ᠺᠠᠩ ᠯᠧ ᠨᠡᠶᠢᠭᠡᠮ ᠲᠣᠭᠤᠷᠢᠭ ︽ᠴᠠᠰᠤ ᠴᠡᠪᠡᠷᠯᠡᠵᠦ ᠰᠠᠶᠢᠨ ᠳᠤᠷ᠎ᠠ ᠠᠴᠠ ᠪᠠᠨ ᠤᠷᠢᠳ ᠢᠶᠠᠷ ᠬᠡᠷᠡᠭᠵᠢᠭᠦᠯᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/14
     2023 ᠣᠨ ᠤ ᠠᠩᠬᠠᠨ ᠤ ᠴᠠᠰᠤ ᠤᠳᠠᠯ ᠦᠭᠡᠢ ᠬᠦᠷᠴᠦ᠂ ᠦᠵᠡᠰᠬᠦᠯᠡᠩᠲᠦ ᠰᠠᠶᠢᠬᠠᠨ ᠴᠠᠰᠤᠨ ᠤ ᠦᠵᠡᠮᠵᠢ ᠨᠢ ᠣᠯᠠᠨ ᠳᠤ ᠪᠠᠶᠠᠷ ᠪᠠᠶᠠᠰᠤᠯ ᠠᠪᠴᠢᠷᠠᠬᠤ ᠶᠢᠨ ᠬᠠᠮᠲᠤ ᠵᠠᠮ ᠬᠠᠷᠢᠯᠴᠠᠭ᠎ᠠ ᠵᠢᠴᠢ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠠᠮᠤᠷ ᠲᠦᠪᠰᠢᠨ ᠤ ᠳᠠᠯᠳᠠ ᠭᠡᠮ ᠠᠪᠴᠢᠷᠠᠭᠰᠠᠨ ᠪᠠᠶᠢᠨ᠎ᠠ᠃ ᠵᠠᠮ ᠬᠠᠷᠢᠯᠴᠠᠭᠠᠨ ᠤ ᠠᠮᠤᠷ ᠲᠦᠪᠱᠢᠨ ᠤ ᠳᠠᠯᠳᠠ ᠭᠡᠮ ᠢ ᠠᠷᠢᠯᠭᠠᠨ᠂ ᠰᠠᠭᠤᠭᠠᠯᠢ ᠠᠷᠠᠳ ᠤᠨ ᠠᠮᠤᠷ ᠲᠦᠪᠱᠢᠨ ᠢᠶᠠᠷ ᠶᠠᠪᠤᠵᠤ ᠰᠠᠭᠤᠬᠤ ᠶᠢ ᠪᠠᠲᠤᠯᠠᠬᠤ ᠶᠢᠨ ᠲᠤᠰᠠᠳᠠ᠂ 12 ᠰᠠᠷ᠎ᠠ ᠶᠢᠨ 11᠎ ᠤ ᠥᠷᠯᠥᠭᠡ᠂ ᠺᠠᠩ ᠯᠧ ᠨᠡᠢᠭᠡᠮ ᠲᠣᠭᠤᠷᠢᠭ ᠨᠢ ᠨᠡᠢᠭᠡᠮ ᠲᠣᠭᠤᠷᠢᠭ ᠤᠨ ᠠᠵᠢᠯᠲᠠᠨ ᠢ ᠵᠣᠬᠢᠶᠠᠨ ᠪᠠᠢᠭᠤᠯᠵᠤ᠂ ᠬᠠᠷᠢᠶᠠᠲᠤ ᠣᠷᠣᠨ ᠤ ᠬᠡᠰᠡᠭ ᠰᠠᠢᠨ ᠳᠤᠷ᠎ᠠ ᠶᠢᠨ ᠬᠥᠮᠦᠰ ᠢ ᠳᠠᠢᠴᠢᠯᠠᠨ ︽ᠴᠠᠰᠤ ᠠᠷᠢᠯᠭᠠᠵᠤ᠂ ᠰᠠᠢᠨ ᠳᠤᠷ᠎ᠠ ᠶᠢᠨ ᠬᠢᠨ ᠢ ᠤᠷᠢᠳᠠᠪᠡᠷ ᠬᠡᠷᠡᠭᠵᠢᠭᠦᠯᠬᠦ︾ ᠰᠠᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ᠠᠵᠢᠯ ᠬᠤᠪᠢᠶᠠᠷᠢᠯᠠᠨ ᠬᠠᠮᠲᠤᠷᠠᠯᠴᠠᠵᠤ᠂ ᠲᠡᠮᠦᠷ ᠬᠦᠷᠵᠡ᠂ ᠱᠦᠭᠦᠷ ᠵᠡᠷᠭᠡ ᠬᠥᠳᠡᠯᠮᠦᠷᠢ ᠶᠢᠨ ᠪᠠᠭᠠᠵᠢ ᠬᠡᠷᠡᠭᠰᠡᠯ ᠢ ᠠᠳᠬᠤᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠤᠰᠤᠵᠤ ᠱᠦᠭᠦᠷᠳᠡᠬᠦ ᠠᠵᠢᠯ ᠳᠤ ᠬᠠᠮᠵᠢᠯᠴᠠᠵᠤ᠂ ᠭᠠᠯ ᠤᠯᠠᠭᠠᠨ ᠬᠤᠶᠠᠭ ᠨᠢ ᠮᠥᠰᠥ ᠴᠠᠰᠤᠨ ᠤ ᠳᠤᠮᠳᠠ ᠣᠨᠴᠠᠭᠠᠶ ᠳᠤᠯᠠᠭᠠᠬᠠᠨ ᠬᠠᠷᠠᠭᠳᠠᠨ᠎ᠠ᠃ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠬᠠᠷᠢᠶ᠎ᠠ ᠣᠷᠣᠨ ᠤ ᠬᠤᠷᠠᠭᠰᠠᠨ ᠴᠠᠰᠤ ᠶᠢ ᠪᠦᠲᠦᠮᠵᠢᠲᠡᠢ ᠠᠷᠢᠯᠭᠠᠪᠠ᠃
     ᠲᠣᠰ ᠤᠳᠠᠭᠠᠨ ᠤ ᠴᠠᠰᠤ ᠠᠷᠢᠯᠭᠠᠬᠤ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠠᠵᠢᠯᠯᠠᠭ᠎ᠠ᠂ ᠨᠠᠮ ᠤᠨ ᠭᠡᠰᠢᠭᠦᠨ ᠪᠣᠯᠤᠨ ᠣᠯᠠᠨ ᠲᠦᠮᠡᠨ ᠬᠠᠮᠲᠤ ᠪᠠᠷ ᠪᠠᠶᠢᠯᠳᠤᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠪᠠᠲᠤᠯᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠴᠡᠪᠡᠷ ᠲᠡᠭᠰᠢ ᠣᠷᠴᠢᠨ ᠲᠣᠭᠤᠷᠢᠨ ᠢ ᠪᠣᠶ ᠪᠣᠯᠭᠠᠵᠤ᠂ ︽ᠨᠠᠮ ᠤᠨ ᠪᠠᠶᠢᠭᠤᠯᠤᠯᠲᠠ ᠨᠢ ᠬᠥᠲᠥᠯᠦᠨ ᠳᠠᠭᠠᠭᠤᠯᠬᠤ᠂ ᠨᠠᠮ ᠤᠨ ᠭᠡᠰᠢᠭᠦᠨ ᠢᠶᠠᠷ ᠳᠠᠶᠢᠴᠢᠯᠠᠬᠤ᠂ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ᠂ ᠵᠢᠵᠢᠭ ᠲᠣᠭᠤᠷᠢᠭ ᠢ ᠬᠠᠮᠲᠤ ᠪᠠᠷ ᠵᠠᠰᠠᠬᠤ ᠂ ᠵᠣᠯ ᠵᠢᠷᠭᠠᠯ ᠢ ᠬᠠᠮᠲᠤ ᠪᠠᠷ ᠡᠳ᠋ᠯᠡᠬᠦ︾ ᠠᠵᠢᠯ ᠤᠨ ᠣᠶᠢᠯᠠᠭᠠᠭᠳᠠᠬᠤᠨ ᠢ ᠪᠣᠳᠠᠲᠤ ᠠᠵᠢᠯᠯᠠᠭ᠎ᠠ ᠪᠠᠷ ᠢᠶᠠᠨ ᠦᠢᠯᠡᠳᠦᠯᠭᠡᠵᠢᠭᠦᠯᠪᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢ ᠨᠣᠪᠦ ᠣᠪᠣᠭ᠎ᠠ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1