ᠪᠤᠭᠤᠲᠤ ᠬᠤᠲᠠ ᠶᠢᠨ ᠳ᠋ᠦᠩ ᠾᠧ ᠢᠨᠲ᠋ᠧᠷᠨᠠᠼᠢᠤᠨᠠᠯ ᠤᠨ ᠪᠠᠭᠤᠳᠠᠯ ᠤᠨ ᠠᠭᠠᠷ ᠤᠨ ᠭᠠᠷᠠᠮ ᠤᠨ ᠬᠢᠵᠠᠭᠠᠷᠯᠠᠬᠤ ᠣᠷᠣᠨ ᠪᠦᠰᠡ ᠶᠢᠨ ᠬᠡᠪᠴᠢᠶ᠎ᠡ ᠵᠢᠴᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/12/13
 ᠪᠢᠴᠢᠭ ᠮᠠᠲ᠋ᠧᠷᠢᠶᠠᠯ ᠤᠨ ᠨᠣᠮᠧᠷᠲᠤ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠵᠠᠰᠠᠭ ᠲᠠᠷᠬᠠᠭᠠᠭᠰᠠᠨ ︹2020︺ 259 ᠳ᠋ᠦᠭᠡᠷ ᠲᠣᠭᠠᠲᠤ      ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ      ᠪᠤᠭᠤᠲᠤ ᠬᠤᠲᠠ ᠶᠢᠨ ᠳ᠋ᠦᠩ ᠾᠧ ᠢᠨᠲ᠋ᠧᠷᠨᠠᠼᠢᠤᠨᠠᠯ ᠤᠨ ᠪᠠᠭᠤᠳᠠᠯ ᠤᠨ ᠠᠭᠠᠷ ᠤᠨ ᠭᠠᠷᠠᠮ ᠤᠨ ᠬᠢᠵᠠᠭᠠᠷᠯᠠᠬᠤ ᠣᠷᠣᠨ ᠪᠦᠰᠡ ᠶᠢᠨ ᠬᠡᠪᠴᠢᠶ᠎ᠡ ᠵᠢᠴᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ ᠲᠤᠬᠠᠶ ᠮᠡᠳᠡᠭᠳᠡᠯ      ᠪᠤᠭᠤᠲᠤ ᠬᠤᠲᠠ ᠶᠢᠨ ᠳ᠋ᠦᠩ ᠾᠧ ᠢᠨᠲ᠋ᠧᠷᠨᠠᠼᠢᠤᠨᠠᠯ ᠤᠨ ᠨᠢᠰᠬᠡᠯ ᠤᠨ ᠪᠠᠭᠤᠳᠠᠯ ᠤᠨ ᠠᠭᠠᠷ ᠤᠨ ᠭᠠᠷᠠᠮ ᠤᠨ ᠬᠢᠵᠠᠭᠠᠷᠯᠠᠭᠰᠠᠨ ᠣᠷᠣᠨ ᠪᠦᠰᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠠᠵᠢᠯᠲᠠᠨ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠶᠢᠨ ᠬᠡᠪ ᠤᠨ ᠶᠣᠰᠣᠭᠠᠷ ᠬᠢᠯᠢ ᠪᠠᠷ ᠣᠷᠣᠵᠤ ᠭᠠᠷᠬᠤ ᠶᠢ ᠪᠠᠲᠤᠯᠠᠵᠤ᠂ ᠪᠣᠭᠤᠮᠲᠠ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠤᠰᠠᠳᠠ᠂ ᠡᠳᠦᠭᠡ ᠪᠤᠭᠤᠲᠤ ᠬᠤᠲᠠ ᠶᠢᠨ ᠳ᠋ᠦᠩ ᠾᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠠᠭᠠᠷ ᠤᠨ ᠭᠠᠷᠠᠮ ᠤᠨ ᠬᠢᠵᠠᠭᠠᠷᠯᠠᠨ ᠲᠣᠭᠲᠠᠭᠠᠭᠰᠠᠨ ᠣᠷᠣᠨ ᠪᠦᠰᠡ ᠶᠢᠨ ᠬᠡᠪᠴᠢᠶ᠎ᠡ ᠵᠢᠴᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠪᠠ᠂ ᠳᠣᠤᠷᠠᠬᠢ ᠮᠡᠲᠦ ᠵᠠᠷᠯᠠᠶ᠎ᠠ᠄      ᠨᠢᠭᠡ᠂ ᠢᠯᠭᠠᠨ ᠲᠣᠠᠠᠳᠠᠭᠠᠠᠠᠰᠠᠨ ᠦᠨᠳᠣᠰᠣ ᠪᠡᠷᠢᠮᠳᠡ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠭᠠᠷᠴᠤ ᠣᠷᠣᠬᠤ ᠬᠠᠮᠢᠶᠠᠷᠤᠯᠲᠠ ᠶᠢᠨ ᠬᠠᠤᠯᠢ︾ ᠶᠢᠨ ᠵᠢᠷᠭᠤᠳᠤᠭᠠᠷ ᠵᠦᠶ᠋ᠯ ᠵᠢᠴᠢ ᠳᠣᠲᠣᠭᠠᠳᠤ ᠶᠢ ᠬᠠᠮᠠᠭᠠᠯᠠᠬᠤ ᠶᠠᠮᠤᠨ ᠤ ︽ᠬᠢᠯᠢ ᠪᠠᠷ ᠭᠠᠷᠴᠤ ᠣᠷᠣᠬᠤ ᠬᠥᠮᠦᠰ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠶᠢᠨ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ︾ ︵ᠠᠯᠪᠠᠨ ᠬᠢᠯᠢ ﹇2013﹈ 1500 ᠳ᠋ᠤᠭᠠᠷ ᠲᠣᠭᠠᠲᠤ ︶ ᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠬᠤ᠂ ᠪᠦᠲᠦᠮᠵᠢᠲᠡᠶ ᠪᠢᠲᠡᠭᠦᠮᠵᠢᠯᠡᠬᠦ᠂ ᠬᠠᠮᠢᠶᠠᠷᠬᠤ ᠳᠤ ᠠᠰᠢᠭᠲᠠᠶ ᠪᠠᠶᠢᠯᠭᠠᠬᠤ᠂ ᠠᠮᠤᠷ ᠲᠦᠪᠰᠢᠨ ᠢ ᠪᠠᠲᠤᠯᠠᠬᠤ ᠵᠠᠷᠴᠢᠮ ᠶᠣᠰᠣᠭᠠᠷ᠂ ᠪᠤᠭᠤᠲᠤ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠨᠢ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠵᠥᠪᠳᠡᠯᠴᠡᠭᠰᠡᠨ ᠤ ᠳᠠᠷᠠᠭ᠎ᠠ ᠬᠤᠪᠢᠶᠠᠷᠢᠯᠠᠨ ᠲᠣᠭᠲᠠᠭᠠᠨ᠎ᠠ᠃      ᠬᠤᠶᠠᠷ᠂ ᠬᠦᠷᠢᠶ᠎ᠡ ᠬᠡᠪᠴᠢᠶ᠎ᠡ ᠶᠢ ᠢᠯᠭᠠᠨ ᠲᠣᠭᠲᠠᠭᠠᠬᠤ      ᠪᠣᠭᠤᠮᠲᠠ ᠶᠢᠨ ᠬᠢᠵᠠᠭᠠᠷᠯᠠᠭᠰᠠᠨ ᠣᠷᠣᠨ ᠪᠦᠰᠡ ᠶᠢᠨ ᠬᠡᠪᠴᠢᠶ᠎ᠡ ᠳᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠲᠤᠬᠠᠶ ᠶᠢᠨ ᠲᠠᠯᠠᠪᠠᠶ᠂ ᠪᠠᠶᠢᠴᠠᠭᠠᠯᠲᠠ ᠬᠦᠯᠢᠶᠡᠬᠦ ᠣᠷᠣᠨ ᠪᠦᠰᠡ ᠵᠢᠴᠢ ᠬᠢᠯᠢ ᠪᠠᠷ ᠣᠷᠣᠵᠤ ᠭᠠᠷᠬᠤ ᠶᠢ ᠬᠢᠵᠠᠭᠠᠷᠯᠠᠬᠤ ᠴᠢᠬᠤᠯᠠ ᠲᠠᠢ ᠬᠥᠮᠦᠰ ᠪᠤᠶᠤ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠬᠡᠷᠡᠭᠯᠡᠭᠦᠷ ᠢᠶᠠᠷ ᠨᠡᠪᠲᠡᠷᠡᠬᠦ᠂ ᠵᠣᠭᠰᠣᠬᠤ ᠪᠤᠰᠤᠳ ᠣᠷᠣᠨ ᠪᠦᠰᠡ ᠪᠠᠭᠲᠠᠨ᠎ᠠ᠃ ᠪᠣᠳᠠᠲᠠᠶ ᠬᠤᠪᠢᠶᠠᠷᠢᠯᠠᠭᠰᠠᠨ ᠪᠠᠶᠢᠳᠠᠯ ᠨᠢ ᠳᠣᠤᠷᠠᠬᠢ ᠮᠡᠲᠦ᠄      ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠶᠢ ᠬᠢᠵᠠᠭᠠᠷᠯᠠᠬᠤ ᠣᠷᠣᠨ ᠪᠦᠰᠡ᠄ ᠣᠯᠠᠨ ᠤᠯᠤᠰ ᠤᠨ ᠬᠢᠯᠢ ᠠᠴᠠ ᠭᠠᠷᠬᠤ ᠲᠢᠩᠬᠢᠮ ᠤᠨ ᠨᠢᠭᠡᠳᠦᠭᠡᠷ ᠳᠠᠪᠬᠤᠷᠯᠢᠭ ᠤᠨ ᠣᠷᠣᠬᠤ ᠡᠭᠦᠳᠡ ᠨᠢ ᠳᠣᠲᠣᠭᠠᠳᠤ ᠠᠴᠠ ᠠᠯᠤᠰ ᠨᠢᠰᠬᠡᠯ ᠤᠨ ᠥᠷᠥᠭᠡ ᠶᠢᠨ ᠥᠷᠥᠭᠡ ᠶᠢᠨ ᠬᠦᠷᠢᠶ᠎ᠡ ᠬᠡᠪᠴᠢᠶ᠎ᠡ ᠳᠤ ᠬᠦᠷᠲᠡᠯ᠎ᠡ ᠤᠷᠲᠤᠳᠬᠠᠵᠤ᠂ ᠡᠭᠦᠨ ᠳᠤ ᠠᠶᠠᠨᠴᠢᠳ ᠨᠡᠪᠲᠡᠷᠡᠬᠦ᠂ ᠭᠦᠢᠴᠡᠳᠬᠡᠬᠦ ᠮᠠᠰᠢᠨ ᠪᠠ ᠬᠠᠮᠲᠤᠷᠠᠨ ᠪᠠᠶᠢᠴᠠᠭᠠᠬᠤ ᠨᠢᠭᠡᠴᠡ ᠶᠢᠨ ᠪᠠᠶᠢᠴᠠᠭᠠᠨ ᠰᠢᠯᠭᠠᠬᠤ ᠣᠷᠣᠨ ᠪᠦᠰᠡ ᠪᠠᠭᠲᠠᠨ᠎ᠠ᠃      ᠪᠣᠭᠤᠮᠲᠠ ᠶᠢᠨ ᠬᠢᠯᠢ ᠪᠠᠷ ᠣᠷᠣᠵᠤ ᠢᠷᠡᠬᠦ ᠪᠠᠷ ᠬᠢᠵᠠᠭᠠᠷᠯᠠᠨ ᠲᠣᠭᠲᠠᠭᠠᠭᠰᠠᠨ ᠣᠷᠣᠨ ᠪᠦᠰᠡ᠄ ᠠᠯᠤᠰ ᠡᠵᠡᠮᠰᠢᠯ ᠤᠨ ᠨᠢᠰᠬᠡᠯ ᠤᠨ ᠪᠠᠭᠤᠳᠠᠯ ᠤᠨ ᠨᠢᠰᠬᠡᠯ ᠤᠨ ᠪᠠᠭᠤᠳᠠᠯ ᠤᠨ ᠡᠭᠦᠳᠡ ᠨᠢ ᠣᠯᠠᠨ ᠤᠯᠤᠰ ᠤᠨ ᠬᠢᠯᠢ ᠪᠠᠷ ᠣᠷᠣᠵᠤ ᠢᠷᠡᠬᠦ ᠶᠡᠭᠡ ᠲᠢᠩᠬᠢᠮ ᠤᠨ ᠨᠢᠭᠡᠳᠦᠭᠡᠷ ᠳᠠᠪᠬᠤᠷᠯᠢᠭ ᠤᠨ ᠭᠠᠳᠠᠭᠠᠳᠤ ᠳᠤ ᠭᠠᠷᠭᠠᠬᠤ ᠣᠷᠣᠨ ᠵᠠᠶ ᠶᠢᠨ ᠬᠦᠷᠢᠶ᠎ᠡ ᠬᠡᠪᠴᠢᠶ᠎ᠡ ᠳᠤ ᠬᠦᠷᠲᠡᠯ᠎ᠡ ᠤᠷᠲᠤᠳᠬᠠᠵᠤ᠂ ᠬᠠᠮᠲᠤᠷᠠᠨ ᠪᠠᠶᠢᠴᠠᠭᠠᠬᠤ ᠨᠢᠭᠡᠴᠡ ᠪᠠᠶᠢᠴᠠᠭᠠᠨ ᠰᠢᠯᠭᠠᠬᠤ ᠲᠣᠭᠤᠷᠢᠭ᠂ ᠠᠶᠠᠨᠴᠢᠳ ᠤᠨ ᠪᠣᠭᠤᠳᠠᠯ ᠪᠠᠭᠯᠠᠭ᠎ᠠ ᠶᠢ ᠭᠠᠷᠭᠠᠨ ᠠᠪᠬᠤ ᠵᠡᠷᠭᠡ ᠣᠷᠣᠨ ᠪᠦᠰᠡ ᠶᠢ ᠪᠠᠭᠲᠠᠭᠠᠨ᠎ᠠ᠃
(  ᠢᠨᠲ᠋ᠧᠷᠨᠠᠼᠢᠤᠨᠠᠯ ᠤᠨ ᠪᠠᠭᠤᠳᠠᠯ ᠠᠭᠠᠷ ᠠᠶᠠᠯᠠᠯ ᠤᠨ ᠥᠷᠲᠡᠭᠡᠨ ᠤ ᠠᠰᠠᠷ ᠤᠨ ᠨᠢᠭᠡᠳᠦᠭᠡᠷ ᠳᠠᠪᠬᠤᠷᠯᠢᠭ ᠤᠨ ᠬᠢᠵᠠᠭᠠᠷᠲᠠᠢ ᠣᠷᠣᠨ)
(  ᠢᠨᠲ᠋ᠧᠷᠨᠠᠼᠢᠤᠨᠠᠯ ᠤᠨ ᠪᠠᠭᠤᠳᠠᠯ ᠠᠭᠠᠷ ᠠᠶᠠᠯᠠᠯ ᠤᠨ ᠥᠷᠲᠡᠭᠡᠨ ᠤ ᠠᠰᠠᠷ ᠤᠨ ᠬᠤᠶᠠᠳᠤᠭᠠᠷ  ᠳᠠᠪᠬᠤᠷᠯᠢᠭ ᠤᠨ ᠬᠢᠵᠠᠭᠠᠷᠲᠠᠢ ᠣᠷᠣᠨ)      ᠭᠤᠷᠪᠠ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ      ︵ᠨᠢᠭᠡ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠭᠠᠷᠴᠤ ᠣᠷᠣᠬᠤ ᠬᠠᠮᠢᠶᠠᠷᠤᠯᠲᠠ ᠶᠢᠨ ᠬᠠᠤᠯᠢ︾ ᠶᠢ ᠦᠨᠳᠦᠰᠦᠯᠡᠨ᠂ ᠪᠤᠭᠤᠲᠤ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠠᠭᠠᠷ ᠤᠨ ᠭᠠᠷᠠᠮ ᠤᠨ ᠬᠢᠵᠠᠭᠠᠷᠯᠠᠭᠰᠠᠨ ᠣᠷᠣᠨ ᠪᠦᠰᠡ ᠳᠤ ᠬᠠᠤᠯᠢ ᠶᠣᠰᠣᠭᠠᠷ ᠬᠠᠮᠢᠶᠠᠷᠤᠯᠲᠠ ᠬᠢᠵᠦ᠂ ᠪᠣᠭᠤᠮᠲᠠ ᠶᠢᠨ ᠬᠡᠪ ᠤᠨ ᠬᠢᠯᠢ ᠪᠠᠷ ᠭᠠᠷᠴᠤ ᠣᠷᠣᠬᠤ ᠡᠮᠬᠢ ᠵᠢᠷᠤᠮ ᠢ ᠬᠠᠮᠠᠭᠠᠯᠠᠨ᠂ ᠡᠯ᠎ᠡ ᠲᠥᠷᠥᠯ ᠤᠨ ᠪᠣᠭᠤᠮᠲᠠ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠭᠦᠨ᠎ᠡ᠃      ︵ᠬᠤᠶᠠᠷ︶ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠨᠢ ᠲᠣᠰ ᠲᠣᠰ ᠪᠣᠭᠤᠮᠲᠠ ᠶᠢᠨ ᠭᠤᠤᠯᠴᠢᠯᠠᠨ ᠬᠠᠮᠢᠶᠠᠷᠬᠤ ᠨᠢᠭᠡᠴᠢ ᠵᠢᠴᠢ ᠬᠤᠯᠪᠣᠭᠳᠠᠯ ᠪᠥᠬᠦᠶ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠹᠢᠽᠢᠺ ᠤᠨ ᠲᠤᠰᠠᠭᠠᠷᠯᠠᠯ᠂ ᠡᠯᠧᠺᠳ᠋ᠷᠣᠨ ᠡᠭᠦᠳᠡ ᠪᠠᠷ ᠴᠠᠭᠠᠵᠠᠯᠠᠬᠤ᠂ ᠡᠯᠧᠺᠳ᠋ᠷᠣᠨ ᠬᠦᠷᠢᠶ᠎ᠡ ᠬᠠᠰᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠣᠭᠤᠮᠲᠠ ᠶᠢᠨ ᠬᠢᠵᠠᠭᠠᠷᠯᠠᠭᠰᠠᠨ ᠣᠷᠣᠨ ᠪᠦᠰᠡ ᠳᠤ ᠪᠢᠲᠡᠭᠦᠮᠵᠢᠯᠡᠨ ᠲᠤᠰᠠᠭᠠᠷᠯᠠᠬᠤ ᠶᠢ ᠬᠡᠷᠡᠭᠵᠢᠭᠦᠯᠵᠦ᠂ ᠵᠣᠬᠢᠴᠠᠩᠭᠤᠶ ᠨᠡᠪᠲᠡᠷᠡᠬᠦ ᠵᠠᠮ᠂ ᠪᠣᠭᠤᠮᠲᠠ ᠪᠤᠶᠤ ᠬᠠᠷᠠᠭᠤᠯ ᠤᠨ ᠲᠢᠩᠬᠢᠮ ᠭᠠᠷᠭᠠᠵᠤ᠂ ᠪᠣᠭᠤᠮᠲᠠ ᠶᠢᠨ ᠬᠢᠵᠠᠭᠠᠷᠯᠠᠭᠰᠠᠨ ᠣᠷᠣᠨ ᠪᠦᠰᠡ ᠶᠢᠨ ᠲᠡᠮᠳᠡᠭ ᠪᠠᠶᠢᠭᠤᠯᠤᠨ᠎ᠠ᠃      ︵ᠭᠤᠷᠪᠠ︶ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠷᠭᠢ ᠶᠢᠨ ᠬᠢᠵᠠᠭᠠᠷᠯᠠᠭᠰᠠᠨ ᠣᠷᠣᠨ ᠪᠦᠰᠡ ᠶᠢᠨ ᠬᠥᠮᠦᠰ ᠪᠣᠯᠤᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠪᠠᠭᠠᠵᠢ ᠬᠡᠷᠡᠭᠰᠡᠯ ᠢ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠳᠤ ᠳᠠᠩᠰᠠᠯᠠᠭᠤᠯᠬᠤ ᠶᠢᠨ ᠬᠠᠮᠲᠤ ᠬᠢᠯᠢ ᠶᠢᠨ ᠪᠠᠶᠢᠴᠠᠭᠠᠯᠲᠠ ᠶᠢᠨ ᠠᠵᠢᠯᠲᠠᠨ ᠤ ᠪᠠᠶᠢᠴᠠᠭᠠᠯᠲᠠ ᠪᠠ ᠬᠠᠮᠢᠶᠠᠷᠤᠯᠲᠠ ᠶᠢ ᠬᠦᠯᠢᠶᠡᠬᠦ ᠬᠡᠷᠡᠭᠲᠡᠶ᠃ ᠪᠣᠭᠤᠮᠲᠠ ᠶᠢᠨ ᠪᠠᠶᠢᠴᠠᠭᠠᠨ ᠰᠢᠯᠭᠠᠬᠤ ᠨᠢᠭᠡᠴᠡ ᠶᠢᠨ ᠠᠵᠢᠯᠲᠠᠳ ᠭᠡᠷᠡᠴᠢ ᠲᠡᠮᠳᠡᠭ ᠢᠶᠠᠷ ᠨᠡᠪᠲᠡᠷᠡᠬᠦ ᠬᠡᠷᠡᠭᠲᠡᠶ᠃      ︵ᠲᠦᠷᠪᠡ︶ ᠳᠠᠩᠰᠠᠯᠠᠭᠤᠯᠤᠭᠰᠠᠨ ᠦᠭᠡᠶ ᠪᠠᠷ ᠳᠤᠷ᠎ᠠ ᠪᠠᠷ ᠢᠶᠠᠨ ᠪᠣᠭᠤᠮᠲᠠ ᠶᠢᠨ ᠬᠢᠵᠠᠭᠠᠷᠯᠠᠭᠰᠠᠨ ᠣᠷᠣᠨ ᠳᠤ ᠤᠷᠤᠭᠰᠠᠨ ᠪᠤᠶᠤ ᠭᠠᠷᠤᠭᠰᠠᠨ ᠤ ᠳᠠᠷᠠᠭ᠎ᠠ ᠬᠠᠮᠢᠶᠠᠷᠤᠯᠲᠠ ᠶᠢ ᠨᠢ ᠳᠠᠭᠠᠬᠤ ᠦᠭᠡᠶ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠨ᠂ ᠪᠣᠭᠤᠮᠲᠠ ᠶᠢᠨ ᠬᠠᠮᠢᠶᠠᠷᠤᠯᠲᠠ ᠶᠢᠨ ᠡᠮᠬᠢ ᠳᠢᠭᠯᠢᠮ ᠢ ᠰᠠᠮᠠᠭᠤᠷᠠᠭᠤᠯᠤᠭᠰᠠᠨ ᠪᠣᠯ ᠬᠠᠤᠯᠢ ᠶᠣᠰᠣᠭᠠᠷ ᠰᠢᠳᠬᠡᠨ ᠲᠣᠷᠭᠠᠬᠤ ᠬᠡᠷᠡᠭᠲᠡᠶ᠃      ᠳᠥᠷᠪᠡ᠂ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠦᠴᠦᠨ ᠲᠠᠢ ᠪᠣᠯᠤᠨ᠎ᠠ᠂ ᠬᠡᠷᠪᠡ ᠬᠤᠪᠢᠷᠠᠯᠲᠠ ᠭᠠᠷᠪᠠᠯ᠂ ᠠᠰ ᠲᠤᠨᠢ ᠮᠡᠳᠡᠭᠳᠡᠨ᠎ᠡ᠃      ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ      2023 ᠣᠨ ᠤ 11 ᠰᠠᠷ᠎ᠠ ᠶᠢᠨ 27 ᠤ ᠡᠳᠦᠷ
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1