ᠳ᠋ᠦᠩ ᠾᠧ ᠲᠤᠭᠤᠷᠢᠭ ᠤᠨ ︽ᠲᠤᠭ᠎ᠠ ᠪᠦᠷᠢᠳᠬᠡᠯ ᠤᠨ ᠬᠠᠤᠯᠢ︾᠎ ᠶᠢ ᠨᠡᠶᠢᠲᠡᠯᠡᠭᠰᠡᠨ ᠳᠥᠴᠢᠨ ᠵᠢᠯ ᠤᠨ ᠣᠶ ᠵᠢᠴᠢ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠰᠠᠷ᠎ᠠ ᠶᠢᠨ ︽ᠰᠤᠳᠤᠷ︾ ᠡᠬᠢᠯᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/12/14
     12 ᠰᠠᠷ᠎ᠠ ᠶᠢᠨ 8᠎ ᠤ ᠡᠳᠦᠷ ︽ᠲᠤᠭ᠎ᠠ ᠪᠦᠷᠢᠳᠬᠡᠯ ᠤᠨ ᠬᠠᠤᠯᠢ︾᠎ ᠶᠢ ᠨᠡᠶᠢᠲᠡᠯᠡᠭᠰᠡᠨ ᠳᠤᠷᠠᠰᠬᠠᠯ ᠤᠨ ᠡᠳᠦᠷ ᠤᠨ ᠲᠠᠰᠢᠷᠠᠮ ᠢᠶᠠᠷ᠂ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠲᠠᠶᠢᠴᠢᠯᠠᠯᠳᠠ ᠶᠢ ᠰᠠᠶᠢᠲᠤᠷ ᠬᠢᠵᠦ᠂ ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠵᠤ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠷᠤᠭᠰᠢᠲᠠᠢ ᠶᠠᠪᠤᠭᠳᠠᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠳ᠋ᠦᠩ ᠾᠧ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ︽ᠠᠵᠤ ᠠᠬᠤᠢ ᠶᠢᠨ ᠶᠡᠭᠡ ᠨᠡᠶᠢᠳᠡᠮ ᠪᠠᠶᠢᠴᠠᠭᠠᠯᠲᠠ᠂ ᠰᠢᠨ᠎ᠡ ᠴᠠᠭ ᠦᠶ᠎ᠡ︾᠎ ᠪᠠᠷ ᠭᠤᠣᠯ ᠰᠡᠳᠦᠪ ᠪᠣᠯᠭᠠᠭᠰᠠᠨ ︽ᠲᠤᠭ᠎ᠠ ᠪᠦᠷᠢᠳᠬᠡᠯ ᠤᠨ ᠬᠠᠤᠯᠢ︾᠎ ᠶᠢ ᠨᠡᠶᠢᠲᠡᠯᠡᠭᠰᠡᠨ ᠳᠥᠴᠢᠨ ᠵᠢᠯ ᠤᠨ ᠤᠢ ᠵᠢᠴᠢ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠪᠡ᠃ ᠬᠡᠯᠪᠡᠷᠢ ᠮᠠᠶ᠋ᠢᠭ ᠢᠶᠠᠷ ᠳᠠᠮᠵᠢᠭᠤᠯᠤᠨ ᠣᠯᠠᠨ ᠶᠠᠩᠵᠤ ᠶᠢᠨ ᠪᠠᠶᠢᠵᠤ᠂ ᠨᠡᠶᠢᠳᠡᠮ ᠪᠠᠶᠢᠴᠠᠭᠠᠯᠲᠠ ᠶᠢᠨ ᠮᠡᠳᠡᠯᠭᠡ ᠶᠢ ᠲᠦᠭᠡᠮᠡᠯᠵᠢᠭᠦᠯᠦᠨ᠂ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠴᠤᠭᠯᠠᠷᠠᠯ ᠤᠨ ᠪᠦᠷᠢᠶ᠎ᠡ ᠶᠢ ᠬᠠᠩᠭᠢᠨᠠᠭᠤᠯᠤᠨ᠎ᠠ᠃      ᠳ᠋ᠦᠩ ᠾᠧ ᠲᠣᠭᠤᠷᠢᠭ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠵᠢᠴᠢ ᠨᠠᠨ ᠭᠧ ᠳ᠋ᠦᠩ᠂ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠤᠨ ᠠᠵᠢᠯᠲᠠᠳ ᠬᠥᠬᠡ ᠥᠩᠭᠡᠲᠡᠶ ︽ᠲᠠᠪᠤᠨ ᠵᠢᠩ ᠲᠦᠭᠡᠮᠡᠯᠵᠢᠭᠦᠯᠬᠦ︾ ᠮᠣᠷᠢᠨ ᠬᠤᠶᠠᠭ ᠡᠮᠦᠰᠴᠦ᠂ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠰᠠᠭᠤᠨ ᠯᠠᠪᠯᠠᠬᠤ ᠲᠠᠪᠴᠠᠩ ᠪᠠᠶᠢᠭᠤᠯᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠲᠤᠭ᠎ᠠ ᠪᠦᠷᠢᠳᠬᠡᠯ ᠤᠨ ᠤᠬᠠᠭᠤᠯᠭ᠎ᠠ ᠶᠢᠨ ᠳᠡᠪᠲᠡᠷ ᠲᠠᠯᠪᠢᠬᠤ᠂ ᠲᠤᠭ᠎ᠠ ᠪᠦᠷᠢᠳᠬᠡᠯ ᠤᠨ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠤᠬᠠᠭᠤᠯᠭ᠎ᠠ ᠶᠢᠨ ᠳᠤᠷᠠᠰᠬᠠᠯ ᠤᠨ ᠡᠳ᠋ ᠲᠠᠷᠬᠠᠭᠠᠬᠤ ᠵᠡᠷᠭᠡ ᠣᠯᠠᠨ ᠡᠰᠢᠵᠢᠭᠰᠡᠨ ᠬᠡᠯᠪᠡᠷᠢ ᠪᠠᠷ ᠳᠠᠮᠵᠢᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠵᠡᠷᠭᠡ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ︽ᠢᠷᠭᠡᠨ ᠤ ᠬᠠᠤᠯᠢ ᠶᠢᠨ ᠪᠢᠴᠢᠭ︾᠂ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠤᠬᠠᠭᠤᠯᠵᠤ᠂ ᠥᠷᠭᠡᠨ ᠣᠯᠠᠨ ᠠᠷᠠᠳ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠳᠡᠮ ᠪᠠᠶᠢᠴᠠᠭᠠᠯᠲᠠ ᠳᠤ ᠢᠳᠡᠪᠬᠢᠲᠡᠢ ᠣᠷᠣᠯᠴᠠᠭᠤᠯᠵᠤ᠂ ᠨᠡᠶᠢᠳᠡᠮ ᠪᠠᠶᠢᠴᠠᠭᠠᠯᠲᠠ ᠳᠤ ᠬᠠᠤᠯᠢ ᠶᠣᠰᠣᠭᠠᠷ ᠬᠠᠮᠵᠢᠯᠴᠠᠭᠤᠯᠪᠠ᠃ ᠨᠠᠰᠢ ᠴᠠᠰᠢ ᠥᠩᠭᠡᠷᠡᠬᠦ ᠤᠯᠠᠨ ᠲᠦᠮᠡᠨ ᠬᠤᠪᠢᠰᠬᠠᠯ ᠤᠨ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢᠨ ᠪᠠᠭ᠋ᠠᠷᠬᠠᠯ ᠢ ᠲᠠᠲᠠᠵᠤ᠂ ᠬᠤᠶᠢᠨ᠎ᠠ ᠬᠤᠶᠢᠨ᠎ᠠ ᠠᠴᠠ ᠪᠠᠨ ᠲᠤᠭ᠎ᠠ ᠪᠦᠷᠢᠳᠬᠡᠯ ᠤᠨ ᠬᠠᠮᠢᠶ᠎ᠠ ᠪᠦᠬᠦᠢ ᠮᠡᠳᠡᠯᠭᠡ ᠶᠢ ᠣᠶᠢᠯᠠᠭᠠᠪᠠ᠃      ᠨᠡᠶᠢᠳᠡᠮ ᠪᠠᠶᠢᠴᠠᠭᠠᠯᠲᠠ ᠶᠢᠨ ᠡᠲᠡᠭᠡᠳ ᠲᠤ ᠨᠡᠶᠢᠳᠡᠮ ᠪᠠᠶᠢᠴᠠᠭᠠᠯᠲᠠ ᠶᠢᠨ ᠠᠴᠢ ᠬᠤᠯᠪᠣᠭᠳᠠᠯ᠂ ᠠᠭᠤᠯᠭ᠎ᠠ ᠵᠢᠴᠢ ᠴᠢᠬᠤᠯᠠ ᠴᠢᠨᠠᠷ ᠢ ᠨᠠᠷᠢᠨ ᠲᠠᠨᠢᠯᠴᠠᠭᠤᠯᠵᠤ᠂ ᠨᠡᠶᠢᠭᠡᠮ ᠨᠡᠶᠢᠲᠡ ᠳᠤ ᠨᠡᠶᠢᠳᠡᠮ ᠪᠠᠶᠢᠴᠠᠭᠠᠯᠲᠠ ᠶᠢᠨ ᠠᠵᠢᠯ ᠢ ᠨᠡᠩ ᠰᠠᠶᠢᠨ ᠢᠶᠠᠷ ᠣᠶᠢᠯᠠᠭᠠᠭᠤᠯᠵᠤ᠂ ᠳᠡᠮᠵᠢᠭᠦᠯᠵᠦ᠂ ᠬᠠᠮᠵᠢᠯᠴᠠᠭᠤᠯᠵᠤ᠂ ᠲᠤᠭ᠎ᠠ ᠪᠦᠷᠢᠳᠬᠡᠯ ᠪᠣᠯᠤᠨ ᠣᠯᠠᠨ ᠲᠦᠮᠡᠨ ᠤ ᠬᠤᠭᠤᠷᠣᠨᠳᠣᠬᠢ ᠵᠠᠶ ᠶᠢ ᠣᠶᠢᠷᠠᠲᠤᠭᠤᠯᠵᠤ᠂ ᠨᠡᠩ ᠣᠯᠠᠨ ᠣᠯᠠᠨ ᠲᠦᠮᠡᠨ ᠳᠤ ᠲᠤᠭ᠎ᠠ ᠪᠦᠷᠢᠳᠬᠡᠯ ᠤᠨ ᠠᠵᠢᠯ ᠢ ᠣᠶᠢᠯᠠᠭᠠᠭᠤᠯᠵᠤ᠂ ᠳᠡᠮᠵᠢᠭᠦᠯᠦᠨ᠎ᠡ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠣᠶᠢᠯᠠᠭᠠᠬᠤ ᠨᠣᠷᠮ᠎ᠠ᠂ ᠤᠷᠢᠶᠠᠯᠠᠬᠤ ᠬᠦᠴᠦᠨ ᠢ ᠦᠨᠡᠨᠬᠦ ᠳᠡᠭᠡᠭᠰᠢᠯᠡᠭᠦᠯᠵᠦ᠂ ᠬᠥᠮᠦᠨ ᠪᠦᠬᠦᠨ ᠨᠡᠶᠢᠳᠡᠮ ᠪᠠᠶᠢᠴᠠᠭᠠᠯᠲᠠ ᠶᠢ ᠮᠡᠳᠡᠬᠦ᠂ ᠬᠥᠮᠦᠨ ᠪᠦᠬᠦᠨ ᠨᠡᠶᠢᠳᠡᠮ ᠪᠠᠶᠢᠴᠠᠭᠠᠯᠲᠠ ᠶᠢ ᠴᠢᠬᠤᠯᠠᠴᠢᠯᠠᠬᠤ᠂ ᠬᠥᠮᠦᠨ ᠪᠦᠬᠦᠨ ᠨᠡᠶᠢᠳᠡᠮ ᠪᠠᠶᠢᠴᠠᠭᠠᠯᠲᠠ ᠶᠢ ᠬᠠᠮᠵᠢᠯᠴᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠪᠠ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠣᠶ ᠪᠣᠯᠭᠠᠪᠠ᠃ ᠳ᠋ᠦᠩ ᠾᠧ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠲᠤᠭ᠎ᠠ ᠪᠦᠷᠢᠳᠬᠡᠬᠦ᠂ ᠨᠡᠶᠢᠭᠡᠮ ᠳᠤ ᠦᠢᠯᠡᠴᠢᠯᠡᠬᠦ ᠰᠠᠶᠢᠨ ᠰᠠᠶᠢᠬᠠᠨ ᠳᠦᠷᠢ ᠲᠥᠷᠬᠦ ᠶᠢ ᠳᠡᠯᠭᠡᠨ ᠦᠵᠡᠭᠦᠯᠵᠦ᠂ ᠨᠡᠶᠢᠳᠡᠮ ᠪᠠᠶᠢᠴᠠᠭᠠᠯᠲᠠ ᠶᠢᠨ ᠰᠠᠶᠢᠨ ᠰᠠᠶᠢᠬᠠᠨ ᠠᠮᠢ ᠠᠬᠤᠶ ᠶᠢ ᠪᠠᠶᠢᠭᠤᠯᠵᠤ᠂ ᠡᠶ᠎ᠡ ᠵᠣᠬᠢᠴᠠᠯ ᠲᠠᠢ ᠨᠡᠶᠢᠳᠡᠮ ᠪᠠᠶᠢᠴᠠᠭᠠᠯᠲᠠ ᠶᠢᠨ ᠬᠠᠷᠢᠴᠠᠭ᠎ᠠ ᠶᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃      ᠳᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠲᠤᠭ᠎ᠠ ᠪᠦᠷᠢᠳᠬᠡᠯ ᠤᠨ ᠬᠠᠤᠯᠢ ᠶᠢᠨ ᠤᠬᠠᠭᠤᠯᠭ᠎ᠠ ᠶᠢᠨ ᠭᠦᠨᠴᠡ ᠪᠣᠯᠤᠨ ᠬᠡᠮᠵᠢ᠊ ᠡᠶ᠎ᠡ ᠶᠢ ᠦᠷᠭᠦᠯᠵᠢᠯᠡᠨ ᠥᠷᠭᠡᠳᠬᠡᠵᠦ᠂ ᠬᠠᠤᠯᠢ ᠶᠢ ᠰᠤᠷᠤᠯᠴᠠᠬᠤ᠂ ᠬᠠᠤᠯᠢ ᠶᠢ ᠬᠦᠨᠳᠦᠳᠬᠡᠬᠦ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠭᠦᠨ ᠵᠤᠵᠠᠭᠠᠨ ᠲᠤᠭ᠎ᠠ ᠪᠦᠷᠢᠳᠬᠡᠯ ᠤᠨ ᠬᠠᠤᠯᠢᠵᠢᠯ ᠤᠨ ᠠᠭᠤᠷ ᠠᠮᠢᠰᠬᠤᠯ ᠢ ᠲᠠᠰᠤᠷᠠᠯᠲᠠ ᠦᠭᠡᠢ ᠪᠤᠢ ᠪᠣᠯᠭᠠᠨ᠎ᠠ᠃ ᠬᠠᠤᠯᠢ ᠶᠣᠰᠣᠭᠠᠷ ᠲᠤᠭ᠎ᠠ ᠪᠦᠷᠢᠳᠬᠡᠯ ᠬᠢᠬᠦ ᠶᠢ ᠲᠤᠭ᠎ᠠ ᠪᠦᠷᠢᠳᠬᠡᠯ ᠤᠨ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠲᠤᠭ᠎ᠠ ᠪᠦᠷᠢᠳᠬᠡᠯ ᠤᠨ ᠵᠢᠯᠣᠭᠤᠳᠬᠤ ᠦᠢᠯᠡᠴᠢᠯᠡᠭᠡ ᠶᠢ ᠰᠢᠯᠢᠳᠡᠭᠵᠢᠭᠦᠯᠬᠦ᠂ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠰᠡᠳᠬᠢᠮᠵᠢ ᠶᠢ ᠥᠷᠭᠡᠳᠬᠡᠬᠦ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠵᠤᠵᠠᠭᠠᠳᠬᠠᠬᠤ᠂ ᠦᠨᠡᠨᠴᠢ ᠢᠲᠡᠭᠡᠮᠵᠢᠲᠡᠶ ᠪᠦᠷᠢᠳᠬᠡᠬᠦ ᠶᠢ ᠪᠠᠷᠢᠮᠲᠠᠯᠠᠵᠤ᠂ ︽ᠲᠠᠪᠤᠨ ᠠᠵᠤ ᠠᠬᠤᠶ ᠶᠢ ᠲᠦᠭᠡᠮᠡᠯᠵᠢᠭᠦᠯᠬᠦ︾ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1