【 ᠬᠠᠤᠯᠢ ᠴᠠᠭᠠᠵᠠ ᠶᠢ ᠤᠷᠢᠳᠠᠪᠠᠷ ᠡᠷᠬᠢᠮᠯᠡᠨ᠎ᠡ 】 ᠾᠧ ᠳ᠋ᠦᠩ ᠪᠠᠯᠭᠠᠰᠤ ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾᠎ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/12/14
      ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠵᠠᠯᠠᠭᠤᠴᠤᠳ ᠪᠠᠭᠠᠴᠤᠳ ᠢ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠵᠤ᠂ ᠬᠠᠤᠯᠢ ᠴᠠᠭᠠᠵᠠ ᠶᠢ ᠠᠰᠢᠭᠯᠠᠨ ᠥᠪᠡᠷ ᠢ ᠪᠠᠨ ᠬᠠᠮᠠᠭᠠᠯᠠᠬᠤ ᠶᠢ ᠰᠤᠷᠴᠤ᠂ ᠬᠠᠤᠯᠢ ᠶᠢ ᠮᠡᠳᠡᠵᠦ ᠬᠠᠤᠯᠢ ᠶᠢ ᠰᠠᠬᠢᠬᠤ ᠰᠠᠶᠢᠨ ᠰᠤᠷᠤᠭᠴᠢ ᠪᠣᠯᠭᠠᠨ᠎ᠠ᠃ 12 ᠰᠠᠷ᠎ᠠ ᠶᠢᠨ 7᠎ ᠤ ᠡᠳᠦᠷ᠂ ᠾᠧ ᠳ᠋ᠦᠩ ᠪᠠᠯᠭᠠᠰᠤᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ᠂ ᠾᠧ ᠳ᠋ᠦᠩ ᠪᠠᠯᠭᠠᠰᠤᠨ ᠤ ᠬᠠᠤᠯᠢ ᠴᠠᠭᠠᠵᠠ ᠶᠢᠨ ᠰᠠᠯᠪᠣᠷᠢ ᠨᠢ ᠬᠠᠤᠯᠢᠴᠢ ᠳ᠋ᠦ᠋ ᠢᠦᠢ ᠹᠸᠢ ᠾᠧ ᠳ᠋ᠦᠩ ᠪᠠᠯᠭᠠᠰᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾᠎ ᠶᠢᠨ ᠭᠤᠤᠯ ᠰᠡᠳᠦᠪᠲᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠲᠠᠶᠢᠯᠤᠮᠵᠢ ᠬᠢᠬᠦ ᠠᠵᠢᠯᠯᠠᠭ᠎ᠠ ᠥᠷᠨᠢᠭᠦᠯᠪᠡ᠃      ᠳ᠋ᠦ᠋ ᠬᠠᠤᠯᠢᠴᠢ ᠱᠤᠭ ᠶᠦᠮᠦᠷᠯᠢᠭ ᠦᠭᠡ ᠬᠡᠯᠡ ᠪᠠᠷ ᠳᠠᠮᠵᠢᠭᠤᠯᠤᠨ᠂ ᠰᠤᠷᠤᠭᠴᠢᠳ ᠲᠤ ︽ᠪᠢᠳᠡᠨ ᠤ ᠥᠪᠡᠷ ᠢ ᠪᠠᠨ ᠬᠡᠷᠬᠢᠨ ᠬᠡᠷᠬᠢᠨ ᠬᠠᠮᠠᠭᠠᠯᠠᠬᠤ ᠪᠣᠶ︾ ᠭᠡᠬᠦ ᠭᠤᠤᠯ ᠰᠡᠳᠦᠪᠲᠦ ᠬᠢᠴᠢᠶᠡᠯ ᠢ ᠠᠪᠴᠢᠷᠠᠵᠤ᠂ ᠬᠡᠤᠬᠡᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠮᠡᠳᠡᠯᠭᠡ ᠶᠢᠨ ᠬᠥᠮᠦᠵᠢᠯ ᠢ ᠲᠦᠭᠡᠮᠡᠯᠵᠢᠭᠦᠯᠦᠨ᠂ ᠬᠡᠤᠬᠡᠳ ᠤᠨ ᠰᠡᠷᠭᠡᠶᠢᠯᠡᠬᠦ ᠴᠢᠨᠠᠷᠲᠠᠶ ᠲᠦᠷᠢᠬᠦ ᠤᠬᠠᠮᠰᠠᠷ ᠪᠠ ᠥᠪᠡᠷ ᠢ ᠪᠠᠨ ᠬᠠᠮᠠᠭᠠᠯᠠᠵᠤ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠪᠡ᠃ ᠲᠡᠷᠡ ᠮᠥᠷᠲᠡᠭᠡᠨ ︽ᠬᠠᠤᠯᠢ ᠪᠤᠰᠤ ᠬᠠᠯᠳᠠᠯᠭ᠎ᠠ ᠳᠤ ᠤᠴᠠᠷᠠᠬᠤ ᠦᠶ᠎ᠡ ᠳᠤ ᠥᠪᠡᠷ ᠢ ᠪᠠᠨ ᠬᠡᠷᠬᠢᠨ ᠬᠠᠮᠠᠭᠠᠯᠠᠬᠤ︾ ᠠᠭᠤᠯᠭ᠎ᠠ ᠶᠢᠨ ᠲᠣᠭᠤᠷᠢᠨ ᠳᠤ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠬᠠᠤᠯᠢ ᠪᠠᠷ ᠬᠡᠷᠡᠭ ᠢ ᠦᠭᠦᠯᠡᠵᠦ᠂ ᠰᠤᠷᠤᠭᠴᠢᠳ ᠲᠤ ᠠᠮᠢᠳᠤᠯᠢᠭ ᠮᠡᠳᠡᠭᠦᠯᠦᠯᠲᠡ ᠬᠢᠵᠦ᠂ ᠰᠤᠷᠤᠭᠴᠢᠳ ᠲᠤ ᠮᠠᠰᠢ ᠶᠡᠭᠡ ᠠᠰᠢᠭ ᠬᠦᠷᠲᠡᠭᠡᠪᠡ᠃ ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠰᠤᠷᠤᠭᠴᠢᠳ᠄ ᠬᠠᠤᠯᠢ ᠶᠢ ᠰᠤᠷᠴᠤ ᠬᠠᠤᠯᠢ ᠶᠢ ᠰᠠᠬᠢᠵᠤ ᠬᠠᠤᠯᠢ ᠲᠦᠷᠢᠮ ᠤᠨ ᠦᠵᠡᠯᠲᠡ ᠪᠠᠨ ᠲᠠᠰᠤᠷᠠᠯᠲᠠ ᠥᠬᠡᠶ ᠴᠢᠩᠭᠠᠳᠬᠠᠵᠤ᠂ ᠬᠠᠤᠯᠢ ᠴᠠᠭᠠᠵᠠ ᠪᠠᠷ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠰᠤᠷᠬᠤ ᠬᠡᠷᠡᠭᠲᠡᠶ ᠭᠡᠵᠦ ᠢᠯᠡᠳᠬᠡᠵᠡᠭᠡᠪᠡ᠃      ᠳᠠᠷᠠᠭᠠᠴᠢ ᠶᠢᠨ ᠠᠯᠬᠤᠮ ᠳᠤ᠂ ᠾᠧ ᠳ᠋ᠦᠩ ᠪᠠᠯᠭᠠᠰᠤ ︽ᠨᠠᠰᠤᠨ ᠳᠤ ᠦᠯᠦ ᠬᠦᠷᠦᠭᠰᠡᠳ ᠤᠨ ᠦᠰᠦᠨ ᠪᠤᠶᠢᠵᠢᠯᠲᠠ ᠶᠢ ᠦᠷᠭᠦᠯᠵᠢᠯᠡᠨ ᠬᠠᠮᠠᠭᠠᠯᠠᠬᠤ︾ ᠦᠢᠯᠡᠴᠢᠯᠡᠭᠡᠨ ᠤ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠷᠭ᠎ᠠ ᠵᠠᠮ ᠢ ᠥᠷᠭᠡᠳᠬᠡᠵᠦ᠂ ᠤᠯᠠᠨ ᠬᠡᠯᠪᠡᠷᠢ ᠶᠢᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠦᠢᠯᠡᠴᠢᠯᠡᠭᠡ ᠶᠢ ᠥᠷᠨᠢᠭᠦᠯᠵᠦ᠂ ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1