ᠳ᠋ᠦᠩ ᠾᠧ ᠲᠣᠭᠤᠷᠢᠭ᠄ ᠰᠠᠭᠤᠷᠢ ᠲᠥᠬᠦᠭᠡᠷᠦᠮᠵᠢ ᠶᠢᠨ ᠡᠨᠧᠷᠭᠢ ᠣᠯᠭᠤᠬᠤ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ
ᠨᠡᠶᠢᠲᠡᠯᠡᠭᠰᠡᠨ ᠴᠠᠭ᠄
2023/12/13
    ᠡᠪᠦᠯ ᠤᠨ ᠡᠬᠢᠨ ᠳᠤ᠂ ᠪᠤᠭᠤᠲᠤ ᠶᠢᠨ ᠬᠥᠩᠭᠡᠨᠴᠠᠭᠠᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠣᠷᠣᠬᠤ ᠳᠤ᠂ ᠬᠥᠬᠡ ᠣᠭᠲᠠᠷᠭᠤᠶ ᠴᠠᠭᠠᠨ ᠡᠭᠦᠯᠡᠨ ᠤ ᠳᠣᠤᠷ᠎ᠠ᠂ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠢ ᠰᠢᠨ᠎ᠡ ᠪᠠᠷ ᠪᠠᠶᠢᠭᠤᠯᠬᠤ ᠲᠥᠯᠥᠪᠵᠢᠭᠦᠯᠭᠡ ᠨᠢ ᠡᠮᠬᠢ ᠵᠢᠷᠤᠮ ᠲᠠᠢ᠂ ᠴᠠᠷᠳᠠᠮᠠᠯ ᠵᠠᠮ ᠲᠠᠢ ᠵᠠᠰᠠᠮᠠᠯ ᠵᠠᠮ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠵᠦ᠂ ᠡᠨᠧᠷᠭᠢ ᠠᠷᠪᠢᠯᠠᠬᠤ ᠵᠠᠮ ᠤᠨ ᠳ᠋ᠧᠩ ᠨᠢᠭᠡ ᠴᠦ ᠲᠡᠷᠢ ᠲᠡᠭᠰᠢ ᠪᠠᠶᠢᠵᠤ᠂ ᠨᠣᠭᠤᠭᠠᠷᠠᠭᠤᠯᠤᠯᠲᠠ ᠶᠢᠨ ᠣᠷᠣᠨ ᠪᠦᠰᠡ ᠳᠤ ᠥᠩᠭᠡ ᠪᠤᠳᠤᠭ ᠨᠡᠮᠡᠷᠢᠯᠡᠵᠦ᠂ ᠁ ᠭᠠᠵᠠᠷ ᠪᠣᠯᠭᠠᠨ ᠳᠤ ᠣᠳᠣᠬᠢᠴᠢᠯᠠᠭᠰᠠᠨ ᠬᠦᠷᠢᠶᠡᠯᠡᠩ ᠲᠣᠭᠤᠷᠢᠭ ᠤᠨ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢ ᠢᠯᠡᠷᠡᠭᠦᠯᠵᠦ ᠪᠠᠶᠢᠨ᠎ᠠ᠃  
     ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠤᠸᠠ ᠶᠦᠨ ᠬᠤᠶᠠᠳᠤᠭᠠᠷ ᠬᠤᠭᠤᠴᠠᠭᠠᠨ ᠤ 6MW ᠭᠡᠷᠡᠯ ᠸᠣᠯᠲ ᠤᠨ ᠴᠠᠬᠢᠯᠭᠠᠨ ᠭᠠᠷᠭᠠᠬᠤ ᠲᠥᠷᠥᠯ ᠵᠦᠢᠯ᠃      ᠣᠶᠢᠷ᠎ᠠ ᠶᠢᠨ ᠵᠢᠯ ᠠᠴᠠ᠂ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠨᠢ ︽ᠬᠦᠴᠦᠨ ᠵᠦᠢᠯ ᠨᠢ ᠲᠥᠷᠥᠯ ᠵᠦᠢᠯ ᠢᠶᠠᠨ ᠳᠠᠭᠠᠬᠤ︾ ᠬᠠᠷᠠᠯᠲᠠ ᠶᠢ ᠪᠠᠷᠢᠮᠲᠠᠯᠠᠵᠤ᠂ ᠰᠠᠭᠤᠷᠢ ᠴᠢᠳᠠᠮᠵᠢ ᠶᠢ ᠢᠵᠢ ᠪᠦᠷᠢᠳᠦᠭᠦᠯᠬᠦ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠬᠦᠷᠢᠶᠡᠯᠡᠩ ᠲᠣᠭᠤᠷᠢᠭ ᠤᠨ ᠵᠠᠮ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠰᠢᠲᠠᠮᠠᠬᠠᠶ ᠬᠡᠶ᠂ ᠪᠣᠬᠢᠷ ᠤᠰᠤ ᠶᠢ ᠰᠢᠢᠳᠪᠦᠷᠢᠯᠡᠬᠦ᠂ ᠬᠠᠲᠠᠭᠤ ᠪᠡᠶᠡᠲᠦ ᠬᠠᠶᠠᠭᠳᠠᠮᠠᠯ ᠰᠢᠭᠠᠷᠤ ᠶᠢᠨ ᠲᠠᠯᠠᠪᠠᠶ ᠵᠡᠷᠭᠡ ᠲᠥᠷᠥᠯ ᠵᠦᠢᠯ ᠢ ᠲᠠᠰ ᠳᠡᠪᠰᠢᠭᠦᠯᠦᠨ ᠥᠭᠡᠷᠡᠴᠢᠯᠡᠵᠦ᠂ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠ ᠠᠵᠤ ᠠᠬᠤᠶᠢᠯᠠᠯ ᠤᠨ ᠲᠥᠷᠥᠯ ᠵᠦᠢᠯ ᠤᠨ ᠣᠷᠣᠵᠤ ᠰᠠᠭᠤᠬᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢ ᠬᠦᠴᠦᠯᠡᠨ ᠬᠡᠷᠡᠭᠵᠢᠭᠦᠯᠵᠦ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠦᠨ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠲᠠᠰᠤᠷᠠᠯᠲᠠ ᠥᠬᠡᠶ ᠬᠦᠴᠦᠨ ᠴᠢᠳᠠᠯ ᠣᠯᠭᠤᠵᠤ ᠪᠠᠶᠢᠨ᠎ᠠ᠃      ᠥᠪᠥᠷ ᠮᠣᠩᠭᠤᠯ ᠤᠨ ᠶᠢᠨ ᠱᠧᠩ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠢᠯ ᠳᠤ 4.5 ᠵᠢᠢ ᠴᠠᠭ ᠰᠢᠨ᠎ᠡ ᠡᠨᠧᠷᠭᠢ ᠶᠢᠨ ᠬᠥᠳᠡᠯᠭᠡᠬᠦ ᠬᠦᠴᠦᠨ ᠤ ᠳ᠋ᠢᠶᠠᠨ ᡂᠢ ᠶᠢᠨ ᠲᠦᠷᠦᠯ ᠵᠦᠢᠯ ᠪᠣᠯ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠰᠢᠨ᠎ᠡ ᠡᠨᠧᠷᠭᠢ ᠶᠢᠨ ᠠᠵᠤ ᠦᠢᠯᠡᠰ ᠤᠨ ᠲᠦᠷᠦᠯ ᠵᠦᠢᠯ ᠪᠣᠯᠤᠨ᠎ᠠ᠂ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠣᠷᠣᠬᠤ ᠳᠤ᠂ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠨᠢ ᠨᠢᠳᠤᠨ ᠪᠦᠲᠡᠭᠡᠯᠲᠡ ᠳᠤ ᠣᠷᠣᠵᠤ᠂ ᠦᠢᠯᠡᠳᠪᠦᠷᠢ ᠶᠢᠨ ᠭᠡᠷ ᠪᠠᠶᠢᠰᠢᠩ ᠳᠤ ᠠᠵᠢᠯᠴᠢᠳ ᠶᠠᠭᠠᠷᠠᠯᠲᠠᠢ ᠲᠤᠨᠤᠭ ᠲᠥᠬᠦᠭᠡᠷᠦᠮᠵᠢ ᠶᠢ ᠤᠭᠰᠠᠷᠠᠵᠤ ᠪᠤᠢ᠃ ᠲᠥᠷᠥᠯ ᠵᠦᠢᠯ ᠤᠨ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠄ ︽ᠮᠠᠨ ᠤ ᠺᠣᠮᠫᠠᠨᠢ ᠶᠢᠨ ᠬᠥᠭᠵᠢᠯᠲᠡ ᠨᠢ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠵᠢᠴᠢ ᠬᠦᠷᠢᠶᠡᠯᠡᠩ ᠲᠣᠭᠤᠷᠢᠭ ᠤᠨ ᠪᠦᠷᠢᠨ ᠲᠥᠬᠦᠷ ᠢᠵᠢ ᠪᠦᠷᠢᠳᠦᠭᠦᠯᠬᠦ ᠲᠥᠬᠦᠭᠡᠷᠦᠮᠵᠢ ᠠᠴᠠ ᠪᠣᠯᠤᠭᠰᠠᠨ ᠶᠤᠮ᠂ ᠠᠵᠤ ᠠᠬᠤᠶᠢᠯᠠᠯ ᠤᠨ ᠭᠠᠵᠠᠷ ᠬᠤᠳᠠᠯᠳᠤᠨ ᠠᠪᠴᠤ ᠦᠢᠯᠡᠳᠪᠦᠷᠢ ᠪᠠᠶᠢᠭᠤᠯᠬᠤ ᠪᠡᠯᠡ ᠮᠥᠩᠭᠦ ᠶᠢ ᠠᠷᠪᠢᠯᠠᠵᠤ᠂ ᠵᠢᠷᠤᠵᠤ ᠲᠥᠯᠥᠪᠯᠡᠬᠦ᠂ ᠪᠦᠲᠦᠭᠡᠨ ᠪᠠᠶᠢᠭᠤᠯᠬᠤ᠂ ᠵᠠᠰᠠᠵᠤ ᠴᠢᠮᠡᠭᠯᠡᠬᠦ ᠦᠢᠯᠡᠳᠪᠦᠷᠢ ᠶᠢᠨ ᠭᠡᠷ ᠪᠠᠶᠢᠰᠢᠩ ᠤᠨ ᠴᠠᠭ ᠢ ᠠᠷᠪᠢᠯᠠᠭᠰᠠᠨ ᠢᠶᠠᠷ ᠪᠠᠷᠠᠬᠤ ᠦᠭᠡᠢ᠂ ᠪᠠᠰᠠ ᠠᠵᠤ ᠠᠬᠤᠶᠢᠯᠠᠯ ᠤᠨ ᠣᠷᠣᠭᠤᠯᠤᠯᠲᠠ ᠭᠠᠷᠭᠠᠯᠲᠠ ᠶᠢᠨ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠵᠤ᠂ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠭᠰᠠᠨ ᠪᠠᠶᠢᠨ᠎ᠠ︾ ᠭᠡᠵᠡᠶ᠃    ︽ᠡᠨᠡ ᠵᠢᠯ᠂ ᠬᠦᠷᠢᠶᠡᠯᠡᠩ ᠲᠣᠭᠤᠷᠢᠭ ᠨᠢ 230 ᠮᠥ ᠭᠠᠵᠠᠷ ᠡᠵᠡᠯᠡᠬᠦ ᠨᠢᠭᠡᠳᠦᠭᠡᠷ ᠬᠤᠭᠤᠴᠠᠭᠠᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ 5 ᠰᠠᠭᠤᠷᠢ᠂ ᠠᠯᠪᠠᠨ ᠠᠰᠠᠷ 1 ᠵᠢᠴᠢ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠲᠠᠯᠠᠪᠠᠶ ᠨᠢ 1.8 ᠲᠦᠮᠡᠨ ᠲᠡᠭᠰᠢ ᠳᠥᠷᠪᠡᠯᠵᠢᠨ ᠮᠧᠳ᠋ᠷ ᠤᠨ ᠦᠢᠯᠡᠳᠪᠦᠷᠢ ᠶᠢᠨ ᠬᠡᠷ ᠪᠠᠶᠢᠰᠢᠩ ᠢ ᠪᠡᠶᠡᠯᠡᠭᠦᠯᠵᠦ᠂ ᠳᠤᠮᠳᠠ ᠵᠡᠷᠭᠡ ᠶᠢᠨ ᠣᠯᠠᠨ ᠠᠵᠤ ᠠᠬᠤᠶᠢᠯᠠᠯ ᠢ ᠪᠠᠭᠲᠠᠭᠠᠵᠤ ᠦᠢᠯᠡᠳᠪᠦᠷᠢᠯᠡᠯ ᠡᠵᠡᠩᠨᠡᠯᠲᠡ ᠬᠢᠵᠦ ᠪᠣᠯᠤᠨ᠎ᠠ︾ ᠭᠡᠵᠡᠶ᠃ ᠪᠤᠭᠠᠲ ᠤᠨ ᠬᠥᠩᠭᠡᠨ ᠴᠠᠭᠠᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠡᠯᠲᠡᠰ ᠤᠨ ᠳᠡᠳ᠋ ᠳᠠᠷᠤᠭ᠎ᠠ ᠸᠠᠩ ᠹᠦ᠋ ᠵᠦᠩ ᠲᠠᠨᠢᠯᠴᠢᠭᠤᠯᠪᠠ᠃      ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠨᠢ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠤᠨ ᠴᠢᠳᠠᠪᠤᠷᠢ ᠶᠢ ᠳᠡᠭᠡᠭᠰᠢᠯᠡᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠦᠳᠲᠡᠷ ᠲᠦᠷᠭᠡᠨ ᠬᠥᠭᠵᠢᠨ ᠪᠤᠵᠠᠭᠠᠶᠢᠷᠠᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠴᠡᠶ᠃ ᠡᠭᠦᠨ ᠠᠴᠠ ᠭᠠᠳᠠᠨ᠎ᠠ᠂ ᠬᠦᠷᠢᠶᠡᠯᠡᠩ ᠲᠣᠭᠤᠷᠢᠭ ᠵᠠᠮ ᠤᠨ ᠲᠣᠤᠷ ᠤᠨ ᠪᠠᠶᠢᠷᠢᠯᠠᠭᠤᠯᠤᠯᠲᠠ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠵᠤᠷᠪᠤᠰ ᠵᠤᠷᠪᠤᠰ ᠵᠠᠮ ᠱᠤᠭᠤᠮ ᠢ ᠠᠵᠤ ᠠᠬᠤᠶᠢᠯᠠᠯ ᠤᠨ ︽ᠬᠡᠷ ᠤᠨ ᠡᠭᠦᠳᠡ︾ ᠳᠤ ᠨᠡᠪᠲᠡᠷᠡᠭᠦᠯᠵᠦ᠂ ᠠᠵᠤ ᠠᠬᠤᠶᠢᠯᠠᠯ ᠳᠤ ᠦᠨᠡᠨ ᠪᠣᠳᠠᠲᠠᠶ ᠲᠥᠬᠦᠮ ᠦᠵᠡᠭᠦᠯᠪᠡ᠃      ᠢᠦᠢ ᠳ᠋ᠧ ᠬᠦᠩᠭᠡᠨᠴᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠠᠵᠢᠯᠲᠠᠨ ᠸᠠᠩ ᠠᠪᠤᠭᠠᠢ ᠲᠡᠰ ᠳᠡᠪᠰᠢᠭᠦᠯᠦᠨ ᠥᠭᠡᠷᠡᠴᠢᠯᠡᠭᠰᠡᠨ ᠤ ᠳᠠᠷᠠᠭᠠᠬᠢ ᠸᠧᠢ ᠰᠧ ᠵᠠᠮ ᠤᠨ ᠮᠠᠭᠲᠠᠭᠠᠯ ᠰᠠᠶᠢᠰᠢᠶᠠᠯ ᠢ ᠣᠯᠵᠤ᠂ ᠡᠳᠦᠷ ᠪᠦᠷᠢ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠨᠢ ᠪᠦᠷ ᠦᠷᠭᠡᠷᠢᠭ ᠲᠦᠷᠪᠡᠨ ᠵᠠᠮ ᠠᠴᠠ ᠥᠩᠭᠡᠷᠡᠵᠦ᠂ ᠵᠠᠮ ᠤᠨ ᠥᠭᠡᠷᠡᠴᠢᠯᠡᠯᠲᠡ ᠳᠠᠭᠤᠰᠤᠭᠰᠠᠨ ᠤ ᠲᠠᠷᠠᠭ᠎ᠠ᠂ ᠠᠵᠤ ᠠᠬᠤᠶᠢᠯᠠᠯ ᠤᠨ ᠲᠡᠭᠡᠭᠡᠪᠦᠷᠢ ᠶᠢᠨ ᠥᠪᠡᠷ ᠤᠨ ᠦᠷᠳᠡᠭ ᠢ ᠪᠠᠭᠠᠰᠬᠠᠤᠭᠰᠠᠨ ᠢᠶᠠᠷ ᠪᠠᠷᠠᠬᠤ ᠦᠭᠡᠢ ᠪᠠᠰᠠ ᠬᠦᠷᠢᠶᠡᠯᠡᠩ ᠲᠣᠭᠤᠷᠢᠭ ᠤᠨ ᠠᠵᠢᠯᠳᠠᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠭᠰᠠᠨ ᠪᠠᠶᠢᠨ᠎ᠠ᠃ ︽ᠥᠩᠭᠡᠷᠡᠭᠰᠡᠨ ᠤ ᠡᠨᠡ ᠬᠦ ᠵᠠᠮ᠂ ᠵᠠᠮ ᠤᠨ ᠳᠣᠣᠷ᠎ᠠ ᠲᠠᠯ᠎ᠠ ᠶᠢᠨ ᠬᠤᠭᠤᠯᠠᠢ ᠡᠪᠳᠡᠭᠳᠡᠵᠦ᠂ ᠵᠠᠮ ᠤᠨ ᠭᠠᠳᠠᠷᠭᠤ ᠴᠥᠮᠥᠷᠡᠬᠦ ᠨᠢ ᠬᠦᠨᠳᠦ ᠨᠣᠴᠢᠲᠠᠢ ᠪᠠᠶᠢᠵᠤ᠂ ᠬᠤᠲᠣᠭᠤᠷ ᠭᠦᠳᠦᠭᠦᠷ ᠬᠤᠲᠣᠭᠤᠷ ᠪᠠᠶᠢᠵᠤ᠂ ᠠᠮᠤᠷ ᠲᠦᠪᠰᠢᠨ ᠤ ᠳᠠᠯᠳᠠ ᠭᠡᠮ ᠶᠡᠭᠡ᠂ ᠲᠡᠷᠭᠡ ᠬᠥᠰᠬᠡ ᠱᠧᠩ ᠲᠠᠢ ᠶᠡᠭᠡ ᠵᠠᠮ ᠢ ᠲᠣᠭᠤᠷᠢᠬᠤ ᠪᠠᠷ ᠥᠩᠭᠡᠷᠡᠬᠦ ᠳᠤ ᠮᠠᠰᠢ ᠳᠥᠭᠦᠮ ᠦᠭᠡᠢ ᠪᠠᠶᠢᠵᠠᠢ᠃ ᠣᠳᠣ ᠵᠠᠮ ᠲᠡᠭᠰᠢ ᠮᠥᠷᠲᠡᠭᠡᠨ ᠠᠭᠤᠵᠢᠭᠤ ᠪᠣᠯᠣᠭᠠᠳ᠂ ᠬᠥᠮᠥᠨ ᠪᠠ ᠲᠡᠷᠭᠡ ᠶᠠᠪᠤᠵᠤ ᠰᠠᠭᠤᠬᠤ ᠳᠤ ᠪᠥᠷ ᠳᠥᠭᠦᠮ ᠪᠣᠯᠵᠠᠢ︾ ᠭᠡᠪᠡ᠃
     ᠣᠶᠢᠯᠠᠭᠠᠭᠰᠠᠨ ᠢᠶᠠᠷ᠂ ᠥᠷᠭᠡᠷᠢᠭ ᠤᠨ ᠳᠥᠷᠪᠡᠳᠦᠭᠡᠷ ᠵᠠᠮ ᠢ ᠲᠠᠰ ᠳᠡᠪᠰᠢᠭᠦᠯᠦᠨ ᠥᠭᠡᠷᠡᠴᠢᠯᠡᠭᠰᠡᠨ ᠤ ᠳᠠᠷᠠᠭ᠎ᠠ ᠪᠥᠬᠦ ᠣᠷᠳᠣ ᠨᠢ 6 ᠺᠢᠯᠣᠮᠧᠳ᠋ᠷ ᠪᠠᠶᠢᠵᠤ᠂ ᠲᠣᠰ ᠵᠠᠮ ᠲᠡᠷᠭᠡ ᠨᠡᠪᠲᠡᠷᠡᠭᠰᠡᠨ ᠤ ᠳᠠᠷᠠᠭ᠎ᠠ᠂ ᠲᠦᠢᠯ ᠤᠨ ᠶᠡᠭᠡ ᠭᠠᠵᠠᠷ ᠣᠷᠣᠨ ᠳᠤ ᠱᠧᠩ ᠲᠠᠢ᠂ ᠢᠦᠶ ᠳ᠋ᠧ᠂ ᠾᠦᠢ ᠵᠥᠩ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠯ ᠤᠨ ᠪᠠᠷᠠᠭᠠᠨ ᠤ ᠭᠦᠢᠯᠭᠡᠭᠡᠨ ᠤ ᠲᠡᠷᠭᠡ ᠬᠥᠰᠬᠡ ᠶᠢᠨ ᠭᠠᠳᠠᠭᠰᠢ ᠭᠠᠷᠬᠤ ᠳᠤ ᠲᠦᠢᠯ ᠤᠨ ᠶᠡᠭᠡ ᠲᠥᠬᠦᠮ ᠦᠵᠡᠭᠦᠯᠦᠭᠰᠡᠨ ᠪᠠᠶᠢᠨ᠎ᠠ᠃ 2023 ᠣᠨ ᠳᠤ᠂ ᠪᠤᠭᠤᠲᠤ ᠶᠢᠨ ᠬᠥᠩᠭᠡᠨᠴᠠᠭᠠᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠵᠢᠷᠭᠤᠳᠤᠭᠠᠷ ᠨᠣᠮᠧᠷᠲᠤ ᠵᠠᠮ ᠢ ᠰᠢᠨ᠎ᠡ ᠪᠠᠷ ᠪᠠᠶᠢᠭᠤᠯᠵᠤ᠂ ᠪᠠᠢ ᠶᠢᠨ ᠵᠠᠮ᠂ ᠸᠧᠢ ᠯᠢ ᠭᠤᠷᠪᠠᠳᠤᠭᠠᠷ ᠵᠠᠮ᠂ ᠸᠧᠢ ᠸᠧᠢ ᠳᠥᠷᠪᠡᠳᠦᠭᠡᠷ ᠵᠠᠮ ᠤᠨ ᠢᠨᠵᠧᠨᠧᠷᠢᠩ ᠢ ᠲᠡᠰ ᠳᠡᠪᠰᠢᠭᠦᠯᠦᠨ ᠥᠭᠡᠷᠡᠴᠢᠯᠡᠵᠦ᠂ ᠤᠯᠠᠨ ᠵᠣᠷᠪᠤᠰ ᠣᠷᠣᠨ ᠵᠠᠢ ᠲᠠᠢ ᠵᠠᠮ ᠢ ᠪᠠᠶᠢᠭᠤᠯᠵᠤ᠂ ᠪᠦᠬᠦ ᠵᠢᠯ ᠳᠤ ᠨᠡᠶᠢᠳᠡ 12 ᠺᠢᠯᠣᠮᠧᠳ᠋ᠷ ᠵᠠᠮ ᠢ ᠵᠠᠰᠠᠵᠤ᠂ ᠬᠥᠬᠡᠬᠤᠲᠠ ᠪᠤᠭᠤᠲᠤ ᠵᠠᠰᠠᠮᠠᠯ ᠵᠠᠮ᠂ ᠡᠮᠦᠨ᠎ᠡ ᠬᠡᠰᠡᠭ ᠬᠤᠳᠠ ᠶᠢ ᠲᠣᠭᠤᠷᠢᠭᠰᠠᠨ ᠵᠠᠰᠠᠮᠠᠯ ᠵᠠᠮ ᠤᠨ ᠲᠣᠭᠤᠷᠢᠭ ᠤᠨ ᠵᠡᠭᠦᠨ ᠪᠠᠷᠠᠭᠤᠨ ᠬᠡᠰᠡᠭ ᠢ ᠬᠥᠨᠳᠡᠯᠡᠨ ᠭᠤᠯᠳᠤ ᠳᠥᠷᠪᠡᠨ ᠬᠥᠨᠳᠡᠯᠡᠨ ᠵᠠᠮ ᠤᠨ ᠪᠣᠷᠣ ᠲᠥᠯᠥᠪ ᠢ ᠪᠦᠷᠢᠯᠳᠦᠭᠦᠯᠵᠦ᠂ ᠠᠵᠤ ᠠᠬᠤᠶᠢᠯᠠᠯ ᠤᠨ ᠵᠠᠮ ᠨᠡᠪᠲᠡᠷᠡᠯᠭᠡ ᠶᠢᠨ ᠬᠡᠷᠡᠭᠴᠡᠭᠡ ᠶᠢ ᠬᠠᠩᠭᠠᠵᠠᠢ᠃ ᠵᠠᠮ ᠤᠨ ᠢᠨᠵᠧᠨᠧᠷᠢᠩ ᠨᠣᠭᠤᠭᠠᠷᠠᠭᠤᠯᠤᠯᠲᠠ ᠶᠢᠨ ᠭᠡᠷᠡᠯᠲᠦᠭᠦᠯᠭᠡ ᠶᠢᠨ ᠲᠥᠷᠥᠯ ᠵᠦᠢᠯ ᠢ ᠵᠡᠷᠭᠡᠪᠡᠷ ᠢᠵᠢ ᠪᠦᠷᠢᠳᠦᠭᠦᠯᠵᠦ᠂ ᠨᠣᠭᠤᠭᠠᠷᠠᠭᠤᠯᠤᠯᠲᠠ ᠶᠢᠨ ᠣᠷᠣᠨ ᠪᠦᠰᠡ ᠶᠢ 2460 ᠲᠡᠭᠰᠢ ᠳᠥᠷᠪᠡᠯᠵᠢᠨ ᠮᠧᠳ᠋ᠷ᠂ ᠰᠠᠯᠬᠢ ᠭᠡᠷᠡᠯ ᠴᠠᠬᠢᠯᠭᠠᠨ ᠢ ᠨᠢᠭᠡ ᠴᠣᠭᠴᠠᠵᠢᠭᠤᠯᠤᠭᠰᠠᠨ ᠵᠠᠮ ᠤᠨ ᠳ᠋ᠧᠩ 36 ᠰᠠᠭᠤᠷᠢ ᠶᠢ ᠰᠢᠨ᠎ᠡ ᠪᠠᠷ ᠨᠡᠮᠡᠭᠳᠡᠭᠦᠯᠵᠦ᠂ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠪᠠ ᠳᠦᠷᠢ ᠲᠥᠷᠬᠦ ᠶᠢ ᠳᠡᠭᠡᠭᠰᠢᠯᠡᠭᠦᠯᠪᠡ᠃      ᠠᠵᠤ ᠠᠬᠤᠶᠢᠯᠠᠯ ᠤᠨ ᠤᠰᠤ ᠴᠠᠬᠢᠯᠭᠠᠨ ᠬᠡᠢ ᠬᠡᠷᠡᠭᠯᠡᠬᠦ ᠶᠢ ᠬᠠᠷᠰᠢᠯᠠᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠷᠢᠶᠡᠯᠡᠩ ᠲᠣᠭᠤᠷᠢᠭ ᠨᠢ ᠵᠣᠬᠢᠴᠠᠭᠤᠯᠤᠨ ᠰᠢᠮᠳᠠᠭᠤᠯᠬᠤ ᠪᠠ ᠦᠢᠯᠡᠴᠢᠯᠡᠵᠦ ᠪᠠᠲᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ︽ᠮᠠᠨ ᠤ ᠴᠠᠬᠢᠯᠭᠠᠨ ᠬᠡᠷᠡᠭᠯᠡᠬᠦ ᠬᠡᠷᠡᠭᠴᠡᠭᠡ ᠮᠠᠰᠢ ᠶᠡᠭᠡ ᠪᠠᠶᠢᠨ᠎ᠠ᠂ ᠲᠠ ᠨᠠᠷ ᠤᠨ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠦᠢᠯᠡᠴᠢᠯᠡᠵᠦ᠂ ᠴᠠᠬᠢᠯᠭᠠᠨ ᠬᠠᠩᠭᠠᠬᠤ ᠰᠠᠯᠠᠭ᠎ᠠ ᠮᠥᠴᠢᠷ ᠲᠠᠢ ᠴᠠᠭ ᠲᠤᠬᠠᠢ ᠳᠤᠨᠢ ᠵᠣᠯᠭᠠᠭᠤᠯᠵᠤ᠂ ᠦᠢᠯᠡᠳᠪᠦᠷᠢ ᠶᠢᠨ ᠲᠠᠰᠤᠭ ᠤᠨ ᠴᠠᠬᠢᠯᠭᠠᠨ ᠬᠠᠩᠭᠠᠬᠤ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠦᠢᠯᠡᠳᠪᠦᠷᠢᠯᠡᠯ ᠢ ᠬᠠᠷᠰᠢᠯᠠᠵᠤ ᠪᠠᠶᠢᠭ᠎ᠠ ᠴᠠᠬᠢᠯᠭᠠᠨ ᠬᠡᠷᠡᠭᠯᠡᠬᠦ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠢᠳᠡ ᠪᠦᠬᠦ ᠬᠦᠴᠦᠨ ᠢᠶᠠᠷ ᠢᠶᠠᠨ ᠦᠢᠯᠡᠳᠪᠦᠷᠢᠯᠡᠯ ᠢᠶᠠᠨ ᠲᠦᠷᠭᠡᠳᠭᠡᠵᠡᠢ︾ ᠭᠡᠵᠦ ᠬᠡᠯᠡᠪᠡ᠃ ᠤᠮᠠᠷᠠᠳᠤ ᠣᠷᠣᠨ ᠤ ᠬᠥᠩᠭᠡᠨ ᠴᠠᠭᠠᠨ ᠤ ᠦᠢᠯᠡᠰ ᠤᠨ ᠬᠠᠷᠢᠭᠤᠴᠠᠯᠭᠠᠲᠠᠨ ᠬᠡᠯᠡᠪᠡ᠃      ᠪᠤᠭᠤᠲᠤ ᠶᠢᠨ ᠬᠥᠩᠭᠡᠨ ᠴᠠᠭᠠᠨ ᠤ ᠦᠶ᠋ᠯᠡᠰ ᠤᠨ ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠶᠠᠮᠤᠨ ᠤ ᠳᠠᠷᠤᠭ᠎ᠠ ᠵᠠᠩ ᠶᠦᠩ ᠭᠧᠨ ᠲᠠᠨᠢᠯᠴᠠᠭᠤᠯᠤᠭᠰᠠᠨ ᠢᠶᠠᠷ᠂ ᠤᠮᠠᠷᠠᠲᠤ ᠣᠷᠣᠨ ᠤ ᠬᠥᠩᠭᠡᠨ ᠴᠠᠭᠠᠨ ᠤ ᠦᠶ᠋ᠯᠡᠰ᠂ ᠪᠢᠴᠢᠯ ᠰᠢᠨᠵᠢᠯᠡᠬᠦ ᠤᠬᠠᠭᠠᠨ ᠤ ᠰᠢᠨ᠎ᠡ ᠮᠠᠲ᠋ᠧᠷᠢᠶᠠᠯ᠂ ᠵᠧᠵᠢᠶᠠᠩ ᠤᠨ ᠠᠵᠤ ᠦᠶ᠋ᠯᠡᠳᠪᠦᠷᠢ ᠶᠢᠨ ᠠᠵᠤ ᠠᠬᠤᠶᠢᠯᠠᠯ᠂ ᠬᠤᠩ ᠴᠢ ᠠᠭᠤᠷᠬᠠᠶ ᠵᠡᠷᠭᠡ ᠡᠮᠦᠨᠡᠲᠦ ᠬᠡᠰᠡᠭ ᠤᠨ ᠶᠡᠷᠦᠩᠬᠡᠶᠢᠯᠡᠭᠰᠡᠨ ᠠᠵᠤ ᠦᠶ᠋ᠯᠡᠳᠪᠦᠷᠢ ᠶᠢᠨ ᠬᠦᠷᠢᠶᠡᠯᠡᠩ ᠤᠨ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠬᠦᠴᠢᠷ ᠠᠰᠠᠭᠤᠳᠠᠯ ᠢ ᠰᠢᠶ᠋ᠳᠪᠦᠷᠢᠯᠡᠬᠦ ᠶᠢᠨ ᠲᠥᠯᠥᠭᠡ᠂ ᠬᠦᠷᠢᠶᠡᠯᠡᠩ ᠲᠣᠭᠤᠷᠢᠭ ᠨᠢ ᠴᠠᠬᠢᠯᠭᠠᠨ ᠬᠠᠩᠭᠠᠬᠤ ᠰᠠᠯᠠᠭ᠎ᠠ ᠮᠥᠴᠢᠷ ᠢ ᠴᠠᠭ ᠲᠤᠬᠠᠶ ᠳᠤᠨᠢ ᠵᠣᠬᠢᠴᠠᠭᠤᠯᠵᠤ᠂ ᠴᠠᠬᠢᠯᠭᠠᠨ ᠬᠠᠩᠭᠠᠬᠤ ᠱᠤᠭᠤᠮ ᠤᠨ ᠴᠠᠬᠢᠯᠭᠠᠨ ᠬᠦᠷᠭᠡᠬᠦ ᠶᠢ ᠪᠡᠶᠡᠯᠡᠭᠦᠯᠵᠦ᠂ ᠲᠡᠮᠦᠷ ᠵᠠᠮ ᠤᠨ ᠰᠠᠯᠠᠭ᠎ᠠ ᠮᠥᠴᠢᠷ ᠤᠨ ᠰᠢᠨ᠎ᠡ ᠪᠠᠷ ᠪᠠᠶᠢᠭᠤᠯᠤᠭᠰᠠᠨ ᠪᠡᠭᠡᠵᠢᠩ ᠠᠴᠠ ᠪᠤᠭᠤᠲᠤ ᠬᠦᠷᠬᠦ ᠲᠡᠮᠦᠷ ᠵᠠᠮ ᠤᠨ ᠴᠠᠬᠢᠯᠭᠠᠨ ᠬᠦᠷᠭᠡᠬᠦ ᠱᠤᠭᠤᠮ ᠤᠨ ᠲᠥᠷᠥᠯ ᠵᠦᠶ᠋ᠯ ᠢ ᠴᠠᠭ ᠲᠤᠬᠠᠶ ᠳᠤᠨᠢ ᠵᠣᠯᠭᠠᠭᠤᠯᠵᠤ᠂ ᠪᠥᠬᠦ ᠣᠷᠳᠣ ᠨᠢ 4 ᠺᠢᠯᠣᠮᠧᠳ᠋ᠷ ᠤᠨ ᠴᠠᠬᠢᠯᠭᠠᠨ ᠬᠦᠷᠭᠡᠬᠦ ᠱᠤᠭᠤᠮ ᠤᠨ ᠰᠢᠷᠣᠶ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠰᠢᠨ᠎ᠡ ᠪᠠᠷ ᠪᠠᠶᠢᠭᠤᠯᠪᠠ᠃ ᠠᠵᠤ ᠠᠬᠤᠶᠢᠯᠠᠯ ᠤᠨ ᠤᠰᠤᠨ ᠤ ᠳᠠᠷᠤᠯᠲᠠ ᠶᠢᠨ ᠬᠡᠮᠵᠢᠶ᠎ᠡ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠬᠦ ᠶᠢᠨ ᠲᠥᠯᠥᠭᠡ᠂ ᠡᠮᠦᠨ᠎ᠡ ᠬᠡᠰᠡᠭ ᠤᠨ ᠶᠡᠷᠦᠩᠬᠡᠶᠢᠯᠡᠭᠰᠡᠨ ᠠᠵᠤ ᠦᠢᠯᠡᠳᠪᠦᠷᠢ ᠶᠢᠨ ᠬᠦᠷᠢᠶᠡᠯᠡᠩ᠂ ᠭᠤᠣᠯ ᠠᠵᠤ ᠦᠢᠯᠡᠳᠪᠦᠷᠢ ᠶᠢᠨ ᠬᠦᠷᠢᠶᠡᠯᠡᠩ᠂ ᠳᠤᠮᠳᠠ ᠪᠠᠭ᠎ᠠ ᠬᠦᠷᠢᠶᠡᠯᠡᠩ ᠤᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠢᠨᠵᠧᠨᠧᠷᠢᠩ ᠢ ᠥᠭᠡᠷᠡᠴᠢᠯᠡᠨ ᠳᠠᠭᠤᠰᠬᠠᠵᠤ᠂ DN300-DN500 ᠴᠢᠳᠬᠤᠮᠠᠯ ᠰᠢᠷᠡᠮᠦ ᠶᠢᠨ ᠬᠤᠭᠤᠯᠠᠢ ᠱᠤᠭᠤᠮ ᠢ 5.5 ᠺᠢᠯᠣᠮᠧᠳ᠋ᠷ ᠪᠠᠶᠢᠭᠤᠯᠪᠠ᠃ ᠮᠥᠩᠭᠦᠨ ᠠᠭᠤᠯᠠ ᠬᠥᠩᠭᠡᠨᠴᠠᠭᠠᠨ ᠤ ᠦᠢᠯᠡᠰ ᠵᠡᠷᠭᠡ ᠬᠦᠷᠢᠶᠡᠯᠡᠩ ᠳᠤ ᠰᠢᠨ᠎ᠡ ᠪᠠᠷ ᠣᠷᠣᠭᠰᠠᠨ ᠠᠵᠤ ᠠᠬᠤᠶᠢᠯᠠᠯ ᠤᠨ ᠬᠡᠢ ᠬᠡᠷᠡᠭᠯᠡᠬᠦ ᠪᠣᠭᠤᠮᠢ ᠶᠢ ᠬᠤᠷᠢᠭᠯᠠᠬᠤ ᠶᠢᠨ ᠲᠤᠰᠠᠳᠠ᠂ ᠳᠠᠬᠢᠨ ᠪᠠᠶᠢᠷᠢᠯᠠᠭᠤᠯᠬᠤ ᠣᠷᠣᠨ ᠵᠠᠶ ᠶᠢᠨ ᠬᠡᠢ ᠬᠠᠩᠭᠠᠬᠤ ᠬᠤᠭᠤᠯᠠᠶ ᠶᠢᠨ ᠲᠣᠤᠷ ᠤᠨ ᠱᠤᠭᠤᠮ ᠢ ᠲᠥᠯᠥᠪᠵᠢᠭᠦᠯᠵᠦ᠂ ᠬᠡᠢ ᠬᠠᠩᠭᠠᠬᠤ ᠬᠡᠰᠡᠭ ᠲᠣᠭᠤᠷᠢᠯ ᠱᠤᠭᠤᠮ ᠢ ᠪᠣᠶ ᠪᠣᠯᠭᠠᠨ᠎ᠠ᠃      ᠤᠶᠠᠩᠭᠠᠲᠤ ᠮᠣᠳᠣ ᠲᠠᠷᠢᠪᠠᠯ ᠠᠯᠲᠠᠨ ᠭᠠᠷᠤᠳᠢ ᠭᠠᠯ ᠪᠢ ᠩᠭ ᠎ᠠ᠃ ᠪᠤᠭᠤᠲᠤ ᠶᠢᠨ ᠬᠥᠩᠭᠡᠨᠴᠠᠭᠠᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ︽ᠲᠥᠯᠥᠪᠵᠢᠭᠦᠯᠭᠡ ᠪᠠᠷ ᠤᠳᠤᠷᠢᠳᠤᠮᠵᠢ ᠪᠣᠯᠭᠠᠬᠤ᠂ ᠰᠠᠭᠤᠷᠢ ᠶᠢ ᠤᠷᠢᠳᠠᠪᠠᠷ ᠬᠡᠷᠡᠭᠵᠢᠭᠦᠯᠬᠦ ᠂ ᠳᠣᠲᠣᠭᠠᠳᠤ ᠭᠠᠳᠠᠭᠠᠳᠤ ᠶᠢᠨ ᠪᠡᠯᠡ ᠶᠢ ᠵᠡᠷᠭᠡᠪᠡᠷ ᠬᠥᠭᠵᠢᠭᠦᠯᠬᠦ᠂ ᠦᠷᠭᠦᠯᠵᠢᠯᠡᠬᠦ ᠬᠥᠭᠵᠢᠯᠲᠡ︾ ᠶᠢᠨ ᠱᠠᠭᠠᠷᠳᠠᠯᠭ᠎ᠠ ᠶᠣᠰᠣᠭᠠᠷ᠂ ᠰᠠᠭᠤᠷᠢ ᠡᠯᠧᠮᠧᠨ᠋ᠲ ᠤᠨ ᠪᠠᠲᠤᠯᠠᠭ᠎ᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠠᠵᠤ ᠠᠬᠤᠶᠢᠯᠠᠯ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠰᠦᠯ ᠢ ᠤᠷᠢᠳᠴᠢᠯᠠᠨ ᠲᠥᠯᠥᠪᠯᠡᠵᠦ᠂ ᠡᠯᠧᠮᠧᠨ᠋ᠲ ᠤᠨ ᠪᠣᠭᠤᠮᠢ ᠶᠢ ᠬᠦᠴᠦᠯᠡᠨ ᠰᠢᠢᠳᠪᠦᠷᠢᠯᠡᠵᠦ᠂ ᠬᠦᠷᠢᠶᠡᠯᠡᠩ ᠲᠣᠭᠤᠷᠢᠭ ᠤᠨ ᠳᠠᠭᠠᠭᠠᠴᠠ ᠪᠣᠯᠤᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠢ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1