ᠦᠨᠳᠦᠰᠦᠨ ᠬᠠᠤᠯᠢ ᠨᠢ ᠠᠷᠠᠳ ᠲᠦᠮᠡᠨ ᠤ ᠰᠡᠳᠬᠢᠯ ᠳᠤ ᠬᠠᠳᠠᠩᠰᠢᠵᠠᠢ
ᠨᠡᠶᠢᠲᠡᠯᠡᠭᠰᠡᠨ ᠴᠠᠭ᠄
2023/12/13
      ᠪᠥᠬᠦ ᠠᠷᠠᠳ ᠢᠶᠠᠷ ᠢᠶᠠᠨ ᠦᠨᠳᠦᠰᠦᠨ ᠬᠠᠤᠯᠢ ᠶᠢ ᠡᠷᠬᠢᠮᠯᠡᠬᠦ᠂ ᠦᠨᠳᠦᠰᠦᠨ ᠬᠠᠤᠯᠢ ᠶᠢ ᠰᠤᠷᠤᠯᠴᠠᠬᠤ᠂ ᠦᠨᠳᠦᠰᠦᠨ ᠬᠠᠤᠯᠢ ᠶᠢ ᠤᠬᠠᠭᠤᠯᠬᠤ᠂ ᠦᠨᠳᠦᠰᠦᠨ ᠬᠠᠤᠯᠢ ᠶᠢ ᠵᠢᠷᠤᠮᠯᠠᠬᠤ᠂ ᠦᠨᠳᠦᠰᠦᠨ ᠬᠠᠤᠯᠢ ᠶᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠲᠠᠰᠤᠷᠠᠯᠲᠠ ᠥᠬᠡᠶ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠼᠠᠢ ᠱᠧᠨ ᠮᠢᠶᠣᠣ ᠵᠡᠭᠡᠯᠢ ᠭᠤᠳᠤᠮᠵᠢ ᠶᠢᠨ ᠠᠮᠤᠷ ᠲᠦᠪᠰᠢᠨ ᠤ ᠠᠯᠪᠠᠨ ᠬᠡᠷ᠂ ᠨᠡᠶᠢᠭᠡᠮ ᠲᠣᠭᠤᠷᠢᠭ ᠤᠨ ᠬᠢᠨ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠮᠠ ᠬᠦᠶ ᠯᠠᠨ ᠲᠠᠢ ᠬᠤᠯᠪᠣᠭᠠᠯᠠᠨ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠢ ᠪᠠᠶᠢᠭᠤᠯᠬᠤ︾ ᠤᠬᠠᠭᠤᠯᠭ᠎ᠠ ᠶᠢᠨ ᠭᠤᠤᠯ ᠰᠡᠳᠦᠪ ᠲᠠᠢ ᠨᠢᠭᠲᠠ ᠤᠶᠠᠯᠳᠤᠭᠤᠯᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃      ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠳᠣᠲᠣᠷ᠎ᠠ᠂ ᠼᠠᠢ ᠱᠧᠨ ᠮᠢᠶᠣᠣ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ ᠨᠢ ᠵᠡᠭᠡᠯᠢ ᠭᠤᠳᠤᠮᠵᠢ ᠶᠢᠨ ᠠᠮᠤᠷ ᠲᠦᠪᠰᠢᠨ ᠤ ᠠᠯᠪᠠᠨ ᠬᠡᠷ᠂ ᠨᠡᠶᠢᠭᠡᠮ ᠲᠣᠭᠤᠷᠢᠭ ᠲᠠᠢ ᠬᠠᠮᠲᠤᠷᠠᠨ᠂ ᠭᠤᠷᠪᠠ ᠤᠳᠠᠭ᠎ᠠ ᠰᠠᠭᠤᠭᠠᠯᠢ ᠲᠣᠭᠤᠷᠢᠭ ᠲᠤ ᠬᠦᠷᠴᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠲᠠᠳ ᠬᠠᠤᠯᠢ ᠴᠠᠭᠠᠵᠠ ᠶᠢᠨ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠦᠨᠳᠦᠰᠦᠨ ᠬᠠᠤᠯᠢ ᠶᠢᠨ ᠦᠨᠳᠦᠰᠦᠨ ᠵᠣᠷᠢᠭ ᠰᠠᠨᠠᠭ᠎ᠠ ᠶᠢ ᠣᠯᠠᠨ ᠲᠦᠮᠡᠨ ᠳᠤ ᠲᠠᠶᠢᠯᠪᠤᠷᠢᠯᠠᠬᠤ ᠪᠠ ᠤᠬᠠᠭᠤᠯᠵᠤ᠂ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ ᠵᠢᠴᠢ ᠨᠡᠶᠢᠭᠡᠮ ᠤᠨ ᠲᠣᠭᠲᠠᠭᠤᠨ ᠪᠠᠶᠢᠳᠠᠯ ᠪᠣᠯᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢ ᠳᠣᠪᠤᠶᠢᠯᠭᠠᠨ ᠤᠬᠠᠭᠤᠯᠬᠤ ᠬᠡᠷᠡᠭᠲᠡᠶ᠃ ᠦᠨᠳᠦᠰᠦᠨ ᠬᠠᠤᠯᠢ ᠬᠠᠤᠯᠢ ᠴᠠᠭᠠᠵᠠ ᠶᠢᠨ ᠡᠷᠬᠡ ᠠᠰᠢᠭ ᠢ ᠬᠠᠮᠠᠭᠠᠯᠠᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ ᠵᠡᠷᠭᠡ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠰᠢᠭ ᠲᠤᠰᠠ ᠲᠠᠢ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠭᠤᠣᠯᠳᠠᠯᠭ᠎ᠠ ᠲᠠᠢ ᠤᠬᠠᠭᠤᠯᠵᠤ᠂ ᠤᠯᠠᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠶᠣᠰᠣᠭᠠᠷ ᠡᠷᠬᠡ ᠠᠰᠢᠭ ᠢᠶᠠᠨ ᠬᠠᠮᠠᠭᠠᠯᠠᠬᠤ ᠶᠢ ᠬᠥᠲᠥᠯᠥᠨ ᠵᠢᠯᠣᠭᠤᠳᠴᠤ᠂ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢ ᠨᠢ ᠪᠠᠲᠤᠯᠠᠵᠤ᠂ ᠨᠡᠶᠢᠭᠡᠮ ᠤᠨ ᠲᠣᠭᠲᠠᠭᠤᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠪᠠ᠃      ︽ᠬᠠᠤᠯᠢ ᠴᠠᠭᠠᠵᠠ ᠶᠢᠨ ᠲᠣᠳᠣᠷᠬᠠᠶ ᠬᠥᠮᠦᠨ︾ ᠢ ᠵᠣᠬᠢᠶᠠᠨ ᠪᠠᠶᠢᠭᠤᠯᠵᠤ ᠬᠠᠤᠯᠢ ᠲᠦᠭᠡᠮᠡᠯᠵᠢᠭᠦᠯᠬᠦ ᠬᠢᠴᠢᠶᠡᠯ ᠤᠨ ᠲᠠᠩᠬᠢᠮ ᠤᠨ ᠪᠤᠯᠤᠩ ᠢ ᠰᠣᠨᠢᠷᠬᠠᠭᠤᠯᠬᠤ ᠪᠠᠷ ᠳᠠᠮᠵᠢᠭᠤᠯᠤᠨ᠂ ︽ᠬᠠᠤᠯᠢ ᠴᠠᠭᠠᠵᠠ ᠶᠢᠨ ᠲᠣᠳᠣᠷᠬᠠᠶ ᠬᠥᠮᠦᠨ︾ ᠳᠤ ᠦᠨᠳᠦᠰᠦᠨ ᠬᠠᠤᠯᠢ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠦᠨᠳᠦᠰᠦᠨ ᠬᠠᠤᠯᠢ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠭᠤᠯᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠥᠲᠥᠯᠥᠨ ᠳᠠᠭᠠᠭᠤᠯᠤᠭᠴᠢ᠂ ᠳᠡᠯᠭᠡᠷᠡᠭᠦᠯᠦᠭᠴᠢ ᠪᠠ ᠦᠢᠯᠡᠳᠦᠯᠭᠡᠵᠢᠭᠦᠯᠦᠭᠴᠢ ᠪᠣᠯᠤᠭᠰᠠᠨ ᠪᠠᠶᠢᠨ᠎ᠠ᠃ ᠡᠭᠦᠨ ᠤ ᠬᠠᠮᠲᠤ᠂ ᠰᠦᠯᠵᠢᠶᠡᠨ ᠤ ᠠᠵᠢᠯᠲᠠᠨ ᠰᠠᠭᠤᠭᠠᠯᠢ ᠠᠷᠠᠳ ᠤᠨ ᠬᠠᠮᠲᠤᠯᠢᠭ ᠢ ᠠᠰᠢᠭᠯᠠᠨ ᠣᠬᠤᠷ ᠸᠢᠳᠢᠣ᠋᠂ ᠸᠢᠴᠠᠲ ᠤᠨ ᠨᠡᠶᠢᠲᠡ ᠶᠢᠨ ᠳ᠋ᠤᠭᠠᠷ ᠤᠨ ᠵᠣᠬᠢᠶᠠᠯ ᠢ ᠳᠠᠮᠵᠢᠭᠤᠯᠤᠨ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠠᠭᠤᠭᠠᠯᠢ ᠠᠷᠠᠳ ᠣᠯᠠᠨ ᠳᠤ ᠦᠨᠳᠦᠰᠦᠨ ᠬᠠᠤᠯᠢ ᠶᠢᠨ ᠮᠡᠳᠡᠯᠭᠡ ᠶᠢ ᠢᠳᠡᠪᠬᠢᠲᠡᠶ ᠪᠠᠷ ᠤᠬᠠᠭᠤᠯᠵᠤ ᠂ ᠣᠯᠠᠨ ᠲᠦᠮᠡᠨ ᠤ ᠬᠠᠤᠯᠢ ᠴᠠᠭᠠᠵᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠶ ᠬᠠᠷᠢᠭᠤᠯᠬᠤ ᠶᠢᠨ ᠬᠠᠮᠲᠤ ᠣᠯᠠᠨ ᠤ ᠬᠠᠤᠯᠢ ᠴᠠᠭᠠᠵᠠ ᠶᠢᠨ ᠮᠡᠳᠡᠯᠭᠡ ᠶᠢ ᠢᠳᠡᠪᠬᠢᠲᠡᠶ ᠰᠠᠶᠢᠲᠤᠷ ᠰᠤᠷᠴᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠵᠥᠪ ᠣᠨᠣᠪᠴᠢᠲᠠᠶ ᠬᠠᠤᠯᠢ ᠪᠠᠷ ᠵᠠᠰᠠᠬᠤ ᠦᠵᠡᠯᠲᠡ ᠶᠢ ᠪᠣᠶ ᠪᠣᠯᠭᠠᠬᠤ ᠬᠡᠷᠡᠭᠲᠡᠶ᠃      ᠦᠨᠳᠦᠰᠦᠨ ᠬᠠᠤᠯᠢ ᠨᠢ ᠪᠢᠳᠡᠨ ᠠᠴᠠ ᠬᠤᠯᠠ ᠦᠭᠡᠢ ᠪᠠᠢᠳᠠᠭ᠂ ᠬᠥᠮᠦᠨ ᠤ ᠠᠮᠢᠳᠤᠷᠠᠯ ᠤᠨ ᠴᠢᠬᠤᠯᠠ ᠴᠠᠭ ᠮᠥᠴᠡ ᠳᠤ ᠦᠨᠳᠦᠰᠦᠨ ᠬᠠᠤᠯᠢ ᠨᠢᠭᠡᠪᠦᠷᠢ ᠴᠥᠮ ᠦᠭᠡ ᠳᠠᠭᠤᠨ ᠦᠭᠡᠢ ᠪᠠᠷ ᠬᠠᠮᠠᠭᠠᠯᠠᠬᠤ ᠪᠠ ᠪᠢᠳᠡᠨ ᠳᠤ ᠬᠠᠨᠢ ᠪᠣᠯᠤᠨ᠎ᠠ᠂ ᠴᠢ ᠪᠢᠳᠡ ᠨᠢᠭᠡ ᠨᠠᠰᠤᠨ ᠳᠠᠭᠠᠨ ᠦᠨᠳᠦᠰᠦᠨ ᠬᠠᠤᠯᠢ ᠲᠠᠢ ᠨᠢᠭᠲᠠ ᠬᠤᠯᠪᠣᠭ᠎ᠠ ᠲᠠᠢ᠂ ᠪᠢᠳᠡ ᠬᠠᠮᠲᠤ ᠪᠠᠷ ᠦᠨᠳᠦᠰᠦᠨ ᠬᠠᠤᠯᠢ ᠶᠢ ᠣᠢᠯᠠᠭ ᠠᠭᠤᠯᠵᠤ᠂ ᠬᠠᠤᠯᠢ ᠶᠢ ᠮᠡᠳᠡᠬᠦ ᠠᠷᠠᠳ ᠢᠷᠭᠡᠨ ᠪᠣᠯᠬᠤ ᠬᠡᠷᠡᠭᠲᠡᠢ᠃  
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠼᠠᠢ ᠱᠧᠨ ᠮᠢᠶᠣᠣ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1