︽ᠬᠤᠰᠢᠭᠤᠴᠢ ᠴᠡᠭ ᠲᠤ ᠭᠠᠪᠢᠶ᠎ᠠ ᠪᠠᠶᠢᠭᠤᠯᠬᠤ ᠵᠠᠮ ᠢ ᠭᠡᠷᠡᠯᠲᠦᠭᠦᠯᠦᠶ᠎ᠡ︾ ᠬᠡᠬᠦ ᠲᠡᠷᠢᠭᠦᠨ ᠤ ᠬᠥᠮᠦᠰ ᠤᠨ ᠦᠢᠯᠡ ᠠᠵᠢᠯᠯᠠᠭ᠎ᠠ ᠶᠢᠨ ᠳᠡᠯᠭᠡᠨ ᠦᠵᠡᠭᠦᠯᠬᠦ - ᠪᠠᠶᠢᠭᠤᠯᠭ᠎ᠠ ᠶᠢᠨ ᠨᠠᠮ ᠤᠨ ᠡᠭᠦᠷ · ᠯᠢᠶᠠᠩ ᠶᠢᠨ ᠳ᠋ᠦᠩ
ᠨᠡᠶᠢᠲᠡᠯᠡᠭᠰᠡᠨ ᠴᠠᠭ᠄
2023/12/13
    17 ᠨᠠᠰᠤᠲᠠᠶ ᠳᠤ ᠪᠠᠨ ᠠᠵᠢᠯ ᠳᠤ ᠣᠷᠣᠯᠴᠠᠵᠤ᠂ ᠼᠠᠢ ᠱᠧᠨ ᠮᠢᠶᠣᠣ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠴᠢᠮᠡᠭᠡ ᠬᠦᠷᠭᠡᠭᠴᠢ ᠶᠢᠨ ᠠᠵᠢᠯ ᠬᠢᠵᠦ᠂ ᠠᠵᠤ ᠠᠬᠤᠶᠢᠯᠠᠯ᠂ ᠰᠠᠭᠤᠭᠠᠯᠢ ᠠᠷᠠᠳ ᠤᠨ ᠵᠥᠪᠯᠡᠯ ᠵᠠᠰᠠᠭ ᠤᠨ ᠣᠷᠳᠣᠨ ᠳᠤ ᠮᠡᠳᠡᠭᠳᠡᠯ ᠥᠭᠬᠦ ᠶᠢ ᠬᠠᠷᠢᠭᠤᠴᠠᠵᠠᠢ︔ ᠬᠤᠷᠢᠨ ᠬᠤᠶᠠᠷ ᠨᠠᠰᠤᠲᠠᠶ ᠳᠤ ᠪᠠᠨ ᠰᠣᠶᠣᠯ ᠤᠨ ᠥᠷᠲᠡᠭᠡᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠬᠤᠷᠢᠨ ᠲᠤᠯᠤᠭᠠᠨ ᠨᠠᠰᠤᠲᠠᠶ ᠳᠤ ᠪᠠᠨ ᠪᠥᠬᠦ ᠤᠯᠤᠰ ᠤᠨ ᠲᠡᠷᠢᠭᠦᠨ ᠤ ᠰᠣᠶᠣᠯ ᠤᠨ ᠥᠷᠲᠡᠭᠡ ᠶᠢᠨ ᠳᠠᠷᠤᠭ᠎ᠠ ᠪᠠᠷ ᠰᠣᠩᠭᠤᠭᠳᠠᠵᠤ᠂ ᠪᠤᠭᠤᠲᠤ ᠬᠤᠲᠠ ᠴᠤ ᠲᠡᠷᠢᠭᠦᠨ ᠤ ᠬᠤᠪᠢ ᠬᠥᠮᠦᠨ ᠪᠣᠯᠪᠠ᠃ ᠲᠡᠷᠡ ᠪᠣᠯ ᠼᠠᠢ ᠱᠧᠨ ᠮᠢᠶᠣᠤ ᠵᠡᠭᠡᠯᠢ ᠭᠤᠳᠤᠮᠵᠢ ᠶᠢᠨ ︽ᠠᠬᠠᠮᠠᠳ ᠴᠡᠷᠢᠭ︾ - ᠯᠢᠶᠠᠩ ᠤᠨ ᠳ᠋ᠦᠩ ᠮᠥᠨ᠃      ᠯᠢᠶᠠᠩ ᠶᠢᠨ ᠳ᠋ᠦᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠬᠡᠳᠦᠨ ᠠᠷᠪᠠᠨ ᠵᠢᠯ ᠨᠢᠭᠡ ᠡᠳᠦᠷ ᠮᠡᠲᠦ ︽ᠠᠷᠠᠯ ᠤᠨ ᠱᠠᠷ︾ ᠪᠣᠯᠵᠤ᠂ ︽ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠬᠦ︾ ᠠᠮᠠᠯᠠᠯᠲᠠ ᠪᠠᠨ ᠦᠢᠯᠡᠳᠦᠯᠭᠡᠵᠢᠭᠦᠯᠵᠦ᠂ ᠠᠵᠢᠯᠴᠢ ᠬᠢᠴᠢᠶᠡᠩᠭᠦᠢ᠂ ᠭᠤᠶᠠᠴᠢ ᠦᠭᠡᠢ ᠬᠤᠪᠢ ᠨᠡᠮᠡᠷᠢ ᠦᠵᠡᠭᠦᠯᠳᠡᠭ᠃ ᠠᠷᠪᠠᠨ ᠳᠣᠯᠣᠭᠠᠨ ᠨᠠᠰᠤᠲᠠᠢ ᠠᠴᠠ ᠪᠠᠨ ᠠᠵᠢᠯ ᠠᠴᠠ ᠪᠠᠨ ᠠᠮᠠᠷᠠᠬᠤ ᠬᠦᠷᠲᠡᠯ᠎ᠡ᠂ ᠲᠡᠷᠡ ᠡᠳ᠋ ᠤᠨ ᠵᠠᠰᠠᠭ ᠤᠨ ᠰᠦᠮ᠎ᠡ ᠵᠡᠭᠡᠯᠢ ᠭᠤᠳᠤᠮᠵᠢ ᠳᠤ ᠴᠢᠷᠮᠠᠶᠢᠨ ᠲᠡᠮᠡᠴᠡᠵᠦ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠠᠷᠠᠳ ᠤᠨ ᠲᠥᠯᠥᠭᠡ ᠵᠣᠪᠠᠭᠤᠷᠢ ᠵᠦᠳᠡᠭᠦᠷᠢ ᠶᠢ ᠠᠷᠢᠯᠭᠠᠵᠤ᠂ ᠣᠯᠠᠨ ᠲᠦᠮᠡᠨ ᠤ ᠠᠰᠢᠭ ᠲᠤᠰᠠ ᠶᠢ ᠴᠠᠭ ᠢᠮᠠᠭᠲᠠ ᠲᠡᠷᠢᠭᠦᠨ ᠪᠠᠶᠢᠷᠢᠨ ᠳᠤ ᠲᠠᠯᠪᠢᠭᠰᠠᠭᠠᠷ ᠢᠷᠡᠵᠡᠢ᠃ ᠲᠤᠰ ᠨᠥᠬᠦᠷ ᠬᠤᠷᠢᠨ ᠳᠣᠯᠣᠭᠠᠲᠠᠶ ᠳᠠᠭᠠᠨ ︽ᠪᠦᠬᠦ ᠤᠯᠤᠰ ᠤᠨ ᠲᠡᠷᠢᠭᠦᠨ ᠤ ᠰᠤᠶᠤᠯ ᠤᠨ ᠥᠷᠲᠡᠭᠡᠨ ᠤ ᠳᠠᠷᠤᠭ᠎ᠠ︾ ᠪᠠᠷ ᠦᠨᠡᠯᠡᠭᠳᠡᠵᠡᠶ᠂ ᠭᠡᠬᠦ ᠳᠡᠭᠡᠨ ᠡᠶᠢᠮᠦ ᠬᠤᠪᠢ ᠬᠥᠮᠦᠨ ᠨᠢ ᠲᠤᠰ ᠵᠢᠯ ᠳᠡᠭᠡᠨ ᠪᠤᠭᠤᠲᠤ ᠬᠤᠲᠠ ᠳᠤ ᠵᠥᠪᠬᠡᠨ ᠨᠢᠭᠡ ᠯᠡ ᠬᠥᠮᠦᠨ ᠲᠠᠢ᠃      ᠠᠵᠢᠯ ᠤᠨ ᠪᠠᠶᠢᠷᠢ ᠶᠢᠨ ᠪᠣᠳᠠᠲᠠᠢ ᠪᠠᠶᠢᠳᠠᠯ ᠳᠤ ᠰᠠᠭᠤᠷᠢᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠃ ︽ᠠᠵᠢᠯ ᠬᠢᠬᠦ ᠳᠤ ᠬᠠᠷᠢᠭᠤᠴᠠᠯᠭ᠎ᠠ ᠲᠠᠢ ᠪᠠᠢᠬᠤ ᠬᠡᠷᠡᠭᠲᠡᠢ᠂ ᠠᠵᠢᠯᠲᠠᠨ ᠪᠣᠯᠤᠭᠰᠠᠨ ᠤ ᠬᠤᠪᠢ ᠳᠤ᠂ ᠠᠨ ᠤ ᠬᠠᠷᠢᠭᠤᠴᠠᠯᠭ᠎ᠠ ᠪᠣᠯ ᠳᠠᠷᠤᠢ ᠠᠵᠢᠯ ᠤᠨ ᠪᠠᠢᠷᠢ ᠶᠢᠨ ᠲᠤᠱᠢᠶᠠᠯ ᠤᠨ ᠱᠠᠭᠠᠷᠳᠠᠯᠭ᠎ᠠ ᠶᠢᠨ ᠠᠵᠢᠯ ᠬᠢᠵᠦ᠂ ᠳᠡᠭᠡᠳᠦ ᠱᠠᠲᠤᠨ ᠤ ᠬᠤᠪᠢᠶᠠᠷᠢᠯᠠᠯᠲᠠ ᠶᠢᠨ ᠠᠵᠢᠯ ᠬᠢᠵᠦ᠂ ᠣᠯᠠᠨ ᠲᠦᠮᠡᠨ ᠤ ᠬᠦᠰᠡᠯ ᠡᠷᠡᠮᠡᠯᠵᠡᠯ ᠤᠨ ᠠᠵᠢᠯ ᠬᠢᠬᠦ ᠶᠠᠪᠤᠳᠠᠯ ᠪᠣᠯᠤᠨ᠎ᠠ᠃ ᠯᠢᠶᠠᠩ ᠶᠢᠨ ᠳ᠋ᠦ᠋ᠩ ᠦᠷᠭᠦᠯᠵᠢ ᠠᠡ ᠦᠭᠡ ᠪᠠᠷ ᠳᠡᠷᠭᠡᠳᠡᠬᠢ ᠵᠠᠯᠠᠬᠤᠴᠤᠳ ᠢᠶᠠᠨ ᠵᠤᠷᠢᠭ᠋ᠵᠢᠬᠤᠯᠵᠤ᠃ ᠶᠠᠮᠠᠷ ᠠᠵᠢᠯ ᠤᠨ ᠪᠠᠶᠢᠷᠢ ᠳᠤ ᠪᠠᠶᠢᠭᠰᠠᠨ ᠴᠤ ᠲᠡᠷᠡ ᠶᠡᠷᠦ ᠨᠢ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠠᠵᠢᠯᠯᠠᠵᠤ᠂ ᠲᠡᠷᠡ ᠢᠮᠠᠭᠲᠠ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠪᠠᠷ ᠵᠣᠷᠢᠯᠲᠠ ᠪᠣᠯᠭᠠᠵᠤ᠂ ︽ᠤᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠦᠭᠡᠢ︾ ᠠᠵᠢᠯ ᠤᠨ ᠵᠠᠷᠴᠢᠮ ᠢ ᠪᠠᠷᠢᠮᠲᠠᠯᠠᠵᠤ᠂ ᠤᠯᠠᠨ ᠲᠦᠮᠡᠨ ᠨᠢᠭᠡᠪᠦᠷᠢ ᠳᠤ ᠨᠠᠷᠢᠨ ᠬᠢᠨᠠᠮᠠᠭᠠᠢ ᠰᠠᠶᠢᠲᠤᠷ ᠦᠢᠯᠡᠴᠢᠯᠡᠵᠦ᠂ ᠭᠤᠭᠴᠤᠭ᠎ᠠ ᠨᠢᠭᠡᠪᠦᠷᠢ ᠶᠢᠨ ᠠᠵᠢᠯ ᠢ ᠠᠯᠢ ᠴᠢᠳᠠᠬᠤ ᠪᠠᠷ ᠨᠠᠷᠢᠯᠢᠭ ᠰᠠᠶᠢᠲᠤᠷ ᠬᠢᠵᠦ᠂ ᠤᠯᠠᠨ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ ᠬᠡᠷᠡᠭᠲᠡᠢ᠃ ᠲᠡᠷᠡ ᠤᠷᠢᠳ ᠬᠤᠵᠢᠳ ᠼᠠᠢ ᠱᠧᠨ ᠮᠢᠶᠤᠤ ᠵᠡᠬᠡᠯᠢ ᠭᠤᠳᠤᠮᠵᠢ ᠶᠢᠨ ᠠᠵᠤ ᠠᠬᠤᠢ ᠶᠢᠨ ᠠᠯᠪᠠᠨ ᠬᠡᠷ᠂ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠦᠳᠡᠯᠮᠤᠷᠢ ᠶᠢᠨ ᠪᠠᠳᠤᠯᠠᠭ᠎ᠠ ᠶᠢᠨ ᠭᠠᠵᠠᠷ᠂ ᠰᠠᠬᠢᠯᠭ᠎ᠠ ᠪᠠᠳᠤ ᠪᠠᠶᠢᠴᠠᠭᠠᠬᠤ ᠠᠵᠢᠯ ᠤᠨ ᠬᠤᠷᠢᠶ᠎ᠡ᠂ ᠤᠳᠤ ᠶᠢᠨ ᠠᠮᠤᠷ ᠠᠮᠤᠭᠤᠯᠠᠩ ᠤᠨ ᠪᠦᠳᠦᠬᠡᠨ ᠪᠠᠶᠢᠭᠤᠯᠤᠯᠳᠠ ᠶᠢᠨ ᠠᠯᠪᠠᠨ ᠬᠡᠷ ᠵᠡᠷᠬᠡ ᠡᠯ᠎ᠡ ᠠᠵᠢᠯ ᠤᠨ ᠪᠠᠶᠢᠷᠢ ᠲᠡᠬᠡᠷ᠎ᠡ ᠠᠵᠢᠯᠯᠠᠵᠤ ᠪᠤᠢ᠃ ᠬᠤᠲᠠ ᠶᠢᠨ ᠨᠡᠶᠢᠭᠡᠮ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ᠂ ᠪᠸᠢ ᠯᠢᠶᠠᠩ ᠤᠨ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠨᠤᠷᠠᠭᠠᠵᠤ ᠨᠡᠭᠦᠯᠭᠡᠬᠦ᠂ ᠬᠠᠷᠢᠶᠠᠨ ᠤ ᠳᠣᠲᠣᠷᠠᠬᠢ ᠰᠠᠭᠤᠷᠢ ᠲᠥᠬᠦᠭᠡᠷᠦᠮᠵᠢ ᠶᠢ ᠰᠡᠯᠪᠢᠨ ᠵᠠᠰᠠᠬᠤ᠂ ᠴᠠᠯᠢᠩ ᠥᠷᠢᠲᠦᠵᠦ ᠴᠠᠯᠢᠩ ᠥᠷᠢᠲᠦᠬᠦ᠂ ᠵᠡᠷᠭᠡ ᠠᠵᠢᠯ ᠤᠨ ᠳᠤᠮᠳᠠ᠂ ᠲᠡᠷᠡ ᠲᠤᠬᠠᠶ ᠶᠢᠨ ᠬᠥᠮᠦᠨ ᠤ ᠵᠣᠭᠰᠣᠴᠠ ᠠᠴᠠ ᠠᠵᠢᠯ ᠬᠢᠵᠦ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠥᠬᠡᠶ ᠪᠣᠯ ᠬᠦᠯᠢᠴᠡᠩᠭᠦᠶ ᠪᠠᠷ ᠲᠠᠶᠢᠯᠪᠤᠷᠢᠯᠠᠵᠤ᠂ ᠲᠣᠭᠲᠠᠭᠠᠯ ᠠᠴᠠ ᠵᠥᠷᠢᠴᠡᠭᠰᠡᠨ ᠬᠡᠷᠡᠭ ᠢ ᠨᠠᠷᠢᠨ ᠨᠢᠮᠪᠠᠶ ᠰᠤᠷᠭᠠᠨ ᠬᠥᠮᠦᠵᠢᠭᠦᠯᠵᠦ᠂ ᠤᠶᠠᠨ ᠬᠠᠲᠠᠨ ᠴᠢᠨᠠᠷᠲᠠᠶ ᠪᠠᠷ ᠬᠠᠤᠯᠢ ᠬᠡᠷᠡᠭᠵᠢᠭᠦᠯᠵᠦ᠂ ᠡᠯ᠎ᠡ ᠲᠠᠯ᠎ᠠ ᠶᠢᠨ ᠠᠰᠢᠭ ᠲᠤᠰᠠ ᠶᠢ ᠬᠠᠮᠲᠤ ᠳᠤᠨᠢ ᠬᠠᠷᠠᠭᠠᠯᠵᠠᠵᠤ᠂ ᠤᠴᠢᠷ ᠶᠠᠪᠤᠳᠠᠯ ᠢ ᠪᠦᠲᠦᠭᠡᠬᠦ ᠳᠤ ᠬᠠᠨᠤᠮᠵᠢᠲᠠᠶ ᠪᠣᠯᠭᠠᠪᠠ᠃ ᠲᠡᠷᠡ ᠨᠡᠪᠲᠡᠷᠡᠯᠴᠡᠭᠡ ᠵᠣᠬᠢᠴᠠᠭᠤᠯᠭ᠎ᠠ ᠶᠢ ᠴᠢᠬᠤᠯᠠᠴᠢᠯᠠᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠤ ᠮᠠᠭᠲᠠᠭᠠᠯ ᠰᠠᠶᠢᠰᠢᠶᠠᠯ ᠢ ᠤᠯᠪᠠ᠃      ᠣᠨᠣᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠮᠡᠷᠭᠡᠵᠢᠯᠲᠡᠨ ᠪᠣᠯᠬᠤ ᠪᠠᠷ ᠴᠢᠷᠮᠠᠶᠢᠨ᠎ᠠ᠃ ᠡᠯ᠎ᠡ ᠠᠵᠢᠯ ᠤᠨ ᠪᠠᠶᠢᠷᠢ ᠳᠤ ᠳᠠᠪᠲᠠᠨ ᠪᠣᠯᠪᠠᠰᠤᠷᠠᠭᠰᠠᠨ ᠠᠬᠠᠮᠠᠳ ᠺᠠᠳ᠋ᠷ ᠪᠣᠯᠤᠭᠰᠠᠨ ᠤ ᠬᠤᠪᠢ ᠳᠤ᠂ ᠯᠢᠶᠠᠩ ᠶᠢᠨ ᠳ᠋ᠦᠩ ᠡᠯᠪᠡᠭ ᠪᠠᠶᠠᠯᠢᠭ ᠠᠵᠢᠯ ᠤᠨ ᠲᠤᠷᠰᠢᠯᠭ᠎ᠠ ᠬᠤᠷᠠᠮᠳᠤᠭᠤᠯᠪᠠ᠂ ᠭᠡᠪᠡᠴᠦ ᠲᠡᠷᠡ ᠢᠮᠠᠭᠲᠠ ︽ᠰᠥᠷᠭᠡᠦ ᠤᠰᠤᠨ ᠣᠩᠭᠤᠴᠠ ᠪᠠᠷ ᠠᠶᠠᠯᠠᠬᠤ ᠮᠡᠲᠦ ᠤᠷᠤᠭᠰᠢᠯᠠᠯᠲᠠ ᠦᠭᠡᠢ ᠪᠣᠯ ᠤᠬᠤᠷᠢᠬᠤ︾ ᠣᠶᠢᠯᠠᠭᠠᠭᠳᠠᠬᠤᠨ ᠢ ᠪᠠᠷᠢᠮᠲᠠᠯᠠᠵᠤ᠂ ᠢᠮᠠᠭᠲᠠ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠶᠢ ᠲᠤᠰ ᠪᠡᠶ᠎ᠡ ᠶᠢᠨ ᠬᠡᠪ ᠴᠢᠨᠠᠷ ᠢᠶᠠᠨ ᠳᠡᠭᠡᠭᠰᠢᠯᠡᠭᠦᠯᠬᠦ ᠶᠢᠨ ᠲᠡᠷᠢᠭᠦᠨ ᠴᠢᠬᠤᠯᠠ ᠡᠭᠦᠷᠭᠡ ᠪᠣᠯᠭᠠᠪᠠ᠃ ᠲᠡᠷᠡ ᠲᠦᠷᠦ ᠶᠢᠨ ᠪᠤᠳᠤᠯᠭ᠎ᠠ ᠪᠢᠴᠢᠭ ᠮᠠᠲ᠋ᠧᠷᠢᠶᠠᠯ ᠢ ᠰᠤᠷᠤᠯᠴᠠᠬᠤ ᠶᠢ ᠴᠢᠬᠤᠯᠠᠴᠢᠯᠠᠵᠤ᠂ ᠲᠡᠷᠢᠭᠦᠨ ᠤ ᠲᠤᠷᠰᠢᠯᠭ᠎ᠠ ᠪᠠᠷ ᠲᠤᠯᠢ ᠪᠣᠯᠭᠠᠵᠤ᠂ ᠡᠭᠦᠷᠭᠡ ᠨᠢᠭᠡᠪᠦᠷᠢ ᠶᠢᠨ ᠨᠠᠶᠢᠳᠠᠪᠤᠷᠢᠵᠢᠭᠤᠯᠤᠯᠲᠠ ᠬᠦᠴᠦᠲᠡᠢ᠂ ᠴᠢᠭᠯᠡᠯ ᠣᠨᠣᠪᠴᠢᠲᠠᠢ ᠪᠠᠶᠢᠬᠤ ᠶᠢ ᠦᠨᠡᠨ ᠬᠦ ᠪᠠᠲᠤᠯᠠᠪᠠ᠃ ᠯᠢᠶᠠᠩ ᠶᠢᠨ ᠳ᠋ᠦᠩ ᠠᠵᠤ ᠠᠬᠤᠶᠢᠯᠠᠯ ᠤᠨ ᠴᠠᠯᠢᠩ ᠥᠷᠢᠲᠦᠭᠰᠡᠳ ᠢ ᠬᠦᠯᠢᠶᠡᠨ ᠠᠪᠴᠤ᠂ ᠲᠡᠷᠡ ᠳᠠᠷᠦ᠋ᠢᠬᠠᠨ ᠺᠣᠮᠫᠠᠨᠢ ᠶᠢᠨ ᠬᠠᠷᠢᠭᠤᠴᠠᠯᠭᠠᠲᠠᠨ ᠪᠣᠯᠤᠨ ᠴᠠᠬᠢᠯᠭᠠᠨ ᠢᠷᠡᠭᠴᠢ ᠵᠡᠷᠭᠡ ᠬᠠᠮᠢᠶ᠎ᠠ ᠪᠦᠬᠦᠢ ᠬᠥᠮᠦᠰ ᠲᠠᠢ ᠬᠠᠷᠢᠯᠴᠠᠵᠤ ᠵᠡᠭᠡᠯᠢ ᠭᠤᠳᠤᠮᠵᠢ ᠶᠢᠨ ᠠᠯᠪᠠᠨ ᠭᠡᠷ ᠲᠤ ᠬᠦᠷᠴᠦ ᠡᠶᠡᠳᠡᠭᠦᠯᠪᠡ᠃ ᠡᠶᠡᠳᠡᠭᠦᠯᠬᠦ ᠶᠠᠪᠤᠴᠠ ᠳᠤ᠂ ᠯᠢᠶᠠᠩ ᠶᠢᠨ ᠳ᠋ᠦᠩ ᠴᠠᠯᠢᠩ ᠥᠷᠢᠲᠦᠭᠰᠡᠨ ᠺᠣᠮᠫᠠᠨᠢ ᠳᠤ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ︽ᠬᠥᠳᠡᠯᠮᠦᠷᠢ ᠶᠢᠨ ᠭᠡᠷ᠎ᠡ ᠶᠢᠨ ᠬᠠᠤᠯᠢ︾᠂ ︽ᠬᠥᠯᠥᠰᠥᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠲᠦᠷᠢᠮ︾ ᠤᠨ ᠬᠠᠮᠢᠶ᠎ᠠ ᠪᠥᠬᠦᠶ ᠲᠣᠭᠲᠠᠭᠠᠯ ᠢ ᠲᠣᠳᠣᠷᠬᠠᠶᠢᠯᠠᠵᠤ᠂ ᠴᠠᠯᠢᠩ ᠥᠷᠢᠲᠦᠬᠦ ᠺᠣᠮᠫᠠᠨᠢ ᠴᠠᠯᠢᠩ ᠥᠷᠢᠲᠦᠬᠦ ᠠᠰᠢᠭ ᠥᠬᠡᠶ ᠬᠠᠤᠯᠢ ᠴᠠᠭᠠᠵᠠ ᠶᠢᠨ ᠦᠷ᠎ᠡ ᠳ᠋ᠦᠩ ᠢ ᠮᠡᠳᠡᠭᠰᠡᠨ ᠤ ᠳᠠᠷᠠᠭ᠎ᠠ᠂ ᠠᠵᠢᠯᠲᠠᠨ ᠠᠵᠢᠯᠴᠢᠨ ᠤ ᠴᠠᠯᠢᠩ ᠪᠠᠷᠤᠭ ᠲᠦᠮᠡᠨ ᠲᠥᠭᠦᠷᠢᠭ ᠥᠭᠬᠦ ᠪᠠᠷ ᠵᠥᠪᠰᠢᠶᠡᠷᠡᠪᠡ᠃ ᠶᠠᠭ ᠰᠠᠶᠢᠬᠠᠨ ᠯᠢᠶᠠᠩ ᠶᠢᠨ ᠳ᠋ᠦᠩ ᠨᠥᠬᠦᠷ ᠤᠨ ᠰᠢᠷᠭᠠᠭᠤ ᠬᠠᠲᠠᠭᠤᠵᠢᠯᠲᠠᠢ ᠰᠤᠷᠤᠯᠴᠠᠬᠤ ᠪᠠᠨ ᠵᠣᠭᠰᠣᠯ ᠦᠭᠡᠢ ᠪᠠᠶᠢᠵᠤ᠂ ᠲᠤᠬᠠᠶᠢᠯᠠᠭᠰᠠᠨ ᠠᠵᠢᠯ ᠢᠶᠠᠨ ᠭᠠᠷᠮᠠᠭᠠᠢ ᠰᠠᠶᠢᠲᠤᠷ ᠬᠢᠬᠦ ᠳᠤ ︽ᠴᠢᠩᠭ᠎ᠠ ᠲᠤᠯᠭᠠᠭᠤᠷᠢᠯᠠᠯ︾ ᠬᠠᠩᠭᠠᠪᠠ᠃      ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠨᠤᠲᠤᠭ ᠤᠰᠤ ᠪᠠᠨ ᠪᠦᠳᠦᠭᠡᠨ ᠪᠠᠶᠢᠭᠤᠯᠤᠨ᠎ᠠ᠃ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠬᠤᠭᠤᠴᠠᠭᠠᠨ ᠳᠤ᠂ ᠯᠢᠶᠠᠩ ᠶᠢᠨ ᠳ᠋ᠦᠩ ᠰᠠᠭᠤᠭᠠᠯᠢ ᠠᠷᠠᠳ ᠲᠤ ᠰᠠᠶᠢᠨ ᠰᠠᠶᠢᠬᠠᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠥᠭᠬᠦ ᠶᠢᠨ ᠲᠥᠯᠥᠭᠡ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠲᠡᠷᠡ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠺᠠᠳ᠋ᠷ ᠵᠢᠴᠢ ᠰᠠᠶᠢᠨ ᠳᠤᠷ᠎ᠠ ᠶᠢᠨ ᠠᠵᠢᠯᠯᠠᠭᠴᠢ ᠶᠢ ᠳᠠᠭᠠᠭᠤᠯᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷᠯᠡᠵᠦ᠂ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠠᠤᠯᠢ ᠠᠴᠠ ᠵᠥᠷᠢᠴᠡᠭᠰᠡᠨ ᠪᠦᠳᠦᠭᠡᠨ ᠪᠠᠶᠢᠭᠤᠯᠤᠯᠲᠠ ᠶᠢ ᠨᠤᠷᠠᠭᠠᠪᠠ᠃ ᠵᠠᠮ ᠤᠨ ᠬᠠᠵᠠᠭᠤ᠂ ᠥᠨᠴᠥᠭ ᠪᠤᠯᠤᠩ᠂ ᠰᠤᠯᠠ ᠭᠠᠵᠠᠷ ᠢ ᠭᠦᠢᠴᠡᠳ ᠠᠰᠢᠭᠯᠠᠨ᠂ ᠮᠣᠳᠣ ᠲᠠᠷᠢᠬᠤ ᠳᠤ ᠲᠣᠬᠢᠷᠠᠮᠵᠢᠲᠠᠢ ᠪᠣᠯ ᠮᠣᠳᠣ ᠲᠠᠷᠢᠬᠤ᠂ ᠴᠡᠴᠡᠭ ᠲᠠᠷᠢᠬᠤ ᠳᠤ ᠲᠣᠬᠢᠷᠠᠮᠵᠢᠲᠠᠢ ᠪᠣᠯ ᠴᠡᠴᠡᠭ ᠬᠤᠸᠠᠷ᠂ ᠮᠣᠳᠣ ᠲᠠᠷᠢᠬᠤ ᠳᠤ ᠲᠣᠬᠢᠷᠠᠮᠵᠢᠲᠠᠢ ᠪᠣᠯ ᠮᠣᠳᠣ ᠲᠠᠷᠢᠬᠤ ᠳᠤ ᠲᠣᠬᠢᠷᠠᠮᠵᠢᠲᠠᠢ ᠪᠠᠶᠢᠬᠤ ᠵᠠᠷᠴᠢᠮ ᠢ ᠵᠢᠷᠤᠮᠯᠠᠨ᠂ ᠵᠠᠢ ᠵᠠᠪᠰᠠᠷ ᠢ ᠨᠢ ᠦᠵᠡᠵᠦ ᠪᠠᠶᠢᠭᠠᠳ ᠨᠣᠭᠤᠭᠠᠷᠠᠭᠤᠯᠤᠯᠲᠠ ᠶᠢᠨ ᠣᠷᠣᠨ ᠵᠠᠢ ᠶᠢ ᠪᠠᠶᠢᠷᠢᠯᠠᠭᠤᠯᠤᠨ᠎ᠠ᠃ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠵᠢᠵᠢᠭ ᠲᠣᠭᠤᠷᠢᠭ ᠲᠤ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠤᠭᠰᠠᠷᠠᠵᠤ᠂ ᠬᠠᠨ᠎ᠠ ᠶᠢᠨ ᠪᠤᠳᠤᠭᠲᠤ ᠵᠢᠷᠤᠭ ᠵᠢᠷᠤᠬᠤ ᠶᠢᠨ ᠲᠥᠯᠥᠭᠡ᠂ ᠵᠡᠭᠡᠯᠢ ᠭᠤᠳᠤᠮᠵᠢ ᠶᠢᠨ ᠨᠠᠮ ᠪᠠ ᠣᠯᠠᠨ ᠲᠦᠮᠡᠨ ᠤ ᠲᠥᠪ ᠢ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠰᠢᠨ᠎ᠡ ᠵᠢᠭᠰᠠᠭᠠᠯ ᠤᠨ ᠭᠠᠵᠠᠷ ᠢ ᠪᠠᠶᠢᠭᠤᠯᠵᠤ᠂ ᠣᠯᠠᠨ ᠲᠦᠮᠡᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠲᠦᠢᠯ ᠤᠨ ᠶᠡᠭᠡ ᠪᠠᠷ ᠪᠠᠶᠠᠯᠢᠭᠵᠢᠭᠤᠯᠪᠠ᠃      ᠲᠡᠷᠡ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠨᠡᠨᠴᠢ ᠰᠢᠳᠤᠷᠭᠤ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠪᠠ︕
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠼᠠᠢ ᠱᠧᠨ ᠮᠢᠶᠣᠣ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1