ᠮᠢᠶᠣᠣ ᠵᠡᠭᠡᠯᠢ ᠭᠤᠳᠤᠮᠵᠢ ᠶᠢᠨ ᠳᠡᠳ᠋ ᠡᠷᠬᠢᠯᠡᠭᠴᠢ ᠮᠢᠶᠣᠣ ᠯᠸᠢ ᠪᠸᠢ ᠯᠢᠶᠠᠩ ᠰᠢ ᠰᠠᠨ A ᠲᠣᠭᠤᠷᠢᠭ ᠲᠤ ᠬᠦᠷᠴᠦ ᠠᠵᠢᠯ ᠵᠢᠯᠣᠭᠤᠳᠪᠠ᠃      ᠮᠢᠶᠣᠣ ᠯᠸᠢ ᠪᠠᠷᠠᠭᠤᠨ ᠭᠤᠷᠪᠠ A ᠲᠣᠭᠤᠷᠢᠭ ᠤᠨ ᠠᠳᠠᠯ ᠠᠬᠤᠢ ᠶᠢᠨ ᠳᠠᠭᠠᠭᠠᠮᠠᠯ ᠤᠨ ᠪᠠᠷ᠎ᠠ ᠪᠤᠯᠤᠯᠭ᠎ᠠ ᠪᠠᠷ᠂ ᠪᠠᠷᠠᠭᠤᠨ ᠭᠤᠷᠪᠠ A ᠲᠣᠭᠤᠷᠢᠭ ᠤᠨ ᠳᠣᠲᠣᠷᠠᠬᠢ ᠴᠠᠬᠢᠯᠭᠠᠨ ᠲᠦᠭᠡᠭᠡᠬᠦ ᠲᠠᠰᠤᠭ᠂ ᠬᠤᠪᠢᠰᠬᠠᠯ ᠤᠨ ᠠᠳᠠᠯ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠪᠠᠷᠠᠭᠤᠨ ᠭᠤᠷᠪᠠ A ᠲᠣᠭᠤᠷᠢᠭ ᠤᠨ ᠳᠣᠲᠣᠷ᠎ᠠ ᠬᠢᠨᠠᠨ ᠡᠵᠡᠮᠳᠡᠵᠦ ᠪᠠᠶᠢᠷᠢᠯᠠᠭᠤᠯᠤᠭᠰᠠᠨ ᠪᠠᠶᠢᠳᠠᠯ ᠢ ᠨᠠᠷᠢᠨ ᠲᠣᠭᠤᠷᠢᠨ ᠪᠠᠶᠢᠴᠠᠭᠠᠪᠠ᠃ ᠲᠤᠬᠠᠶ ᠶᠢᠨ ᠲᠠᠯᠠᠪᠤᠷ ᠲᠤ ᠬᠠᠮᠢᠶ᠎ᠠ ᠪᠥᠬᠦᠶ ᠬᠥᠮᠦᠰ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠠᠳᠠᠯ ᠠᠬᠤᠶ ᠶᠢᠨ ᠺᠣᠮᠫᠠᠨᠢ ᠶᠢᠨ ᠡᠮᠦᠨᠡᠬᠢ ᠬᠤᠭᠤᠴᠠᠭᠠᠨ ᠤ ᠬᠠᠷᠢᠭᠤ ᠲᠤᠰᠬᠠᠭᠰᠠᠨ ᠴᠠᠬᠢᠯᠭᠠᠨ ᠲᠦᠭᠡᠭᠡᠬᠦ ᠲᠠᠰᠤᠭ ᠤᠨ ᠤᠰᠤ ᠭᠤᠭᠤᠵᠢᠭᠰᠠᠨ ᠪᠠᠶᠢᠳᠠᠯ ᠢ ᠯᠠᠪᠯᠠᠨ ᠠᠰᠠᠭᠤᠵᠤ᠂ ᠪᠠᠶᠢᠴᠠᠭᠠᠨ ᠦᠵᠡᠪᠡ᠃ ᠴᠠᠬᠢᠯᠭᠠᠨ ᠲᠦᠭᠡᠭᠡᠬᠦ ᠥᠷᠥᠭᠡᠨ ᠤ ᠤᠰᠤ ᠭᠤᠭᠤᠵᠢᠭᠰᠠᠨ ᠪᠠᠶᠢᠳᠠᠯ ᠢ ᠨᠢᠭᠡᠨᠲᠡ ᠰᠢᠢᠳᠪᠦᠷᠢᠯᠡᠭᠰᠡᠨ ᠪᠥᠭᠡᠳ ᠴᠡᠪᠡᠷᠯᠡᠨ ᠠᠷᠢᠯᠭᠠᠵᠤ᠂ ᠬᠤᠪᠢᠰᠬᠠᠯ ᠤᠨ ᠠᠳᠠᠯ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠦᠨᠳᠦᠰᠦᠨ ᠳᠤ ᠪᠠᠨ ᠨᠢᠭᠡᠨᠲᠡ ᠰᠡᠭᠦᠯ ᠬᠤᠷᠢᠶᠠᠬᠤ ᠱᠠᠲᠤᠨ ᠳᠤ ᠪᠠᠶᠢᠯᠭᠠᠵᠤ᠂ ᠪᠠᠷᠠᠭᠤᠨ ᠭᠤᠷᠪᠠ A ᠣᠷᠣᠨ ᠤ ᠳᠣᠲᠣᠷ᠎ᠠ ᠣᠷᠣᠰᠢᠵᠤ ᠪᠠᠶᠢᠭ᠎ᠠ ᠠᠰᠠᠭᠤᠳᠠᠯ ᠲᠠᠢ ᠬᠢᠨᠠᠨ ᠡᠵᠡᠮᠳᠡᠬᠦ ᠠᠳᠠᠯ ᠠᠬᠤᠢ ᠶᠢ ᠴᠥᠮ ᠨᠢᠭᠡᠨᠲᠡ ᠵᠠᠰᠠᠨ ᠰᠡᠷᠭᠦᠭᠡᠪᠡ᠃      ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠮᠢᠶᠣᠣ ᠯᠸᠢ ᠠᠳᠠᠯ ᠠᠬᠤᠢ ᠶᠢᠨ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠣᠷᠣᠰᠢᠵᠤ ᠮᠡᠳᠡᠬᠦ ᠠᠮᠤᠷ ᠲᠦᠪᠰᠢᠨ ᠤ ᠭᠡᠮ ᠰᠣᠭᠤᠭ ᠵᠢᠴᠢ ᠬᠤᠶᠢᠰᠢᠳᠠ ᠶᠢᠨ ᠰᠠᠭᠤᠭᠠᠯᠢ ᠠᠷᠠᠳ ᠲᠤ ᠬᠡᠷᠬᠢᠨ ᠦᠢᠯᠡᠴᠢᠯᠡᠬᠦ ᠲᠤᠬᠠᠢ ᠵᠦᠢ ᠵᠣᠬᠢᠰᠲᠠᠢ ᠰᠠᠨᠠᠭᠤᠯᠭ᠎ᠠ ᠳᠤᠷᠠᠳᠴᠠᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠼᠠᠢ ᠱᠧᠨ ᠮᠢᠶᠣᠣ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1