ᠪᠤᠭᠤᠲᠤ ᠶᠢᠨ ᠤᠯᠠᠭᠠᠨ ᠵᠡᠭᠡᠯᠢ᠄ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠪᠠ
ᠨᠡᠶᠢᠲᠡᠯᠡᠭᠰᠡᠨ ᠴᠠᠭ᠄
2023/12/13
     ︽1931 ᠣᠨ ᠤ ᠨᠢᠭᠡ ᠡᠳᠦᠷ᠂ ᠬᠠᠭᠤᠴᠢᠨ ᠪᠤᠭᠤᠲᠤ ᠬᠤᠲᠠ ᠶᠢᠨ ᠲᠦᠩ ᠱᠦᠨ ᠵᠡᠭᠡᠯᠢ ᠶᠢᠨ ᠬᠤᠳᠠᠯᠳᠤᠭᠠᠴᠢᠨ ᠬᠤᠷᠠᠨ ᠴᠤᠭᠯᠠᠷᠠᠵᠤ᠂ ᠬᠥᠮᠥᠨ ᠨᠠᠭᠠᠰᠢ ᠴᠠᠭᠠᠰᠢ ᠰᠦᠯᠵᠢᠯᠳᠦᠵᠦ᠂ ᠨᠢᠭᠡᠨ ᠠᠷᠠᠰᠤ ᠨᠣᠣᠰᠤᠨ ᠤ ᠬᠤᠳᠠᠯᠳᠤᠭᠠᠴᠢᠨ ᠰᠢᠭ᠋ ᠡᠷᠡᠭᠲᠡᠶ ᠠᠭᠠᠵᠢᠮ ᠢᠶᠠᠷ ᠡᠨᠡ ᠬᠦ ᠳᠥᠷᠪᠡᠨ ᠬᠦᠷᠢᠶ᠎ᠡ ᠴᠠᠷᠠᠭ᠎ᠠ ᠳᠤ ᠣᠷᠣᠵᠠᠢ᠂ ᠲᠡᠷᠡ ᠪᠣᠯ ᠳᠠᠷᠤᠶ ᠲᠤᠬᠠᠶ ᠶᠢᠨ ᠦᠶ᠎ᠡ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠪ ᠬᠠᠮᠲᠤ ᠶᠢᠨ ᠣᠯᠠᠨ ᠤᠯᠤᠰ ᠲᠤ ᠰᠠᠭᠤᠭ᠎ᠠ ᠲᠥᠯᠥᠭᠡᠯᠡᠭᠴᠢᠳ ᠤᠨ ᠪᠦᠯᠬᠦᠮ ᠤᠨ ᠲᠣᠮᠢᠯᠠᠭᠳᠠᠭᠰᠠᠨ ᠪᠠᠷᠠᠭᠤᠨ ᠬᠤᠶᠢᠲᠤ ᠶᠢᠨ ᠣᠨᠴᠠ ᠲᠣᠮᠢᠯᠠᠭᠳᠠᠭᠰᠠᠳ ᠸᠠᠩ ᠷᠦᠸᠧ ᠹᠸᠢ ᠪᠣᠯᠤᠨ᠎ᠠ᠃      12 ᠰᠠᠷ᠎ᠠ ᠶᠢᠨ 5 ᠤ ᠡᠳᠦᠷ᠂ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠸᠠᠩ ᠷᠦ ᠸᠤ᠋ ᠹᠧᠢ ᠶᠢᠨ ᠳᠤᠷᠠᠰᠭᠠᠯ ᠤᠨ ᠣᠷᠳᠣᠨ ᠳᠤ᠂ ᠲᠠᠢᠯᠪᠤᠷ ᠢᠯᠴᠢ ᠶᠢᠨ ᠠᠮᠢᠳᠤᠯᠢᠭ ᠲᠠᠨᠢᠯᠴᠠᠭᠤᠯᠭ᠎ᠠ ᠶᠢ ᠳᠠᠭᠠᠯᠳᠤᠨ᠂ ᠬᠠᠭᠤᠴᠢᠨ ᠪᠤᠭᠤᠲᠤ ᠶᠢᠨ ᠡᠨᠡ ᠬᠡᠰᠡᠭ ᠭᠠᠵᠠᠷ ᠳᠡᠭᠡᠷᠡᠬᠢ ᠬᠤᠪᠢᠰᠭᠠᠯ ᠤᠨ ᠲᠡᠦᠬᠡ ᠶᠢᠨ ᠤᠯᠠ ᠮᠥᠷ ᠨᠢ ᠬᠥᠮᠦᠰ ᠤᠨ ᠨᠢᠳᠦᠨ ᠡᠮᠦᠨ᠎ᠡ ᠢᠯᠡᠷᠡᠵᠦ᠂ ᠵᠤᠭᠠᠴᠠᠭᠰᠠᠳ ᠢ ᠶᠠᠭ ᠪᠡᠶ᠎ᠡ ᠳᠡᠭᠡᠷᠡᠬᠢ ᠣᠷᠭᠢᠯᠤᠮ᠎ᠠ ᠰᠡᠳᠭᠢᠯᠭᠡ ᠲᠠᠢ ᠣᠨ ᠰᠠᠷ᠎ᠠ ᠮᠡᠲᠦ ᠪᠣᠯᠭᠠᠵᠠᠢ᠃ ᠸᠠᠩ ᠿᠦᠸᠧ ᠹᠧᠢ ᠶᠢᠨ ᠳᠤᠷᠠᠰᠬᠠᠯ ᠤᠨ ᠣᠷᠳᠣᠨ ᠤ ᠬᠠᠵᠠᠭᠤ ᠳᠠᠬᠢ ᠪᠤᠭᠤᠲᠤ ᠶᠢᠨ ᠤᠯᠠᠭᠠᠨ ᠵᠡᠭᠡᠯᠢ ᠳᠤ ᠬᠦᠷᠬᠦ ᠳᠤ᠂ ᠵᠤᠭᠠᠴᠠᠭᠰᠠᠳ ᠦᠷᠡᠭᠳᠡᠭᠰᠡᠨ ᠪᠠᠭᠠᠲᠤᠷᠴᠤᠳ ᠤᠨ ᠤᠯᠠ ᠮᠥᠷ ᠢ ᠡᠷᠢᠯᠬᠢᠯᠡᠵᠦ᠂ ᠬᠤᠪᠢᠰᠬᠠᠯ ᠤᠨ ᠲᠡᠦᠬᠡ ᠶᠢ ᠤᠩᠰᠢᠵᠤ ᠤᠩᠰᠢᠵᠤ᠂ ᠲᠥᠪ ᠬᠢᠴᠢᠶᠡᠩᠭᠦᠢ ᠬᠤᠪᠢᠰᠬᠠᠯ ᠤᠨ ᠬᠠᠭᠤᠴᠢᠨ ᠪᠠᠭᠤᠷᠢ᠂ ᠤᠳᠤᠨ ᠮᠡᠴᠢᠳ ᠰᠢᠲᠠᠷ᠎ᠠ ᠮᠡᠲᠦ ᠬᠤᠪᠢᠰᠬᠠᠯ ᠤᠨ ᠤᠯᠠ ᠮᠥᠷ ᠪᠠᠶᠢᠵᠤ᠂ ᠲᠡᠦᠬᠡ ᠶᠢᠨ ᠠᠴᠢ ᠬᠠᠷᠢᠭᠤᠯᠠᠬᠤ ᠪᠢᠳᠡᠨ ᠤ ᠬᠠᠮᠤᠭ ᠤᠨ ᠰᠠᠶᠢᠨ ᠤᠶᠤᠨ ᠰᠠᠨᠠᠭᠠᠨ ᠤ ᠰᠢᠮ᠎ᠡ ᠲᠡᠵᠢᠭᠡᠯ ᠤᠨ ᠡᠮ ᠪᠣᠯᠤᠨ᠎ᠠ᠃
     ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠢᠨ ᠸᠠᠩ ᠿᠦᠸᠧ ᠹᠧᠶ ᠶᠢᠨ ᠳᠤᠷᠠᠰᠬᠠᠯ ᠤᠨ ᠣᠷᠳᠣᠨ ᠵᠢᠴᠢ ᠲᠡᠭᠦᠨ ᠤ ᠡᠷᠬᠢᠨ ᠲᠣᠭᠤᠷᠢᠨ ᠤ ᠡᠬᠢ ᠪᠠᠶᠠᠯᠢᠭ ᠢ ᠪᠥᠬᠦ ᠲᠠᠯ᠎ᠠ ᠪᠠᠷ ᠡᠮᠬᠢᠯᠡᠨ ᠠᠮᠢᠯᠠᠭᠤᠯᠵᠤ᠂ ︽ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠣᠯ ᠭᠤᠤᠯᠳᠠᠯᠭ᠎ᠠ ᠮᠥᠨ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠣᠯ ᠤᠷᠢᠲᠠᠯ ᠮᠥᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠣᠯ ᠭᠤᠤᠯᠳᠠᠯᠭ᠎ᠠ ᠮᠥᠨ᠂ ᠠᠮᠢ ᠠᠬᠤᠶ ᠶᠢ ᠳᠡᠭᠡᠭᠰᠢᠯᠡᠭᠦᠯᠬᠦ ᠪᠣᠯ ᠵᠠᠩᠭᠢᠯᠠᠭ᠎ᠠ ᠮᠥᠨ︾ ᠭᠡᠬᠦ ᠠᠵᠢᠯ ᠤᠨ ᠣᠨᠣᠯᠵᠢᠬᠤᠨ ᠶᠣᠰᠣᠭᠠᠷ᠂ ︽ᠪᠢᠴᠢᠯ ᠰᠢᠨᠡᠴᠢᠯᠡᠯᠲᠡ︾ ᠪᠠᠷ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ ᠶᠢ ᠣᠷᠣᠯᠠᠭᠤᠯᠵᠤ᠂ ᠳᠤᠮᠳᠠᠳᠤ ᠤᠯᠤᠰ ᠤᠨ ᠪᠠᠷᠢᠯᠭ᠎ᠠ ᠶᠢᠨ ᠬᠡᠪ ᠨᠠᠮᠪᠠ ᠪᠠ ᠨᠠᠮ ᠤᠨ ᠪᠠᠶᠢᠭᠤᠯᠤᠯᠲᠠ ᠶᠢᠨ ︽ᠳᠤᠮᠳᠠᠳᠤ ᠤᠯᠤᠰ ᠤᠨ ᠤᠯᠠᠭᠠᠨ︾ ᠪᠠᠷᠢᠯᠭ᠎ᠠ ᠶᠢᠨ ᠳᠣᠲᠣᠷᠠᠬᠢ ᠶᠢ ᠣᠷᠭᠠᠨᠢᠭ ᠢᠶᠠᠷ ᠠᠭᠤᠰᠤᠯᠴᠠᠭᠤᠯᠵᠤ᠂ ᠵᠡᠭᠡᠯᠢ ᠭᠤᠳᠤᠮᠵᠢ ᠶᠢᠨ ᠳᠡᠯᠭᠡᠭᠦᠷ ᠫᠦᠰᠡ ᠶᠢ ᠤᠨᠴᠠᠯᠢᠭᠳᠤ ᠰᠢᠶ᠋ᠳᠪᠦᠷᠢᠯᠡᠯᠲᠡ ᠬᠢᠵᠦ᠂ ᠴᠢᠨᠠᠷ ᠰᠠᠶᠢᠲᠠᠶ ᠬᠤᠳᠠᠯᠳᠤᠭᠠᠨ ᠤ ᠣᠷᠣᠨ ᠵᠠᠶ ᠶᠢ ᠪᠣᠶ ᠪᠣᠯᠭᠠᠵᠤ᠂ ᠰᠢᠨ᠎ᠡ ᠪᠠᠷ ᠢᠯᠡᠷᠡᠭᠰᠡᠨ ᠪᠤᠭᠤᠲᠤ ᠶᠢᠨ ᠤᠯᠠᠭᠠᠨ ᠵᠡᠭᠡᠯᠢ ᠠᠴᠠ ᠠᠪᠴᠢᠷᠠᠭᠰᠠᠨ ᠦᠵᠡᠰᠬᠦᠯᠡᠩᠲᠦ ᠰᠠᠶᠢᠬᠠᠨ ᠬᠤᠪᠢᠷᠠᠯᠲᠠ ᠶᠢ ᠪᠡᠶᠡᠯᠡᠭᠦᠯᠵᠦ᠂ ᠵᠢᠩᠬᠢᠨᠢ ᠬᠤᠲᠠ ᠶᠢᠨ ᠣᠷᠭᠠᠨᠢᠭ ᠰᠢᠨᠡᠴᠢᠯᠡᠯᠲᠡ ᠶᠢ ᠪᠡᠶᠡᠯᠡᠭᠦᠯᠪᠡ᠃      ᠡᠭᠦᠨ ᠤ ᠬᠠᠮᠲᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠴᠢᠭᠯᠡᠯᠲᠡ ᠪᠠᠷ ᠵᠢᠯᠣᠭᠤᠳᠣᠯᠭ᠎ᠠ ᠪᠣᠯᠭᠠᠵᠤ᠂ ᠰᠣᠯᠪᠢᠴᠠᠨ ᠨᠡᠪᠴᠢᠯᠲᠡ ᠬᠢᠬᠦ ᠪᠠ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠬᠤᠪᠢᠰᠬᠠᠯ ᠤᠨ ᠰᠣᠶᠣᠯ ᠢ ᠪᠣᠳᠠᠲᠤ ᠴᠣᠭᠴᠠ ᠶᠢᠨ ᠠᠵᠤ ᠠᠬᠤᠶ ᠲᠠᠢ ᠤᠶᠠᠯᠳᠤᠭᠤᠯᠵᠤ᠂ ᠬᠠᠮᠲᠤ ᠪᠠᠷ ᠣᠷᠣᠰᠢᠵᠤ ᠬᠠᠮᠲᠤ ᠪᠠᠷ ᠠᠰᠢᠭ ᠭᠥᠷᠳᠡᠬᠦ ᠰᠣᠶᠣᠯ ᠤᠨ ᠦᠢᠯᠡᠰ ᠤᠨ ᠰᠢᠨ᠎ᠡ ᠪᠦᠲᠦᠭᠡᠭᠳᠡᠬᠦᠨ ᠤ ᠡᠵᠡᠩᠨᠡᠯᠲᠡ ᠶᠢᠨ ᠬᠡᠯᠪᠡᠷᠢ ᠪᠠ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠵᠦ᠂ ᠬᠤᠪᠢᠰᠬᠠᠯ ᠤᠨ ᠤᠷᠤᠰᠬᠠᠯ ᠢ ᠪᠣᠶ ᠪᠣᠯᠭᠠᠨ᠎ᠠ᠃ ᠥᠷᠭᠡᠨ ᠤᠯᠠᠨ ᠵᠤᠭᠠᠴᠠᠭᠰᠠᠳ ᠳ᠋ᠦᠩ ᠾᠧ ᠲᠣᠭᠤᠷᠢᠭ ᠤᠨ ᠬᠦᠷ ᠬᠥᠭᠵᠢᠶᠡᠨ ᠲᠠᠢ ᠰᠥᠨᠢ ᠶᠢᠨ ᠠᠵᠤ ᠠᠬᠤᠢ᠂ ᠪᠠᠳᠠᠷᠠᠨ ᠮᠠᠨᠳᠤᠭᠰᠠᠨ ᠤᠲᠤᠭ᠎ᠠ ᠶᠢᠨ ᠳᠤᠮᠳᠠ᠂ ᠬᠤᠪᠢᠰᠬᠠᠯ ᠤᠨ ᠵᠣᠷᠢᠭ ᠰᠠᠨᠠᠭᠠᠨ ᠤ ᠬᠦᠴᠦᠨ᠂ ᠬᠤᠪᠢᠰᠬᠠᠯ ᠤᠨ ᠰᠣᠶᠣᠯ ᠤᠨ ᠷᠢᠳᠢ ᠰᠢᠳᠢ᠂ ᠬᠤᠪᠢᠰᠬᠠᠯ ᠤᠨ ᠵᠤᠭᠠᠴᠠᠯ ᠤᠨ ᠵᠠᠯᠠᠭᠤ ᠨᠠᠰᠤ ᠪᠣᠯᠤᠨ ᠠᠮᠢᠵᠢᠷᠠᠯ ᠤᠨ ᠬᠦᠴᠦᠨ ᠢ ᠰᠣᠭᠲᠣᠭᠤᠷᠠᠭᠤᠯᠤᠨ ᠮᠡᠳᠡᠷᠡᠪᠡ᠃
     ︽ᠪᠢᠳᠡ ᠣᠳᠣᠨ ᠣᠭᠲᠠᠷᠭᠤᠶ ᠶᠢᠨ ᠵᠠᠬ᠎ᠠ ᠳᠡᠯᠭᠡᠭᠦᠷ ᠤᠨ ᠳᠡᠯᠭᠡᠴᠡ ᠶᠢᠨ ᠣᠷᠣ 25᠂ ᠣᠨᠴᠠᠯᠢᠭᠲᠤ ᠰᠤᠯᠠ ᠢᠳᠡᠭᠡᠨ᠂ ᠠᠮᠢᠳᠤᠷᠠᠯ ᠤᠨ ᠭᠠᠷ ᠪᠦᠲᠦᠭᠡᠯ᠂ ᠣᠨᠴᠠᠯᠢᠭᠲᠤ ᠰᠣᠶᠣᠯ ᠤᠨ ᠡᠭᠦᠳᠦᠯᠲᠡ ᠵᠡᠷᠭᠡ ᠲᠥᠷᠥᠯ ᠤᠨ ᠬᠤᠳᠠᠯᠳᠤᠭᠠᠨ ᠤ ᠡᠷᠦᠬᠡ ᠶᠢ ᠡᠯᠰᠡᠵᠦ᠂ ᠬᠤᠳᠠᠯᠳᠤᠨ ᠠᠪᠬᠤ᠂ ᠰᠣᠯᠢᠬᠤ᠂ ᠬᠤᠯᠪᠣᠭᠠᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯᠯᠠᠭ᠎ᠠ ᠶᠢᠨ ᠦᠷᠭᠦᠯᠵᠢᠯᠡᠬᠦ ᠴᠢᠨᠠᠷ ᠢ ᠠᠬᠢᠭᠤᠯᠵᠤ᠂ ᠠᠳᠠᠯᠢ ᠪᠤᠰᠤ ᠴᠠᠭ ᠦᠶ᠎ᠡ ᠶᠢᠨ ᠵᠡᠭᠡᠯᠢ ᠭᠤᠳᠤᠮᠵᠢ ᠶᠢᠨ ᠭᠤᠤᠯ ᠰᠡᠳᠦᠪ ᠢ ᠦᠨᠳᠦᠰᠦᠯᠡᠨ᠂ ᠡᠯᠪᠡᠭ ᠪᠠᠶᠠᠯᠢᠭ ᠣᠯᠠᠨ ᠶᠠᠩᠵᠤ ᠶᠢᠨ ᠰᠥᠨᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠬᠤᠲᠠ ᠶᠢᠨ ᠰᠢᠨᠡᠳᠬᠡᠯᠲᠡ ᠶᠢᠨ ᠺᠣᠮᠫᠠᠨᠢ ᠶᠢᠨ ᠪᠤᠭᠤ ᠳᠤ ᠬᠤᠲᠠ ᠶᠢᠨ ᠤᠯᠠᠭᠠᠨ ᠵᠡᠭᠡᠯᠢ ᠶᠢᠨ ᠲᠥᠷᠥᠯ ᠵᠦᠢᠯ ᠤᠨ ᠬᠠᠷᠢᠭᠤᠴᠠᠯᠭᠠᠲᠠᠨ ᠭᠦᠡ ᠪᠢᠨ ᠰᠤᠷᠪᠤᠯᠵᠢᠯᠠᠭᠴᠢ ᠳᠤ ᠬᠡᠯᠡᠪᠡ᠃      ᠪᠤᠭᠤᠲᠤ ᠬᠤᠳᠠ ᠶᠢᠨ ᠭᠤᠣᠯᠳᠠᠯᠭ᠎ᠠ ᠲᠠᠢ ᠬᠤᠪᠢᠰᠬᠠᠯ ᠤᠨ ᠬᠠᠯᠠᠭᠤᠨ ᠬᠥᠷᠥᠰᠥ ᠪᠣᠯᠤᠭᠰᠠᠨ ᠤ ᠬᠤᠪᠢ ᠳᠤ ᠂ ᠬᠤᠪᠢᠰᠬᠠᠯ ᠤᠨ ᠡᠬᠢ ᠪᠠᠶᠠᠯᠢᠭ ᠢ ᠬᠡᠷᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠠᠮᠤᠭ ᠤᠨ ᠠᠮᠢᠳᠤᠯᠢᠭ᠂ ᠬᠠᠮᠤᠭ ᠤᠨ ᠠᠮᠢᠳᠤᠯᠢᠭ ᠵᠢᠭᠠᠬᠤ ᠮᠠᠲ᠋ᠧᠷᠢᠶᠠᠯ ᠪᠣᠯᠭᠠᠬᠤ ᠪᠤᠢ︖ ᠬᠤᠪᠢᠰᠬᠠᠯ ᠤᠨ ᠳᠤᠷᠠᠰᠬᠠᠯ ᠤᠨ ᠣᠷᠳᠣᠨ ᠪᠣᠯ ᠬᠤᠪᠢᠰᠬᠠᠯ ᠤᠨ ᠭᠧᠨ ᠤ ᠬᠥᠮᠥᠷᠭᠡ ᠮᠥᠨ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠪᠣᠯ ᠨᠢᠭᠡᠨ ᠲᠡᠦᠬᠡ ᠶᠢᠨ ᠳᠤᠷᠠᠰᠬᠠᠯᠲᠤ ᠵᠦᠢᠯᠡᠰ ᠮᠥᠨ᠂ ᠳ᠋ᠦᠩ ᠾᠧ ᠲᠣᠭᠤᠷᠢᠭ ᠤᠨ ᠬᠢᠨ ᠪᠤᠭᠤᠲᠤ ᠶᠢᠨ ᠤᠯᠠᠭᠠᠨ ᠵᠡᠭᠡᠯᠢ ᠶᠢᠨ ᠬᠤᠪᠢᠰᠬᠠᠯ ᠤᠨ ᠬᠥᠮᠦᠵᠢᠯ ᠢ ︽ᠬᠤᠪᠢᠰᠬᠠᠯ ᠤᠨ ᠤᠯᠠ ᠮᠥᠷ ᠢ ᠡᠷᠢᠯᠬᠢᠯᠡᠵᠦ᠂ ᠰᠣᠶᠣᠯ ᠢᠷᠭᠡᠨᠰᠢᠯ ᠤᠨ ᠳ᠋ᠦᠩ ᠾᠧ︾ ᠪᠠᠷ ᠭᠤᠣᠯ ᠰᠢᠵᠢᠮ ᠪᠣᠯᠭᠠᠭᠰᠠᠨ ᠬᠤᠪᠢᠰᠬᠠᠯ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠱᠤᠭᠤᠮ ᠳᠤ ᠣᠷᠣᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠰᠤᠳᠤᠯᠤᠨ ᠰᠤᠷᠤᠯᠴᠠᠬᠤ ᠪᠣᠯᠪᠠᠰᠤᠷᠠᠯ᠂ ᠭᠤᠣᠯ ᠰᠡᠳᠦᠪᠲᠦ ᠠᠵᠢᠯᠯᠠᠭ᠎ᠠ᠂ ᠪᠡᠶᠡᠴᠢᠯᠡᠨ ᠣᠶᠢᠯᠠᠭᠠᠵᠤ ᠦᠢᠯᠡᠳᠦᠯᠴᠡᠬᠦ ᠵᠡᠷᠭᠡ ᠥᠪᠡᠷᠮᠢᠴᠡ ᠣᠨᠴᠠᠯᠢᠭ ᠲᠠᠢ ᠠᠭᠤᠯᠭ᠎ᠠ ᠶᠢ ᠬᠠᠮᠤᠷᠴᠤ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠪᠦᠯᠬᠦᠮ ᠬᠤᠶᠢᠨ᠎ᠠ ᠬᠤᠶᠢᠨ᠎ᠠ ᠠᠴᠠ ᠪᠠᠨ ᠨᠡᠷ᠎ᠡ ᠮᠡᠳᠡᠭᠦᠯᠵᠦ ᠣᠷᠣᠯᠴᠠᠵᠤ᠂ ᠪᠤᠭᠤᠲᠤ ᠶᠢᠨ ᠤᠯᠠᠭᠠᠨ ᠵᠡᠭᠡᠯᠢ ᠶᠠᠭ ᠤᠯᠠᠮ ᠠᠴᠠ ᠤᠯᠠᠮ ᠤᠯᠠᠨ ᠺᠠᠳ᠋ᠷ ᠤᠯᠠᠨ ᠲᠦᠮᠡᠨ ᠤ ︽ᠬᠤᠪᠢᠰᠬᠠᠯ ᠤᠨ ᠺᠠᠷᠲ︾ ᠪᠤᠯᠵᠤ ᠪᠠᠶᠢᠨ᠎ᠠ᠃
     ᠠᠮᠢᠳᠤᠯᠢᠭ ᠰᠣᠶᠣᠯ ᠤᠨ ᠡᠬᠢ ᠪᠠᠶᠠᠯᠢᠭ ᠨᠢ ᠬᠥᠮᠦᠨ ᠢ ᠨᠡᠩ ᠰᠣᠭᠲᠣᠭᠤᠷᠠᠭᠤᠯᠤᠮ᠎ᠠ ᠪᠠᠶᠢᠵᠤ᠂ ᠣᠷᠭᠢᠯᠤᠭᠰᠠᠨ ᠰᠣᠶᠣᠯ ᠤᠨ ᠡᠬᠢ ᠪᠠᠶᠠᠯᠢᠭ ᠨᠢ ᠨᠡᠩ ᠰᠡᠳᠬᠢᠯ ᠵᠢᠷᠦᠬᠡᠨ ᠳᠤ ᠨᠡᠩ ᠣᠷᠣᠬᠤ ᠪᠣᠯᠤᠨ᠎ᠠ᠃ ︽ᠸᠠᠩ ᠷᠦᠸᠧ ᠹᠸᠢ ᠳᠤᠷᠠᠰᠬᠠᠯ ᠤᠨ ᠣᠷᠳᠣᠨ ᠳᠤ ᠮᠠᠰᠢ ᠤᠯᠠᠨ ᠬᠤᠪᠣᠷ ᠨᠠᠨᠳᠢᠨ ᠬᠤᠪᠢᠰᠬᠠᠯ ᠤᠨ ᠳᠤᠷᠠᠰᠤᠮᠵᠢ ᠠᠭᠤᠯᠤᠭᠳᠠᠵᠤ ᠪᠤᠢ᠂ ᠠᠯᠢ ᠤᠯᠠᠨ ᠲᠡᠰ ᠳᠡᠪᠰᠢᠯᠲᠡ ᠪᠠᠷ ᠲᠠᠮᠵᠢᠨ᠂ ᠪᠤᠭᠤᠲᠤ ᠶᠢᠨ ᠤᠯᠠᠭᠠᠨ ᠵᠡᠭᠡᠯᠢ ᠶᠢᠨ ᠵᠡᠭᠡᠯᠢ ᠲᠣᠭᠤᠷᠢᠭ ᠲᠤ ᠬᠠᠭᠤᠴᠢᠨ ᠰᠠᠭᠤᠷᠢ ᠲᠤᠩᠭᠠᠭᠳᠠᠬᠤ ᠰᠡᠳᠬᠢᠯᠭᠡ ᠪᠣᠯᠤᠨ ᠣᠳᠣᠬᠢᠴᠢᠯᠠᠯᠲᠠ ᠶᠢᠨ ᠠᠮᠢᠵᠢᠷᠠᠯ ᠤᠨ ᠬᠦᠴᠦᠨ ᠢᠯᠡᠷᠡᠪᠡ᠃ ᠳ᠋ᠦᠩ ᠾᠧ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ ᠴᠧᠩ ᠲᠦᠩ ᠢᠯᠡᠷᠬᠡᠶᠢᠯᠡᠬᠦ ᠳᠡᠭᠡᠨ᠂ ᠬᠠᠭᠤᠴᠢᠨ ᠬᠤᠲᠠ ᠵᠡᠭᠡᠯᠢ ᠲᠣᠭᠤᠷᠢᠭ ᠤᠨ ᠣᠷᠭᠠᠨᠢᠭ ᠰᠢᠨᠡᠴᠢᠯᠡᠯᠲᠡ ᠪᠠᠷ ᠭᠠᠷᠳᠠᠴᠠ ᠪᠣᠯᠭᠠᠵᠤ᠂ ᠬᠤᠪᠢᠰᠬᠠᠯ ᠤᠨ ᠡᠬᠢ ᠪᠠᠶᠠᠯᠢᠭ ᠢ ᠠᠮᠢᠳᠤᠯᠢᠭ ᠪᠣᠯᠭᠠᠬᠤ ᠶᠢᠨ ᠬᠠᠮᠲᠤ᠂ ᠡᠨᠡ ᠬᠦ ᠪᠤᠭᠤᠲᠤ ᠬᠤᠲᠠ ᠶᠢᠨ ᠰᠢᠨ᠎ᠡ ᠨᠡᠷ᠎ᠡ ᠶᠢᠨ ᠬᠠᠭᠤᠳᠠᠰᠤ ᠶᠢ ᠪᠥᠬᠦ ᠲᠠᠯ᠎ᠠ ᠪᠠᠷ ᠢᠯᠡᠷᠡᠭᠦᠯᠵᠦ᠂ ᠵᠣᠯ ᠵᠢᠷᠭᠠᠯᠲᠤ ᠲᠥᠷᠥᠭᠳᠡᠯ ᠢ ᠠᠷᠠᠳ ᠣᠯᠠᠨ ᠤ ᠡᠭᠦᠳᠡᠨ ᠳᠤ ᠲᠠᠰ ᠳᠡᠪᠰᠢᠭᠦᠯᠦᠨ᠎ᠡ ᠭᠡᠵᠡᠶ᠃      ︽ᠡᠳᠦᠷ ᠢᠶᠠᠷ ᠲᠣᠭᠤᠷᠢᠨ ᠦᠵᠡᠵᠦ ᠪᠠᠷᠠᠪᠠᠯ ᠸᠠᠩ ᠷᠦᠸᠧ ᠹᠧᠢ ᠶᠢᠨ ᠳᠤᠷᠠᠰᠬᠠᠯ ᠤᠨ ᠣᠷᠳᠣᠨ ᠢ ᠲᠣᠭᠤᠷᠢᠨ ᠦᠵᠡᠵᠦ᠂ ᠦᠳᠡᠰᠢ ᠡᠶᠢᠮᠦ ᠬᠦᠷ ᠬᠥᠭᠵᠢᠶᠡᠨ ᠲᠠᠢ ᠵᠡᠭᠡᠯᠢ ᠳᠡᠭᠡᠷ᠎ᠡ ᠰᠤᠯᠠ ᠠᠯᠬᠤᠵᠤ᠂ ᠢᠯᠠᠩᠭᠤᠶ᠎ᠠ ᠬᠤᠪᠢᠰᠬᠠᠯ ᠤᠨ ᠦᠵᠡᠭᠳᠡᠯ ᠤᠳ ᠬᠥᠮᠥᠰ ᠤᠨ ᠰᠡᠳᠬᠢᠯ ᠢ ᠣᠨᠴᠠᠭᠠᠢ ᠬᠥᠳᠡᠯᠭᠡᠵᠦ᠂ ᠡᠨᠡ ᠪᠣᠯ ᠬᠤᠪᠢᠰᠬᠠᠯ ᠤᠨ ᠦᠷᠡᠭᠳᠡᠭᠰᠡᠨ ᠪᠠᠭᠠᠲᠤᠷ ᠪᠣᠯᠤᠨ ᠳᠤᠮᠳᠠᠳᠤ ᠶᠢᠨ ᠬᠥᠪᠡᠭᠦᠳ ᠥᠬᠢᠳ ᠤᠨ ᠲᠡᠮᠡᠴᠡᠯ ᠢᠶᠠᠷ ᠢᠷᠡᠭᠰᠡᠨ ᠰᠠᠶᠢᠨ ᠰᠠᠶᠢᠬᠠᠨ ᠠᠮᠢᠳᠤᠷᠠᠯ ᠪᠣᠯᠤᠨ᠎ᠠ᠂ ᠪᠢᠳᠡᠨ ᠳᠤ ᠳᠦᠭᠦᠷᠡᠩ ᠵᠣᠯ ᠵᠢᠷᠭᠠᠯᠲᠤ ᠲᠥᠷᠥᠭᠳᠡᠯ ᠢ ᠮᠡᠳᠡᠷᠡᠭᠦᠯᠵᠦ ᠪᠠᠶᠢᠨ᠎ᠠ︾ ᠭᠡᠵᠦ ᠬᠡᠯᠡᠪᠡ᠃ ᠪᠤᠭᠤ ᠳᠤ ᠬᠤᠲᠠ ᠶᠢᠨ ᠴᠢᠩᠱᠠᠨᠢ ᠲᠣᠭᠤᠷᠢᠭ ᠠᠴᠠ ᠢᠷᠡᠭᠰᠡᠨ ᠵᠤᠭᠠᠴᠠᠭᠴᠢ ᠳ᠋ᠤᠸᠠᠨ ᠪᠠᠨ ᠵᠦᠩ ᠢ ᠰᠡᠳᠬᠢᠯ ᠳᠣᠭᠳᠣᠯᠤᠨ ᠬᠡᠯᠡᠪᠡ᠃
     ᠲᠠᠨᠢᠯᠴᠠᠭᠤᠯᠤᠭᠰᠠᠨ ᠢᠶᠠᠷ᠂ ᠲᠣᠰ ᠤᠳᠠᠭ᠎ᠠ ᠰᠢᠨᠡᠳᠬᠡᠭᠰᠡᠨ ᠤ ᠳᠠᠷᠠᠭᠠᠬᠢ ᠪᠤᠭᠤᠲᠤ ᠶᠢᠨ ᠤᠯᠠᠭᠠᠨ ᠵᠡᠭᠡᠯᠢ ᠳᠤ᠂ ᠰᠣᠶᠣᠯ ᠤᠨ ᠡᠭᠦᠳᠦᠯᠲᠡ ᠶᠢᠨ ᠴᠤᠭᠯᠠᠭ᠎ᠠ ᠮᠠᠶᠢᠮᠠᠶ ᠶᠢᠨ ᠬᠡᠷ ᠪᠦᠯᠢ ᠲᠣᠭᠤᠷᠢᠭ᠂ ᠤᠶᠤᠨᠲᠤ ᠵᠡᠭᠡᠯᠢ ᠲᠣᠭᠤᠷᠢᠭ ᠨᠢ ᠪᠦᠷᠢᠨ ᠴᠢᠳᠠᠪᠤᠷᠢᠲᠤ ᠰᠠᠨᠰᠠᠷ ᠤᠨ ᠭᠤᠤᠯ ᠰᠡᠳᠦᠪᠲᠦ ᠲᠣᠭᠤᠷᠢᠭ᠂ ᠸᠠᠩ ᠿᠣ᠋ ᠹᠧᠶ ᠶᠢᠨ ᠦᠵᠡᠭᠳᠡᠯᠲᠦ ᠵᠦᠴᠦᠭᠡ ᠶᠢ ᠪᠡᠶᠡᠴᠢᠯᠡᠨ ᠣᠶᠢᠯᠠᠭᠠᠬᠤ ᠲᠣᠭᠤᠷᠢᠭ᠂ ᠺᠢᠨᠣ᠋ ᠲᠧᠯᠸᠢᠰ ᠤᠨ ᠰᠢᠭᠤᠳ ᠨᠡᠪᠲᠡᠷᠡᠭᠦᠯᠭᠡ ᠶᠢᠨ ᠺᠠᠷᠲ ᠠᠪᠬᠤ ᠰᠠᠭᠤᠷᠢᠨ ᠭᠠᠵᠠᠷ ᠵᠡᠷᠭᠡ ᠬᠡᠳᠦᠨ ᠶᠡᠭᠡ ᠵᠡᠭᠡᠯᠢ ᠲᠣᠭᠤᠷᠢᠭ ᠤᠨ ᠭᠤᠤᠯ ᠰᠡᠳᠦᠪᠲᠦ ᠭᠤᠤᠯ ᠬᠦᠴᠦᠨ ᠵᠦᠢᠯ ᠢ ᠭᠤᠤᠯᠳᠠᠯᠭ᠎ᠠ ᠲᠠᠢ ᠪᠣᠶ ᠪᠣᠯᠭᠠᠵᠤ᠂ ︽ᠬᠠᠭᠤᠴᠢᠨ ᠪᠤᠭᠤᠲᠤ ᠶᠢᠨ ᠲᠡᠤᠬᠡ ᠰᠣᠶᠣᠯ︾ ᠢᠶᠠᠷ ᠭᠤᠤᠯ ᠰᠡᠳᠦᠪ ᠪᠣᠯᠭᠠᠭᠰᠠᠨ ᠰᠣᠶᠣᠯ ᠵᠢᠭᠤᠯᠴᠢᠯᠠᠯ ᠤᠨ ᠥᠯᠢᠭᠡᠷ ᠱᠤᠭᠤᠮ ᠢ ᠪᠣᠶ ᠪᠣᠯᠭᠠᠵᠤ᠂ ︽ᠬᠤᠪᠢᠰᠬᠠᠯ ᠤᠨ ᠰᠣᠶᠣᠯ ᠵᠢᠭᠤᠯᠴᠢᠯᠠᠯ ᠤᠨ ᠰᠢᠨ᠎ᠡ ᠥᠨᠳᠦᠷᠯᠢᠭ︾ ᠢᠶᠠᠷ ᠬᠠᠭᠤᠴᠢᠨ ᠪᠤᠭᠤᠲᠤ ᠶᠢᠨ ᠥᠩᠭᠡᠷᠡᠭᠰᠡᠨ ᠤ ᠬᠥᠭᠵᠢᠯ ᠪᠠᠳᠠᠷᠠᠯ ᠢ ᠳᠠᠬᠢᠨ ᠢᠯᠡᠷᠡᠭᠦᠯᠪᠡ᠃      ᠸᠠᠩ ᠷᠦᠸᠧ ᠹᠸᠢ ᠳᠤᠷᠠᠰᠬᠠᠯ ᠤᠨ ᠣᠷᠳᠣᠨ ᠬᠠᠭᠤᠴᠢᠨ ᠪᠠᠭᠤᠷᠢ ᠶᠢᠨ ᠳᠣᠲᠣᠭᠠᠳᠤ ᠳᠤ ᠲᠠᠢ ᠠᠨ ᠵᠣᠴᠢᠳ ᠤᠨ ᠪᠠᠭᠤᠳᠠᠯ ᠤᠨ ᠬᠠᠭᠤᠴᠢᠨ ᠳᠦᠷᠰᠦ ᠪᠠᠶᠢᠳᠠᠯ ᠢ ᠰᠡᠷᠭᠦᠭᠡᠬᠦ ᠲᠦᠷᠦᠯ ᠵᠦᠢᠯ ᠢ ᠬᠡᠷᠡᠭᠵᠢᠭᠦᠯᠵᠦ᠂ ︽ᠬᠤᠪᠢᠰᠬᠠᠯ ᠤᠨ ᠥᠩᠭᠡᠷᠡᠯᠲᠡ - ᠪᠤᠭᠤᠲᠤ ᠶᠢᠨ ᠲᠠᠢ ᠠᠨ ᠵᠣᠴᠢᠳ ᠤᠨ ᠪᠠᠭᠤᠳᠠᠯ ᠤᠨ ᠬᠤᠪᠢᠰᠬᠠᠯ ᠤᠨ ᠲᠡᠦᠬᠡ ᠶᠢᠨ ᠳᠡᠯᠭᠡᠨ ᠦᠵᠡᠭᠦᠯᠦᠯᠭᠡ︾ ᠶᠢ ᠬᠡᠷᠡᠭᠵᠢᠭᠦᠯᠵᠦ᠂ ︽ᠲᠣᠭᠠᠴᠢᠯᠠᠭᠰᠠᠨ ᠠᠷᠭ᠎ᠠ ᠪᠠᠷᠢᠯ ᠤᠨ ᠬᠤᠪᠢᠰᠬᠠᠯ ᠤᠨ ᠰᠣᠶᠣᠯ ᠤᠨ ᠡᠬᠢ ᠪᠠᠶᠠᠯᠢᠭ︾ ᠢᠶᠠᠷ ᠳᠠᠮᠵᠢᠭᠤᠯᠵᠤ᠂ ᠤᠯᠠᠨ ᠵᠠᠭᠤᠴᠢᠯᠠᠭᠤᠷ᠂ ᠲᠣᠭᠠᠴᠢᠯᠠᠭᠰᠠᠨ ᠦᠵᠡᠭᠦᠯᠭᠡ᠂ AR ᠶᠢ ᠪᠡᠶᠡᠴᠢᠯᠡᠨ ᠣᠶᠢᠯᠠᠭᠠᠬᠤ ᠵᠡᠷᠭᠡ ᠠᠷᠭ᠎ᠠ ᠬᠡᠯᠪᠡᠷᠢ ᠪᠠᠷ ᠦᠵᠡᠰᠬᠦᠯᠡᠩ ᠢ ᠬᠠᠪᠰᠤᠷᠴᠤ᠂ ᠦᠵᠡᠭᠴᠢᠳ ᠤᠨ ᠴᠢᠬᠢ ᠶᠢ ᠨᠢ ᠴᠣ᠋ ᠰᠢᠨ᠎ᠡ ᠪᠣᠯᠭᠠᠵᠤ᠂ ᠬᠤᠪᠢᠰᠬᠠᠯ ᠤᠨ ᠲᠡᠦᠬᠡ ᠶᠢ ᠲᠠᠬᠢᠨ ᠢᠯᠡᠷᠡᠭᠦᠯᠵᠦ᠂ ᠭᠠᠶᠢᠬᠠᠮᠰᠢᠭᠲᠤ ᠣᠨ ᠰᠠᠷ᠎ᠠ ᠶᠢ ᠲᠠᠬᠢᠨ ᠡᠷᠭᠢᠴᠡᠭᠦᠯᠵᠦ᠂ ᠳ᠋ᠦᠩ ᠾᠧ ᠲᠣᠭᠤᠷᠢᠭ ᠤᠨ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨ ᠮᠡᠷᠭᠡᠵᠢᠯ ᠤᠨ ᠵᠢᠭᠦᠷ ᠤᠷᠭᠤᠭᠤᠯᠵᠤ᠂ ᠭᠤᠶᠤ ᠰᠠᠶᠢᠬᠠᠨ ᠰᠣᠨᠣᠰᠴᠤ᠂ ᠤᠩᠰᠢᠵᠤ ᠪᠣᠯᠬᠤ ᠰᠣᠶᠣᠯ ᠤᠨ ᠪᠦᠲᠦᠭᠡᠭᠳᠡᠬᠦᠨ ᠪᠣᠯᠭᠠᠪᠠ᠃ ᠡᠭᠦᠨ ᠠᠴᠠ ᠭᠠᠳᠠᠨ᠎ᠠ᠂ ᠪᠠᠰᠠ ᠬᠤᠪᠢᠰᠬᠠᠯ ᠤᠨ ᠰᠣᠶᠣᠯ ᠢ ᠬᠤᠳᠠ ᠶᠢᠨ ᠠᠷᠠᠳ ᠤᠨ ᠠᠮᠢᠳᠤᠷᠠᠯ ᠲᠠᠢ ᠤᠶᠠᠯᠳᠤᠭᠤᠯᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠳᠤ ᠠᠭᠤᠰᠤᠯᠴᠠᠭᠤᠯᠵᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠵᠤ᠂ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠬᠡᠷᠡᠭᠲᠡᠢ᠃
     ᠣᠳᠣᠬᠠᠨ ᠳᠤ᠂  ᠬᠠᠭᠤᠴᠢᠷᠠᠵᠤ ᠳᠡᠶᠢᠯᠬᠦ ᠪᠤᠭᠤᠲᠤ ᠶᠢᠨ ᠤᠯᠠᠭᠠᠨ ᠵᠡᠭᠡᠯᠢ ᠳᠤ ᠶᠠᠭ ᠬᠤᠷᠢᠭᠯᠠᠭᠳᠠᠰᠢ ᠦᠭᠡᠢ ᠬᠢᠵᠠᠭᠠᠯᠠᠰᠢ ᠦᠭᠡᠢ ᠲᠠᠲᠠᠬᠤ ᠬᠦᠴᠦᠨ ᠢᠶᠠᠷ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠶᠢᠨ ᠬᠤᠪᠢᠰᠬᠠᠯ ᠤᠨ ᠳᠤᠷᠠᠰᠬᠠᠯᠲᠤ ᠵᠤᠭᠠᠴᠠᠯ ᠤᠨ ᠳᠠᠷᠠᠭᠠᠬᠢ ᠦᠵᠡᠭᠦᠯᠭᠡ ᠪᠤᠯᠵᠤ᠂ ᠴᠣ ᠰᠢᠨ᠎ᠡ ᠵᠢᠪᠦᠮᠡᠯ ᠮᠠᠶ᠋ᠢᠭ ᠤᠨ ᠵᠤᠭᠠᠴᠠᠯ ᠤᠨ ᠵᠠᠭᠪᠤᠷ᠂ ᠬᠤᠪᠢᠰᠬᠠᠯ ᠤᠨ ᠴᠢᠰᠤᠨ ᠰᠤᠳᠠᠰᠤ ᠶᠢ ᠤᠯᠠᠮᠵᠢᠯᠠᠨ ᠵᠠᠯᠭᠠᠮᠵᠢᠯᠠᠵᠤ ᠲᠤᠭ᠎ᠠ ᠲᠣᠮᠰᠢ ᠦᠭᠡᠢ ᠤᠯᠠᠨ ᠵᠤᠭᠠᠴᠠᠭᠰᠠᠳ ᠤᠨ ᠰᠡᠳᠬᠢᠯ ᠢ ᠵᠠᠯᠭᠠᠮᠵᠢᠯᠠᠵᠤ᠂ ᠤᠳᠤ ᠦᠶ᠎ᠡ ᠶᠢᠨ ᠲᠡᠦᠬᠡ᠂ ᠤᠷᠤᠰᠬᠠᠯ ᠪᠣᠯᠤᠨ ᠤᠯᠠᠮᠵᠢᠯᠠᠯᠲᠤ ᠠᠭᠤᠰᠤᠯᠴᠠᠯ ᠳᠤᠮᠳᠠ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠴᠡᠴᠡᠭᠯᠡᠨ ᠬᠥᠭᠵᠢᠬᠦ ᠪᠠ ᠴᠠᠭ ᠤᠨ ᠥᠩᠭᠡ ᠶᠢ ᠳᠠᠭᠠᠭᠰᠠᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠵᠤ ᠪᠠᠶᠢᠨ᠎ᠠ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1