【 ᠦᠵᠡᠯ ᠰᠠᠨᠠᠭ᠎ᠠ ᠶᠢ ᠰᠤᠷᠤᠯᠴᠠᠵᠤ ᠨᠠᠮᠴᠢ ᠴᠢᠨᠠᠷ ᠢ ᠴᠢᠩᠭᠠᠳᠬᠠᠨ ᠦᠢᠯᠡᠳᠦᠯᠭᠡ ᠶᠢ ᠴᠢᠬᠤᠯᠠᠴᠢᠯᠠᠵᠤ ᠰᠢᠨ᠎ᠡ ᠭᠠᠪᠢᠶ᠎ᠠ ᠪᠠᠶᠢᠭᠤᠯᠬᠤ 】 ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠄ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ︽ᠦᠷᠭᠦᠯᠵᠢᠯᠡᠭᠰᠡᠨ ᠠᠷᠭ᠎ᠠ︾ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠪᠣᠳᠠᠲᠤ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2023/12/13
     ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠤᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠡᠮ ᠡᠮᠨᠡᠯᠭᠡ ᠶᠢᠨ ᠳᠠᠭᠠᠳᠬᠠᠯ ᠤᠨ ᠬᠦᠷᠢᠶᠡᠨ ᠳᠠᠬᠢ ︽ᠪᠠᠴᠢᠮ ᠪᠡᠷᠬᠡ ᠵᠣᠪᠠᠨᠢᠯ︾ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠥᠬᠡᠶ︾ ᠠᠵᠢᠯ ᠤᠨ ᠠᠷᠭ᠎ᠠ ᠶᠢ ᠬᠡᠷᠡᠭᠵᠢᠭᠦᠯᠵᠦ᠂ ᠬᠠᠮᠢᠶᠠᠷᠤᠯᠲᠠ ᠵᠢᠷᠤᠮᠵᠢᠯ ᠲᠠᠢ᠂ ᠪᠠᠷᠢᠮᠵᠢᠶ᠎ᠠ ᠨᠢᠭᠡᠳᠦᠯᠲᠡᠶ᠂ ᠠᠷᠠᠳ ᠲᠤ ᠲᠥᠬᠦᠮ ᠦᠵᠡᠭᠦᠯᠵᠦ ᠥᠨᠳᠥᠷ ᠪᠦᠲᠦᠮᠵᠢᠲᠡᠶ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠬᠠᠶᠢᠨ ᠰᠦᠪᠡᠭᠴᠢᠯᠡᠪᠡ᠃      ᠬᠠᠯᠠᠭᠤᠮᠰᠤᠭ ᠢᠶᠠᠷ ᠦᠢᠯᠡᠴᠢᠯᠡᠬᠦ ︽ᠵᠠᠢ ᠦᠭᠡᠢ︾ ᠪᠠᠶᠢᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ      ︽15 ᠮᠢᠨᠦ᠋ᠲ ᠤᠨ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠦᠷᠢᠶ᠎ᠡ︾ ᠶᠢ ᠪᠠᠶᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠵᠦᠢᠯᠡᠰ ᠢ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾ ᠶᠢ ᠪᠡᠶᠡᠯᠡᠭᠦᠯᠦᠨ᠎ᠡ᠃ ᠣᠲᠣ ᠪᠣᠯᠲᠠᠯ᠎ᠠ᠂ ᠨᠢᠭᠡᠨᠲᠡ 14 ᠪᠠᠯᠭᠠᠰᠤ ︵ᠵᠡᠭᠡᠯᠢ ᠭᠤᠳᠤᠮᠵᠢ︶ ᠶᠢᠨ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ᠂ 80 ᠲᠣᠰᠬᠤᠨ ︵ᠨᠡᠶᠢᠭᠡᠮ ᠲᠣᠭᠤᠷᠢᠭ︶ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠢ ᠪᠠᠶᠢᠭᠤᠯᠪᠠ᠃ ︽ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ︾᠂ ︽ᠨᠠᠮ ᠤᠨ ᠭᠡᠰᠢᠭᠦᠨ ᠤ ᠦᠢᠯᠡᠴᠢᠯᠡᠭᠡᠨ ᠤ ᠠᠵᠢᠯ ᠤᠨ ᠪᠠᠶᠢᠷᠢ︾ ᠭᠠᠷᠭᠠᠵᠤ᠂ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡ ᠪᠣᠯᠤᠨ ᠲᠤᠬᠠᠶᠢᠯᠠᠭᠰᠠᠨ ᠠᠵᠢᠯ ᠢ ᠣᠷᠭᠠᠨᠢᠭ ᠢᠶᠠᠷ ᠠᠭᠤᠰᠤᠯᠴᠠᠭᠤᠯᠪᠠ᠃ ᠣᠨᠴᠠᠭᠠᠢ ᠬᠦᠴᠢᠷᠳᠡᠯᠲᠡᠢ ᠬᠦᠮᠦᠰ ᠤᠨ ︽ᠨᠢᠭᠡ ᠦᠷᠲᠡᠭᠡ᠂ ᠨᠢᠭᠡ ᠬᠡᠯᠬᠢᠶ᠎ᠡ︾ ᠶᠢᠨ ᠡᠮᠴᠢᠯᠡᠵᠦ ᠠᠪᠤᠷᠠᠨ ᠲᠤᠰᠠᠯᠠᠬᠤ ᠦᠢᠯᠡᠴᠢᠯᠡᠭᠡ ᠶᠢ ᠡᠩ ᠲᠡᠷᠢᠭᠦᠨ ᠳᠤ ᠬᠡᠷᠡᠭᠵᠢᠭᠦᠯᠵᠦ᠂ ᠣᠨᠴᠤᠭᠤᠢ ᠬᠦᠮᠦᠰ ᠤᠨ ᠡᠪᠡᠳᠴᠢᠨ ᠦᠵᠡᠭᠦᠯᠵᠦ ᠡᠮᠨᠡᠭᠦᠯᠬᠦ ᠳᠠᠷᠤᠭᠠᠰᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠦᠩᠭᠡᠷᠡᠭᠦᠯᠦᠨ᠎ᠡ᠃      ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠳᠤ ︽ᠥᠴᠦᠬᠡᠨ ᠴᠦ ᠲᠦᠯᠬᠢᠯᠴᠡᠬᠦ ᠦᠭᠡᠢ︾᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠦᠢᠯᠡᠴᠢᠯᠡᠭᠡ ᠨᠠᠩ ᠬᠠᠯᠠᠭᠤᠨ ᠪᠣᠯᠪᠠ᠃      ᠪᠥᠬᠦ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠴᠣᠩᠬᠤ ᠪᠠ ᠠᠵᠢᠯᠯᠠᠬᠤ ᠲᠠᠯᠠᠪᠤᠷ ᠲᠤ ︽ᠤᠷᠢᠳᠠᠪᠠᠷ ᠠᠰᠠᠭᠤᠬᠤ ᠬᠠᠷᠢᠭᠤᠴᠠᠯᠭ᠎ᠠ ᠶᠢᠨ ᠲᠦᠷᠢᠮ︾ ᠢ ᠨᠠᠶᠢᠳᠠᠪᠤᠷᠢᠵᠢᠭᠤᠯᠵᠤ᠂ ᠴᠠᠭ ᠲᠤᠬᠠᠶ ᠳᠤᠨᠢ ᠭᠦᠶ᠋ᠴᠡᠳᠬᠡᠵᠦ ᠳᠡᠶᠢᠯᠬᠦ ᠶᠢ ᠨᠢ ᠳᠠᠷᠦ᠋ᠢᠬᠠᠨ ᠭᠦᠶ᠋ᠴᠡᠳᠬᠡᠵᠦ ᠳᠠᠭᠤᠰᠬᠠᠬᠤ ᠳᠤ ᠴᠢᠭᠯᠡᠭᠦᠯᠦᠨ᠂ ᠴᠠᠭ ᠲᠤᠬᠠᠶ ᠳᠤᠨᠢ ᠭᠦᠶ᠋ᠴᠡᠳᠬᠡᠬᠦ ᠶᠢᠨ ᠠᠷᠭ᠎ᠠ ᠥᠬᠡᠶ ᠶᠢ ᠨᠢ ᠨᠢᠭᠡ ᠯᠡ ᠤᠳᠠᠭ᠎ᠠ ᠳᠤ ᠲᠣᠳᠣᠷᠬᠠᠶ ᠣᠶᠢᠯᠠᠭᠠᠵᠤ᠂ ᠨᠢᠭᠡ ᠯᠡ ᠤᠳᠠᠭ᠎ᠠ ᠳᠤ ᠬᠠᠷᠢᠭᠤᠯᠲᠠ ᠥᠭᠴᠦ ᠲᠣᠳᠣᠷᠬᠠᠶ ᠬᠠᠷᠢᠭᠤᠯᠤᠨ᠎ᠠ᠃ ︽ᠠᠯᠠᠭᠠᠨ ᠳᠡᠭᠡᠷ᠎ᠡ ᠪᠠᠨ ᠭᠦᠢᠴᠡᠳᠬᠡᠬᠦ︾᠂ ︽ᠰᠦᠯᠵᠢᠶᠡᠨ ᠳᠡᠭᠡᠷ᠎ᠡ ᠭᠦᠢᠴᠡᠳᠬᠡᠬᠦ︾᠂ ︽ᠺᠣᠳ᠋ ᠳᠡᠭᠡᠷ᠎ᠡ ᠭᠦᠢᠴᠡᠳᠬᠡᠬᠦ︾ ᠶᠢ ᠶᠡᠬᠡᠪᠡᠷ ᠬᠡᠷᠡᠭᠵᠢᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠢᠨᠲ᠋ᠧᠷ ᠰᠦᠯᠵᠢᠶ᠎ᠡ ᠶᠢ ᠠᠰᠢᠭᠯᠠᠨ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠨᠢ ᠳᠡᠭᠡᠭᠰᠢᠯᠡᠭᠦᠯᠦᠨ᠎ᠡ᠃ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠬᠤ ᠳᠠᠩᠰᠠᠯᠠᠯ ᠢ ᠠᠵᠤ ᠠᠬᠤᠶᠢᠯᠠᠯ ᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠲᠠᠢ ᠠᠭᠤᠰᠬᠠᠨ ᠣᠷᠣᠭᠤᠯᠵᠤ ᠂ ᠲᠣᠮᠣ ᠬᠡᠯᠪᠡᠷᠢ ᠶᠢᠨ ᠠᠵᠤ ᠠᠬᠤᠶᠢᠯᠠᠯ ᠳᠤ ᠬᠡᠷ ᠲᠤᠨᠢ ᠬᠦᠷᠴᠦ ᠦᠢᠯᠡᠴᠢᠯᠡᠬᠦ ᠬᠡᠷᠡᠭᠲᠡᠢ᠃      ᠲᠤᠬᠠᠶᠢᠯᠠᠭᠰᠠᠨ ᠠᠵᠢᠯ ᠢ ᠭᠠᠷᠲᠠᠨ ᠭᠦᠢᠴᠡᠳᠬᠡᠬᠦ ︽ᠠᠯᠳᠠᠭ᠎ᠠ ᠪᠤᠷᠤᠭᠤ ᠥᠬᠡᠶ︾ ᠪᠠᠶᠢᠵᠤ᠂ ᠥᠨᠳᠥᠷ ᠪᠠᠷᠢᠮᠵᠢᠶᠠᠲᠤ ᠦᠶ᠋ᠯᠡᠴᠢᠯᠡᠭᠡᠨ ᠤ ᠵᠠᠭᠪᠤᠷ ᠢ ᠪᠣᠶ ᠪᠣᠯᠭᠠᠨ᠎ᠠ      ᠾᠧ ᠳ᠋ᠦᠩ ᠪᠠᠯᠭᠠᠰᠤᠨ ᠤ ︽ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠦᠨᠳᠦᠰᠦᠨ ᠱᠠᠲᠤᠨ ᠤ ᠦᠶ᠋ᠯᠡᠴᠢᠯᠡᠭᠡᠨ ᠤ ᠵᠢᠱᠢᠶ᠎ᠡ ᠦᠵᠡᠭᠦᠯᠬᠦ ᠴᠡᠭ︾ ᠢᠶᠠᠷ ᠬᠥᠲᠥᠯᠦᠨ ᠳᠠᠭᠠᠭᠤᠯᠵᠤ᠂ ᠭᠠᠷᠠᠭ ᠪᠦᠷᠢ ᠲᠥᠪᠯᠡᠷᠡᠭᠦᠯᠦᠨ ᠰᠤᠷᠤᠯᠴᠠᠬᠤ᠂ ᠲᠤᠬᠠᠶ ᠶᠢᠨ ᠲᠠᠯᠠᠪᠤᠷ ᠲᠤ ︽ᠮᠠᠰᠢᠨ ᠢᠶᠠᠷ ᠰᠤᠷᠤᠯᠴᠠᠬᠤ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠥᠮ ᠲᠤᠬᠠᠶᠢᠯᠠᠭᠰᠠᠨ ᠠᠵᠢᠯ ᠤᠨ ᠭᠠᠷᠲᠠᠨ ᠭᠦᠶ᠋ᠴᠡᠳᠬᠡᠬᠦ ᠶᠠᠪᠤᠴᠠ ᠶᠢ ᠪᠣᠯᠪᠠᠰᠤᠷᠠᠩᠭᠤᠶ ᠡᠵᠡᠮᠰᠢᠵᠦ᠂ ᠲᠤᠬᠠᠶᠢᠯᠠᠭᠰᠠᠨ ᠠᠵᠢᠯ ᠤᠨ ᠭᠦᠶ᠋ᠴᠡᠳᠬᠡᠬᠦ ︽ᠠᠯᠳᠠᠭ᠎ᠠ ᠪᠤᠷᠤᠭᠤ ᠥᠬᠡᠶ︾ ᠪᠠᠶᠢᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠳᠤ ᠴᠢᠨᠠᠷ ᠰᠠᠶᠢᠲᠠᠶ ᠦᠶ᠋ᠯᠡᠴᠢᠯᠡᠭᠡ ᠬᠠᠩᠭᠠᠨ᠎ᠠ᠃      ᠦᠢᠯᠡᠴᠢᠯᠡᠬᠦ ᠡᠲᠡᠭᠡᠳ ᠤᠨ ︽ᠥᠴᠦᠬᠡᠨ ᠴᠦ ᠵᠠᠭᠠᠯᠳᠤᠯᠭ᠎ᠠ ᠦᠭᠡᠢ︾ ᠪᠠᠶᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠳᠠᠬᠢᠨ ᠰᠢᠯᠢᠳᠡᠭᠵᠢᠭᠦᠯᠪᠡ      ᠲᠤᠰᠬᠠᠶ ᠬᠥᠮᠦᠨ ᠢᠶᠠᠷ ᠲᠤᠰᠬᠠᠶ ᠰᠢᠢᠳᠪᠦᠷᠢᠯᠡᠵᠦ᠂ ᠡᠯ᠎ᠡ ᠲᠦᠷᠦᠯ ᠤᠨ ᠭᠤᠮᠣᠳᠠᠯ ᠱᠠᠭᠠᠷᠳᠠᠯᠭ᠎ᠠ ᠶᠢ ᠴᠠᠭ ᠲᠤᠬᠠᠶ ᠳᠤᠨᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢᠨ ᠬᠠᠮᠲᠤ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠰᠠᠶᠢᠲᠤᠷ ᠬᠢᠵᠦ᠂ ᠠᠰᠠᠭᠤᠳᠠᠯ ᠪᠠ ᠵᠥᠷᠢᠴᠡᠯ ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠬᠡᠷᠡᠭᠲᠡᠶ᠃ 4 ᠬᠠᠯᠠᠭᠤᠨ ᠤᠲᠠᠰᠤ ᠶᠢ ᠨᠡᠪᠲᠡᠷᠡᠭᠦᠯᠬᠦ ᠶᠢᠨ ᠬᠠᠮᠲᠤ ᠭᠠᠷᠲᠠᠨ ᠭᠦᠶ᠋ᠴᠡᠳᠬᠡᠬᠦ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠤᠲᠠᠰᠤ ᠶᠢ ᠸᠢᠴᠠᠲ ᠤᠨ ᠨᠡᠶᠢᠲᠡ ᠶᠢᠨ ᠳ᠋ᠤᠭᠠᠷ ᠲᠤ ᠨᠡᠶᠢᠲᠡᠯᠡᠵᠦ᠂ ᠣᠯᠠᠨ ᠲᠦᠮᠡᠨ ᠤ ᠴᠠᠭ ᠲᠤᠬᠠᠶ ᠳᠤᠨᠢ ᠬᠠᠷᠢᠯᠴᠠᠵᠤ ᠠᠰᠠᠭᠤᠳᠠᠯ ᠢ ᠰᠢᠶ᠋ᠳᠪᠦᠷᠢᠯᠡᠬᠦ ᠳᠤ ᠲᠥᠬᠦᠮ ᠦᠵᠡᠭᠦᠯᠪᠡ᠃ ︽ᠴᠠᠭ ᠢ ᠤᠷᠲᠤᠳᠬᠠᠨ ᠪᠣᠯᠵᠣᠬᠤ︾ ᠠᠵᠢᠯ ᠤᠨ ᠲᠦᠷᠢᠮ ᠢ ᠨᠡᠶᠢᠲᠡᠯᠡᠵᠦ᠂ ᠦᠢᠯᠡᠴᠢᠯᠡᠭᠡᠨ ᠤ ︽ᠴᠠᠭ ᠤᠨ ᠵᠥᠷᠢᠶ᠎ᠡ︾ ᠶᠢ ᠳᠠᠪᠠᠪᠠ︔ ︽ᠠᠮᠠᠯᠠᠯᠲᠠ ᠶᠢ ᠭᠦᠢᠴᠡᠳᠬᠡᠬᠦ ᠳᠤ ᠪᠠᠴᠢᠮ ᠦᠢᠯᠡᠴᠢᠯᠡᠭᠡ ᠶᠢ ᠤᠷᠢᠳ ᠢᠶᠠᠷ ᠪᠣᠳᠣᠯᠬᠢᠯᠠᠬᠤ︾ ᠦᠢᠯᠡᠴᠢᠯᠡᠭᠡ ᠶᠢ ᠨᠡᠶᠢᠲᠡᠯᠡᠵᠦ᠂ ᠳᠠᠭᠠᠳᠬᠠᠯ ᠳᠤ ᠣᠷᠣᠯᠴᠠᠭᠰᠠᠨ ᠤᠯᠠᠨ ᠲᠦᠮᠡᠨ ᠤ ᠣᠨᠴᠠᠭᠠᠢ ᠬᠡᠷᠡᠭᠴᠡᠭᠡ ᠶᠢ ᠪᠠᠲᠤᠯᠠᠪᠠ᠃      ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ︽ᠦᠨᠴᠦᠭ ᠪᠤᠯᠤᠩ ᠦᠭᠡᠢ︾ ᠪᠠᠶᠢᠵᠤ᠂ ᠡᠭᠡᠯ ᠠᠷᠠᠳ ᠤᠨ ᠠᠰᠢᠭ ᠲᠤᠰᠠ ᠶᠢ ᠬᠦᠷᠲᠡᠪᠡ      ᠸᠢᠴᠠᠲ ᠤᠨ ᠨᠡᠶᠢᠲᠡ ᠶᠢᠨ ᠳ᠋ᠤᠭᠠᠷ ᠲᠤ ᠮᠡᠳᠡᠭᠡ ᠵᠠᠩᠭᠢ ᠬᠦᠷᠭᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠤᠬᠠᠭᠤᠯᠭ᠎ᠠ ᠶᠢᠨ ᠵᠠᠷᠯᠠᠯ ᠨᠠᠭᠠᠬᠤ᠂ ᠡᠯᠧᠺᠳ᠋ᠷᠣᠨ ᠳᠡᠯᠭᠡᠴᠡ ᠶᠢ ᠡᠷᠭᠢᠯᠳᠦᠭᠦᠯᠦᠨ ᠨᠡᠪᠲᠡᠷᠡᠭᠦᠯᠬᠦ᠂ ᠡᠯᠭᠦᠭᠡ ᠬᠠᠭᠤᠳᠠᠰᠤ ᠲᠠᠷᠬᠠᠭᠠᠬᠤ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠦᠵᠡᠯ ᠤᠬᠠᠮᠰᠠᠷ ᠪᠠ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠨᠡᠮᠡᠭᠳᠡᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1